ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠬᠠᠤᠯᠢ ᠲᠣᠭ᠍ᠲᠠᠭᠠᠯ᠎ᠠᠴᠠ ᠵᠥᠷᠢᠴᠡᠨ ᠡᠮᠴᠢᠯᠡᠭᠡᠨ᠎ᠤ ᠪᠠᠳᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠬᠡᠷᠡᠭ᠌ᠯᠡᠭ᠌ᠰᠡᠨ ᠰᠦᠪᠡᠭ᠌ᠴᠢ᠎ᠶ᠋ᠢ ᠴᠤᠭ᠍ᠯᠠᠭᠤᠯᠵᠤ᠂ ᠬᠠᠮᠤᠭ᠎ᠤᠨ ᠥᠨᠳᠥᠷ᠎ᠲᠤ᠎ᠪᠠᠨ 20 ᠲᠦᠮᠡᠨ ᠲᠥᠭᠦᠷᠢᠭ ᠱᠠᠩᠨᠠᠨ᠎ᠠ !
ᠨᠡᠶ᠋ᠢᠲᠡᠯᠡᠭᠰᠡᠨ ᠴᠠᠭ᠄ 2025-10-23

  ᠡᠮᠴᠢᠯᠡᠭᠡᠨ᠎ᠤ ᠪᠠᠳᠤᠯᠠᠭ᠎ᠠ᠎ᠶ᠋ᠢᠨ ᠰᠠᠭᠤᠷᠢ ᠮᠥᠩᠭᠦ᠌ ᠪᠣᠯ ᠠᠷᠠᠳ ᠣᠯᠠᠨ᠎ᠤ 《 ᠡᠪᠡᠳᠴᠢᠨ ᠦᠵᠡᠭᠦᠯᠬᠦ᠌ ᠵᠣᠭᠤᠰ 》᠂ 《 ᠠᠮᠢ ᠠᠪᠤᠷᠠᠬᠤ ᠵᠣᠭᠤᠰ 》 ᠮᠥᠨ᠂ ᠡᠮᠴᠢᠯᠡᠭᠡᠨ᠎ᠤ ᠪᠠᠳᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠲᠣᠪᠤᠢᠮ᠎ᠠ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢᠨ ᠲᠥᠯᠥᠭᠡ᠂ ᠡᠮᠴᠢᠯᠡᠭᠡᠨ᠎ᠤ ᠳᠠᠭᠠᠳᠭᠠᠯ᠎ᠤᠨ ᠪᠤᠴᠠᠯ ᠡᠮ᠎ᠤᠨ ᠵᠦᠢᠯ᠎ᠢ ᠫᠠᠨᠽᠠᠯᠠᠬᠤ᠂ ᠲᠣᠭ᠍ᠲᠠᠭᠠᠯ᠎ᠠᠴᠠ ᠵᠥᠷᠢᠴᠡᠨ ᠬᠡᠮᠵᠢᠶ᠎ᠡ᠎ᠠᠴᠠ ᠬᠡᠲᠦᠷᠡᠭᠦᠯᠦᠨ ᠡᠮ ᠬᠤᠳᠠᠯᠳᠤᠬᠤ᠂ ᠦᠷᠡᠵᠢᠯ᠎ᠤᠨ ᠨᠡᠮᠡᠭᠦᠷᠢ᠎ᠶ᠋ᠢ ᠮᠡᠬᠡᠯᠡᠨ ᠠᠪᠬᠤ᠂ ᠡᠮ᠎ᠤᠨ ᠳᠡᠯᠭᠡᠭᠦᠷ᠎ᠤᠨ ᠠᠷᠭ᠎ᠠ ᠪᠢᠯᠢᠭ ᠦᠨ᠎ᠡ ᠬᠠᠩᠰᠢ᠎ᠶ᠋ᠢᠨ ᠮᠡᠬᠡᠯᠡᠯ ᠬᠢᠬᠦ᠂ ᠡᠮᠴᠢᠯᠡᠭᠡᠨ᠎ᠤ ᠳᠠᠭᠠᠳᠭᠠᠯ᠎ᠤᠨ ᠭᠠᠷᠴᠠᠭ᠎ᠠᠴᠠ ᠭᠠᠳᠠᠨᠠᠬᠢ ᠲᠠᠸᠠᠷ᠂ 《 ᠬᠤᠤᠰ ᠨᠡᠪᠲᠡᠷᠡᠯ ᠵᠠᠮ 》᠎ᠤᠨ ᠡᠮ᠎ᠤᠨ ᠳᠡᠯᠭᠡᠭᠦᠷ᠎ᠤᠨ ᠬᠡᠪ᠎ᠤᠨ ᠪᠤᠰᠤ ᠦᠢᠯᠡ ᠠᠵᠢᠯᠯᠠᠭ᠎ᠠ ᠵᠡᠷᠭᠡ ᠬᠠᠤᠯᠢ ᠲᠣᠭ᠍ᠲᠠᠭᠠᠯ᠎ᠠᠴᠠ ᠵᠥᠷᠢᠴᠡᠨ ᠡᠮ ᠬᠡᠷᠡᠭ᠌ᠯᠡᠬᠦ᠌ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠡᠮᠴᠢᠯᠡᠭᠡᠨ᠎ᠤ ᠪᠠᠳᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠥᠨᠳᠥᠷ ᠳᠠᠷᠤᠯᠲᠠ ᠦᠵᠡᠭᠦᠯᠬᠦ᠌ ᠪᠠᠢᠳᠠᠯ᠎ᠢ ᠪᠠᠲᠤᠯᠠᠪᠠ᠃ ᠤᠳᠣ ᠣᠷᠳᠣᠰ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠪᠠᠢᠳᠠᠯ᠎ᠢ ᠨᠡᠢᠭᠡᠮ ᠨᠡᠢᠲᠡ᠎ᠠᠴᠠ ᠬᠠᠮᠢᠶ᠎ᠠ ᠪᠥᠬᠦᠶ ᠠᠰᠠᠭᠤᠳᠠᠯ᠎ᠤᠨ ᠰᠦᠪᠡᠭ᠌ᠴᠢ᠎ᠶ᠋ᠢ ᠢᠯᠡ᠎ᠪᠠᠷ ᠴᠤᠭ᠍ᠯᠠᠭᠤᠯᠵᠤ᠂ ᠬᠤᠯᠪᠣᠭ᠍ᠳᠠᠯ ᠪᠥᠬᠦᠶ ᠵᠦᠢᠯᠡᠰ᠎ᠢ ᠳᠣᠤᠷᠠᠬᠢ ᠮᠡᠲᠦ ᠵᠠᠷᠯᠠᠪᠠ᠃

  ᠨᠢᠭᠡ᠂ ᠰᠦᠪᠡᠭ᠌ᠴᠢ ᠴᠤᠭ᠍ᠯᠠᠭᠤᠯᠬᠤ ᠬᠡᠪᠴᠢᠶ᠎ᠡ

  ( ᠨᠢᠭᠡ ) ᠡᠮᠴᠢᠯᠡᠭᠡᠨ᠎ᠤ ᠳᠠᠭᠠᠳᠭᠠᠯ᠎ᠤᠨ ᠪᠤᠴᠠᠯ ᠡᠮ᠎ᠤᠨ ᠵᠦᠢᠯ᠎ᠢ ᠫᠠᠨᠽᠠᠯᠠᠬᠤ

  1. ᠡᠮᠴᠢᠯᠡᠭᠡᠨ᠎ᠤ ᠳᠠᠭᠠᠳᠭᠠᠯ᠎ᠤᠨ ᠭᠡᠷᠡᠴᠢ ᠪᠠᠷᠢᠮᠲᠠ᠎ᠶ᠋ᠢ ᠬᠠᠭᠤᠷᠮᠠᠭ᠍ᠯᠠᠨ ᠵᠣᠬᠢᠶᠠᠵᠤ᠂ ᠡᠮᠴᠢᠯᠡᠭᠡᠨ᠎ᠤ ᠳᠠᠭᠠᠳᠭᠠᠯ᠎ᠤᠨ ᠭᠡᠷᠡᠴᠢ ᠪᠠᠷᠢᠮᠲᠠ᠎ᠶ᠋ᠢ ᠤᠭ᠍ᠰᠠᠷᠠᠨ᠂ ᠡᠮᠴᠢᠯᠡᠭᠡᠨ᠎ᠤ ᠳᠠᠭᠠᠳᠭᠠᠯ᠎ᠤᠨ ᠡᠮ ᠎ᠤᠨ ᠵᠦᠢᠯ᠎ᠢ 《 ᠬᠤᠷᠢᠶᠠᠨ ᠠᠪᠬᠤ 》᠎ᠶ᠋ᠢ ᠳᠠᠭ᠋ᠠᠭᠤᠯᠵᠤ᠂ 《 ᠣᠷᠣᠯᠠᠨ ᠵᠠᠷᠤᠬᠤ 》᠎ᠶ᠋ᠢ ᠳᠠᠭ᠋ᠠᠭᠤᠯᠵᠤ᠂ ᠺᠣᠳ᠋ ᠱᠢᠷᠪᠢᠵᠦ᠍ ᠪᠣᠷᠣᠯᠠᠭᠤᠯᠬᠤ ᠥᠬᠡᠶ ᠪᠣᠷᠣᠯᠠᠭᠤᠯᠬᠤ ᠵᠢᠴᠢ ᠠᠵᠢᠯ ᠮᠡᠷᠭᠡᠵᠢᠯ᠎ᠤᠨ ᠡᠮ ᠨᠠᠢ᠌ᠷᠠᠭᠴᠢ ᠪᠠ ᠳᠠᠭᠠᠳᠭᠠᠯ᠎ᠳᠤ ᠣᠷᠣᠯᠴᠠᠭ᠍ᠰᠠᠳ᠎ᠤᠨ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠢ ᠬᠠᠤᠯᠢ ᠪᠤᠰᠤ᠎ᠪᠠᠷ ᠬᠤᠳᠠᠯᠳᠤᠭ᠍ᠰᠠᠨ;

  2. ᠡᠮ᠎ᠤᠨ ᠵᠦᠢᠯ᠎ᠢ ᠪᠥᠭᠡᠮ᠎ᠢᠶᠠᠷ ᠬᠤᠳᠠᠯᠳᠤᠬᠤ ᠠᠵᠤ ᠠᠬᠤᠢᠯᠠᠯ ᠪᠠ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠨᠢ ᠪᠠᠷᠠᠭ᠎ᠠ᠎ᠶ᠋ᠢᠨ ᠠᠵᠢᠯ ᠨᠢᠭᠡᠲᠡᠨ᠎ᠤ ᠬᠠᠭᠤᠳᠠᠰᠤ᠎ᠶ᠋ᠢ ᠬᠠᠭᠤᠷᠮᠠᠭ᠍ᠯᠠᠨ ᠵᠣᠬᠢᠶᠠᠭ᠍ᠰᠠᠨ᠂ ᠫᠢᠶᠣᠣ ᠪᠠᠷᠢᠮᠲᠠ᠎ᠶ᠋ᠢ ᠬᠠᠭᠤᠷᠮᠠᠭ᠎ᠢᠶᠠᠷ ᠵᠣᠬᠢᠶᠠᠭ᠍ᠰᠠᠨ 《 ᠤᠬᠢᠶᠠᠨ ᠠᠷᠢᠭᠤᠳᠭᠠᠭ᠍ᠰᠠᠨ 》 ᠪᠤᠴᠠᠯ ᠡᠮ᠂ ᠬᠤᠳᠠᠯᠳᠤᠨ ᠠᠪᠤᠭ᠍ᠰᠠᠨ ᠪᠣᠷᠣᠯᠠᠭᠤᠯᠤᠭ᠍ᠰᠠᠨ ᠲᠡᠮᠳᠡᠭ᠌ᠯᠡᠯ᠂ ᠡᠮ᠎ᠤᠨ ᠫᠠᠨᠽᠠᠴᠢᠨ᠂ ᠺᠠᠷᠲ᠎ᠤᠨ ᠫᠠᠨᠽᠠᠴᠢᠨ᠎ᠤ ᠮᠡᠬᠡᠯᠡᠯ᠎ᠤᠨ ᠳᠠᠭᠠᠳᠭᠠᠯ᠎ᠢ ᠮᠡᠬᠡᠯᠡᠵᠦ᠍ ᠠᠪᠤᠭ᠍ᠰᠠᠨ ᠰᠡᠵᠢᠭ᠌ᠯᠡᠯᠲᠡᠢ;

  3. ᠪᠤᠰᠤᠳ ᠡᠮ᠎ᠦᠨ ᠵᠦᠢᠯ᠎ᠢ ᠫᠠᠨᠽᠠᠯᠠᠬᠤ᠎ᠪᠠᠷ ᠳᠠᠮᠵᠢᠭᠤᠯᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠰᠠᠭᠤᠷᠢ ᠮᠥᠩᠭᠥ᠎ᠶ᠋ᠢᠨ ᠵᠠᠷᠤᠯᠭ᠎ᠠ᠎ᠶ᠋ᠢ ᠮᠡᠬᠡᠯᠡᠨ ᠠᠪᠬᠤ ᠦᠢᠯᠡ ᠠᠵᠢᠯᠯᠠᠭ᠎ᠠ᠃

  ( ᠬᠤᠶᠠᠷ ) ᠲᠣᠭ᠍ᠲᠠᠭᠠᠯ᠎ᠠ᠋ᠴᠠ ᠵᠥᠷᠢᠴᠡᠨ ᠬᠡᠮᠵᠢᠶ᠎ᠡ᠎ᠡᠴᠡ ᠬᠡᠲᠦᠷᠡᠭᠦᠯᠦᠨ ᠡᠮ ᠬᠤᠳᠠᠯᠳᠤᠬᠤ

  1. ᠡᠮᠴᠢᠯᠡᠭᠡᠨ᠎ᠳᠤ ᠵᠦᠶ ᠵᠣᠬᠢᠰᠲᠠᠶ ᠬᠡᠷᠡᠭ᠌ᠯᠡᠬᠦ᠌ ᠬᠡᠮᠵᠢᠶ᠎ᠡ᠎ᠠᠴᠠ ᠬᠤᠯᠠ ᠳᠠᠪᠠᠭ᠍ᠰᠠᠨ ᠲᠣᠭ᠍ᠲᠠᠭᠠᠯ᠎ᠠᠴᠠ ᠵᠥᠷᠢᠴᠡᠨ ᠡᠮ ᠬᠤᠳᠠᠯᠳᠤᠬᠤ᠂ ᠵᠣᠷ ᠪᠣᠯᠤᠨ ᠣᠨᠣᠱᠢᠯᠠᠯᠲᠠ᠎ᠨᠢ ᠨᠡᠢᠴᠡᠬᠦ᠌ ᠥᠬᠡᠶ ᠵᠡᠷᠭᠡ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠢ ᠮᠡᠬᠡᠯᠡᠨ ᠠᠪᠬᠤ ᠬᠡᠪ᠎ᠤᠨ ᠪᠤᠰᠤ ᠵᠣᠷ ᠪᠠᠢᠵᠤ ᠮᠡᠳᠡᠬᠦ᠌ ᠪᠠᠢᠳᠠᠯ;

  2. ᠲᠣᠭ᠍ᠲᠠᠭᠠᠯ᠎ᠠᠴᠠ ᠵᠥᠷᠢᠴᠡᠨ ᠬᠤᠳᠠᠯ ᠬᠠᠭᠤᠷᠮᠠᠭ᠎ᠢᠶᠠᠷ ᠡᠮ ᠬᠤᠳᠠᠯᠳᠤᠨ ᠠᠪᠬᠤ᠂ ᠰᠠᠯᠠᠭ᠎ᠠ ᠲᠠᠰᠤᠭ᠎ᠢᠶᠠᠨ ᠰᠣᠯᠢᠬᠤ ᠪᠤᠶᠤ ᠪᠠᠢᠭᠤᠯᠤᠮᠵᠢ ᠠᠯᠤᠰᠯᠠᠨ ᠠᠳᠠᠯᠢ ᠲᠥᠷᠥᠯ᠎ᠤᠨ ᠡᠮ᠎ᠤᠨ ᠵᠦᠢᠯ᠎ᠢ ᠬᠡᠮᠵᠢᠶ᠎ᠡ᠎ᠠᠴᠠ ᠬᠡᠲᠦᠷᠡᠭᠦᠯᠦᠨ ᠬᠤᠳᠠᠯᠳᠤᠨ ᠠᠪᠬᠤ ᠵᠡᠷᠭᠡ ᠡᠮᠴᠢᠯᠡᠭᠡᠨ᠎ᠤ ᠳᠠᠭᠠᠳᠭᠠᠯ᠎ᠤᠨ ᠡᠮ᠎ᠤᠨ ᠵᠦᠢᠯ᠎ᠢ ᠮᠡᠬᠡᠯᠡᠨ ᠠᠪᠬᠤ ᠬᠡᠪ᠎ᠤᠨ ᠪᠤᠰᠤ᠎ᠪᠠᠷ ᠡᠮ ᠬᠤᠳᠠᠯᠳᠤᠨ ᠠᠪᠬᠤ ᠪᠠᠢᠳᠠᠯ ᠣᠷᠣᠱᠢᠵᠤ ᠪᠠᠢ᠌ᠬᠤ ᠪᠠᠢ᠌ᠳᠠᠯ;

  3. ᠠᠵᠢᠯ ᠮᠡᠷᠭᠡᠵᠢᠯ᠎ᠦ᠋ᠨ ᠮᠡᠬᠡᠯᠡᠭ᠌ᠴᠢ᠎ᠶᠢᠨ ᠬᠠᠩᠭᠠᠭ᠍ᠰᠠᠨ 《 ᠵᠣᠷ᠎ᠤ᠋ᠨ ᠬᠤᠪᠢᠳᠠᠯ 》 ᠨᠢ ᠡᠮ᠎ᠦ᠋ᠨ ᠵᠦᠢᠯ᠎ᠢ᠋ ᠬᠠᠤᠯᠢ ᠪᠤᠰᠤ ᠠᠷᠭ᠎ᠠ ᠵᠠᠮ᠎ᠳ᠋ᠤ ᠣᠷᠣᠭᠤᠯᠬᠤ᠎ᠳ᠋ᠤ ᠬᠦᠷᠦᠪᠡᠯ ᠲᠣᠭ᠍ᠲᠠᠭᠠᠯ᠎ᠠ᠋ᠴᠠ ᠵᠥᠷᠢᠴᠡᠨ ᠬᠡᠮᠵᠢᠶᠡᠨ᠎ᠡᠴᠡ ᠬᠡᠲᠦᠷᠡᠭ᠌ᠰᠡᠨ᠎ᠢ ᠮᠡᠳᠡᠵᠦ ᠪᠠᠢ᠌ᠬᠤ ᠪᠠᠢ᠌ᠳᠠᠯ ᠳᠣᠣᠷ᠎ᠠ ᠵᠣᠷ ᠪᠢᠴᠢᠵᠦ᠍ ᠥᠭ᠌ᠬᠦ;

  4. ᠠᠵᠢᠯ ᠮᠡᠷᠭᠡᠵᠢᠯ᠎ᠤᠨ ᠳᠠᠭᠠᠳᠭᠠᠯ᠎ᠢ ᠮᠡᠬᠡᠯᠡᠬᠦ᠌ ᠪᠦᠯᠬᠦᠮ᠎ᠲᠠᠢ ᠰᠦᠯᠪᠡᠭᠡᠯᠡᠵᠦ᠍᠂ ᠨᠠᠰᠤᠲᠠᠢᠴᠤᠳ᠎ᠤᠨ ᠬᠠᠮᠲᠤᠯᠢᠭ᠂ ᠬᠦᠴᠢᠷᠳᠡᠯᠲᠡᠶ ᠬᠠᠮᠲᠤᠯᠢᠭ᠂ ᠤᠳᠠᠭᠠᠨ ᠴᠢᠨᠠᠷᠲᠠᠶ ᠣᠨᠴᠠ ᠡᠪᠡᠳᠴᠢᠨ᠎ᠲᠠᠢ ᠬᠠᠮᠲᠤᠯᠢᠭ ᠵᠡᠷᠭᠡ ᠳᠠᠭᠠᠳᠭᠠᠯ᠎ᠳᠤ ᠣᠷᠣᠯᠴᠠᠭ᠍ᠰᠠᠨ ᠮᠡᠳᠡᠭᠡ ᠵᠠᠩᠭᠢ᠎ᠶ᠋ᠢ ᠬᠠᠪᠰᠤᠷᠤᠨ ᠴᠤᠭ᠍ᠯᠠᠭᠤᠯᠵᠤ᠂ ᠴᠢᠨᠠᠭ᠍ᠰᠢᠯᠠᠪᠠᠯ ᠳᠠᠭᠠᠳᠭᠠᠯ᠎ᠳᠤ ᠣᠷᠣᠯᠴᠠᠭ᠍ᠰᠠᠳ᠎ᠤᠨ ᠡᠮᠴᠢᠯᠡᠭᠡᠨ᠎ᠦ ᠳᠠᠭᠠᠳᠭᠠᠯ᠎ᠤᠨ ᠭᠡᠷᠡᠴᠢ ᠪᠠᠷᠢᠮᠲᠠ᠎ᠶ᠋ᠢ ᠬᠤᠳᠠᠯ᠎ᠢᠶᠠᠷ ᠵᠣᠬᠢᠶᠠᠵᠤ ᠡᠮᠨᠡᠨ ᠵᠠᠰᠠᠬᠤ ᠠᠵᠢᠯᠲᠠᠨ᠎ᠤ ᠰᠦᠪᠡᠭ᠌ᠴᠢ;

  5. ᠪᠤᠰᠤᠳ ᠲᠣᠭ᠍ᠲᠠᠭᠠᠯ᠎ᠠᠴᠠ ᠵᠥᠷᠢᠴᠡᠨ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢᠨ ᠵᠠᠷᠤᠯᠭ᠎ᠠ᠎ᠶ᠋ᠢ ᠬᠡᠲᠦᠷᠡᠲᠡᠯ᠎ᠡ ᠮᠡᠬᠡᠯᠡᠨ ᠠᠪᠤᠭ᠍ᠰᠠᠨ ᠦᠢᠯᠡ ᠠᠵᠢᠯᠯᠠᠭ᠎ᠠ᠃

  ( ᠭᠤᠷᠪᠠ ) ᠦᠷᠡᠵᠢᠯ᠎ᠤᠨ ᠨᠡᠮᠡᠭᠦᠷᠢ᠎ᠪᠠᠷ ᠳᠠᠭᠠᠳᠭᠠᠯ᠎ᠢ ᠮᠡᠬᠡᠯᠡᠬᠦ᠌

  1. ᠳᠠᠭᠠᠳᠭᠠᠯ᠎ᠳᠤ ᠣᠷᠣᠯᠴᠠᠭ᠍ᠰᠠᠨ ᠨᠢᠭᠡᠴᠢ ᠵᠢᠴᠢ ᠬᠤᠪᠢ ᠬᠥᠮᠦᠨ ᠭᠡᠷᠡᠴᠢᠯᠡᠬᠦ᠌ ᠮᠠᠲ᠋ᠧᠷᠢᠶᠠᠯ᠎ᠢ ᠬᠠᠭᠤᠷᠮᠠᠭ᠍ᠯᠠᠨ ᠵᠣᠬᠢᠶᠠᠵᠤ 《 ᠬᠠᠭᠤᠷᠮᠠᠭ᠎ᠢᠶᠠᠷ ᠭᠤᠶᠤᠴᠢᠯᠠᠨ ᠠᠪᠬᠤ 》 ᠳᠠᠭᠠᠳᠭᠠᠯ᠎ᠢ ᠮᠡᠬᠡᠯᠡᠨ ᠠᠪᠬᠤ;

  2. ᠳᠠᠭᠠᠳᠭᠠᠯ᠎ᠳᠤ ᠣᠷᠣᠯᠴᠠᠭ᠍ᠰᠠᠨ ᠨᠢᠭᠡᠴᠢ ᠵᠢᠴᠢ ᠬᠤᠪᠢ ᠬᠥᠮᠦᠨ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠬᠠᠭᠤᠷᠮᠠᠭ᠎ᠢᠶᠠᠷ ᠵᠣᠬᠢᠶᠠᠵᠤ 《 ᠳᠠᠭᠠᠳᠭᠠᠯ᠎ᠳᠤ ᠣᠷᠣᠯᠴᠠᠬᠤ 》᠎ᠶ᠋ᠢ ᠲᠦᠱᠢᠭ᠌ᠯᠡᠵᠦ᠍ ᠳᠠᠭᠠᠳᠭᠠᠯ᠎ᠢ ᠮᠡᠬᠡᠯᠡᠨ ᠠᠪᠬᠤ;

  3. ᠳᠠᠭᠠᠳᠭᠠᠯ᠎ᠳᠤ ᠣᠷᠣᠯᠴᠠᠭ᠍ᠰᠠᠨ ᠨᠢᠭᠡᠴᠢ ᠵᠢᠴᠢ ᠬᠤᠪᠢ ᠬᠥᠮᠦᠨ ᠰᠦᠢᠳᠭᠡᠯ ᠲᠤᠱᠢᠶᠠᠬᠤ ᠰᠠᠭᠤᠷᠢ ᠲᠤᠭ᠎ᠠ᠎ᠶ᠋ᠢ ᠬᠤᠳᠠᠯ᠎ᠢᠶᠠᠷ ᠮᠡᠳᠡᠭᠦᠯᠵᠦ᠍ 《 ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌ 》 ᠳᠠᠭᠠᠳᠭᠠᠯ᠎ᠢ ᠮᠡᠬᠡᠯᠡᠨ ᠠᠪᠬᠤ;

  4. ᠦᠷᠡᠵᠢᠯ᠎ᠦᠨ ᠨᠡᠮᠡᠭᠦᠷᠢ᠎ᠶ᠋ᠢ ᠮᠡᠬᠡᠯᠡᠨ ᠠᠪᠤᠭ᠍ᠰᠠᠨ ᠪᠤᠰᠤᠳ ᠦᠢᠯᠡ ᠠᠵᠢᠯᠯᠠᠭ᠎ᠠ᠃

  ( ᠲᠦᠷᠪᠡ ) ᠠᠷᠭ᠎ᠠ ᠪᠢᠯᠢᠭ ᠦᠨ᠎ᠡ ᠬᠠᠩᠰᠢ᠎ᠶᠢᠨ ᠮᠡᠬᠡᠯᠡᠯ

  1. ᠠᠳᠠᠯᠢ ᠨᠢᠭᠡᠨ ᠡᠮ᠎ᠦᠨ ᠵᠦᠢᠯ᠎ᠦᠨ ᠦᠨ᠎ᠡ ᠬᠠᠩᠰᠢ ᠨᠢ ᠠᠳᠠᠯᠢ ᠦᠭᠡᠢ᠂ ᠡᠮᠴᠢᠯᠡᠭᠡᠨ᠎ᠦ ᠳᠠᠭᠠᠳᠭᠠᠯ᠎ᠤᠨ ᠳ᠋ᠦᠩᠨᠡᠨ ᠪᠣᠳᠣᠬᠤ ᠦᠨ᠎ᠡ ᠨᠢ ᠪᠡᠯᠡᠨ ᠮᠥᠩᠭᠥ᠎ᠶ᠋ᠢᠨ ᠥᠭ᠌ᠬᠦ ᠦᠨ᠎ᠡ᠎ᠡᠴᠡ ᠥᠨᠳᠥᠷ;

  2. ᠵᠥᠪᠬᠡᠨ ᠪᠡᠯᠡᠨ ᠵᠣᠭᠤᠰ᠎ᠢᠶᠠᠷ ᠥᠭ᠌ᠭᠦᠭ᠌ᠰᠡᠨ ᠳᠠᠭᠠᠳᠭᠠᠯ᠎ᠳᠤ ᠣᠷᠣᠯᠴᠠᠭ᠍ᠰᠠᠨ ᠪᠤᠰᠤ ᠡᠪᠡᠳᠴᠢᠲᠡᠨ᠎ᠳᠤ ᠳᠠᠬᠢᠨ ᠠᠱᠢᠭ ᠣᠯᠬᠤ᠂ ᠦᠨ᠎ᠡ ᠪᠠᠭᠤᠷᠠᠭᠤᠯᠬᠤ᠂ ᠳᠦᠭᠦᠷᠲᠡᠯ᠎ᠡ ᠬᠠᠰᠤᠬᠤ ᠵᠡᠷᠭᠡ ᠬᠠᠷᠠᠭᠠᠯᠵᠠᠯ ᠦᠵᠡᠭᠦᠯᠵᠦ᠍᠂ ᠡᠮᠴᠢᠯᠡᠭᠡᠨ᠎ᠦ ᠳᠠᠭᠠᠳᠭᠠᠯ᠎ᠤᠨ ᠡᠪᠡᠳᠴᠢᠲᠡᠨ᠎ᠤ ᠪᠣᠳᠠᠲᠠᠶ ᠥᠭᠬᠦ ᠥᠪᠡᠷ᠎ᠤᠨ ᠥᠷᠲᠡᠭ ᠨᠠᠩ ᠥᠨᠳᠥᠷ ᠪᠠᠢ᠌ᠬᠤ;

  3. ᠡᠮ᠎ᠤᠨ ᠵᠦᠢᠯ᠎ᠤᠨ ᠪᠣᠳᠠᠲᠠᠶ ᠬᠠᠳᠠᠭ᠍ᠰᠠᠨ ᠦᠨ᠎ᠡ᠎ᠨᠢ ᠡᠮᠴᠢᠯᠡᠭᠡᠨ᠎ᠦ ᠳᠠᠭᠠᠳᠭᠠᠯ᠎ᠤᠨ ᠳ᠋ᠦᠩᠨᠡᠨ ᠪᠤᠳᠤᠭ᠍ᠰᠠᠨ ᠪᠠᠷᠢᠮᠲᠠ᠎ᠶ᠋ᠢᠨ ᠳᠡᠭᠡᠷᠡᠬᠢ ᠵᠣᠭᠤᠰ᠎ᠤᠨ ᠲᠤᠭ᠎ᠠ᠎ᠲᠠᠢ ᠨᠡᠢᠴᠡᠬᠦ᠌ ᠥᠬᠡᠶ᠂ ᠡᠮᠴᠢᠯᠡᠭᠡᠨ᠎ᠦ ᠳᠠᠭᠠᠳᠭᠠᠯ᠎ᠤᠨ ᠳ᠋ᠦᠩᠨᠡᠨ ᠪᠤᠳᠤᠭ᠍ᠰᠠᠨ ᠵᠣᠭᠤᠰ᠎ᠤᠨ ᠲᠤᠭ᠎ᠠ᠎ᠨᠢ ᠳᠡᠯᠭᠡᠭᠦᠷ᠎ᠤᠨ ᠳᠣᠲᠣᠷᠠᠬᠢ ᠢᠯᠡ ᠨᠡᠢᠲᠡᠯᠡᠭ᠌ᠰᠡᠨ ᠦᠨ᠎ᠡ᠎ᠠᠴᠠ ᠥᠨᠳᠥᠷ ᠪᠠᠢ᠌ᠬᠤ;

  4. ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ᠎ᠳᠤ ᠣᠷᠣᠭᠤᠯᠤᠭ᠍ᠰᠠᠨ 《 ᠲᠥᠪᠯᠡᠷᠡᠭᠦᠯᠦᠨ ᠬᠤᠳᠠᠯᠳᠤᠨ ᠠᠪᠬᠤ ᠡᠮ᠎ᠤᠨ ᠵᠦᠢᠯ 》᠎ᠢ ᠪᠣᠷᠣᠯᠠᠭᠤᠯᠤᠯᠲᠠ᠎ᠶ᠋ᠢᠨ ᠦᠨ᠎ᠡ᠎ᠶ᠋ᠢ ᠲᠥᠷᠥ᠎ᠶ᠋ᠢᠨ ᠪᠣᠳᠣᠯᠭ᠎ᠠ᠎ᠶ᠋ᠢᠨ ᠵᠥᠪᠱᠢᠶᠡᠷᠡᠬᠦ᠌ ᠬᠡᠪᠴᠢᠶ᠎ᠡ᠎ᠠᠴᠠ ᠥᠨᠳᠥᠷ ᠪᠠᠢ᠌ᠯᠭ᠋ᠠᠬᠤ ᠪᠠᠢ᠌ᠳᠠᠯ᠃

  ( ᠲᠠᠪᠤ ) ᠡᠮᠴᠢᠯᠡᠭᠡᠨ᠎ᠦ ᠳᠠᠭᠠᠳᠭᠠᠯ᠎ᠤ᠋ᠨ ᠭᠠᠷᠴᠠᠭ᠎ᠤ᠋ᠨ ᠭᠠᠳᠠᠭᠤᠷᠬᠢ ᠲᠠᠸᠠᠷ᠎ᠢ ᠣᠷᠤᠭᠤᠯᠬᠤ

  1. ᠡᠮᠴᠢᠯᠡᠭᠡᠨ᠎ᠦ ᠳᠠᠭᠠᠳᠭᠠᠯ᠎ᠤᠨ ᠬᠤᠪᠢ ᠬᠥᠮᠦᠨ᠎ᠤ ᠳᠠᠩᠰᠠᠨ ᠡᠷᠦᠬᠡ᠎ᠶ᠋ᠢᠨ ᠦᠯᠡᠳᠡᠪᠦᠷᠢ ᠲᠤᠭ᠎ᠠ᠎ᠶ᠋ᠢ ᠲᠣᠭ᠍ᠲᠠᠭᠠᠯ᠎ᠠᠴᠠ ᠵᠥᠷᠢᠴᠡᠨ ᠪᠡᠯᠡᠨ ᠵᠣᠭᠤᠰ ᠰᠣᠯᠢᠬᠤ ᠪᠤᠶᠤ ᠲᠤᠭ᠎ᠠ ᠬᠡᠮᠵᠢᠶ᠎ᠡ᠎ᠶ᠋ᠢ ᠨᠡᠮᠡᠪᠡᠯ ᠭᠡᠱᠢᠭᠦᠨ᠎ᠤ ᠺᠠᠷᠲ ᠵᠡᠷᠭᠡ ᠪᠤᠰᠤᠳ ᠳᠠᠩᠰᠠᠨ ᠡᠷᠦᠬᠡ᠎ᠳᠤ ᠬᠦᠷᠭᠡᠨ᠎ᠡ;

  2. ᠡᠮᠴᠢᠯᠡᠭᠡᠨ᠎ᠤ ᠳᠠᠭᠠᠳᠭᠠᠯ᠎ᠤᠨ ᠭᠠᠷᠴᠠᠭ᠎ᠠᠴᠠ ᠭᠠᠳᠠᠭᠤᠷᠬᠢ ᠡᠮ᠎ᠤᠨ ᠵᠦᠢᠯ᠂ ᠬᠤᠷᠣᠭ᠍ᠳᠠᠯ ᠮᠠᠲ᠋ᠧᠷᠢᠶᠠᠯ᠂ ᠠᠮᠢᠳᠤᠷᠠᠯ᠎ᠤᠨ ᠬᠡᠷᠡᠭ᠌ᠰᠡᠯ ( ᠵᠢᠱ᠌ᠢᠶᠡᠯᠡᠪᠡᠯ ᠵᠠᠰᠠᠯ ᠴᠢᠮᠡᠭ᠎ᠤᠨ ᠡᠳ᠋ )᠂ ᠱᠢᠮ᠎ᠡ ᠲᠡᠵᠢᠭᠡᠯ ᠡᠷᠡᠭᠦᠯᠵᠢᠯ᠎ᠤᠨ ᠡᠳ᠋ ᠪᠤᠶᠤ ᠪᠤᠰᠤᠳ ᠡᠳ᠋ ᠪᠣᠳᠠᠰ᠎ᠢ ᠡᠮᠴᠢᠯᠡᠭᠡᠨ᠎ᠤ ᠳᠠᠭᠠᠳᠭᠠᠯ᠎ᠤᠨ ᠭᠠᠷᠴᠠᠭ᠎ᠤᠨ ᠳᠣᠲᠣᠷᠠᠬᠢ ᠲᠥᠷᠥᠯ ᠵᠦᠢᠯ ᠪᠣᠯᠭᠠᠨ ᠰᠣᠯᠢᠵᠣ ᠪᠣᠷᠣᠯᠠᠭᠤᠯᠬᠤ ᠪᠠ ᠳ᠋ᠦᠩᠨᠡᠨ ᠪᠣᠳᠣᠨ᠎ᠠ;

  3. ᠳᠠᠭᠠᠳᠭᠠᠯ᠎ᠳᠤ ᠣᠷᠣᠯᠴᠠᠭ᠍ᠰᠠᠳ᠎ᠲᠤ ᠡᠮᠴᠢᠯᠡᠭᠡᠨ᠎ᠤ ᠪᠤᠰᠤ ᠡᠳ᠋ ᠪᠣᠳᠠᠰ ( ᠵᠢᠱ᠌ᠢᠶᠡᠯᠡᠪᠡᠯ ᠱᠢᠮ᠎ᠡ ᠲᠡᠵᠢᠭᠡᠯ ᠡᠷᠡᠭᠦᠯᠵᠢᠯ᠎ᠤᠨ ᠡᠳ᠋᠂ ᠵᠠᠰᠠᠯ ᠴᠢᠮᠡᠭ᠎ᠤᠨ ᠡᠳ᠋᠂ ᠠᠮᠢᠳᠤᠷᠠᠯ᠎ᠤᠨ ᠬᠡᠷᠡᠭ᠌ᠰᠡᠯ ᠵᠡᠷᠭᠡ )ᠬᠤᠳᠠᠯᠳᠤᠨ ᠠᠪᠴᠤ᠌ ᠥᠭ᠌ᠬᠦ᠎ᠳᠤ ᠲᠥᠬᠦᠮ ᠦᠵᠡᠭᠦᠯᠵᠦ᠍᠂ ᠮᠥᠨ ᠴᠢᠨᠠᠷ ᠳᠡᠭᠡᠷ᠎ᠡ᠎ᠪᠠᠨ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠮᠡᠬᠡᠯᠡᠨ ᠠᠪᠴᠤ᠌ ᠪᠠᠢᠨ᠎ᠠ;

  4. ᠵᠣᠷ᠂ ᠫᠢᠶᠣᠣ ᠪᠠᠷᠢᠮᠲᠠ ᠪᠤᠶᠤ ᠡᠮ᠎ᠤᠨ ᠵᠦᠢᠯ᠎ᠢ ᠪᠣᠷᠣᠯᠠᠭᠤᠯᠤᠭ᠍ᠰᠠᠨ ᠲᠡᠮᠳᠡᠭ᠌ᠯᠡᠯ᠎ᠢ ᠬᠠᠭᠤᠷᠮᠠᠭ᠍ᠯᠠᠨ ᠵᠣᠬᠢᠶᠠᠵᠤ᠂ ᠪᠣᠳᠠᠲᠠᠶ ᠡᠭᠦᠰᠦᠭ᠌ᠰᠡᠨ ᠦᠭᠡᠢ ᠠᠷᠠᠯᠵᠢᠶ᠎ᠠ᠎ᠶ᠋ᠢ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠪᠠᠷ ᠳ᠋ᠦᠩᠨᠡᠨ ᠪᠣᠳᠣᠨ᠎ᠠ᠃

  ( ᠵᠢᠷᠭᠤᠭ᠎ᠠ ) 《 ᠬᠤᠣᠰ ᠨᠡᠪᠲᠡᠷᠡᠯ ᠵᠠᠮ 》᠎ᠦᠨ ᠡᠮ᠎ᠤᠨ ᠳᠡᠯᠭᠡᠭᠦᠷ᠎ᠤᠨ ᠬᠡᠪ᠎ᠤᠨ ᠪᠤᠰᠤ ᠠᠵᠢᠯᠯᠠᠭ᠎ᠠ

  《 ᠮᠥᠷᠳᠡᠨ ᠨᠡᠬᠡᠮᠵᠢᠯᠡᠬᠦ ᠺᠣᠳ᠋ 》᠎ᠤᠨ ᠳᠠᠪᠬᠤᠴᠠᠭᠰᠠᠨ ᠺᠣᠳ᠋᠂ ᠭᠧᠨ᠎ᠤ ᠱᠢᠯᠭᠠᠨ ᠪᠠᠢᠴᠠᠭᠠᠯᠲᠠ᠎ᠶ᠋ᠢᠨ ᠮᠡᠳᠡᠭᠦᠯᠦᠯᠲᠡ᠎ᠶ᠋ᠢ ᠥᠭᠡᠷᠡᠲᠦᠭᠦᠯᠬᠦ᠂ ᠡᠮᠴᠢᠯᠡᠭᠡᠨᠨ᠎ᠦ ᠳᠠᠭᠠᠳᠭᠠᠯ᠎ᠤᠨ ᠺᠠᠷᠲ᠎ᠢ ᠢᠵᠢ ᠪᠦᠷᠢᠳᠦᠭᠦᠯᠬᠦ᠂ ᠬᠡᠮᠵᠢᠶ᠎ᠡ᠎ᠠᠴᠠ ᠬᠡᠲᠦᠷᠡᠭᠦᠯᠦᠨ ᠡᠮ ᠬᠤᠳᠠᠯᠳᠤᠨ ᠠᠪᠬᠤ ᠵᠡᠷᠭᠡ ᠬᠡᠪ᠎ᠤᠨ ᠪᠤᠰᠤ ᠦᠢᠯᠡ ᠠᠵᠢᠯᠯᠠᠭ᠎ᠠ᠎ᠶ᠋ᠢᠨ ᠰᠦᠪᠡᠭ᠌ᠴᠢ᠃ ᠣᠨᠴᠠᠭ᠋ᠠᠢ ᠡᠮ᠎ᠦᠨ ᠵᠦᠢᠯ᠎ᠦᠨ ᠵᠣᠷ ᠎ᠢ ᠬᠠᠭᠤᠷᠮᠠᠭ᠍ᠯᠠᠨ ᠵᠣᠬᠢᠶᠠᠬᠤ᠂ ᠬᠥᠲᠥᠯᠥᠨ ᠵᠢᠯᠣᠭᠣᠳᠭᠤ ᠪᠤᠶᠤ ᠬᠠᠪᠰᠤᠷᠴᠤ᠌ ᠪᠠᠢᠭᠠᠳ ᠳᠠᠭᠠᠳᠭᠠᠯ᠎ᠳᠤ ᠣᠷᠣᠯᠴᠠᠭ᠍ᠴᠢ᠎ᠶ᠋ᠢ ᠬᠤᠳᠠᠯ ᠬᠠᠭᠤᠷᠮᠠᠭ᠎ᠢᠶᠠᠷ ᠡᠮ ᠬᠤᠳᠠᠯᠳᠤᠨ ᠠᠪᠬᠤ ᠵᠡᠷᠭᠡ ᠰᠦᠪᠡᠭ᠌ᠴᠢ᠎ᠪᠡᠷ ᠬᠠᠭᠤᠷᠮᠠᠭ᠍ᠯᠠᠨ ᠵᠣᠬᠢᠶᠠᠭᠰᠠᠨ ᠰᠥᠪᠡᠭᠴᠢ᠃

  ᠬᠤᠶᠠᠷ᠂ ᠰᠦᠪᠡᠭ᠌ᠴᠢ ᠴᠤᠭ᠍ᠯᠠᠭᠤᠯᠬᠤ ᠱᠠᠭᠠᠷᠳᠠᠯᠭ᠎ᠠ

  ᠬᠠᠮᠢᠶ᠎ᠠ ᠪᠥᠬᠦᠶ ᠰᠦᠪᠡᠭ᠌ᠴᠢ᠎ᠳᠤ ᠠᠯᠢ ᠴᠢᠳᠠᠬᠤ᠎ᠪᠠᠷ ᠨᠠᠷᠢᠨ ᠪᠣᠳᠠᠲᠠᠶ᠂ ᠣᠨᠣᠪᠴᠢᠲᠠᠶ ᠮᠡᠳᠡᠭᠡ ᠵᠠᠩᠭᠢ ᠬᠠᠩᠭᠠᠬᠤ ᠬᠡᠷᠡᠭ᠌ᠲᠡᠶ᠃ ᠡᠭᠦᠨ᠎ᠳᠤ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ ᠡᠭᠦᠰᠦᠭ᠌ᠰᠡᠨ ᠴᠠᠭ᠂ ᠭᠠᠵᠠᠷ᠂ ᠬᠤᠯᠪᠣᠭ᠍ᠳᠠᠬᠤ ᠬᠥᠮᠦᠨ᠂ ᠪᠣᠳᠠᠲᠠᠢ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ ᠵᠢᠴᠢ ᠬᠠᠮᠢᠶ᠎ᠠ ᠪᠦᠬᠦᠢ ᠭᠡᠷᠡᠴᠢ ᠪᠠᠷᠢᠮᠲᠠ᠎ᠶ᠋ᠢᠨ ᠮᠠᠲ᠋ᠧᠷᠢᠶᠠᠯ ᠵᠡᠷᠭᠡ᠎ᠶ᠋ᠢ ᠪᠠᠭ᠍ᠲᠠᠭᠠᠨ᠎ᠠ᠃

  ᠠᠰᠠᠭᠤᠳᠠᠯ᠎ᠤᠨ ᠰᠦᠪᠡᠭ᠌ᠴᠢ᠎ᠶ᠋ᠢ ᠢᠯᠡᠴᠢᠯᠡᠨ ᠮᠡᠳᠡᠭᠦᠯᠦᠭ᠌ᠴᠢ ᠤᠯᠤᠰ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠴᠢᠩᠭ᠎ᠠ ᠵᠢᠷᠤᠮᠯᠠᠨ ᠰᠠᠬᠢᠵᠤ᠂ ᠠᠰᠠᠭᠤᠳᠠᠯ᠎ᠤᠨ ᠪᠤᠰᠤᠳᠴᠢ ᠪᠥᠭᠡᠳ ᠦᠨᠡᠨ ᠪᠣᠳᠠᠲᠠᠶ ᠪᠠᠢᠬᠤ᠎ᠶ᠋ᠢ ᠲᠤᠰᠭᠠᠬᠤ ᠬᠡᠷᠡᠭ᠌ᠲᠡᠶ᠂ ᠬᠤᠳᠠᠯ᠎ᠢᠶᠠᠷ ᠵᠣᠬᠢᠶᠠᠵᠤ᠂ ᠥᠰᠭᠡᠵᠦ᠍᠂ ᠬᠤᠳᠠᠯ᠎ᠢᠶᠠᠷ ᠬᠡᠷᠡᠭ ᠵᠣᠬᠢᠶᠠᠵᠤ ᠪᠣᠯᠬᠤ ᠦᠭᠡᠢ᠂ ᠢᠯᠡᠴᠢᠯᠡᠨ ᠮᠡᠳᠡᠭᠦᠯᠬᠦ᠌ ᠨᠡᠷ᠎ᠡ᠎ᠪᠠᠷ ᠪᠤᠰᠤᠳ᠎ᠢ ᠭᠦᠳᠭᠡᠨ ᠵᠠᠭᠠᠯᠳᠤᠬᠤ᠂ ᠬᠤᠣᠷᠯᠠᠬᠤ᠎ᠶ᠋ᠢ ᠴᠢᠩᠭ᠎ᠠ ᠴᠠᠭᠠᠵᠠᠯᠠᠬᠤ ᠬᠡᠷᠡᠭ᠌ᠲᠡᠶ᠃ ᠠᠰᠠᠭᠤᠳᠠᠯ᠎ᠤᠨ ᠰᠦᠪᠡᠭ᠌ᠴᠢ᠎ᠶ᠋ᠢ ᠲᠤᠰᠭᠠᠬᠤ ᠡᠲᠡᠭᠡᠳ᠂ ᠡᠭᠦᠰᠭᠦ ᠴᠠᠭ᠂ ᠬᠠᠮᠢᠶ᠎ᠠ ᠪᠦᠬᠦᠢ ᠠᠰᠠᠭᠤᠳᠠᠯ᠎ᠢ ᠲᠣᠳᠣᠷᠬᠠᠶ ᠲᠤᠰᠭᠠᠬᠤ᠎ᠶ᠋ᠢᠨ ᠬᠠᠮᠲᠤ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠠᠷᠭ᠎ᠠ ᠮᠠᠶᠢᠭ᠎ᠢᠶᠠᠨ ᠲᠣᠳᠣᠷᠬᠠᠶ ᠲᠡᠮᠳᠡᠭ᠌ᠯᠡᠵᠦ᠍᠂ ᠢᠯᠡᠴᠢᠯᠡᠨ ᠮᠡᠳᠡᠭᠦᠯᠦᠭ᠌ᠴᠢ᠎ᠶ᠋ᠢᠨ ᠬᠠᠮᠢᠶ᠎ᠠ ᠪᠦᠬᠦᠢ ᠮᠡᠳᠡᠭᠡ ᠵᠠᠩᠭᠢ ᠪᠠ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠬᠤ ᠬᠡᠷᠡᠭ᠌ᠲᠡᠶ᠃

  ᠭᠤᠷᠪᠠ᠂ ᠢᠯᠡᠴᠢᠯᠡᠨ ᠮᠡᠳᠡᠭᠦᠯᠬᠦ᠌ ᠠᠷᠭ᠎ᠠ ᠮᠠᠶᠢᠭ

  ᠢᠯᠡᠴᠢᠯᠡᠨ ᠮᠡᠳᠡᠭᠦᠯᠦᠭ᠌ᠴᠢ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠣᠷᠳᠣᠰ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠵᠦ᠍ ᠪᠣᠯᠤᠨ᠎ᠠ᠂ ᠪᠢᠳᠡ ᠢᠯᠡᠴᠢᠯᠡᠨ ᠮᠡᠳᠡᠭᠦᠯᠦᠭ᠌ᠴᠢ᠎ᠶ᠋ᠢᠨ ᠨᠢᠭᠤᠴᠠ᠎ᠶ᠋ᠢ ᠴᠢᠩᠭ᠎ᠠ ᠬᠠᠮᠠᠭᠠᠯᠠᠨ᠎ᠠ᠃

  ᠬᠦᠯᠢᠶᠡᠨ ᠠᠪᠴᠤ᠌ ᠱᠢᠢᠳᠪᠦᠷᠢᠯᠡᠬᠦ᠌ ᠴᠠᠭ᠄

  ᠬᠠᠤᠯᠢ᠎ᠪᠠᠷ ᠲᠣᠭ᠍ᠲᠠᠭᠠᠭ᠍ᠰᠠᠨ ᠠᠵᠢᠯᠯᠠᠬᠤ ᠡᠳᠦᠷ᠎ᠤᠨ 9᠄ 00 - 12᠄ 00᠂ 14᠄ 30 - 17᠄ 30 ᠪᠣᠯᠲᠠᠯ᠎ᠠ᠃

  ᠬᠦᠯᠢᠶᠡᠨ ᠠᠪᠴᠤ᠌ ᠱᠢᠢᠳᠪᠦᠷᠢᠯᠡᠬᠦ᠌ ᠤᠲᠠᠰᠤ᠄

  ᠬᠤᠲᠠ᠎ᠶ᠋ᠢᠨ ᠲᠣᠰ ᠱᠠᠲᠤ 0477 - 8588301

  ᠳ᠋ᠦᠩᠱᠧᠩ ᠲᠣᠭᠤᠷᠢᠭ 0477 - 5115706

  ᠳᠠᠯᠠᠳ ᠬᠤᠱᠢᠭᠤ 0477 - 2259270

  ᠵᠡᠭᠦᠨᠭᠠᠷ ᠬᠤᠱᠢᠭᠤ 0477 - 4701166

  ᠡᠵᠡᠨ ᠬᠤᠷᠤᠭ᠎ᠠ ᠬᠤᠱᠢᠭᠤ 0477 - 8685803

  ᠬᠠᠩᠭᠢᠨ ᠬᠤᠱᠢᠭᠤ 0477 - 2276456

  ᠦᠦᠱᠢᠨ ᠬᠤᠱᠢᠭᠤ 0477 - 7582681

  ᠣᠲᠤᠭ ᠬᠤᠱᠢᠭᠤ 0477 - 6212120

  ᠣᠲᠣᠭ᠎ᠤ᠋ᠨ ᠡᠮᠦᠨᠡᠲᠦ ᠬᠤᠱᠢᠭᠤ 0477 - 7623835

  ᠬᠢᠶ᠎ᠠ ᠪᠠᠭ᠍ᠰᠢ ᠲᠣᠭᠤᠷᠢᠭ 0477 - 8507721

  ᠳᠥᠷᠪᠡ᠂ ᠢᠯᠡᠴᠢᠯᠡᠨ ᠮᠡᠳᠡᠭᠦᠯᠦᠭ᠌ᠰᠡᠨ᠎ᠢ ᠱᠠᠩᠨᠠᠬᠤ

  ᠨᠡᠢᠭᠡᠮ᠎ᠤᠨ ᠡᠯ᠎ᠡ ᠡᠲᠡᠭᠡᠳ᠂ ᠥᠷᠭᠡᠨ ᠣᠯᠠᠨ ᠠᠷᠠᠳ ᠲᠦᠮᠡᠨ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠠᠴᠠ᠎ᠪᠠᠨ᠂ ᠪᠤᠰᠤᠳᠴᠢ ᠪᠥᠭᠡᠳ ᠦᠨᠡᠨ ᠪᠣᠳᠠᠲᠠᠶ᠎ᠪᠠᠷ ᠠᠰᠠᠭᠤᠳᠠᠯ᠎ᠢ ᠲᠤᠰᠭᠠᠵᠤ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠬᠠᠮᠲᠤ᠎ᠪᠠᠷ ᠰᠠᠬᠢᠨ ᠬᠠᠮᠠᠭᠠᠯᠠᠬᠤ᠎ᠶ᠋ᠢ ᠪᠠᠶᠠᠷᠯᠠᠨ ᠤᠭ᠍ᠲᠤᠨ᠎ᠠ᠃ ᠬᠦᠴᠦᠨ ᠪᠥᠬᠦᠶ ᠰᠦᠪᠡᠭ᠌ᠴᠢ ᠬᠠᠩᠭᠠᠭ᠍ᠰᠠᠨ ᠪᠥᠭᠡᠳ ᠪᠠᠢᠴᠠᠭᠠᠨ ᠲᠣᠳᠣᠯᠠᠭᠠᠳ ᠦᠨᠡᠨ ᠪᠣᠳᠠᠲᠠᠶ ᠪᠠᠢᠪᠠᠯ᠂ ᠬᠠᠤᠯᠢ ᠲᠣᠭ᠍ᠲᠠᠭᠠᠯ ᠶᠣᠰᠣᠭᠠᠷ ᠬᠠᠤᠯᠢ ᠲᠣᠭ᠍ᠲᠠᠭᠠᠯ᠎ᠠᠴᠠ ᠵᠥᠷᠢᠴᠡᠨ ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶ᠋ᠢ ᠬᠡᠷᠡᠭ᠌ᠯᠡᠭ᠌ᠰᠡᠨ ᠦᠢᠯᠡ ᠠᠵᠢᠯᠯᠠᠭ᠎ᠠ᠎ᠶ᠋ᠢ ᠪᠠᠢᠴᠠᠭᠠᠨ ᠱᠢᠢᠳᠪᠦᠷᠢᠯᠡᠵᠦ᠍᠂ ᠲᠣᠭ᠍ᠲᠠᠭᠠᠯ ᠶᠣᠰᠣᠭᠠᠷ ᠱᠠᠩᠨᠠᠨ ᠬᠥᠬᠢᠭᠦᠯᠵᠦ᠍᠂ ᠱᠠᠩᠨᠠᠯ᠎ᠤᠨ ᠵᠣᠭᠤᠰ᠎ᠤᠨ ᠲᠤᠭ᠎ᠠ᠎ᠨᠢ ᠬᠠᠮᠤᠭ᠎ᠤᠨ ᠥᠨᠳᠥᠷ᠎ᠲᠤ᠎ᠪᠠᠨ 20 ᠲᠦᠮᠡᠨ ᠲᠥᠭᠦᠷᠢᠭ᠎ᠲᠤ ᠬᠦᠷᠴᠦ᠍ ᠪᠣᠯᠤᠨ᠎ᠠ᠃

  

ᠣᠷᠳᠣᠰ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ

2025 ᠣᠨ᠎ᠤ 10 ᠳ᠋ᠤᠭ᠋ᠠᠷ ᠰᠠᠷ᠎ᠠ᠎ᠶ᠋ᠢᠨ 23 ᠎ᠤ ᠡᠳᠦᠷ

ᠢᠷᠡᠯᠲᠡ᠄ ᠤᠷᠳᠤᠰ ᠬᠤᠳᠠ᠎ᠶ᠋ᠢᠨ ᠡᠮᠴᠢᠯᠡᠭᠡᠨ᠎ᠤ ᠪᠠᠳᠤᠯᠠᠭ᠎ᠠ᠎ᠶ᠋ᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
 
            