ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭᠠᠨᠬᠠᠳᠠ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠤᠨ ᠠᠩᠭᠢ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠪᠠ
ᠨᠡᠶ᠋ᠢᠲᠡᠯᠡᠭᠰᠡᠨ ᠴᠠᠭ᠄ 2025-11-27

  11 ᠳ᠋ᠤᠭ᠋ᠠᠷ ᠰᠠᠷ᠎ᠠ᠎ᠶ᠋ᠢᠨ 21 ᠎ᠤ ᠡᠳᠦᠷ᠂ ᠤᠯᠠᠭᠠᠨᠬᠠᠳᠠ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠬᠤᠶᠠᠷ ᠡᠳᠦᠷ᠎ᠤᠨ ᠬᠤᠭᠤᠴᠠᠭ᠎ᠠ᠎ᠲᠠᠢ ᠪᠥᠬᠦ᠌ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠵᠦ᠍᠂ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠲᠣᠪᠤᠢᠮ᠎ᠠ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠪᠣᠳᠠᠲᠠᠢᠵᠢᠭᠤᠯᠤᠨ ᠭᠦᠨᠵᠡᠭᠡᠢᠷᠡᠭᠦᠯᠬᠦ᠌᠎ᠶ᠋ᠢ ᠠᠬᠢᠭᠤᠯᠪᠠ᠃ ᠬᠤᠲᠠ᠂ ᠬᠤᠱᠢᠭᠤ ᠱᠢᠶᠠᠨ ᠲᠣᠭᠤᠷᠢᠭ᠎ᠤᠨ ᠡᠮᠴᠢᠯᠡᠭᠡᠨ᠎ᠤ ᠳᠠᠭᠠᠳᠭᠠᠯ᠎ᠤᠨ ᠱᠢᠰᠲ᠋ᠧᠮ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠵᠢᠴᠢ ᠠᠵᠢᠯᠲᠠᠨ᠂ ᠴᠡᠭ ᠲᠣᠭ᠍ᠲᠠᠭᠠᠭ᠍ᠰᠠᠨ ᠬᠡᠰᠡᠭ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠠᠵᠢᠯᠲᠠᠳ ᠪᠣᠯᠪᠠᠰᠤᠷᠠᠯ᠎ᠳᠤ ᠣᠷᠣᠯᠴᠠᠵᠠᠶ᠃

 

 

  ᠪᠣᠯᠪᠠᠰᠤᠷᠠᠯ᠎ᠨᠢ ᠪᠥᠬᠦ᠌ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠬᠦᠷᠢᠶᠡᠨ᠎ᠳᠠᠬᠢ ᠲᠤᠰᠭᠠᠶ ᠮᠡᠷᠭᠡᠵᠢᠯᠲᠡᠨ᠎ᠢ ᠤᠷᠢᠵᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠬᠦᠷᠢᠶᠡᠨ᠎ᠳᠠᠬᠢ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠲᠠᠰ ᠳᠠᠷᠠᠭᠠᠯᠠᠯ ᠪᠠ ᠡᠷᠬᠡ ᠬᠠᠷᠢᠭᠤᠴᠠᠯᠭ᠎ᠠ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠪᠢᠴᠢᠭ ᠬᠠᠷ᠎ᠠ ᠦᠢᠯᠡᠳᠬᠦ᠂ ᠡᠮᠴᠢᠯᠡᠭᠡᠨ᠎ᠤ ᠪᠠᠲᠤᠯᠠᠭ᠎ᠠ᠎ᠶ᠋ᠢᠨ ᠣᠶᠤᠨᠴᠢ ᠬᠢᠨᠠᠯᠲᠠ ᠬᠠᠮᠢᠶᠠᠷᠤᠯᠲᠠ ᠵᠡᠷᠭᠡ ᠮᠡᠳᠡᠭᠡ ᠵᠠᠩᠭᠢ᠎ᠶ᠋ᠢᠨ ᠲᠠᠪᠴᠠᠩ᠎ᠤᠨ ᠠᠵᠢᠯᠯᠠᠭ᠎ᠠ᠂ ᠲᠣᠭ᠍ᠲᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ 《 ᠨᠢᠰᠦᠯᠲᠡ᠎ᠶ᠋ᠢᠨ ᠪᠠᠢᠴᠠᠭᠠᠯᠲᠠ 》᠎ᠶ᠋ᠢᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠠᠰᠠᠭᠤᠳᠠᠯ᠎ᠤᠨ ᠵᠠᠳᠠᠯᠤᠯᠲᠠ᠂ ᠭᠠᠷ᠎ᠢᠶᠠᠷ ᠲᠠᠩᠰᠠ ᠲᠠᠢᠯᠬᠤ᠎ᠳᠤ ᠠᠩᠬᠠᠷᠬᠤ ᠵᠦᠢᠯᠡᠰ ᠵᠡᠷᠭᠡ ᠠᠭᠤᠯᠭ᠎ᠠ᠎ᠶ᠋ᠢ ᠲᠣᠰ ᠲᠣᠰ ᠲᠠᠢᠯᠪᠤᠷᠢᠯᠠᠪᠠ᠃ ᠱᠢᠰᠲ᠋ᠧᠮ ᠲᠠᠢ ᠣᠨᠣᠯ᠎ᠤᠨ ᠲᠠᠢᠯᠤᠮᠵᠢ᠂ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢᠨ ᠵᠠᠳᠠᠯᠤᠯᠲᠠ ᠪᠠ ᠦᠢᠯᠡᠳᠦᠯᠭᠡ᠎ᠶ᠋ᠢᠨ ᠲᠤᠷᠱᠢᠯᠭ᠎ᠠ᠎ᠶ᠋ᠢᠨ ᠲᠠᠨᠢᠯᠴᠠᠭᠤᠯᠭ᠎ᠠ᠎ᠪᠠᠷ ᠳᠠᠮᠵᠢᠭᠤᠯᠤᠨ᠂ ᠪᠥᠬᠦ᠌ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢ ᠤᠯᠠᠮ ᠨᠢᠭᠡ ᠠᠯᠬᠤᠮ ᠵᠢᠷᠤᠮᠵᠢᠭᠤᠯᠬᠤ᠂ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠲᠠᠪᠴᠠᠩ᠎ᠤᠨ ᠬᠡᠷᠡᠭ᠌ᠯᠡᠯᠲᠡ᠎ᠶ᠋ᠢ ᠴᠢᠩᠭᠠᠷᠠᠭᠤᠯᠬᠤ᠎ᠶ᠋ᠢ ᠪᠦᠲᠦᠮᠵᠢᠲᠡᠶ ᠠᠬᠢᠭᠤᠯᠵᠤ᠂ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠳᠣᠲᠣᠭᠠᠳᠤ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ᠎ᠳᠤ ᠬᠦᠴᠦᠨ ᠨᠡᠮᠡᠷᠢᠯᠡᠵᠦ᠍᠂ ᠭᠠᠷᠲᠠᠨ ᠭᠦᠢᠴᠡᠳᠭᠡᠬᠦ᠌ ᠬᠦᠷᠢᠶ᠎ᠡ ᠴᠠᠷᠠᠭ᠎ᠠ᠎ᠶ᠋ᠢᠨ ᠭᠤᠤᠯᠳᠠᠯᠭ᠎ᠠ᠎ᠲᠠᠢ ᠭᠤᠭ᠍ᠴᠤᠭ᠎ᠠ᠎ᠶ᠋ᠢᠨ ᠲᠦᠭ᠌ᠰᠢᠭᠦᠷᠢ᠎ᠶ᠋ᠢᠨ ᠳᠠᠯᠳᠠ ᠬᠡᠮ᠎ᠢ ᠰᠡᠷᠭᠡᠢ᠌ᠯᠡᠪᠡ᠃

  ᠤᠯᠠᠭᠠᠨᠬᠠᠳᠠ ᠬᠤᠲᠠ ᠪᠣᠯ ᠪᠥᠬᠦ᠌ ᠣᠷᠣᠨ᠎ᠤ ᠰᠠᠭᠤᠷᠢ ᠮᠥᠩᠭᠦ᠎ᠶ᠋ᠢᠨ ᠶᠡᠷᠦᠩᠬᠡᠶ ᠬᠡᠮᠵᠢᠶ᠎ᠡ᠂ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠤ ᠲᠤᠭ᠎ᠠ᠂ ᠲᠣᠭ᠍ᠲᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠬᠡᠪᠴᠢᠶ᠎ᠡ᠎ᠪᠠᠷ ᠬᠠᠮᠤᠭ᠎ᠤᠨ ᠶᠡᠭᠡ ᠭᠠᠵᠠᠷ ᠣᠷᠣᠨ ᠪᠣᠯᠤᠨ᠎ᠠ᠃ ᠣᠢᠷ᠎ᠠ᠎ᠶ᠋ᠢᠨ ᠵᠢᠯ᠎ᠳᠤ᠂ ᠬᠤᠲᠠ᠎ᠶ᠋ᠢᠨ ᠨᠠᠮ᠎ᠤᠨ ᠬᠤᠷᠢᠶ᠎ᠠ᠂ ᠬᠤᠲᠠ᠎ᠶ᠋ᠢᠨ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠢᠨᠠᠯᠲᠠ ᠵᠢᠯᠣᠭᠤᠳᠣᠯᠭ᠎ᠠ ᠳᠣᠤᠷ᠎ᠠ᠂ ᠪᠥᠬᠦ᠌ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠲᠣᠪᠤᠢᠮ᠎ᠠ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠰᠠᠭᠤᠷᠢ ᠮᠥᠩᠭᠦ᠎ᠶ᠋ᠢᠨ ᠠᠵᠢᠯᠯᠠᠭᠠᠨ᠎ᠤ ᠬᠢᠨᠠᠨ ᠬᠡᠮᠵᠢᠯᠲᠡ᠎ᠶ᠋ᠢ ᠴᠢᠩᠭᠠᠳᠭᠠᠬᠤ᠂ ᠪᠥᠬᠦ᠌ ᠶᠠᠪᠤᠴᠠ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠬᠦ᠂ ᠱᠢᠷᠢᠰ ᠲᠤᠰᠭᠠᠶ ᠠᠵᠢᠯᠯᠠᠭ᠎ᠠ ᠥᠷᠨᠢᠭᠦᠯᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠨᠢᠭ᠍ᠲᠠ ᠴᠢᠩᠭ᠎ᠠ ᠬᠦᠴᠦᠲᠡᠶ ᠪᠠᠢᠷᠢᠱᠢᠯ᠎ᠢ ᠢᠳᠡᠪᠬᠢᠲᠡᠶ ᠪᠠᠢᠭᠤᠯᠵᠤ᠂ ᠬᠠᠮᠢᠶ᠎ᠠ ᠪᠥᠬᠦᠶ ᠬᠡᠷᠡᠭ᠎ᠤᠨ ᠵᠢᠱ᠌ᠢᠶ᠎ᠡ᠎ᠨᠢ ᠪᠥᠬᠦ᠌ ᠤᠯᠤᠰ᠎ᠤᠨ ᠨᠡᠢᠲᠡᠯᠢᠭ ᠵᠢᠱ᠌ᠢᠶ᠎ᠡ᠎ᠪᠠᠷ ᠰᠣᠩᠭᠤᠭ᠍ᠳᠠᠵᠤ᠂ ᠱᠠᠲᠤ ᠦᠶ᠎ᠡ᠎ᠶ᠋ᠢᠨ ᠴᠢᠨᠠᠷᠲᠠᠶ ᠦᠷ᠎ᠡ ᠪᠦᠲᠦᠮᠵᠢ ᠤᠯᠪᠠ᠃ ᠲᠠᠷᠠᠭᠠᠴᠢ᠎ᠶ᠋ᠢᠨ ᠠᠯᠬᠤᠮ᠎ᠳᠤ᠂ ᠪᠥᠬᠦ᠌ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠱᠢᠰᠲ᠋ᠧᠮ᠎ᠤᠨ᠎ᠬᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠴᠢᠩᠭᠠᠳᠭᠠᠵᠤ᠂ ᠬᠠᠤᠯᠢ ᠬᠡᠷᠡᠭ᠌ᠵᠢᠭᠦᠯᠬᠦ᠌ ᠴᠤᠪᠤᠷᠠᠯ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠬᠤᠢ ᠲᠠᠯᠠᠪᠠᠢ᠎ᠶᠢᠨ ᠪᠤᠰᠤ ᠬᠢᠨᠠᠯᠲᠠ ᠬᠠᠮᠢᠶᠠᠷᠤᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠥᠨᠳᠥᠷ ᠬᠡᠪ ᠪᠣᠯᠪᠠᠰᠤᠷᠠᠯ᠎ᠲᠠᠢ ᠬᠢᠨᠠᠯᠲᠠ ᠬᠠᠮᠢᠶᠠᠷᠤᠯᠲᠠ᠎ᠶ᠋ᠢᠨ ᠡᠩᠨᠡᠭᠡ᠎ᠶ᠋ᠢ ᠪᠠᠢᠭᠤᠯᠵᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠠᠮᠤᠷ ᠲᠦᠪᠱᠢᠨ ᠥᠨᠳᠥᠷ ᠪᠦᠲᠦᠮᠵᠢᠲᠡᠶ ᠠᠵᠢᠯᠯᠠᠬᠤ᠎ᠶ᠋ᠢ ᠦᠨᠡᠨ ᠬᠦ᠌ ᠪᠠᠲᠤᠯᠠᠵᠤ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠤ 《 ᠡᠪᠡᠳᠴᠢᠨ ᠦᠵᠡᠭᠦᠯᠬᠦ᠌ ᠵᠣᠭᠤᠰ》 ᠂ 《ᠠᠮᠢ ᠠᠪᠤᠷᠠᠬᠤ ᠵᠣᠭᠤᠰ 》᠎ᠢ ᠰᠠᠢᠲᠤᠷ ᠰᠠᠬᠢᠨ ᠬᠠᠮᠠᠭ᠋ᠠᠯᠠᠬᠤ ᠪᠣᠯᠣᠨ᠎ᠠ ᠪᠤᠯᠤᠨ᠎ᠠ᠃

ᠢᠷᠡᠯᠲᠡ᠄ ᠤᠯᠠᠭᠠᠨᠬᠠᠳᠠ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            