ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠺᠠᠳ᠋ᠷ᠎ᠤᠨ ᠡᠩᠨᠡᠭᠡᠨ᠎ᠤ ᠴᠢᠳᠠᠪᠤᠷᠢ ᠬᠡᠪ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭᠵᠢᠭᠦᠯᠵᠦ ᠡᠮᠴᠢᠯᠡᠭᠡᠨ᠎ᠤ ᠪᠠᠲᠤᠯᠠᠭ᠎ᠠ᠎ᠶ᠋ᠢᠨ ᠭᠣᠣᠯᠯᠠᠭᠴᠢ ᠬᠦᠴᠦᠨ᠎ᠢ ᠪᠦᠬᠦ ᠬᠦᠴᠦᠨ᠎ᠢᠶᠡᠷ᠎ᠢᠶᠡᠨ ᠲᠠᠪᠲᠠᠨ ᠪᠣᠯᠪᠠᠰᠤᠷᠠᠭᠤᠯᠪᠠ
ᠨᠡᠶ᠋ᠢᠲᠡᠯᠡᠭᠰᠡᠨ ᠴᠠᠭ᠄ 2025-08-29

  ᠡᠮᠴᠢᠯᠡᠭᠡᠨ᠎ᠤ ᠪᠠᠲᠤᠯᠠᠭ᠎ᠠ᠎ᠶ᠋ᠢᠨ ᠺᠠᠳ᠋ᠷ᠎ᠤᠨ ᠡᠩᠨᠡᠭᠡᠨ᠎ᠤ ᠲᠤᠰᠭᠠᠢᠵᠢᠭ᠍ᠰᠠᠨ ᠬᠡᠮᠵᠢᠶ᠎ᠡ ᠥᠨᠳᠥᠷ ᠪᠤᠰᠤ᠂ ᠪᠦᠲᠦᠴᠡ᠎ᠶ᠋ᠢᠨ ᠴᠢᠨᠠᠷᠲᠠᠶ ᠳᠤᠲᠠᠭᠤᠳᠠᠯ ᠲᠣᠪᠤᠢᠮ᠎ᠠ ᠵᠡᠷᠭᠡ ᠠᠰᠠᠭᠤᠳᠠᠯ᠎ᠢ ᠦᠨᠡᠨ ᠬᠦ᠌ ᠱᠢᠢᠳᠪᠤᠷᠢᠯᠡᠬᠦ᠌᠎ᠶ᠋ᠢᠨ ᠲᠥᠯᠥᠭᠡ᠂ ᠱᠢᠨ᠎ᠡ ᠴᠠᠭ ᠦᠶ᠎ᠡ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠯᠭᠠᠮ᠎ᠠ ᠱᠠᠭᠠᠷᠳᠠᠯᠭ᠎ᠠ᠎ᠳᠤ ᠨᠠᠩ ᠰᠠᠢᠲᠤᠷ ᠵᠣᠬᠢᠴᠠᠬᠤ᠎ᠶ᠋ᠢᠨ ᠲᠥᠯᠥᠭᠡ᠂ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ  《 ᠺᠠᠳ᠋ᠷ᠎ᠤᠨ ᠡᠩᠨᠡᠭᠡᠨ᠎ᠤ ᠴᠢᠳᠠᠪᠤᠷᠢ ᠬᠡᠪ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ 》᠎ᠶ᠋ᠢ ᠣᠨ᠎ᠤ ᠭᠤᠤᠯᠳᠠᠯᠭ᠎ᠠ᠎ᠲᠠᠢ ᠪᠣᠭᠤᠮᠲᠠ ᠱᠢᠪᠲᠤᠯᠬᠤ ᠡᠭᠦᠷᠭᠡ ᠪᠣᠯᠭᠠᠵᠤ᠂ ᠱᠢᠰᠲ᠋ᠧᠮ᠎ᠲᠠᠢ ᠲᠥᠯᠥᠪᠵᠢᠭᠦᠯᠵᠦ᠍᠂ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ᠂ ᠤᠯᠤᠰ ᠲᠥᠷᠥ᠎ᠶ᠋ᠢᠨ ᠲᠠᠯ᠎ᠠ᠎ᠪᠠᠷ ᠪᠠᠲᠤ ᠴᠢᠩᠭ᠎ᠠ᠂ ᠲᠤᠬᠠᠢᠯᠠᠭ᠍ᠰᠠᠨ ᠠᠵᠢᠯ᠎ᠳᠤ᠎ᠪᠠᠨ ᠴᠠᠭᠠᠷᠠᠭ᠍ᠰᠠᠨ᠂ ᠪᠦᠲᠦᠴᠡ᠎ᠨᠢ ᠵᠦᠶ ᠵᠣᠬᠢᠰᠲᠠᠶ᠂ ᠣᠪᠣᠷ ᠰᠤᠷᠲᠠᠯ᠎ᠨᠢ ᠱᠢᠯᠢᠳᠡᠭ ᠰᠠᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠤᠰᠭᠠᠢᠵᠢᠭ᠍ᠰᠠᠨ ᠡᠩᠨᠡᠭᠡ᠎ᠶ᠋ᠢ ᠪᠠᠢᠭᠤᠯᠬᠤ᠎ᠪᠠᠷ ᠬᠦᠴᠦᠯᠡᠨ ᠴᠢᠷᠮᠠᠢᠨ᠎ᠠ᠃

 

 

  ᠤᠨᠤᠪᠴᠢᠲᠠᠢ᠎ᠪᠠᠷ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠡᠩᠨᠡᠭᠡᠨ᠎ᠤ ᠲᠤᠰᠭᠠᠶ ᠮᠡᠷᠭᠡᠵᠢᠯ᠎ᠤᠨ ᠪᠦᠲᠦᠴᠡ᠎ᠶ᠋ᠢ ᠰᠢᠯᠢᠳᠡᠭᠵᠢᠭᠦᠯᠪᠡ

  ᠡᠩᠨᠡᠭᠡᠨ᠎ᠤ ᠲᠤᠰᠭᠠᠢ ᠮᠡᠷᠭᠡᠵᠢᠯ᠎ᠤᠨ ᠠᠬᠤᠢ ᠪᠠᠢᠳᠠᠯ ᠲᠠᠩ ᠴᠤᠯᠭᠤᠢ᠂ ᠬᠠᠮ ᠬᠡᠯᠪᠡᠷᠢ᠎ᠶ᠋ᠢᠨ ᠴᠢᠳᠠᠪᠤᠷᠢᠲᠠᠨ ᠳᠤᠲᠠᠭ᠍ᠳᠠᠵᠤ ᠪᠠᠢᠭ᠎ᠠ ᠣᠳᠣᠬᠢ ᠪᠠᠢᠳᠠᠯ᠎ᠳᠤ ᠴᠢᠭ᠌ᠯᠡᠭᠦᠯᠦᠨ᠂ ᠮᠠᠨ᠎ᠤ ᠲᠣᠪᠴᠢᠶ᠎ᠠ ᠬᠠᠷᠠᠭ᠎ᠠ᠎ᠪᠠᠨ ᠥᠷᠭᠡᠳᠭᠡᠵᠦ᠍᠂ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠬᠥᠮᠦᠨ ᠠᠮᠠ᠎ᠶ᠋ᠢᠨ ᠣᠷᠣᠬᠤ ᠭᠠᠵᠠᠷ᠎ᠲᠤ ᠬᠦᠴᠦ᠍ ᠣᠷᠣᠭᠤᠯᠪᠠ᠃ ᠨᠢᠭᠡ ᠲᠠᠯ᠎ᠠ᠎ᠪᠠᠷ᠂ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠲᠠᠢ ᠢᠳᠡᠪᠬᠢᠲᠡᠶ ᠣᠷᠣᠨ ᠲᠤᠭ᠎ᠠ᠎ᠶ᠋ᠢ ᠵᠣᠬᠢᠴᠠᠭᠤᠯᠵᠤ᠂ ᠣᠨ᠎ᠤ ᠠᠯᠪᠠᠲᠠᠨ ᠡᠯᠰᠡᠬᠦ᠂ ᠠᠵᠢᠯ ᠦᠢᠯᠡᠰ᠎ᠤᠨ ᠨᠢᠭᠡᠴᠢ᠎ᠶ᠋ᠢᠨ ᠠᠵᠢᠯᠲᠠᠨ ᠡᠯᠰᠡᠬᠦ᠌ ᠶᠠᠪᠤᠴᠠ᠎ᠳᠤ᠂ ᠡᠮ ᠡᠮᠨᠡᠯᠭᠡ ᠡᠷᠡᠭᠦᠯ ᠬᠠᠮᠠᠭᠠᠯᠠᠯ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ᠂ ᠮᠡᠳᠡᠭᠡ ᠵᠠᠩᠭᠢ᠎ᠶ᠋ᠢᠨ ᠮᠡᠷᠭᠡᠵᠢᠯ᠂ ᠬᠠᠤᠯᠢ ᠴᠠᠭᠠᠵᠠ ᠵᠡᠷᠭᠡ ᠬᠠᠮᠢᠶ᠎ᠠ ᠪᠥᠬᠦᠶ ᠲᠤᠰᠭᠠᠶ ᠮᠡᠷᠭᠡᠵᠢᠯ᠎ᠤᠨ ᠠᠵᠢᠯ᠎ᠤᠨ ᠪᠠᠢᠷᠢ᠎ᠶ᠋ᠢ ᠣᠨᠣᠪᠴᠢᠲᠠᠶ ᠳᠣᠭᠢᠷᠠᠭᠤᠯᠵᠤ᠂ ᠲᠤᠰᠭᠠᠶ ᠮᠡᠷᠭᠡᠵᠢᠯ᠎ᠤᠨ ᠴᠢᠳᠠᠪᠤᠷᠢᠲᠠᠨ ᠡᠯᠰᠡᠬᠦ᠌ ᠬᠠᠷᠢᠴᠠᠯ᠎ᠢ ᠳᠡᠭᠡᠭ᠌ᠰᠢᠯᠡᠭᠦᠯᠦᠨ᠂ ᠡᠩᠨᠡᠭᠡᠨ᠎ᠤ ᠲᠤᠰᠭᠠᠶ ᠮᠡᠷᠭᠡᠵᠢᠯ᠎ᠤᠨ ᠪᠦᠷᠢᠯᠳᠦᠯ᠎ᠢ ᠡᠬᠢ ᠡᠭᠦᠰᠦᠯ᠎ᠠᠴᠠ᠎ᠨᠢ ᠰᠠᠢᠵᠢᠷᠠᠭᠤᠯᠪᠠ᠃ ᠨᠥᠭᠦᠭᠡ ᠲᠠᠯ᠎ᠠ᠎ᠪᠠᠷ᠂ ᠱᠢᠰᠲ᠋ᠧᠮ᠎ᠤᠨ ᠳᠣᠲᠣᠷ᠎ᠠ ᠭᠠᠳᠠᠨ᠎ᠠ ᠬᠠᠨᠳᠤᠭᠤᠯᠤᠭ᠍ᠰᠠᠨ ᠲᠤᠰᠭᠠᠢᠵᠢᠭ᠍ᠰᠠᠨ ᠺᠠᠳ᠋ᠷ᠎ᠢ ᠬᠠᠷᠢᠴᠠᠭᠤᠯᠤᠨ ᠰᠣᠩᠭᠤᠬᠤ᠂ ᠱᠢᠯᠢᠨ ᠰᠣᠩᠭᠤᠬᠤ ᠠᠵᠢᠯ᠎ᠢ ᠰᠦᠪᠡᠭ᠌ᠴᠢᠯᠡᠨ ᠥᠷᠨᠢᠭᠦᠯᠵᠦ᠍᠂ ᠡᠮᠴᠢᠯᠡᠭᠡᠨ᠎ᠤ ᠪᠠᠢᠭᠤᠯᠤᠮᠵᠢ᠂ ᠡᠮ ᠡᠮᠨᠡᠯᠭᠡ᠎ᠶᠢᠨ ᠠᠵᠤ ᠠᠬᠤᠢᠯᠠᠯ᠂ ᠶᠡᠭᠡ ᠳᠡᠭᠡᠳᠦ ᠰᠤᠷᠭᠠᠭᠤᠯᠢ ᠵᠢᠴᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠡᠷᠭᠡ ᠬᠦᠷᠢᠶ᠎ᠡ ᠴᠠᠷᠠᠭ᠎ᠠ᠎ᠠᠴᠠ ᠡᠮᠴᠢᠯᠡᠭᠡᠨ᠎ᠤ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠳᠤ ᠴᠠᠭᠠᠷᠠᠭ᠍ᠰᠠᠨ᠂ ᠡᠮᠴᠢᠯᠡᠭᠡᠨ᠎ᠤ ᠦᠢᠯᠡᠴᠢᠯᠡᠭᠡ᠎ᠶ᠋ᠢ ᠰᠠᠢᠨ ᠮᠡᠳᠡᠳᠡᠭ᠂ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢ ᠡᠵᠡᠮᠱᠢᠭ᠌ᠰᠡᠨ ᠪᠤᠶᠤ ᠬᠠᠤᠯᠢ ᠴᠠᠭᠠᠵᠠ᠎ᠶ᠋ᠢᠨ ᠪᠣᠳᠠᠲᠤ ᠶᠠᠪᠤᠳᠠᠯ᠎ᠳᠤ ᠴᠢᠳᠠᠮᠠᠭᠠᠶ ᠲᠤᠰᠭᠠᠶ ᠮᠡᠷᠭᠡᠵᠢᠯ᠎ᠤᠨ ᠴᠢᠳᠠᠪᠤᠷᠢᠲᠠᠨ᠎ᠢ ᠣᠯᠵᠤ ᠮᠡᠳᠡᠬᠦ᠌ ᠪᠠ ᠣᠷᠣᠭᠤᠯᠤᠨ ᠠᠪᠴᠢᠷᠠᠵᠤ᠂ ᠺᠠᠳ᠋ᠷ᠎ᠤᠨ ᠡᠩᠨᠡᠭᠡ᠎ᠳᠤ ᠱᠢᠨ᠎ᠡ ᠰᠣᠷᠭᠤᠭ ᠴᠢᠰᠤ ᠪᠠ ᠲᠤᠰᠭᠠᠶ ᠮᠡᠷᠭᠡᠵᠢᠯ᠎ᠤᠨ ᠬᠥᠳᠡᠯᠭᠡᠬᠦ᠌ ᠬᠦᠴᠦᠨ ᠨᠡᠮᠡᠷᠢᠯᠡᠵᠦ᠍᠂ ᠡᠮᠴᠢᠯᠡᠭᠡᠨ᠎ᠤ ᠳᠠᠭᠠᠳᠭᠠᠯ᠎ᠤᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠱᠠᠭᠠᠷᠳᠠᠯᠭ᠎ᠠ᠎ᠲᠠᠢ ᠵᠣᠬᠢᠴᠠᠯᠳᠤᠭ᠍ᠰᠠᠨ ᠲᠤᠰᠭᠠᠶ ᠮᠡᠷᠭᠡᠵᠢᠯ᠎ᠤᠨ ᠴᠢᠳᠠᠪᠤᠷᠢᠲᠠᠨ᠎ᠤ ᠱᠠᠲᠤᠯᠢᠭ ᠡᠩᠨᠡᠭᠡ᠎ᠶ᠋ᠢ ᠠᠯᠬᠤᠮ ᠠᠯᠬᠤᠮ᠎ᠢᠶᠠᠷ ᠪᠠᠢᠭᠤᠯᠤᠨ᠎ᠠ᠃

  ᠱᠢᠰᠲ᠋ᠧᠮ᠎ᠲᠠᠢ ᠪᠣᠯᠪᠠᠰᠤᠷᠠᠯ ᠬᠦᠷᠲᠡᠭᠡᠵᠦ᠍᠂ ᠲᠤᠬᠠᠢᠯᠠᠭ᠍ᠰᠠᠨ ᠠᠵᠢᠯ᠎ᠤᠨ ᠮᠡᠳᠡᠯᠭᠡ᠎ᠶ᠋ᠢᠨ ᠰᠠᠭᠤᠷᠢ᠎ᠶ᠋ᠢ ᠪᠠᠢᠩᠭᠤᠵᠢᠭᠤᠯᠬᠤ᠎ᠶ᠋ᠢ ᠪᠡᠬᠢᠵᠢᠭᠦᠯᠪᠡ

  ᠮᠠᠨ᠎ᠤ ᠲᠣᠪᠴᠢᠶ᠎ᠠ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠢᠶᠠᠨ ᠴᠢᠩᠭᠠᠳᠭᠠᠬᠤ᠎ᠶ᠋ᠢ ᠲᠤᠰᠭᠠᠢᠵᠢᠭ᠍ᠰᠠᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠰᠠᠭᠤᠷᠢ ᠴᠢᠨᠠᠷᠲᠠᠶ ᠢᠨᠵᠧᠨᠧᠷᠢᠩ ᠪᠣᠯᠭᠠᠨ ᠴᠢᠩᠭ᠎ᠠ ᠪᠥᠭᠡᠳ ᠪᠣᠳᠠᠲᠠᠶ ᠠᠳᠭᠤᠪᠠ᠃ ᠡᠨᠡ ᠵᠢᠯ ᠡᠬᠢᠯᠡᠮᠡᠭ᠌ᠴᠡ 《 ᠡᠮᠴᠢᠯᠡᠭᠡᠨ᠎ᠤ ᠳᠠᠭᠠᠳᠭᠠᠯ᠎ᠤᠨ ᠲᠤᠬᠠᠢᠯᠠᠭ᠍ᠰᠠᠨ ᠠᠵᠢᠯ᠎ᠤᠨ ᠬᠠᠪᠤᠷ᠎ᠤᠨ ᠤᠯᠠᠷᠢᠯ᠎ᠤᠨ ᠪᠣᠯᠪᠠᠰᠤᠷᠠᠭᠤᠯᠤᠯ᠎ᠤᠨ ᠰᠠᠷ᠎ᠠ 》᠎ᠶ᠋ᠢᠨ ᠠᠵᠢᠯᠯᠠᠭ᠎ᠠ᠎ᠶ᠋ᠢ ᠨᠠᠷᠢᠨ ᠨᠢᠮᠪᠠᠶ ᠵᠣᠬᠢᠶᠠᠨ ᠪᠠᠢᠭᠤᠯᠪᠠ᠃ ᠪᠣᠯᠪᠠᠰᠤᠷᠠᠯ᠎ᠨᠢ ᠥᠩᠭᠡᠷᠡᠭ᠌ᠰᠡᠨ᠎ᠤ 《 ᠭᠠᠳᠠᠭᠠᠳᠤ᠎ᠳᠤ ᠲᠤᠰᠠᠯᠠᠮᠵᠢ ᠦᠵᠡᠭᠦᠯᠬᠦ᠌ 》᠎ᠪᠠᠷ ᠭᠤᠤᠯ ᠪᠣᠯᠭᠠᠭ᠍ᠰᠠᠨ ᠵᠠᠭ᠍ᠪᠤᠷ᠎ᠢ ᠡᠪᠳᠡᠵᠦ᠍᠂ ᠲᠣᠪᠴᠢᠶ᠎ᠠ᠎ᠶ᠋ᠢᠨ ᠳᠣᠲᠣᠷᠠᠬᠢ ᠡᠯ᠎ᠡ ᠲᠤᠬᠠᠢᠯᠠᠭ᠍ᠰᠠᠨ ᠠᠵᠢᠯ᠎ᠤᠨ ᠰᠠᠯᠠᠭ᠎ᠠ ᠲᠠᠰᠤᠭ᠎ᠤᠨ ᠬᠠᠷᠢᠭᠤᠴᠠᠯᠭᠠᠲᠠᠨ ᠡᠭᠡᠯᠵᠢᠯᠡᠨ ᠭᠤᠤᠯᠯᠠᠨ ᠶᠠᠷᠢᠭ᠍ᠴᠢ᠎ᠶ᠋ᠢ ᠡᠭᠦᠷᠭᠡᠯᠡᠵᠦ᠍᠂ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ᠂ ᠬᠠᠷᠠᠭᠠᠯᠵᠠᠯ᠎ᠤᠨ ᠪᠠᠲᠤᠯᠠᠭ᠎ᠠ᠂ ᠡᠮ ᠡᠮᠨᠡᠯᠭᠡ᠎ᠶᠢᠨ ᠦᠢᠯᠡᠴᠢᠯᠡᠭᠡᠨ᠎ᠤ ᠬᠠᠮᠢᠶᠠᠷᠤᠯᠲᠠ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠂ ᠦᠨ᠎ᠡ ᠬᠠᠩᠰᠢ᠎ᠶ᠋ᠢᠨ ᠳᠠᠭᠠᠭᠠᠴᠢᠯᠠᠯᠲᠠ ᠵᠠᠷᠯᠠᠬᠤ᠂ ᠭᠠᠷᠲᠠᠨ ᠭᠦᠢᠴᠡᠳᠭᠡᠬᠦ᠌ ᠦᠢᠯᠡᠴᠢᠯᠡᠭᠡ ᠵᠡᠷᠭᠡ ᠭᠤᠤᠯ ᠲᠤᠬᠠᠢᠯᠠᠭ᠍ᠰᠠᠨ ᠠᠵᠢᠯ᠎ᠤᠨ ᠲᠣᠭᠤᠷᠢᠨ᠎ᠳᠤ ᠱᠢᠰᠲ᠋ᠧᠮ᠎ᠲᠠᠢ ᠡᠮᠬᠢᠯᠡᠵᠦ᠍ ᠭᠦᠨᠵᠡᠭᠡᠶ ᠲᠠᠢᠯᠪᠤᠷᠢᠯᠠᠪᠠ᠃ ᠡᠢᠮᠦᠷᠬᠦ᠌ 《 ᠳᠡᠷᠭᠡᠳᠡᠬᠢ ᠬᠥᠮᠦᠰ ᠳᠡᠷᠭᠡᠳᠡᠬᠢ ᠲᠤᠬᠠᠢᠯᠠᠭ᠍ᠰᠠᠨ ᠠᠵᠢᠯ᠎ᠢᠶᠠᠨ ᠶᠠᠷᠢᠬᠤ 》 ᠠᠷᠭ᠎ᠠ ᠮᠠᠶᠢᠭ᠎ᠲᠤ ᠨᠠᠩ ᠣᠢᠷᠠᠲᠤᠵᠤ᠂ ᠠᠭᠤᠯᠭ᠎ᠠ᠎ᠨᠢ ᠪᠣᠳᠠᠲᠠᠶ ᠠᠵᠢᠯ᠎ᠤᠨ ᠬᠦᠴᠢᠷ ᠲᠦᠪᠡᠭ᠌ᠲᠡᠶ ᠠᠰᠠᠭᠤᠳᠠᠯ᠎ᠳᠤ ᠨᠠᠩ ᠣᠢᠷᠠᠲᠤᠵᠤ᠂ ᠨᠠᠩ  《 ᠣᠯᠠᠨ ᠲᠦᠮᠡᠨ᠎ᠲᠠᠢ ᠣᠢᠷᠠᠲᠤᠬᠤ 》᠎ᠶ᠋ᠢ ᠲᠠᠢᠯᠪᠤᠷᠢᠯᠠᠵᠤ᠂ ᠪᠣᠯᠪᠠᠰᠤᠷᠠᠯ᠎ᠤᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ᠎ᠢ ᠲᠦᠢᠯ᠎ᠤᠨ ᠶᠡᠭᠡ᠎ᠪᠠᠷ ᠴᠢᠩᠭᠠᠳᠭᠠᠵᠤ᠂ ᠪᠥᠬᠦ᠌ ᠺᠠᠳ᠋ᠷᠴᠤᠳ᠎ᠲᠤ ᠡᠮᠴᠢᠯᠡᠭᠡᠨ᠎ᠤ ᠳᠠᠭᠠᠳᠭᠠᠯ᠎ᠤᠨ ᠲᠤᠬᠠᠢᠯᠠᠭ᠍ᠰᠠᠨ ᠠᠵᠢᠯ᠎ᠤᠨ ᠮᠡᠳᠡᠯᠭᠡ᠎ᠶ᠋ᠢ ᠪᠥᠬᠦ᠌ ᠲᠠᠯ᠎ᠠ᠎ᠪᠠᠷ ᠱᠢᠰᠲ᠋ᠧᠮ᠎ᠲᠠᠢ ᠰᠤᠷᠤᠯᠴᠠᠬᠤ 《 ᠴᠠᠬᠢᠯᠭᠠᠨ ᠴᠡᠨᠡᠭ᠌ᠯᠡᠬᠦ᠌ 》 ᠠᠵᠠ ᠲᠣᠬᠢᠶᠠᠯ ᠬᠠᠩᠭᠠᠭ᠍ᠰᠠᠨ ᠪᠠᠢᠨ᠎ᠠ᠃

  ᠪᠦᠭᠦᠳᠡᠭᠡᠷ᠎ᠢᠶᠠᠨ ᠣᠷᠣᠯᠴᠠᠵᠤ᠂ ᠰᠤᠷᠤᠯᠴᠠᠬᠤ ᠬᠡᠯᠪᠡᠷᠢ᠎ᠶ᠋ᠢᠨ ᠪᠠᠢᠭᠤᠯᠭ᠎ᠠ᠎ᠶ᠋ᠢᠨ ᠱᠢᠨ᠎ᠡ ᠲᠣᠭ᠍ᠲᠠᠴᠠ᠎ᠶ᠋ᠢ ᠪᠠᠢ᠌ᠭᠤᠯᠪᠠ

   《 ᠪᠥᠬᠦ᠌ ᠠᠵᠢᠯᠲᠠᠨ ᠶᠠᠷᠢᠶᠠᠨ᠎ᠤ ᠲᠠᠪᠴᠠᠩ᠎ᠳᠤ ᠭᠠᠷᠬᠤ 》 ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠲᠤᠬᠠᠢᠯᠠᠭ᠍ᠰᠠᠨ ᠠᠵᠢᠯ᠎ᠤᠨ ᠰᠤᠷᠤᠯᠴᠠᠯᠭ᠎ᠠ᠎ᠶ᠋ᠢ ᠡᠳᠦᠷ ᠲᠤᠲᠤᠮ᠎ᠤᠨ ᠵᠠᠰᠠᠭ᠎ᠤᠨ ᠶᠠᠪᠤᠳᠠᠯ᠎ᠤᠨ ᠠᠵᠢᠯᠯᠠᠭᠠᠨ ᠪᠠ ᠣᠨᠣᠯ᠎ᠤᠨ ᠰᠤᠷᠤᠯᠴᠠᠯᠭ᠎ᠠ᠎ᠳᠤ ᠭᠦᠨᠵᠡᠭᠡᠶ ᠠᠭᠤᠰᠤᠯᠴᠠᠭᠤᠯᠪᠠ᠃ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ᠂ ᠲᠣᠪᠴᠢᠶ᠎ᠠ᠎ᠶ᠋ᠢᠨ ᠶᠠᠪᠤᠳᠠᠯ᠎ᠤᠨ ᠬᠤᠷᠠᠯ᠂ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ ᠵᠡᠷᠭᠡ ᠴᠢᠬᠤᠯᠠ ᠬᠤᠷᠠᠯ᠎ᠳᠤ 《 ᠡᠮᠴᠢᠯᠡᠭᠡᠨ᠎ᠤ ᠳᠠᠭᠠᠳᠭᠠᠯ᠎ᠤᠨ ᠲᠤᠬᠠᠢᠯᠠᠭ᠍ᠰᠠᠨ ᠠᠵᠢᠯ᠎ᠤᠨ ᠰᠤᠷᠤᠯᠴᠠᠯᠭ᠎ᠠ 》᠎ᠶ᠋ᠢᠨ ᠲᠣᠭ᠍ᠲᠠᠮᠠᠯ ᠵᠥᠪᠯᠡᠬᠦ᠌ ᠰᠡᠳᠦᠪ᠎ᠢ ᠲᠣᠬᠢᠷᠠᠭᠤᠯᠬᠤ ᠬᠡᠷᠡᠭ᠌ᠲᠡᠶ ᠭᠡᠵᠦ᠍ ᠲᠣᠳᠣᠷᠬᠠᠶ ᠱᠠᠭᠠᠷᠳᠠᠪᠠ᠃ ᠤᠳᠠᠭ᠎ᠠ ᠪᠦᠷᠢ ᠨᠢᠭᠡ ᠣᠳᠣᠬᠠᠨ᠎ᠤ ᠭᠤᠤᠯᠳᠠᠯᠭ᠎ᠠ᠂ ᠬᠦᠴᠢᠷ ᠪᠤᠶᠤ ᠬᠠᠯᠠᠮᠱᠢᠯ ᠲᠤᠬᠠᠢᠯᠠᠭ᠍ᠰᠠᠨ ᠠᠵᠢᠯ᠎ᠤᠨ ᠠᠰᠠᠭᠤᠳᠠᠯ᠎ᠤᠨ ᠲᠣᠭᠤᠷᠢᠨ᠎ᠳᠤ᠂ ᠬᠠᠮᠢᠶ᠎ᠠ ᠪᠥᠬᠦᠶ ᠰᠠᠯᠠᠭ᠎ᠠ ᠲᠠᠰᠤᠭ᠎ᠤᠨ ᠬᠠᠷᠢᠭᠤᠴᠠᠯᠭᠠᠲᠠᠨ ᠪᠤᠶᠤ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠎ᠠᠴᠠ ᠲᠤᠰᠭᠠᠶ ᠰᠡᠳᠦᠪᠲᠦ ᠬᠠᠷᠢᠭᠤ ᠮᠡᠳᠡᠭᠦᠯᠦᠯᠲᠡ ᠪᠠ ᠲᠠᠢᠯᠤᠮᠵᠢ ᠬᠢᠵᠦ᠍᠂ ᠤᠳᠤᠷᠢᠳᠭᠤ ᠪᠠᠭ ᠪᠠ ᠪᠥᠬᠦ᠌ ᠳᠤᠮᠳᠠ ᠳᠠᠪᠬᠤᠷᠭ᠎ᠠ᠎ᠶ᠋ᠢᠨ ᠺᠠᠳ᠋ᠷ᠎ᠢ ᠳᠠᠭᠠᠭᠤᠯᠤᠨ ᠵᠡᠷᠭᠡ᠎ᠪᠠᠷ ᠰᠤᠷᠤᠯᠴᠠᠵᠤ᠂ ᠬᠠᠮᠲᠤ᠎ᠪᠠᠷ ᠰᠤᠳᠤᠯᠪᠠ᠃ ᠲᠣᠰ ᠠᠵᠢᠯᠯᠠᠭ᠎ᠠ᠎ᠨᠢ ᠤᠳᠤᠷᠢᠳᠭᠤ ᠺᠠᠳ᠋ᠷ᠎ᠤᠨ ᠲᠤᠰᠭᠠᠶ ᠮᠡᠷᠭᠡᠵᠢᠯ᠎ᠤᠨ ᠱᠢᠢᠳᠪᠦᠷᠢᠲᠦ ᠪᠣᠳᠣᠯᠭ᠎ᠠ ᠲᠣᠭ᠍ᠲᠠᠭᠠᠬᠤ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠦᠭ᠌ᠰᠡᠨ᠎ᠢᠶᠠᠷ ᠪᠠᠷᠠᠬᠤ ᠥᠬᠡᠶ᠂ ᠨᠠᠩ ᠴᠤ᠌ ᠪᠥᠬᠦ᠌ ᠲᠠᠯ᠎ᠠ᠎ᠶ᠋ᠢᠨ ᠳᠠᠪᠬᠤᠷᠭ᠎ᠠ᠎ᠳᠤ 《 ᠬᠥᠮᠦᠨ ᠪᠦᠬᠦᠨ ᠲᠤᠬᠠᠢᠯᠠᠭ᠍ᠰᠠᠨ ᠠᠵᠢᠯ᠎ᠢᠶᠠᠨ ᠰᠤᠷᠤᠯᠴᠠᠬᠤ᠂ ᠬᠥᠮᠦᠨ ᠪᠦᠬᠦᠨ ᠲᠤᠬᠠᠢᠯᠠᠭ᠍ᠰᠠᠨ ᠠᠵᠢᠯ᠎ᠢᠶᠠᠨ ᠣᠢᠯᠠᠭᠠᠬᠤ᠂ ᠬᠥᠮᠦᠨ ᠪᠦᠬᠦᠨ ᠲᠤᠬᠠᠢᠯᠠᠭ᠍ᠰᠠᠨ ᠠᠵᠢᠯ᠎ᠢᠶᠠᠨ ᠰᠤᠳᠤᠯᠬᠤ 》 ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠤ᠂ ᠰᠤᠷᠤᠯᠴᠠᠯᠭ᠎ᠠ᠎ᠶ᠋ᠢ 《 ᠵᠥᠭᠡᠯᠡᠨ ᠡᠭᠦᠷᠭᠡ 》 ᠎ᠠᠴᠠ  《 ᠬᠠᠲᠠᠭᠤ ᠬᠢᠵᠠᠭᠠᠷᠯᠠᠯ 》 ᠪᠣᠯᠭᠠᠨ ᠬᠤᠪᠢᠷᠠᠭᠤᠯᠬᠤ᠎ᠶ᠋ᠢ ᠳᠥᠯᠭᠢᠨ ᠠᠬᠢᠭᠤᠯᠵᠤ᠂ ᠰᠤᠷᠤᠯᠴᠠᠬᠤ ᠬᠡᠯᠪᠡᠷᠢ᠎ᠶ᠋ᠢᠨ ᠪᠠᠢᠭᠤᠯᠭ᠎ᠠ᠎ᠶ᠋ᠢ ᠲᠦᠷᠭᠡᠪᠴᠢᠯᠡᠨ ᠪᠠᠢᠭᠤᠯᠪᠠ᠃

  ᠬᠦᠷᠢᠶ᠎ᠡ ᠠᠯᠤᠰᠯᠠᠨ ᠠᠭᠤᠰᠣᠯᠴᠠᠭᠤᠯᠥᠨ᠂ 《 ᠨᠢᠭᠡ ᠲᠤᠰᠬᠠᠢ᠎ᠳᠤ ᠣᠯᠡᠨ ᠴᠢᠳᠡᠪᠦᠷᠢ᠎ᠲᠠᠢ ᠪᠠᠢᠬᠤ 》 ᠲᠣᠬᠠᠢᠯᠬᠠᠰᠠᠨ ᠠᠵᠢᠯ᠎ᠳᠤ ᠨᠡᠪᠳᠡᠷᠡᠭ᠌ᠰᠡᠡ ᠴᠢᠳᠡᠪᠦᠷᠢᠳᠡᠨ᠎ᠢ ᠬᠦᠮᠦᠵᠢᠭᠦᠯᠪᠡ

  ᠰᠠᠯᠠᠭ᠎ᠠ ᠲᠠᠰᠤᠭ᠎ᠤᠨ ᠲᠤᠬᠠᠢᠯᠠᠭ᠍ᠰᠠᠨ ᠠᠵᠢᠯ᠎ᠤᠨ ᠪᠠᠬᠢᠯᠡᠯᠲᠡ᠎ᠶ᠋ᠢ ᠡᠪᠳᠡᠵᠦ᠍᠂ ᠡᠭᠦᠷᠭᠡ ᠴᠢᠳᠠᠪᠤᠷᠢ᠎ᠶ᠋ᠢᠨ ᠬᠤᠪᠢᠶᠠᠷᠢᠯᠠᠯᠲᠠ᠎ᠠᠴᠠ ᠪᠣᠯᠵᠤ ᠮᠡᠳᠡᠬᠦ᠌ ᠠᠵᠢᠯ᠎ᠤᠨ ᠬᠢᠵᠠᠭᠠᠷᠯᠠᠯ᠎ᠢ ᠲᠡᠪᠴᠢᠬᠦ᠌᠎ᠶ᠋ᠢᠨ ᠲᠥᠯᠥᠭᠡ᠂ ᠮᠠᠨ᠎ᠤ ᠲᠣᠪᠴᠢᠶ᠎ᠠ 《 ᠨᠠᠷᠢᠨ ᠵᠢᠩᠬᠢᠨᠢ ᠠᠩᠭᠢ᠂ ᠪᠥᠬᠦ᠌ ᠲᠠᠯ᠎ᠠ᠎ᠶ᠋ᠢ ᠣᠢᠯᠠᠭᠠᠬᠤ 》ᠴᠢᠳᠠᠪᠤᠷᠢ᠎ᠶ᠋ᠢᠨ ᠱᠠᠭᠠᠷᠳᠠᠯᠭ᠎ᠠ᠎ᠶ᠋ᠢ ᠲᠣᠳᠣᠷᠬᠠᠶ ᠳᠤᠷᠠᠳᠴᠤ᠌᠂ ᠬᠠᠮ ᠬᠡᠯᠪᠡᠷᠢ᠎ᠶ᠋ᠢᠨ ᠡᠮᠴᠢᠯᠡᠭᠡᠨ᠎ᠤ ᠪᠠᠲᠤᠯᠠᠭ᠎ᠠ᠎ᠶᠢᠨ ᠴᠢᠳᠠᠪᠤᠷᠢᠲᠠᠨ᠎ᠢ ᠬᠦᠴᠦᠯᠡᠨ ᠬᠥᠮᠦᠵᠢᠭᠦᠯᠪᠡ᠃ ᠡᠯ᠎ᠡ ᠰᠠᠯᠠᠭ᠎ᠠ ᠲᠠᠰᠤᠭ᠎ᠤᠨ ᠬᠠᠷᠢᠭᠤᠴᠠᠯᠭᠠᠲᠠᠨ᠎ᠢ ᠲᠣᠰ ᠬᠦᠷᠢᠶᠡᠨ᠎ᠳᠠᠬᠢ ᠲᠤᠬᠠᠢᠯᠠᠭ᠍ᠰᠠᠨ ᠠᠵᠢᠯ᠎ᠤᠨ 《 ᠲᠥᠷᠥ᠎ᠶ᠋ᠢᠨ ᠪᠣᠳᠣᠯᠭ᠎ᠠ᠎ᠶ᠋ᠢ ᠨᠡᠪᠲᠡᠷᠡᠭᠦᠯᠬᠦ᠌ 》 ᠪᠠ  《 ᠠᠮᠢᠳᠤᠯᠢᠭ ᠲᠣᠯᠢ 》 ᠪᠣᠯᠭᠠᠬᠤ᠎ᠪᠠᠷ ᠪᠠᠷᠠᠬᠤ ᠥᠬᠡᠶ ᠪᠠᠰᠠ ᠡᠷᠬᠡᠪᠰᠢ ᠡᠮᠴᠢᠯᠡᠭᠡᠨ᠎ᠤ ᠳᠠᠭᠠᠳᠭᠠᠯ᠎ᠤᠨ ᠬᠡᠯᠬᠢᠶ᠎ᠡ᠎ᠶ᠋ᠢᠨ ᠲᠤᠬᠠᠢᠯᠠᠭ᠍ᠰᠠᠨ ᠠᠵᠢᠯ᠎ᠢ ᠭᠦᠨᠵᠡᠭᠡᠶ ᠣᠢᠯᠠᠭᠠᠬᠤ ᠬᠡᠷᠡᠭ᠌ᠲᠡᠶ ᠭᠡᠵᠦ᠍ ᠱᠠᠭᠠᠷᠳᠠᠪᠠ᠂ ᠡᠭᠦᠨ᠎ᠳᠤ ᠳᠠᠭᠠᠳᠭᠠᠯ᠎ᠳᠤ ᠣᠷᠣᠯᠴᠠᠬᠤ ᠳᠡᠩᠰᠡᠯᠡᠯᠲᠡ᠂ ᠰᠠᠭᠤᠷᠢ ᠮᠥᠩᠭᠦ᠌ ᠴᠤᠭ᠍ᠯᠠᠭᠤᠯᠬᠤ᠎ᠠᠴᠠ ᠬᠠᠷᠠᠭ᠋ᠠᠯᠵᠠᠯ ᠥᠭ᠌ᠬᠦ᠂ ᠦᠢᠯᠡᠴᠢᠯᠡᠭᠡᠨ᠎ᠤ ᠬᠠᠮᠢᠶᠠᠷᠤᠯᠲᠠ᠂ ᠦᠨ᠎ᠡ ᠬᠠᠩᠰᠢ᠎ᠶ᠋ᠢᠨ ᠲᠣᠬᠢᠷᠠᠭᠤᠯᠤᠯᠲᠠ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ ᠴᠢᠨᠠᠭ᠍ᠰᠢᠯᠠᠪᠠᠯ ᠮᠡᠳᠡᠭᠡ ᠵᠠᠩᠭᠢᠵᠢᠯᠲᠠ᠎ᠶ᠋ᠢᠨ ᠲᠤᠯᠭᠠᠭᠤᠷᠢᠯᠠᠯ᠎ᠤᠨ ᠪᠥᠬᠦ᠌ ᠶᠠᠪᠤᠴᠠ᠎ᠶ᠋ᠢ ᠪᠠᠭ᠍ᠲᠠᠭᠠᠭ᠍ᠰᠠᠨ ᠪᠠᠢᠬᠤ ᠬᠡᠷᠡᠭ᠌ᠲᠡᠶ᠃ ᠺᠠᠳ᠋ᠷ᠎ᠤᠨ ᠠᠳᠠᠯᠢ ᠪᠤᠰᠤ ᠠᠵᠢᠯ᠎ᠤᠨ ᠪᠠᠢᠷᠢ᠎ᠶ᠋ᠢᠨ ᠬᠤᠭᠤᠷᠣᠨᠳᠣᠬᠢ ᠰᠣᠯᠢᠯᠴᠠᠭ᠎ᠠ ᠰᠤᠷᠤᠯᠴᠠᠯᠭ᠎ᠠ᠂ ᠰᠠᠯᠠᠭ᠎ᠠ ᠲᠠᠰᠤᠭ ᠠᠯᠤᠰᠯᠠᠨ ᠭᠤᠤᠯᠳᠠᠯᠭ᠎ᠠ᠎ᠲᠠᠢ ᠲᠥᠷᠥᠯ ᠵᠦᠢᠯ ᠪᠠ ᠠᠵᠢᠯ᠎ᠤᠨ ᠲᠤᠰᠭᠠᠶ ᠠᠩᠭᠢ᠎ᠳᠤ ᠣᠷᠣᠯᠴᠠᠬᠤ᠎ᠶ᠋ᠢ ᠵᠣᠷᠢᠭ᠍ᠵᠢᠭᠤᠯᠤᠨ ᠠᠬᠢᠭᠤᠯᠵᠤ᠂ ᠦᠢᠯᠡᠳᠦᠯᠭᠡ᠎ᠶ᠋ᠢᠨ ᠳᠤᠮᠳᠠ ᠲᠤᠬᠠᠢᠯᠠᠭ᠍ᠰᠠᠨ ᠠᠵᠢᠯ᠎ᠤᠨ ᠬᠠᠷᠠᠭ᠎ᠠ᠎ᠪᠠᠨ ᠥᠷᠭᠡᠳᠭᠡᠨ᠂ ᠡᠮᠴᠢᠯᠡᠭᠡᠨ᠎ᠤ ᠪᠠᠲᠤᠯᠠᠭ᠎ᠠ᠎ᠶᠢᠨ ᠠᠵᠢᠯ᠎ᠤᠨ ᠪᠦᠬᠦᠯᠢ ᠴᠣᠭ᠍ᠴᠠ᠎ᠶ᠋ᠢᠨ ᠴᠢᠨᠠᠷᠲᠠᠶ ᠣᠢᠯᠠᠭᠠᠯᠲᠠ ᠪᠠ ᠡᠵᠡᠮᠳᠡᠯ᠎ᠢᠶᠠᠨ ᠭᠦᠨᠵᠡᠭᠡᠢᠷᠡᠭᠦᠯᠵᠦ᠍᠂ ᠣᠨᠴᠠ ᠲᠣᠭ᠍ᠲᠠᠭ᠍ᠰᠠᠨ ᠬᠦᠷᠢᠶᠡᠨ᠎ᠳᠤ ᠴᠠᠭᠠᠷᠠᠭ᠍ᠰᠠᠨ ᠮᠥᠷᠲᠡᠭᠡᠨ ᠪᠠᠰᠠ ᠪᠥᠬᠦ᠌ ᠲᠠᠯ᠎ᠠ᠎ᠶ᠋ᠢᠨ ᠲᠤᠬᠠᠢᠯᠠᠭ᠍ᠰᠠᠨ ᠠᠵᠢᠯ᠎ᠢ ᠣᠢᠯᠠᠭᠠᠬᠤ ᠨᠢᠭᠡ ᠪᠦᠯᠦᠭ 《 ᠣᠯᠠᠨ ᠲᠠᠯ᠎ᠠ᠎ᠲᠠᠢ 》 ᠪᠠ  《 ᠲᠤᠬᠠᠢᠯᠠᠭ᠍ᠰᠠᠨ ᠠᠵᠢᠯ᠎ᠤᠨ ᠴᠢᠳᠠᠪᠤᠷᠢᠲᠠᠨ 》᠎ᠢ ᠴᠢᠷᠮᠠᠢᠨ ᠬᠥᠮᠦᠵᠢᠭᠦᠯᠵᠦ᠍᠂ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠰ᠎ᠤᠨ ᠬᠠᠮᠵᠢᠯᠴᠠᠨ ᠬᠥᠭ᠌ᠵᠢᠬᠦ᠌ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠳᠤ ᠪᠠᠲᠤ ᠪᠠᠬᠢ ᠴᠢᠳᠠᠪᠤᠷᠢᠲᠠᠨ᠎ᠤ ᠰᠠᠭᠤᠷᠢ᠎ᠶ᠋ᠢ ᠨᠥᠭᠡᠴᠡᠯᠡᠨ ᠥᠭ᠌ᠭᠦᠨ᠎ᠡ᠃

  ᠳᠡᠭᠡᠷ᠎ᠡ ᠳᠤᠷᠠᠳᠤᠭ᠍ᠰᠠᠨ ᠬᠠᠮ ᠠᠷᠭ᠎ᠠ ᠬᠡᠮᠵᠢᠶ᠎ᠡ᠎ᠪᠠᠷ ᠳᠠᠮᠵᠢᠨ᠂ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠶᠠᠭ ᠺᠠᠳ᠋ᠷ᠎ᠤᠨ ᠡᠩᠨᠡᠭᠡᠨ᠎ᠤ ᠴᠢᠳᠠᠪᠤᠷᠢ ᠬᠡᠪ ᠴᠢᠨᠠᠷ᠎ᠤᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌᠎ᠶ᠋ᠢ ᠪᠦᠬᠦ᠌ ᠬᠦᠴᠦᠨ᠎ᠢᠶᠠᠷ ᠠᠬᠢᠭᠤᠯᠵᠤ᠂ ᠡᠮᠴᠢᠯᠡᠭᠡᠨ᠎ᠤ ᠳᠠᠭᠠᠳᠭᠠᠯ᠎ᠤᠨ ᠬᠠᠮᠢᠶᠠᠷᠤᠯᠲᠠ᠎ᠶ᠋ᠢᠨ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢᠨ ᠪᠦᠬᠦᠯᠢ ᠴᠣᠭ᠍ᠴᠠ᠎ᠶ᠋ᠢᠨ ᠳᠡᠭᠡᠭ᠌ᠰᠢᠯᠡᠯᠲᠡ᠎ᠶ᠋ᠢ ᠳᠠᠢᠴᠢᠯᠠᠵᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠨᠡᠩ ᠪᠦᠲᠦᠮᠵᠢᠲᠡᠢ ᠪᠠᠲᠤᠯᠠᠵᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠣᠯ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ ᠲᠠᠰᠤᠷᠠᠯᠲᠠ ᠦᠭᠡᠢ ᠨᠡᠮᠡᠭ᠌ᠳᠡᠭᠦᠯᠵᠦ᠍᠂ ᠮᠠᠨ᠎ᠤ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠳᠤ ᠪᠠᠲᠤ ᠴᠢᠩᠭ᠎ᠠ ᠴᠢᠳᠠᠪᠤᠷᠢᠲᠠᠨ᠎ᠤ ᠲᠤᠯᠭᠠᠭᠤᠷᠢᠯᠠᠯ ᠪᠠ ᠣᠶᠤᠨ᠎ᠤ ᠪᠠᠲᠤᠯᠠᠭ᠎ᠠ ᠬᠠᠩᠭᠠᠬᠤ᠎ᠶ᠋ᠢᠨ ᠲᠥᠯᠥᠭᠡ ᠶᠤᠮ᠃

ᠢᠷᠡᠯᠲᠡ᠄ ᠪᠤᠭᠤᠲᠤ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠣᠯᠠᠨ ᠨᠡᠢ᠌ᠲᠡ᠎ᠶᠢᠨ ᠸᠢᠴᠠᠲ ᠲᠠᠪᠴᠠᠩ
          
ᠬᠠᠮᠢᠶ᠎ᠡ ᠪᠦᠬᠦᠢ ᠰᠣᠨᠢᠨ
 
            