ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ ᠬᠤᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ ᠡᠮ᠎ᠤᠨ ᠵᠦᠢᠯᠡᠰ᠎ᠤᠨ ᠮᠦᠷᠳᠡᠬᠦ ᠺᠣᠳ᠋᠎ᠢ ᠬᠡᠷᠡᠭᠯᠡᠨ ᠡᠮ᠎ᠦᠨ ᠵᠦᠢᠯᠡᠰ᠎ᠦᠨ ᠬᠦᠷᠢᠶᠡᠨ᠎ᠳᠡᠬᠢ ᠳᠠᠭᠠᠳᠬᠠᠯ᠎ᠢ ᠮᠡᠬᠡᠯᠡᠬᠦ ᠪᠠ ᠬᠠᠤᠯᠢ ᠲᠣᠭᠲᠠᠭᠠᠯ᠎ᠠᠴᠠ ᠵᠥᠷᠢᠴᠡᠭᠰᠡᠨ ᠠᠰᠠᠭᠤᠳᠠᠯ᠎ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ᠎ᠶᠢᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠶᠢ ᠢᠯᠡᠷᠡᠭᠦᠯᠪᠡ
ᠨᠡᠶ᠋ᠢᠲᠡᠯᠡᠭᠰᠡᠨ ᠴᠠᠭ᠄ 2025-10-24

  ᠡᠨᠡ ᠵᠢᠯ᠎ᠠᠴᠠ ᠨᠠᠭᠠᠰᠢ ᠂ ᠮᠠᠨ᠎ᠤ ᠬᠤᠲᠠ᠎ᠶᠢᠨ ᠡᠮᠴᠢᠯᠡᠭᠡᠨ᠎ᠦ ᠳᠠᠭᠠᠳᠬᠠᠯ᠎ᠤᠨ ᠰᠠᠯᠠᠭ᠎ᠠ ᠮᠥᠴᠢᠷ ᠤᠯᠤᠰ᠎ᠤᠨ ᠡᠮᠴᠢᠯᠡᠭᠡᠨ᠎ᠦ ᠳᠠᠭᠠᠳᠬᠠᠯ᠎ᠤᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠳᠠᠭᠠᠳᠬᠠᠯ᠎ᠤᠨ ᠲᠣᠪᠴᠢᠶ᠎ᠠ᠎ᠶᠢᠨ ᠡᠮ᠎ᠤᠨ ᠵᠦᠢᠯᠡᠰ᠎ᠦᠨ ᠮᠦᠷᠳᠡᠬᠦ ᠺᠣᠳ᠋᠎ᠢ ᠬᠡᠷᠡᠭᠯᠡᠨ ᠡᠮ᠎ᠤᠨ ᠵᠦᠢᠯᠡᠰ᠎ᠦᠨ ᠬᠦᠷᠢᠶᠡᠨ᠎ᠳᠠᠬᠢ ᠳᠠᠭᠠᠳᠬᠠᠯ᠎ᠢ ᠮᠡᠬᠡᠯᠡᠬᠦ ᠪᠠ ᠬᠠᠤᠯᠢ ᠲᠣᠭᠲᠠᠭᠠᠯ᠎ᠠᠴᠠ ᠵᠥᠷᠢᠴᠡᠭᠰᠡᠨ ᠠᠰᠠᠭᠤᠳᠠᠯ᠎ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ᠎ᠶᠢᠨ ᠪᠠᠶ᠋ᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠂ ᠬᠠᠤᠯᠢ ᠬᠡᠷᠡᠭᠵᠢᠭᠦᠯᠦᠯᠲᠡ᠎ᠶᠢ ᠴᠢᠩᠭ᠎ᠠ     ᠵᠢᠷᠤᠮᠵᠢᠭᠤᠯᠤᠨ ᠂ ᠰᠠᠯᠠᠭ᠎ᠠ ᠮᠥᠴᠢᠷ᠎ᠤᠨ ᠬᠤᠭᠤᠷᠣᠨᠳᠣᠬᠢ ᠬᠠᠮᠵᠢᠯᠴᠠᠭ᠎ᠠ᠎ᠶᠢ ᠴᠢᠩᠭᠠᠳᠬᠠᠵᠤ ᠂ ᠡᠮ᠎ᠤᠨ ᠵᠦᠢᠯᠡᠰ᠎ᠦᠨ ᠬᠦᠷᠢᠶᠡᠨ᠎ᠳᠠᠬᠢ ᠬᠠᠤᠯᠢ ᠲᠣᠭᠲᠠᠭᠠᠯ᠎ᠠᠴᠠ ᠵᠥᠷᠢᠴᠡᠨ ᠡᠮᠴᠢᠯᠡᠭᠡᠨ᠎ᠦ ᠳᠠᠭᠠᠳᠬᠠᠯ᠎ᠤᠨ ᠰᠠᠭᠤᠷᠢ ᠮᠦᠩᠬᠦ᠎ᠶᠢ ᠬᠡᠷᠡᠭᠯᠡᠬᠦ ᠦᠵᠡᠭᠳᠡᠯ᠎ᠳᠤ ᠴᠢᠩᠭ᠎ᠠ ᠴᠣᠬᠢᠯᠲᠠ ᠥᠭᠴᠦ ᠂ ᠣᠯᠠᠨ ᠲᠦᠮᠡᠨ᠎ᠤ ᠡᠮ ᠬᠡᠷᠡᠭᠯᠡᠬᠦ ᠠᠮᠤᠷ ᠲᠦᠪᠰᠢᠨ᠎ᠤ ᠬᠠᠯᠬᠠᠪᠴᠢ᠎ᠶᠢ ᠦᠨᠡᠨ ᠬᠦ᠌ ᠪᠠᠬᠢᠵᠢᠭᠦᠯᠪᠡ ᠃ ᠡᠳᠦᠭᠡ ᠬᠤᠯᠪᠣᠭᠳᠠᠯ ᠪᠦᠬᠦᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠶᠢ ᠳᠣᠣᠷᠠᠬᠢ ᠮᠡᠲᠦ ᠨᠡᠢᠲᠡᠯᠡᠶ᠎ᠡ ᠄

  ᠨᠢᠭᠡ ᠂ ᠤᠳᠤᠭ ᠬᠤᠰᠢᠭᠤᠨ᠎ᠤ ᠺᠠᠩ ᠽᠧ ᠶᠡᠭᠡ ᠡᠮ᠎ᠤᠨ ᠲᠡᠯᠭᠡᠭᠦᠷ

  ᠣᠲᠤᠭ ᠬᠤᠰᠢᠭᠤᠨ᠎ᠤ ᠡᠮᠴᠢᠯᠡᠭᠡᠨ᠎ᠦ ᠳᠠᠭᠠᠳᠬᠠᠯ᠎ᠤᠨ ᠲᠣᠪᠴᠢᠶ᠎ᠠ ᠡᠮ᠎ᠤᠨ ᠵᠦᠢᠯᠡᠰ᠎ᠦᠨ ᠮᠦᠷᠳᠡᠬᠦ ᠺᠣᠳ᠋᠎ᠤᠨ ᠲᠤᠭ᠎ᠠ ᠪᠠᠷᠢᠮᠲᠠ᠎ᠶᠢ ᠬᠠᠷᠭᠤᠭᠤᠯᠤᠨ ᠪᠠᠶ᠋ᠢᠴᠠᠭᠠᠬᠤ ᠠᠵᠢᠯᠯᠠᠭ᠎ᠠ ᠳᠤᠮᠳᠠ ᠂ ᠺᠠᠩ ᠽᠧ ᠶᠡᠬᠡ ᠡᠮ᠎ᠤᠨ ᠳᠡᠯᠭᠡᠭᠦᠷ 2025 ᠣᠨ᠎ᠤ 3 ᠳ᠋ᠤᠭᠠᠷ ᠰᠠᠷ᠎ᠠ᠎ᠶᠢᠨ 28᠎ᠤ ᠡᠳᠦᠷ ᠪᠣᠷᠣᠯᠠᠭᠤᠯᠤᠭᠰᠠᠨ ᠰᠢᠶᠤᠤ ᠪᠸᠨ ᠳᠢ ᠫᠢᠩ ᠱᠢ ᠺᠦᠩ ᠫᠢᠶᠠᠨ᠎ᠢ ᠨᠢᠭᠡᠨᠲᠡ ᠦᠬᠠᠶ ᠬᠤᠲᠠ᠎ᠶᠢᠨ ᠨᠢᠭᠡᠨ ᠴᠡᠭ ᠲᠣᠭᠲᠠᠭᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠳ᠋ᠦᠩᠨᠡᠨ ᠪᠤᠳᠤᠵᠤ ᠥᠩᠭᠡᠷᠡᠭᠰᠡᠨ᠎ᠢ ᠣᠯᠵᠤ ᠮᠡᠳᠡᠪᠡ ᠃ ᠲᠤᠬᠠᠶ᠎ᠶᠢᠨ ᠲᠠᠯᠠᠪᠤᠷ᠎ᠤᠨ ᠪᠠᠶ᠋ᠢᠴᠠᠭᠠᠯᠲᠠ᠎ᠪᠠᠷ ᠳᠡᠮᠵᠢᠨ ᠂ ᠲᠣᠰ ᠡᠮ᠎ᠤᠨ ᠳᠡᠯᠭᠡᠭᠦᠷ᠎ᠨᠢ ᠳᠠᠬᠢᠨ ᠳᠠᠪᠲᠠᠨ ᠺᠣᠳ᠋ ᠰᠢᠷᠪᠢᠬᠦ ᠡᠮ᠎ᠤᠨ ᠵᠦᠢᠯ᠎ᠤᠨ ᠪᠠᠷᠠᠭ᠎ᠠ ᠣᠷᠣᠭᠤᠯᠬᠤ ᠠᠵᠢᠯ ᠲᠥᠷᠥᠯ᠎ᠤᠨ ᠳᠠᠩᠰᠠ ᠵᠢᠴᠢ ᠪᠠᠷᠠᠭ᠎ᠠ ᠣᠷᠣᠭᠤᠯᠬᠤ ᠪᠠᠷᠢᠮᠲᠠ᠎ᠶᠢ ᠬᠠᠩᠭᠠᠵᠤ ᠳᠡᠶ᠋ᠢᠯᠦᠭᠰᠡᠨ ᠥᠬᠡᠶ ᠃

  《ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ》 《ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠴᠡᠭ ᠲᠣᠭᠲᠠᠭᠠᠭᠰᠠᠨ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠠᠷᠭ᠎ᠠ》 ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠂ ᠤᠲᠤᠭ ᠬᠤᠰᠢᠭᠤᠨ᠎ᠤ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶ᠎ᠠ ᠡᠮ᠎ᠤᠨ ᠳᠡᠯᠭᠡᠭᠦᠷ᠎ᠤᠨ ᠬᠠᠤᠯᠢ᠎ᠶᠢᠨ ᠬᠥᠮᠦᠨ᠎ᠲᠠᠢ ᠪᠣᠯᠵᠣᠨ ᠶᠠᠷᠢᠯᠴᠠᠵᠤ ᠂ ᠲᠣᠭᠲᠠᠭᠠᠯ᠎ᠠᠴᠠ ᠵᠥᠷᠢᠴᠡᠭᠰᠡᠨ ᠡᠮᠴᠢᠯᠡᠭᠡᠨ᠎ᠤ ᠳᠠᠭᠠᠳᠬᠠᠯ᠎ᠤᠨ ᠰᠠᠭᠤᠷᠢ ᠮᠥᠩᠭᠦ᠎ᠶᠢ ᠨᠡᠬᠡᠮᠵᠢᠯᠡᠨ ᠠᠪᠴᠢᠷᠠᠵᠤ ᠂ ᠲᠣᠰ ᠡᠮ᠎ᠤᠨ ᠳᠡᠯᠭᠡᠭᠦᠷ᠎ᠤᠨ ᠡᠮᠴᠢᠯᠡᠭᠡᠨ᠎ᠤ ᠳᠠᠭᠠᠳᠬᠠᠯ᠎ᠤᠨ ᠦᠢᠯᠡᠴᠢᠯᠡᠭᠡᠨ᠎ᠤ ᠬᠡᠯᠡᠯᠴᠡᠭᠡᠷ᠎ᠢ ᠬᠦᠴᠦᠨ ᠥᠬᠡᠶ ᠪᠣᠯᠭᠠᠬᠤ᠎ᠶᠢᠨ ᠬᠠᠮᠲᠤ ᠲᠣᠰ ᠡᠮ᠎ᠤᠨ ᠳᠡᠯᠭᠡᠭᠦᠷ᠎ᠤᠨ ᠪᠠᠷᠠᠭ᠎ᠠ ᠣᠷᠣᠭᠤᠯᠬᠤ ᠠᠷᠭ᠎ᠠ ᠵᠠᠮ᠎ᠤᠨ ᠠᠰᠠᠭᠤᠳᠠᠯ᠎ᠢ ᠲᠤᠬᠠᠶ᠎ᠶᠢᠨ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠪᠠ ᠃

  ᠬᠤᠶᠠᠷ ᠂ ᠤᠷᠳᠤᠰ ᠬᠤᠳᠠ᠎ᠶᠢᠨ ᠱᠧᠨ ᠵᠸᠤ ᠶᠡᠭᠡ ᠡᠮ᠎ᠤᠨ ᠲᠡᠯᠭᠡᠭᠦᠷ

  ᠣᠷᠳᠣᠰ ᠬᠣᠲᠠ᠎ᠶᠢᠨ ᠱᠧᠨ ᠵᠸᠤ ᠶᠡᠬᠡ ᠡᠮ᠎ᠤᠨ ᠳᠡᠯᠭᠡᠭᠦᠷ ᠵᠣᠴᠢᠳ᠎ᠲᠤ ᠳ᠋ᠦᠩᠨᠡᠨ ᠪᠣᠳᠣᠬᠤ ᠣᠢ᠍ᠶ᠎ᠠ᠎ᠳᠤ ᠂ ᠲᠣᠭᠲᠠᠭᠠᠯ᠎ᠠᠴᠠ ᠵᠥᠷᠢᠴᠡᠨ ᠡᠮᠴᠢᠯᠡᠭᠡᠨ᠎ᠦ ᠳᠠᠭᠠᠳᠬᠠᠯ᠎ᠤᠨ ᠪᠤᠰᠤ ᠡᠮ᠎ᠤᠨ ᠵᠦᠢᠯ ᠂ ᠪᠤᠰᠤᠳ ᠲᠠᠸᠠᠷ᠎ᠢ ᠡᠮᠴᠢᠯᠡᠭᠡᠨ᠎ᠦ ᠳᠠᠭᠠᠳᠬᠠᠯ᠎ᠤᠨ ᠡᠮ᠎ᠦᠨ ᠵᠦᠢᠯ᠎ᠢᠶᠡᠷ ᠰᠣᠯᠢᠵᠤ ᠡᠮᠴᠢᠯᠡᠭᠡᠨ᠎ᠦ ᠳᠠᠭᠠᠳᠬᠠᠯ᠎ᠢᠶᠠᠷ ᠳ᠋ᠦᠩᠨᠡᠨ ᠪᠣᠲᠤᠬᠤ᠎ᠶᠢᠨ ᠬᠠᠮᠲᠤ ᠲᠡᠭᠦᠨ᠎ᠤ ᠬᠣᠶᠠᠳᠤᠭᠠᠷ ᠠᠰᠠᠷ᠎ᠤᠨ ᠨᠢᠳᠦᠨ ᠰᠢᠯ᠎ᠤᠨ ᠳᠡᠯᠭᠡᠭᠦᠷ᠎ᠤᠨ ᠬᠡᠰᠡᠭ ᠵᠣᠴᠢᠳ᠎ᠢ ᠬᠠᠪᠰᠤᠷᠤᠨ ᠨᠢᠳᠦᠨ ᠰᠢᠯ ᠲᠠᠭᠠᠷᠠᠭᠤᠯᠤᠭᠰᠠᠨ ᠰᠦᠢᠳᠭᠡᠯ᠎ᠢ ᠡᠮᠴᠢᠯᠡᠭᠡᠨ᠎ᠦ ᠳᠠᠭ᠋ᠠᠳᠬᠠᠯ᠎ᠤᠨ ᠺᠠᠷᠲ᠎ᠢᠶᠠᠷ ᠵᠣᠭᠤᠰ  ᠲᠤᠰᠢᠶᠠᠯᠭᠠᠪᠠ ᠂ ᠡᠭᠦᠨ᠎ᠠᠴᠠ ᠭᠠᠳᠠᠨ᠎ᠠ ᠂ ᠲᠤᠰ ᠡᠮ᠎ᠤᠨ ᠳᠡᠯᠭᠡᠭᠦᠷ᠎ᠲᠤ ᠪᠠᠰᠠ 6 ᠵᠦᠢᠯ᠎ᠤᠨ ᠡᠮ᠎ᠤᠨ ᠵᠦᠢᠯ᠎ᠢ ᠣᠷᠣᠭᠤᠯᠵᠤ ᠪᠣᠷᠣᠯᠠᠭᠤᠯᠬᠤ᠎ᠨᠢ ᠪᠣᠳᠠᠲᠠᠢ᠎ᠲᠠᠢ ᠨᠡᠢᠴᠡᠬᠦ ᠦᠭᠡᠢ ᠠᠰᠠᠭᠤᠳᠠᠯ ᠤᠷᠤᠰᠢᠨ᠎ᠠ ᠃

  《ᠡᠮᠴᠢᠯᠡᠭᠡᠨ᠎ᠤ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ》 《ᠣᠷᠳᠣᠰ ᠬᠤᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠦᠢᠯᠡᠴᠢᠯᠡᠭᠡᠨ᠎ᠤ ᠬᠡᠯᠡᠯᠴᠡᠭᠡᠷ (2024 ᠣᠨ᠎ᠤ ᠬᠡᠪᠯᠡᠯ)》 ᠶᠣᠰᠣᠭᠠᠷ ᠂ ᠳ᠋ᠦᠩᠱᠧᠩ ᠲᠣᠭᠤᠷᠢᠭ᠋᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ ᠲᠣᠭᠲᠠᠭᠠᠯ᠎ᠠᠴᠠ ᠵᠥᠷᠢᠴᠡᠭᠰᠡᠨ ᠵᠠᠷᠤᠳᠠᠯ᠎ᠢ ᠨᠡᠬᠡᠮᠵᠢᠯᠡᠨ ᠠᠪᠴᠢᠷᠠᠭᠰᠠᠨ ᠪᠥᠭᠡᠳ ᠲᠣᠭᠲᠠᠭᠠᠯ᠎ᠠᠴᠠ ᠵᠥᠷᠢᠴᠡᠭᠰᠡᠨ ᠵᠣᠭᠤᠰ᠎ᠤᠨ ᠲᠤᠭ᠎ᠠ᠎ᠶᠢᠨ 2 ᠳᠠᠬᠢᠨ᠎ᠢᠶᠠᠷ ᠲᠣᠷᠭᠠᠵᠤ ᠂ ᠲᠣᠰ ᠡᠮ᠎ᠤᠨ ᠳᠡᠯᠭᠡᠭᠦᠷ ᠨᠢᠭᠡᠨᠲᠡ ᠡᠮᠴᠢᠯᠡᠭᠡᠨ᠎ᠤ ᠳᠠᠭᠠᠳᠬᠠᠯ᠎ᠤᠨ ᠦᠢᠯᠡᠴᠢᠯᠡᠭᠡᠨ᠎ᠤ ᠬᠡᠯᠡᠯᠴᠡᠭᠡᠷ᠎ᠢ ᠬᠦᠴᠦᠨ ᠥᠬᠡᠶ ᠪᠣᠯᠭᠠᠪᠠ ᠃

  ᠪᠤᠴᠠᠯ ᠡᠮ ᠬᠤᠷᠢᠶᠠᠬᠤ ᠨᠢ ᠬᠠᠤᠯᠢ᠎ᠠᠴᠠ ᠵᠦᠷᠢᠴᠡᠵᠦ ᠂ ᠪᠤᠴᠠᠯ ᠡᠮ ᠬᠤᠳᠠᠯᠳᠤᠨ ᠠᠪᠬᠤ ᠶᠠᠯᠠᠲᠤ ᠬᠡᠷᠡᠭ ᠪᠣᠯᠤᠨ᠎ᠠ ᠃ ᠮᠥᠷᠳᠡᠬᠦ ᠺᠣᠳ᠋ ᠪᠣᠯ ᠬᠠᠢᠷᠴᠠᠭ ᠨᠢᠭᠡᠪᠦᠷᠢ ᠡᠮ᠎ᠤᠨ ᠵᠦᠢᠯ᠎ᠤᠨ ᠴᠣᠷ᠎ᠤᠨ ᠭᠠᠭᠴᠠ 《ᠡᠯᠧᠺᠲᠷᠣᠨ ᠪᠡᠶ᠎ᠡ᠎ᠶᠢᠨ ᠦᠨᠡᠮᠯᠡᠯ》 ᠮᠥᠨ ᠂ ᠮᠥᠷᠳᠡᠬᠦ ᠺᠣᠳ᠋ ᠢ᠋ ᠪᠦᠬᠦᠨ᠎ᠢ ᠴᠤᠭᠯᠠᠭᠤᠯᠵᠤ ᠂ ᠴᠢᠩᠭ᠎ᠠ ᠬᠢᠨᠠᠨ ᠬᠠᠮᠢᠶᠠᠷᠬᠤ ᠴᠠᠭ ᠦᠶ᠎ᠡ᠎ᠳᠦ ᠂ ᠪᠤᠴᠠᠯ ᠡᠮ᠎ᠢ ᠬᠣᠷᠢᠶᠠᠨ ᠬᠤᠳᠠᠯᠳᠤᠬᠤ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠨᠢ ᠳᠠᠯᠳᠠᠯᠠᠬᠤ ᠭᠠᠵᠠᠷ ᠦᠭᠡᠢ ᠶᠤᠮ ᠂ ᠯᠠᠪᠲᠠᠢ ᠴᠢᠩᠭ᠎ᠠ ᠰᠢᠢᠳᠭᠡᠬᠦ ᠬᠡᠷᠡᠭᠲᠡᠢ ᠃ ᠡᠮᠴᠢᠯᠡᠭᠡᠨ᠎ᠦ ᠳᠠᠭᠠᠳᠬᠠᠯ᠎ᠤᠨ ᠰᠠᠯᠠᠭ᠎ᠠ ᠮᠥᠴᠢᠷ᠎ᠠᠴᠠ ᠪᠣᠶ ᠪᠥᠬᠦᠶ ᠡᠮᠴᠢᠯᠡᠭᠡᠨ᠎ᠦ ᠳᠠᠭᠠᠳᠬᠠᠯ᠎ᠤᠨ ᠴᠡᠭ ᠲᠣᠭᠲᠠᠭᠠᠭᠰᠠᠨ ᠡᠮ ᠡᠮᠨᠡᠯᠭᠡ᠎ᠶᠢᠨ ᠪᠠᠶ᠋ᠢᠭᠤᠯᠤᠮᠵᠢ᠎ᠶᠢ ᠺᠣᠳ᠋ ᠲᠠᠢ ᠬᠤᠳᠠᠯᠳᠤᠨ ᠠᠪᠴᠤ ᠂ ᠺᠣᠳ᠋ ᠰᠢᠷᠪᠢᠵᠦ ᠬᠤᠳᠠᠯᠳᠤᠬᠤ᠎ᠶᠢ ᠰᠠᠨᠠᠭᠤᠯᠵᠤ ᠪᠤᠢ; ᠪᠤᠢ ᠪᠦᠬᠦᠢ ᠳᠠᠭᠠᠳᠬᠠᠯ᠎ᠳᠤ ᠣᠷᠣᠯᠴᠠᠭᠰᠠᠳ ᠤᠯᠤᠰ᠎ᠤᠨ ᠡᠮᠴᠢᠯᠡᠭᠡᠨ᠎ᠦ ᠳᠠᠭᠠᠳᠬᠠᠯ᠎ᠤᠨ APP᠎ᠶᠢ ᠬᠡᠷᠡᠭᠡᠯᠡᠨ ᠡᠮ᠎ᠦᠨ ᠵᠦᠢᠯᠡᠰ᠎ᠦᠨ ᠮᠥᠷᠳᠡᠬᠦ ᠺᠣᠳ᠋ ᠰᠢᠷᠪᠢᠵᠦ ᠡᠮ ᠬᠤᠳᠠᠯᠳᠤᠨ ᠠᠪᠬᠤ᠎ᠶᠢ ᠰᠠᠨᠠᠭᠤᠯᠵᠤ ᠪᠤᠢ ᠃

  ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠄

  ᠬᠤᠲᠠ᠎ᠶᠢᠨ ᠲᠣᠰ ᠱᠠᠲᠤ 0477 - 8588301

  ᠳ᠋ᠦᠩᠱᠧᠩ ᠲᠣᠭᠤᠷᠢᠭ᠋ 0477 - 5115706

  ᠳᠠᠯᠠᠳ ᠬᠤᠰᠢᠭᠤ 0477 - 2259270

  ᠵᠡᠭᠦᠨᠭᠠᠷ ᠬᠤᠰᠢᠭᠤ 0477 - 4701166

  ᠡᠵᠡᠨ ᠬᠤᠷᠤᠭ᠎ᠠ ᠬᠤᠰᠢᠭᠤ 0477-8685803

  ᠬᠠᠩᠭᠢᠨ ᠬᠤᠰᠢᠭᠤ 0477 - 2276456

  ᠦᠦᠰᠢᠨ ᠬᠤᠰᠢᠭᠤ 0477-7582681

  ᠣᠲᠤᠭ ᠬᠤᠰᠢᠭᠤ 0477 - 6212120

  ᠣᠲᠣᠭ᠎ᠤᠨ ᠡᠮᠦᠨᠡᠲᠦ ᠬᠤᠰᠢᠭᠤ 0477 - 7623835

  ᠬᠢᠶ᠎ᠠ ᠪᠠᠭ᠍ᠰᠢ ᠲᠣᠭᠤᠷᠢᠭ᠋ 0477-8507721

  ᠵᠠᠭᠠᠯᠳᠤᠯᠭ᠎ᠠ ᠪᠠ ᠢᠯᠡᠴᠢᠯᠡᠨ ᠮᠡᠳᠡᠭᠦᠯᠬᠦ᠎ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠄

  ᠬᠠᠤᠯᠢ᠎ᠪᠠᠷ ᠲᠣᠭᠲᠠᠭᠠᠭᠰᠠᠨ ᠠᠵᠢᠯᠯᠠᠬᠤ ᠡᠳᠦᠷ᠎ᠤᠨ 9 ᠄ 00 - 12 ᠄ 00 ᠴᠠᠭ ᠂ 14 ᠄ 30-17 ᠄ 30

ᠢᠷᠡᠯᠲᠡ᠄ ᠤᠷᠳᠤᠰ ᠬᠤᠳᠠ᠎ᠶᠢᠨ ᠡᠮᠴᠢᠯᠡᠭᠡᠨ᠎ᠦ ᠪᠠᠳᠤᠯᠠᠭ᠎ᠠ᠎ᠶᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
 
            