ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠦᠱᠢᠨ ᠬᠤᠱᠢᠭᠤ᠄ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ 《 ᠰᠡᠳᠭᠢᠯ᠎ᠢ ᠳᠤᠯᠠᠭᠠᠴᠠᠭᠤᠯᠬᠤ ᠡᠮᠴᠢᠯᠡᠭᠡᠨ᠎ᠦ ᠳᠠᠭᠠᠳᠭᠠᠯ 》᠎ᠤᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠠᠬᠢᠭᠤᠯᠵᠤ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠡᠮᠴᠢᠯᠡᠭᠡᠨ᠎ᠦ ᠳᠠᠭᠠᠳᠭᠠᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠪᠠ
ᠨᠡᠶ᠋ᠢᠲᠡᠯᠡᠭᠰᠡᠨ ᠴᠠᠭ᠄ 2025-11-24

  2025 ᠣᠨ᠎ᠳᠤ᠂ ᠦᠦᠱᠢᠨ ᠬᠤᠱᠢᠭᠤᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠪᠥᠬᠦ᠌ ᠰᠡᠳᠭᠢᠯ ᠪᠥᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠍᠂ ᠨᠠᠮ᠎ᠤᠨ ᠪᠠᠢᠭᠤᠯᠤᠯᠲᠠ ᠬᠢᠭᠡᠳ ᠲᠤᠬᠠᠢᠯᠠᠭ᠍ᠰᠠᠨ ᠠᠵᠢᠯ᠎ᠢ ᠭᠦᠨᠵᠡᠭᠡᠶ ᠠᠭᠤᠰᠤᠯᠴᠠᠭᠤᠯᠬᠤ ᠠᠷᠭ᠎ᠠ ᠵᠠᠮ᠎ᠢ ᠬᠠᠢᠨ ᠰᠦᠪᠡᠭ᠌ᠴᠢᠯᠡᠵᠦ᠍᠂ ᠨᠠᠮ᠎ᠤᠨ ᠪᠠᠢᠭᠤᠯᠤᠯᠲᠠ᠎ᠶ᠋ᠢ ᠠᠳᠬᠤᠵᠤ ᠲᠤᠬᠠᠢᠯᠠᠭ᠍ᠰᠠᠨ ᠠᠵᠢᠯ᠎ᠢ ᠴᠢᠩᠭ᠋ᠠᠳᠬᠠᠨ ᠣᠢ᠌ᠯᠡᠳᠣᠯᠭᠡ᠎ᠶᠢ ᠰᠢᠯᠢᠳᠡᠭᠵᠢᠭᠦᠯᠬᠦ᠎ᠪᠡᠷ 《 ᠨᠢᠭᠡ᠎ᠶ᠋ᠢ ᠣᠷᠣᠭᠤᠯᠵᠤ ᠬᠤᠶᠠᠷ᠎ᠢ ᠳᠡᠭᠡᠭ᠌ᠰᠢᠯᠡᠭᠦᠯᠬᠦ᠌ 》᠂ ᠨᠠᠮ᠎ᠤᠨ ᠪᠠᠢᠭᠤᠯᠤᠯᠲᠠ ᠬᠢᠭᠡᠳ ᠲᠤᠬᠠᠢᠯᠠᠭ᠍ᠰᠠᠨ ᠠᠵᠢᠯ᠎ᠤᠨ 《 ᠬᠤᠣᠰ ᠱᠢᠯᠢᠳᠡᠭ ᠬᠤᠶᠠᠷ᠎ᠢ ᠠᠬᠢᠭᠤᠯᠬᠤ 》᠎ᠶ᠋ᠢ ᠪᠡᠶᠡᠯᠡᠭᠦᠯᠬᠦ᠎ᠶᠢ ᠠᠬᠢᠭᠣᠯᠪᠠ᠃ ᠨᠠᠮ᠎ᠤᠨ ᠪᠠᠢᠭᠤᠯᠤᠯᠲᠠ᠎ᠶ᠋ᠢᠨ ᠰᠡᠳᠭᠢᠯ᠎ᠢᠶᠠᠨ ᠨᠢᠭᠡᠳᠭᠡᠨ ᠬᠦᠴᠦ᠍᠎ᠪᠠᠨ ᠬᠠᠮᠲᠤᠳᠭᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠭ᠍ᠤ ᠬᠦᠳᠦᠯᠦᠨ ᠳᠠᠭᠠᠭᠤᠯᠬᠤ ᠦᠢᠯᠡᠳᠦᠯ᠎ᠢ ᠪᠠᠳᠠᠷᠠᠭᠤᠯᠬᠤ᠎ᠪᠠᠷ ᠳᠠᠮᠵᠢᠭᠤᠯᠵᠤ᠂ ᠨᠠᠷᠢᠨ ᠨᠢᠮᠪᠠᠢ 《 ᠵᠢᠵᠢᠭ ᠦᠢᠯᠡᠴᠢᠯᠡᠭᠡ 》᠎ᠪᠠᠷ ᠥᠷᠭᠡᠨ ᠤᠯᠠᠨ ᠳᠠᠭᠠᠳᠭᠠᠯ᠎ᠳᠤ ᠣᠷᠣᠯᠴᠠᠭ᠍ᠰᠠᠨ ᠤᠯᠠᠨ ᠲᠦᠮᠡᠨ᠎ᠤ 《 ᠶᠡᠭᠡ ᠠᠷᠠᠳ᠎ᠤᠨ ᠠᠮᠢᠳᠤᠷᠠᠯ 》᠎ᠢ ᠳᠤᠯᠠᠭᠠᠴᠠᠭᠤᠯᠵᠤ᠂ ᠤᠯᠠᠨ ᠲᠦᠮᠡᠨ᠎ᠤ ᠬᠦᠷᠲᠡᠮᠵᠢ᠎ᠶ᠋ᠢᠨ ᠲᠦᠷᠦᠭ᠌ᠳᠡᠯ ᠪᠠ ᠬᠠᠨᠤᠮᠵᠢ᠎ᠶ᠋ᠢᠨ ᠬᠡᠮᠵᠢᠶ᠎ᠡ᠎ᠶ᠋ᠢ ᠦᠨᠡᠨ ᠬᠦ᠌  ᠨᠡᠮᠡᠭᠳᠡᠭᠦᠯᠪᠡ᠃

 

 

  ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠴᠢᠩᠭ᠋ᠠᠷᠠᠭᠣᠯᠵᠣ᠂ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠡᠷᠦᠬᠡ ᠪᠣᠯᠭᠠᠨ᠎ᠳᠤ ᠮᠡᠳᠡᠭᠦᠯᠬᠦ᠌᠎ᠶ᠋ᠢ ᠠᠬᠢᠭᠣᠯᠪᠠ

  ᠨᠢᠭᠡ ᠲᠠᠯ᠎ᠠ᠎ᠪᠠᠷ᠂ ᠲᠥᠪ᠎ᠤᠨ ᠨᠠᠢ᠍ᠮᠠᠨ ᠵᠤᠢ᠌ᠯ᠎ᠤᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠣᠭᠣᠰᠢᠭᠣᠯᠣᠨ ᠨᠠᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ 《 ᠨᠠᠮ᠎ᠤᠨ ᠠᠴᠢ᠎ᠶ᠋ᠢ ᠮᠡᠳᠡᠷᠡᠬᠦ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠬᠤ 》 ᠣᠯᠠᠨ ᠲᠦᠮᠡᠨ᠎ᠤ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠳᠥᠯᠭᠢᠨ ᠠᠬᠢᠭᠤᠯᠬᠤ᠎ᠪᠠᠷ ᠠᠵᠠ ᠲᠣᠬᠢᠶᠠᠯ ᠪᠣᠯᠭᠠᠵᠤ᠂ ᠰᠠᠯᠠᠭᠠᠨ᠎ᠤ ᠲᠠᠰ᠎ᠤᠨ ᠺᠠᠳ᠋ᠷᠴᠤᠳ᠎ᠢ ᠵᠣᠬᠢᠶᠠᠨ ᠪᠠᠢᠭᠤᠯᠤᠨ ᠪᠦᠯᠬᠦᠮ ᠳᠠᠭᠠᠭᠤᠯᠤᠨ ᠡᠯ᠎ᠡ ᠳᠠᠭᠠᠭᠠᠴᠢᠯᠠᠨ ᠬᠤᠯᠪᠣᠭᠠᠯᠠᠬᠤ ᠬᠡᠰᠡᠭ ᠲᠣᠭᠤᠷᠢᠭ᠎ᠲᠤ ᠭᠦᠨᠵᠡᠭᠡᠢᠷᠡᠨ᠂ ᠰᠤᠮᠤ ᠪᠠᠯᠭᠠᠰᠤ᠎ᠶ᠋ᠢ ᠬᠠᠪᠰᠤᠷᠤᠨ ᠨᠢᠯᠬ᠎ᠠ ᠬᠡᠦᠬᠡᠳ᠎ᠤᠨ ᠬᠡᠷ ᠪᠦᠯᠢ᠂ ᠱᠢᠨ᠎ᠡ᠎ᠪᠠᠷ ᠨᠡᠭᠦᠵᠦ᠍ ᠢᠷᠡᠭ᠌ᠰᠡᠨ ᠬᠥᠮᠦᠰ᠂ ᠣᠷᠣᠯᠭ᠎ᠠ ᠪᠠᠭᠠᠲᠠᠶ ᠬᠥᠮᠦᠰ᠂ ᠬᠦᠨᠳᠦ ᠡᠪᠡᠳᠴᠢᠨ᠎ᠤ ᠡᠷᠦᠬᠡ᠂ ᠬᠢᠨᠠᠨ ᠬᠡᠮᠵᠢᠬᠦ᠌ ᠡᠷᠦᠬᠡ ᠵᠡᠷᠭᠡ ᠭᠤᠤᠯᠳᠠᠯᠭ᠎ᠠ᠎ᠲᠠᠢ ᠬᠥᠮᠦᠰ᠎ᠤᠨ ᠳᠠᠭᠠᠳᠭᠠᠯ᠎ᠳᠤ ᠣᠷᠣᠯᠴᠠᠬᠤ ᠳᠠᠢᠴᠢᠯᠠᠯᠲᠠ᠎ᠶ᠋ᠢᠨ ᠠᠵᠢᠯ᠎ᠢ ᠥᠷᠨᠢᠭᠦᠯᠬᠦ᠌᠎ᠶ᠋ᠢᠨ ᠬᠠᠮᠲᠤ  《 ᠬᠠᠪᠰᠤᠷᠤᠨ ᠭᠦᠢᠴᠡᠳᠭᠡᠵᠦ᠍ ᠣᠷᠣᠯᠠᠨ ᠭᠦᠢᠴᠡᠳᠭᠡᠬᠦ᠌ 》 ᠵᠢᠴᠢ ᠲᠥᠷᠥ᠎ᠶ᠋ᠢᠨ ᠪᠣᠳᠣᠯᠭ᠎ᠠ᠎ᠶ᠋ᠢᠨ ᠠᠰᠠᠭᠤᠨ ᠯᠠᠪᠯᠠᠬᠤ ᠦᠢᠯᠡᠴᠢᠯᠡᠭᠡ ᠬᠠᠩᠭ᠋ᠠᠬᠤ ᠬᠡᠷᠡᠭᠲᠡᠢ᠃ ᠨᠠᠷᠢᠯᠢᠭ ᠣᠨᠣᠪᠴᠢᠲᠠᠶ᠂ ᠨᠠᠷᠢᠨ ᠨᠢᠮᠪᠠᠢ᠂ ᠭᠦᠨᠵᠡᠭᠡᠶ ᠡᠷᠦᠬᠡ᠎ᠳᠤ ᠣᠷᠣᠵᠤ ᠤᠬᠠᠭᠤᠯᠬᠤ᠎ᠪᠠᠷ ᠳᠠᠮᠵᠢᠭᠤᠯᠤᠨ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ 《 ᠡᠴᠦᠰ᠎ᠤᠨ ᠨᠢᠭᠡ ᠺᠢᠯᠣᠮᠧᠲᠷ 》᠎ᠢ ᠦᠨᠡᠨ ᠬᠦ᠌ ᠨᠡᠪᠲᠡᠷᠡᠭᠦᠯᠵᠦ᠍᠂ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠦᠨᠡᠨ ᠬᠦ᠌ ᠲᠦᠭ ᠲᠦᠮᠡᠨ ᠠᠢᠯ ᠡᠷᠦᠬᠡ᠎ᠳᠤ ᠣᠷᠣᠭᠣᠯᠪᠠ᠃ ᠣᠳᠣᠬᠠᠨ ᠪᠣᠯᠲᠠᠯ᠎ᠠ᠂ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠨᠡᠢᠲᠡ 50 ᠭᠠᠷᠤᠶ ᠤᠳᠠᠭ᠎ᠠ ᠥᠷᠨᠢᠭᠦᠯᠵᠦ᠍᠂ 4.5 ᠲᠦᠮᠡᠨ ᠬᠤᠪᠢ ᠤᠬᠠᠭᠤᠯᠭ᠎ᠠ᠎ᠶ᠋ᠢᠨ ᠬᠠᠭᠤᠳᠠᠰᠤ᠎ᠶ᠋ᠢ ᠲᠠᠷᠬᠠᠭᠠᠵᠤ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠳᠤ 6 ᠲᠦᠮᠡ ᠭᠠᠷᠤᠶ ᠬᠥᠮᠦᠨ ᠤᠳᠠᠭ᠎ᠠ ᠠᠱᠢᠭ ᠬᠦᠷᠲᠡᠭᠡᠪᠡ᠃ ᠨᠥᠭᠦᠭᠡ ᠲᠠᠯ᠎ᠠ᠎ᠪᠠᠷ᠂ ᠬᠤᠱᠢᠭᠤᠨ᠎ᠤ ᠱᠢᠭᠤᠳ ᠬᠠᠷᠢᠶ᠎ᠠ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠪᠣᠯᠤᠨ ᠭᠠᠴᠠᠭ᠎ᠠ ᠲᠣᠰᠭᠤᠨ ( ᠨᠡᠢᠭᠡᠮ ᠲᠣᠭᠤᠷᠢᠭ )᠎ᠲᠠᠢ ᠬᠠᠮᠲᠤᠷᠠᠨ ᠰᠠᠭᠤᠭᠠᠯᠢ ᠠᠷᠠᠳ᠎ᠤᠨ ᠸᠢᠴᠠᠲ᠎ᠤᠨ ᠬᠤᠯᠪᠤᠭ᠎ᠠ᠎ᠪᠠᠷ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠂ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ ᠮᠡᠳᠡᠭᠡ ᠵᠠᠩᠭᠢ᠎ᠶ᠋ᠢ ᠲᠦᠷᠭᠢᠵᠦ ᠬᠦᠷᠭᠡᠪᠡ; 《 ᠦᠦᠱᠢᠨ ᠬᠤᠱᠢᠭᠤᠨ᠎ᠤ ᠨᠡᠢᠳᠡᠯᠡᠯ 》᠂ 《 ᠦᠦᠰᠢᠨ ᠬᠤᠱᠢᠭᠤᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ 》᠎ᠶ᠋ᠢᠨ ᠣᠯᠠᠨ ᠨᠡᠢᠲᠡ᠎ᠶ᠋ᠢᠨ ᠸᠢᠴᠠᠲ ᠲᠡᠪᠴᠡᠩ᠎ᠲᠤ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ ᠠᠷᠭ᠎ᠠ ᠮᠠᠶᠢᠭ ᠵᠡᠷᠭᠡ᠎ᠶ᠋ᠢ ᠬᠦᠷᠭᠡᠬᠦ᠌᠎ᠶ᠋ᠢᠨ ᠬᠠᠮᠲᠤ ᠠᠩᠬ᠎ᠠ ᠪᠦᠲᠥᠭᠡᠭᠰᠡᠨ ᠭᠡᠷ ᠪᠦᠯᠢ᠎ᠶ᠋ᠢᠨ ᠣᠬᠤᠷ ᠵᠦᠴᠦᠭᠡ 《 ᠡᠮᠴᠢᠯᠡᠭᠡᠨ᠎ᠦ ᠵᠠᠮ ᠲᠠᠨ᠎ᠳᠦ ᠬᠠᠨᠢ ᠪᠣᠯᠣᠯᠴᠠᠵᠤ  ᠡᠷᠡᠭᠦᠯ ᠮᠡᠨᠳᠦ᠍᠎ᠶ᠋ᠢ ᠴᠢᠨᠢ ᠬᠠᠮᠠᠭᠠᠯᠠᠬᠤ 》 ᠦᠯᠢᠭᠡᠷ ᠬᠡᠯᠡᠬᠦ ᠬᠡᠪᠯᠡᠯ᠎ᠦᠨ 《 ᠡᠮᠴᠢᠯᠡᠭᠡᠨ᠎ᠦ ᠪᠠᠲᠤᠯᠠᠭ᠎ᠠ ᠦᠦᠰᠢᠨ ᠬᠤᠰᠢᠭᠤ᠎ᠶᠢ ᠲᠣᠯᠠᠭ᠋ᠠᠯᠠᠬᠤ 》 ᠎ᠶ᠋ᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ ᠵᠡᠷᠭᠡ ᠤᠬᠠᠭᠤᠯᠭ᠎ᠠ᠎ᠶ᠋ᠢᠨ ᠹᠢᠯᠢᠮ᠎ᠢ ᠰᠡᠭᠦᠳᠡᠷᠯᠡᠵᠦ᠍᠂  ᠲᠣᠶᠢᠬᠣ ᠨᠡᠪᠳᠡᠷᠡᠭᠦᠯᠦᠭᠰᠡᠨ ᠬᠡᠮᠵᠢᠶ᠎ᠡ ᠨᠡᠢᠲᠡ 20 ᠲᠦᠮᠡ ᠭᠠᠷᠤᠶ ᠬᠥᠮᠦᠨ ᠤᠳᠠᠭ᠎ᠠ᠎ᠳᠤ ᠬᠦᠷᠪᠡ; ᠡᠭᠦᠨ᠎ᠤ ᠬᠠᠮᠲᠤ ᠭᠠᠷ ᠤᠲᠠᠰᠤᠨ᠎ᠤ ᠣᠬᠤᠷ ᠮᠡᠳᠡᠭᠡᠨ᠎ᠤ ᠲᠠᠪᠴᠠᠩ᠎ᠢᠶᠠᠷ ᠳᠠᠮᠵᠢᠭᠤᠯᠤᠨ ᠪᠥᠬᠦ᠌ ᠬᠤᠱᠢᠭᠤᠨ᠎ᠤ ᠳᠠᠭᠠᠳᠭᠠᠯ᠎ᠳᠤ ᠣᠷᠣᠯᠴᠠᠭ᠍ᠰᠠᠳ᠎ᠲᠤ ᠳᠠᠭᠠᠳᠭᠠᠯ᠎ᠳᠤ ᠣᠷᠣᠯᠴᠠᠵᠤ ᠳᠡᠩᠰᠡᠯᠡᠨ ᠲᠡᠮᠳᠡᠭ᠌ᠯᠡᠬᠦ᠌ ᠪᠠ ᠰᠦᠢᠳᠭᠡᠯ ᠲᠤᠱᠢᠶᠠᠬᠤ ᠠᠷᠭ᠎ᠠ ᠮᠠᠶᠢᠭ᠎ᠤᠨ ᠬᠠᠯᠠᠭᠤᠨ ᠳᠣᠲᠣᠨᠣ ᠰᠠᠨᠠᠭᠤᠯᠤᠮᠵᠢ ᠶᠠᠪᠤᠭᠤᠯᠵᠤ᠂ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ ᠪᠠ ᠪᠥᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠵᠤ ᠤᠬᠠᠭᠤᠯᠬᠤ᠎ᠶ᠋ᠢ ᠪᠡᠶᠡᠯᠡᠭᠦᠯᠪᠡ᠃

 

 

  ᠬᠠᠷᠠᠭᠠᠯᠵᠠᠯ᠎ᠢ ᠤᠨᠢᠨ ᠳᠡᠭᠡᠷ᠎ᠡ᠎ᠨᠢ ᠪᠡᠶᠡᠯᠡᠭᠦᠯᠵᠦ᠍᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠤᠷᠢᠭ᠎ᠠ ᠱᠤᠭᠤᠮ᠎ᠢ ᠪᠠᠲᠤ ᠴᠤᠭᠴᠠᠯᠠᠪᠠ

  ᠡᠮᠴᠢᠯᠡᠭᠡᠨ᠎ᠤ ᠳᠠᠭᠠᠳᠭᠠᠯ᠎ᠤᠨ ᠬᠠᠷᠠᠭᠠᠯᠵᠠᠯ᠎ᠤᠨ ᠲᠠᠩᠰᠠ ᠲᠠᠢᠯᠬᠤ ᠲᠣᠭᠠᠴᠠᠭ᠎ᠠ ᠬᠢᠬᠦ᠌᠎ᠶ᠋ᠢ ᠴᠢᠩᠳᠠᠯᠠᠵᠤ᠂ ᠨᠠᠷᠢᠯᠢᠭ ᠣᠨᠣᠪᠴᠢᠲᠠᠢ ᠥᠨᠳᠥᠷ ᠪᠦᠲᠦᠮᠵᠢᠲᠡᠶ ᠭᠤᠷᠪᠠᠨ ᠱᠠᠲᠤᠨ᠎ᠤ ᠡᠮᠴᠢᠯᠡᠭᠡᠨ᠎ᠤ ᠳᠠᠭᠠᠳᠭᠠᠯ᠎ᠤᠨ ᠲᠠᠩᠰᠠ ᠲᠠᠢᠯᠬᠤ ᠣᠯᠭᠤᠮᠵᠢ᠎ᠶ᠋ᠢᠨ ᠵᠠᠷᠤᠳᠠᠯ᠎ᠢ ᠬᠢᠨᠠᠨ ᠬᠠᠷᠭᠤᠭᠤᠯᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠦ᠍᠂ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ᠎ᠤ ᠲᠣᠭ᠍ᠲᠠᠭᠠᠯ᠎ᠳᠤ ᠨᠡᠢᠴᠡᠬᠦ᠌ ᠡᠮᠴᠢᠯᠡᠭᠡᠨ᠎ᠤ ᠵᠠᠷᠤᠳᠠᠯ ᠨᠢᠭᠡᠪᠦᠷᠢ᠎ᠳᠤ ᠨᠠᠷᠢᠨ ᠨᠢᠮᠪᠠᠶ ᠲᠣᠭᠠᠴᠠᠭ᠎ᠠ ᠬᠢᠵᠦ᠍᠂ ᠲᠠᠩᠰᠠ ᠲᠠᠢᠯᠬᠤ ᠬᠡᠪᠴᠢᠶ᠎ᠡ᠂ ᠲᠠᠩᠰᠠ ᠲᠠᠢᠯᠬᠤ ᠬᠠᠷᠢᠴᠠᠯ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ᠎ᠳᠤ ᠴᠢᠩᠭ᠎ᠠ ᠨᠡᠢᠴᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠲᠠᠩᠰᠠ ᠲᠠᠢᠯᠬᠤ ᠠᠷᠭ᠎ᠠ ᠵᠠᠮ᠎ᠢ ᠱᠢᠯᠤᠭᠤᠳᠭᠠᠵᠤ᠂ ᠲᠠᠩᠰᠠ ᠲᠠᠢᠯᠬᠤ ᠶᠠᠪᠤᠴᠠ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠦᠨ᠂ ᠭᠦᠢᠴᠡᠳᠭᠡᠬᠦ᠌ ᠴᠠᠭ᠎ᠤᠨ ᠬᠢᠵᠠᠭᠠᠷ᠎ᠢ ᠲᠣᠳᠣᠷᠬᠠᠢᠯᠠᠵᠤ᠂ ᠲᠠᠩᠰᠠ ᠲᠠᠢᠯᠬᠤ ᠵᠣᠭᠤᠰ᠎ᠢ ᠴᠠᠭ ᠲᠤᠬᠠᠶ᠎ᠳᠤ ᠨᠢ᠂ ᠲᠤᠭ᠎ᠠ ᠶᠣᠰᠣᠭᠠᠷ᠂ ᠣᠨᠣᠪᠴᠢᠲᠠᠶ ᠰᠠᠯᠭᠠᠨ ᠥᠭ᠌ᠬᠦ᠎ᠶ᠋ᠢ ᠦᠨᠡᠨ ᠬᠦ᠌ ᠪᠠᠲᠤᠯᠠᠵᠤ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠳᠤ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠲᠤᠰᠠ᠎ᠶ᠋ᠢ ᠦᠨᠡᠨ ᠬᠦ᠌ ᠮᠡᠳᠡᠷᠡᠭᠦᠯᠵᠦ᠍᠂ ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ᠎ᠢ ᠦᠷᠭᠦᠯᠵᠢᠯᠡᠨ ᠳᠡᠭᠡᠭ᠌ᠰᠢᠯᠡᠭᠦᠯᠪᠡ᠃ 10 ᠳ᠋ᠤᠭ᠋ᠠᠷ ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠦ᠌ ᠬᠤᠱᠢᠭᠤᠨ᠎ᠤ ᠠᠵᠢᠯᠲᠠᠨ ᠠᠵᠢᠯᠴᠢᠨ᠎ᠤ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠢ ᠭᠥᠷᠳᠡᠭ᠌ᠰᠡᠨ ᠬᠥᠮᠦᠨ᠎ᠤ ᠲᠤᠭ᠎ᠠ 25866 ᠬᠥᠮᠦᠨ ᠤᠳᠠᠭ᠎ᠠ᠎ᠳᠤ ᠬᠦᠷᠴᠦ᠍᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠬᠠᠷᠠᠭᠠᠯᠵᠠᠯ᠎ᠢ ᠭᠥᠷᠳᠡᠭ᠌ᠰᠡᠨ ᠬᠥᠮᠦᠨ᠎ᠤ ᠲᠤᠭ᠎ᠠ 47548 ᠬᠥᠮᠦᠨ ᠤᠳᠠᠭ᠎ᠠ᠎ᠳᠤ ᠬᠦᠷᠴᠦ᠍᠂ ᠡᠮᠴᠢᠯᠡᠭᠡᠨ᠎ᠦ ᠪᠠᠲᠣᠯᠠᠭ᠎ᠠ᠎ᠶᠢᠨ ᠰᠠᠭᠤᠷᠢ ᠮᠥᠩᠭᠦ᠎ᠳᠤ ᠨᠡᠢᠲᠡ 11935.66 ᠲᠦᠮᠡᠨ ᠲᠥᠭᠦᠷᠢᠭ ᠵᠠᠷᠤᠴᠠᠭᠤᠯᠪᠠ᠃ ᠡᠭᠦᠨ᠎ᠤ ᠬᠠᠮᠲᠤ᠌᠂ ᠣᠯᠠᠨ ᠳᠠᠪᠬᠤᠷᠭᠠᠲᠤ ᠪᠠᠲᠤᠯᠠᠭ᠎ᠠ᠎ᠶ᠋ᠢ ᠴᠢᠩᠭ᠋ᠠᠷᠠᠭᠣᠯᠵᠣ᠂ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠰᠠᠭᠤᠷᠢᠨ ᠳᠡᠭᠡᠷ᠎ᠡ᠂ ᠬᠦᠨᠳᠦ ᠡᠪᠡᠳᠴᠢᠨ᠎ᠤ ᠳᠠᠭᠠᠳᠭᠠᠯ᠂ ᠡᠮᠴᠢᠯᠡᠭᠡᠨ᠎ᠦ ᠠᠪᠤᠷᠠᠨ ᠲᠤᠰᠠᠯᠠᠯᠲᠠ ᠵᠢᠴᠢ ᠪᠤᠰᠤᠳ ᠨᠥᠬᠦᠪᠥᠷᠢ ᠡᠮᠴᠢᠯᠡᠭᠡᠨ᠎ᠦ ᠳᠠᠭᠠᠳᠭᠠᠯ᠎ᠤᠨ ᠳᠦᠷᠢᠮ᠎ᠯᠦᠭᠡ ᠪᠦᠲᠦᠮᠵᠢᠲᠡᠶ ᠵᠣᠯᠭᠠᠭᠤᠯᠬᠤ᠎ᠶ᠋ᠢ ᠴᠢᠬᠤᠯᠠᠴᠢᠯᠠᠵᠤ᠂ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠨᠡᠢᠯᠡᠮᠡᠯ ᠬᠦᠴᠦᠨ᠎ᠢ ᠪᠤᠢ ᠪᠣᠯᠭᠠᠵᠤ᠂ ᠣᠯᠠᠨ ᠳᠠᠪᠲᠠᠮᠵᠢᠲᠤ ᠡᠮᠴᠢᠯᠡᠭᠡᠨ᠎ᠦ ᠵᠠᠷᠤᠳᠠᠯ᠎ᠤᠨ ᠳᠠᠷᠤᠭᠠᠰᠤ᠎ᠶ᠋ᠢ ᠬᠠᠮᠲᠤ᠎ᠪᠠᠷ ᠬᠦᠴᠦᠯᠡᠨ ᠨᠠᠮᠳᠠᠭᠤᠯᠵᠤ᠂ ᠡᠪᠡᠳᠴᠢᠨ᠎ᠠᠴᠠ ᠪᠣᠯᠵᠤ ᠶᠠᠳᠠᠭᠤᠷᠠᠬᠤ᠎ᠶ᠋ᠢ ᠦᠨᠡᠨ ᠬᠦ᠌ ᠰᠡᠷᠭᠡᠢᠯᠡᠵᠦ᠍᠂ ᠠᠷᠠᠳ ᠣᠯᠠᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠠᠮᠢᠨ ᠰᠤᠳᠠᠰᠤ᠎ᠶ᠋ᠢ ᠪᠠᠲᠤ ᠰᠠᠬᠢᠬᠤ ᠬᠡᠷᠡᠭ᠌ᠲᠡᠶ᠃

 

 

  ᠭᠠᠷᠲᠠᠨ ᠭᠦᠢᠴᠡᠳᠭᠡᠬᠦ᠌ ᠪᠠᠢᠷᠢᠱᠢᠯ᠎ᠢ ᠱᠢᠯᠢᠳᠡᠭ᠌ᠵᠢᠭᠦᠯᠵᠦ᠍᠂ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡᠨ᠎ᠤ ᠪᠣᠯᠤᠮᠵᠢᠲᠤ ᠴᠢᠨᠠᠷ᠎ᠢ ᠳᠡᠭᠡᠭᠰᠢᠯᠡᠭᠦᠯᠪᠡ

  ᠡᠮᠴᠢᠯᠡᠭᠡᠨ᠎ᠦ ᠳᠠᠭᠠᠳᠭᠠᠯ᠎ᠤᠨ ᠭᠠᠷᠲᠠᠨ ᠭᠦᠢᠴᠡᠳᠭᠡᠬᠦ᠌ ᠦᠢᠯᠡᠴᠢᠯᠡᠭᠡᠨ᠎ᠤ ᠰᠦᠯᠵᠢᠶᠡᠨ ᠴᠡᠭ᠎ᠢ ᠥᠷᠭᠡᠳᠭᠡᠵᠦ᠍᠂ ᠪᠥᠬᠦ᠌ ᠬᠤᠱᠢᠭᠤᠨ᠎ᠤ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠤ ᠪᠠᠢᠭᠤᠯᠤᠮᠵᠢ᠂ ᠪᠠᠩᠬᠢ᠎ᠶ᠋ᠢᠨ ᠦᠢᠯᠡᠴᠢᠯᠡᠭᠡᠨ᠎ᠤ ᠲᠣᠤᠷ ᠴᠡᠭ᠂ ᠰᠤᠮᠤ ᠪᠠᠯᠭᠠᠰᠤ ᠵᠢᠴᠢ ᠭᠠᠴᠠᠭ᠎ᠠ ᠲᠣᠰᠭᠤᠨ᠎ᠤ ᠨᠠᠮ ᠪᠠ ᠣᠯᠠᠨ ᠲᠦᠮᠡᠨ᠎ᠤ ᠦᠢᠯᠡᠴᠢᠯᠡᠭᠡᠨ᠎ᠤ ᠲᠥᠪ ᠵᠡᠷᠭᠡ ᠣᠲᠣ᠎ᠶ᠋ᠢᠨ ᠪᠠᠢᠭ᠎ᠠ ᠡᠬᠢ ᠪᠠᠶᠠᠯᠢᠭ᠎ᠢ ᠭᠦᠢᠴᠡᠳ ᠠᠱᠢᠭ᠍ᠯᠠᠨ᠂ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠡᠮᠴᠢᠯᠡᠭᠡᠨ᠎ᠦ ᠳᠠᠭ᠋ᠠᠳᠬᠠᠯ᠎ᠤᠨ ᠣᠢ᠌ᠯᠡᠴᠢᠯᠡᠭᠡᠨ᠎ᠤ ᠥᠷᠳᠡᠭᠡ ( ᠴᠡᠭ )᠎ᠢ ᠵᠢᠷᠤᠮᠵᠢᠭᠤᠯᠤᠨ ᠪᠠᠢᠭᠤᠯᠵᠤ᠂  《 15 ᠮᠢᠨᠦ᠋ᠲ᠎ᠤᠨ ᠡᠮᠴᠢᠯᠡᠭᠡᠨ᠎ᠦ ᠳᠠᠭᠠᠳᠭᠠᠯ᠎ᠤᠨ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡᠨ᠎ᠤ ᠬᠦᠷᠢᠶ᠎ᠡ 》᠎ᠶ᠋ᠢ ᠬᠦᠴᠦᠯᠡᠨ ᠪᠠᠢ᠌ᠭᠣᠯᠪᠠ; ᠣᠢ᠌ᠯᠡᠴᠢᠯᠡᠭᠡ ᠳᠣᠷᠣᠭᠰᠢᠯᠠᠬᠣ᠂ ᠪᠣᠭᠣᠮᠲᠠ ᠣᠷᠣᠭᠰᠢ ᠰᠢᠯᠵᠢᠬᠦ᠎ᠶᠢ ᠠᠬᠢᠭᠣᠯᠵᠣ᠂ ᠳᠠᠭ᠋ᠠᠳᠬᠠᠯ᠎ᠳᠤ ᠣᠷᠣᠯᠴᠠᠬᠣ᠎ᠶᠢ ᠳᠠᠩᠰᠠᠯᠠᠬᠤ᠂ ᠮᠡᠳᠡᠭᠡ ᠵᠠᠩᠭᠢ᠎ᠶᠢ ᠪᠠᠢ᠌ᠴᠠᠭ᠋ᠠᠨ ᠯᠠᠪᠯᠠᠬᠤ ᠪᠠ ᠬᠣᠪᠢᠷᠠᠭᠣᠯᠬᠣ᠂ ᠡᠮᠴᠢᠯᠡᠭᠡᠨ᠎ᠦ ᠳᠠᠭ᠋ᠠᠳᠬᠠᠯ᠎ᠤᠨ ᠡᠯᠸᠺᠲᠷᠤᠨ ᠭᠡᠷᠡᠴᠢ ᠪᠠᠷᠢᠮᠲᠠ᠎ᠶᠢ ᠢᠳᠡᠪᠬᠢᠵᠢᠭᠦᠯᠬᠦ ᠪᠠ ᠬᠡᠷᠡᠭᠯᠡᠬᠦ ᠵᠡᠷᠭᠡ ᠣᠯᠠᠨ ᠲᠦᠮᠡᠨ᠎ᠦ ᠭᠦᠢ᠍ᠴᠡᠳᠭᠡᠬᠦ ᠳᠠᠪᠲᠠᠮᠵᠢ ᠤᠳᠠᠭ᠎ᠠ᠎ᠪᠠᠷ ᠦᠨᠳᠤᠷ᠂ ᠬᠡᠷᠡᠭᠴᠡᠭᠡ ᠱᠠᠭ᠋ᠠᠷᠳᠠᠯᠭ᠎ᠠ᠎ᠪᠠᠷ ᠴᠢᠩᠭ᠎ᠠ ᠡᠮᠴᠢᠯᠡᠭᠡᠨ᠎ᠦ ᠳᠠᠭ᠋ᠠᠳᠬᠠᠯ᠎ᠤᠨ ᠭᠠᠷᠲᠠᠨ ᠭᠦᠢᠴᠡᠳᠭᠡᠬᠦ᠌ ᠵᠦᠢᠯᠡᠰ᠎ᠢ ᠦᠨᠳᠦᠰᠦᠨ ᠱᠠᠲᠤᠨ᠎ᠤ ᠡᠮᠴᠢᠯᠡᠭᠡᠨ᠎ᠦ ᠳᠠᠭᠠᠳᠭᠠᠯ᠎ᠤᠨ ᠦᠢᠯᠡᠴᠢᠯᠡᠭᠡᠨ᠎ᠤ ᠥᠷᠲᠡᠭᠡ ( ᠴᠡᠭ )᠎ᠳᠤ ᠪᠥᠬᠦ᠌ ᠲᠠᠯ᠎ᠠ᠎ᠪᠠᠷ ᠪᠠᠭᠤᠯᠭᠠᠵᠤ᠂ 《ᠡᠭᠦᠳᠡᠨ ᠡᠮᠤᠨᠡᠬᠢ ᠬᠡᠷᠡᠭ ᠣᠴᠢᠷ᠎ᠢᠶᠠᠨ ᠡᠭᠦᠳᠡᠨ ᠡᠮᠤᠨ᠎ᠡ᠎ᠪᠠᠨ ᠰᠢᠢ᠍ᠳᠪᠤᠷᠢᠯᠡᠬᠦ》᠎ᠶᠢ ᠦᠨᠡᠨ ᠬᠦ᠌  ᠪᠡᠶᠡᠯᠡᠭᠦᠯᠪᠡ; 《 ᠨᠢᠭᠡ ᠴᠣᠩᠬᠣᠪᠴᠢ᠎ᠪᠠᠷ ᠭᠥᠯᠢᠶᠡᠨ ᠠᠪᠴᠤ᠌ ᠱᠢᠢᠳᠪᠦᠷᠢᠯᠡᠬᠦ᠂ ᠨᠢᠭᠡ ᠯᠡ ᠤᠳᠠᠭ᠎ᠠ᠎ᠳᠤ ᠭᠦᠢᠴᠡᠳᠭᠡᠬᠦ᠌ 》 ᠵᠡᠷᠭᠡ ᠠᠷᠠᠳ᠎ᠲᠤ ᠲᠥᠬᠦᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ᠎ᠶ᠋ᠢ ᠦᠨᠡᠨ ᠬᠦ᠌  ᠠᠬᠢᠭᠣᠯᠵᠣ᠂ ᠡᠬᠢ ᠪᠠᠶᠠᠯᠢᠭ᠎ᠢ ᠡᠮᠬᠢᠯᠡᠨ ᠨᠡᠢᠯᠡᠭᠦᠯᠬᠦ᠂ ᠮᠠᠲ᠋ᠧᠷᠢᠶᠠᠯ᠎ᠢ ᠴᠣᠮᠬᠠᠳᠭᠠᠬᠤ᠂ ᠴᠠᠭ᠎ᠤᠨ ᠬᠢᠵᠠᠭᠠᠷ᠎ᠢ ᠪᠣᠭᠤᠨᠢᠰᠭᠠᠬᠤ᠎ᠪᠠᠷ ᠳᠠᠮᠵᠢᠭᠤᠯᠤᠨ᠂ ᠣᠯᠠᠨ ᠲᠦᠮᠡᠨ᠎ᠤ ᠭᠦᠶᠦᠬᠦ᠌ ᠤᠳᠠᠭ᠎ᠠ ᠪᠠ ᠴᠠᠭ᠎ᠤᠨ ᠥᠪᠡᠷ᠎ᠤᠨ ᠥᠷᠲᠡᠭ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠠᠰᠭᠠᠵᠤ᠂ 2025 ᠣᠨ᠎ᠠᠴᠠ ᠨᠠᠭ᠋ᠠᠰᠢ᠂ ᠵᠠᠰᠠᠭ᠎ᠤᠨ ᠶᠠᠪᠤᠳᠠᠯ᠎ᠤᠨ 《 ᠰᠦᠯᠵᠢᠶᠡᠨ ᠳᠡᠭᠡᠷ᠎ᠡ ᠭᠦᠢᠴᠡᠳᠭᠡᠬᠦ᠌ 》 ᠲᠠᠪᠴᠠᠩ᠎ᠢᠶᠠᠷ ᠳᠠᠮᠵᠢᠭᠤᠯᠤᠨ ᠨᠢᠭᠡᠨᠲᠡ 3 ᠲᠦᠮᠡ ᠭᠠᠷᠤᠶ ᠡᠮᠴᠢᠯᠡᠭᠡᠨ᠎ᠤ ᠳᠠᠭᠠᠳᠭᠠᠯ᠎ᠤᠨ ᠲᠤᠬᠠᠢᠯᠠᠭ᠍ᠰᠠᠨ ᠠᠵᠢᠯ᠎ᠢ ᠭᠦᠢᠴᠡᠳᠭᠡᠵᠦ᠍᠂ ᠳᠥᠭᠦᠮ ᠳᠥᠲᠡ᠂ ᠥᠨᠳᠥᠷ ᠪᠦᠲᠦᠮᠵᠢᠲᠡᠶ᠂ ᠬᠠᠯᠠᠭᠤᠨ ᠳᠤᠯᠠᠭᠠᠨ ᠡᠮᠴᠢᠯᠡᠭᠡᠨ᠎ᠤ ᠳᠠᠭᠠᠳᠭᠠᠯ᠎ᠤᠨ ᠦᠢᠯᠡᠴᠢᠯᠡᠭᠡ᠎ᠶ᠋ᠢ ᠭᠠᠷ᠎ᠲᠤ ᠪᠠᠷᠢᠭᠳᠠᠮ᠎ᠠ ᠪᠣᠯᠭᠠᠪᠠ᠃

ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ ᠦᠦᠰᠢᠨ ᠬᠤᠱᠢᠭᠤᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            