ᠨᠢᠭᠡ ᠂ ᠬᠤᠪᠢ ᠬᠥᠮᠦᠨ᠎ᠤ ᠰᠦᠢᠳᠬᠡᠯ ᠲᠤᠰᠢᠶᠠᠬᠤ ᠪᠠᠷᠢᠮᠵᠢᠶ᠎ᠠ
2026 ᠣᠨ᠎ᠳᠤ ᠪᠥᠬᠦ ᠬᠤᠲᠠ᠎ᠶᠢᠨ ᠬᠤᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠬᠤᠪᠢ ᠬᠥᠮᠦᠨ᠎ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠦᠨ ᠪᠦᠷᠢ 400 ᠲᠥᠭᠦᠷᠢᠭ ᠪᠣᠯᠤᠨ᠎ᠠ ᠃
ᠬᠤᠶᠠᠷ ᠂ ᠳᠠᠭᠠᠳᠬᠠᠯ᠎ᠳᠤ ᠣᠷᠣᠯᠴᠠᠬᠤ ᠴᠠᠭ ᠬᠤᠭᠤᠴᠠᠭ᠎ᠠ
2025 ᠣᠨ᠎ᠤ 9 ᠳ᠋ᠦ᠍ᠭᠡᠷ ᠰᠠᠷ᠎ᠠ᠎ᠶᠢᠨ 22᠎ᠤᠨ ᠡᠳᠦᠷ᠎ᠠᠴᠠ 12 ᠳ᠋ᠤᠭᠠᠷ ᠰᠠᠷ᠎ᠠ᠎ᠶᠢᠨ 31᠎ᠤ ᠡᠳᠦᠷ ᠪᠣᠯᠲᠠᠯ᠎ᠠ ᠲᠥᠪᠯᠡᠷᠡᠭᠦᠯᠦᠨ ᠳᠠᠭᠠᠳᠬᠠᠯ᠎ᠳᠤ ᠣᠷᠣᠯᠴᠠᠬᠤ ᠬᠤᠭᠤᠴᠠᠭ᠎ᠠ ᠪᠣᠯᠤᠨ᠎ᠠ ᠂ ᠳᠠᠷᠠᠭ᠎ᠠ ᠵᠢᠯ᠎ᠤᠨ ᠬᠤᠪᠢ ᠬᠥᠮᠦᠨ᠎ᠤ ᠰᠦᠢᠳᠬᠡᠯ ᠲᠤᠰᠢᠶᠠᠬᠤ ᠬᠡᠰᠡᠭ᠎ᠢ ᠬᠤᠷᠢᠶᠠᠨ᠎ᠠ ᠃ ᠳᠠᠭᠠᠳᠬᠠᠯ᠎ᠳᠤ ᠣᠷᠣᠯᠴᠠᠭᠰᠠᠳ ᠲᠥᠪᠯᠡᠷᠡᠭᠦᠯᠦᠨ ᠳᠠᠭᠠᠳᠬᠠᠯ᠎ᠳᠤ ᠣᠷᠣᠯᠴᠠᠬᠤ ᠬᠤᠭᠤᠴᠠᠭᠠᠨ᠎ᠳᠤ ᠰᠦᠢᠳᠬᠡᠯ ᠲᠤᠰᠢᠶᠠᠪᠠᠯ ᠵᠣᠬᠢᠨ᠎ᠠ ᠂ ᠳᠠᠭᠠᠳᠬᠠᠯ᠎ᠳᠤ ᠣᠷᠣᠯᠴᠠᠭᠰᠠᠳ ᠣᠨ᠎ᠢᠶᠠᠷ ᠰᠦᠢᠳᠬᠡᠯ ᠲᠤᠰᠢᠶᠠᠭᠰᠠᠨ᠎ᠤ ᠳᠠᠷᠠᠭ᠎ᠠ ᠂ 2026 ᠣᠨ᠎ᠤ 1 ᠳ᠋ᠦ᠍ᠭᠡᠷ ᠰᠠᠷ᠎ᠠ᠎ᠶᠢᠨ 1᠎ᠤ ᠡᠳᠦᠷ᠎ᠠᠴᠠ 2026 ᠣᠨ᠎ᠤ 12 ᠳ᠋ᠤᠭᠠᠷ ᠰᠠᠷ᠎ᠠ᠎ᠶᠢᠨ 31᠎ᠤ ᠡᠳᠦᠷ ᠪᠣᠯᠲᠠᠯ᠎ᠠ ᠬᠤᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠣᠯᠭᠤᠮᠵᠢ ᠭᠥᠷᠳᠡᠨ᠎ᠡ ᠃
ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ ᠂ ᠬᠦᠳᠡᠯᠦᠩᠭᠦᠢ᠎ᠪᠡᠷ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶ᠋ᠢᠭ᠎ᠠ ᠬᠥᠮᠦᠰ ᠂ ᠥᠨᠥᠴᠢᠨ ᠬᠡᠤᠬᠡᠳ ᠂ ᠬᠤᠲᠠ ᠬᠥᠳᠡᠭᠡ᠎ᠶᠢᠨ ᠠᠮᠢᠳᠤᠷᠠᠯ᠎ᠤᠨ ᠨᠠᠭᠠᠳᠤ ᠵᠠᠬ᠎ᠠ᠎ᠶᠢᠨ ᠪᠠᠲᠤᠯᠠᠭ᠎ᠠ ᠬᠦᠷᠲᠡᠵᠦ ᠪᠠᠶ᠋ᠢᠭ᠎ᠠ ᠡᠷᠦᠬᠡ ᠂ ᠶᠠᠳᠠᠭᠤ᠎ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠂ ᠵᠠᠬ᠎ᠠ ᠬᠢᠵᠠᠭᠠᠷ᠎ᠤᠨ ᠠᠮᠠᠷᠬᠠᠨ ᠶᠠᠳᠠᠭᠤᠷᠠᠬᠤ ᠡᠷᠦᠬᠡ ᠂ ᠭᠡᠨᠡᠳᠲᠡ᠎ᠶᠢᠨ ᠬᠦᠨᠳᠦ ᠨᠣᠴᠢᠲᠠᠶ ᠬᠦᠴᠢᠷᠳᠡᠯ᠎ᠲᠠᠢ ᠡᠷᠦᠬᠡ ᠂ ᠨᠢᠭᠡᠳᠦᠭᠡᠷ ᠳᠡᠰ ᠪᠠ ᠬᠤᠶᠠᠳᠤᠭᠠᠷ ᠳᠡᠰ᠎ᠤᠨ ᠵᠡᠮᠳᠡᠭᠴᠦᠳ ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ ᠵᠢᠴᠢ ᠴᠡᠷᠢᠭ᠎ᠢ ᠳᠠᠭᠠᠵᠤ ᠠᠵᠢᠯ ᠣᠯᠤᠭᠠᠳᠤᠶ ᠴᠡᠷᠢᠭ᠎ᠤᠨ ᠬᠠᠨᠢ ᠨᠥᠬᠦᠷ ᠂ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭᠠᠨ᠎ᠤ ᠬᠤᠪᠢ ᠬᠥᠮᠦᠨ᠎ᠤ ᠰᠦᠢᠳᠭᠡᠯ ᠲᠤᠰᠢᠶᠠᠬᠤ ᠪᠠᠷᠢᠮᠵᠢᠶ᠎ᠠ ᠶᠣᠰᠣᠭᠠᠷ ᠳᠠᠭᠠᠳᠬᠠᠯ᠎ᠳᠤ ᠣᠷᠣᠯᠴᠠᠵᠤ ᠂ ᠳᠠᠭᠠᠳᠬᠠᠯ᠎ᠳᠤ ᠣᠷᠣᠯᠴᠠᠭᠰᠠᠨ ᠡᠳᠦᠷ᠎ᠠᠴᠠ ᠡᠬᠢᠯᠡᠨ ᠬᠤᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭᠠᠳᠬᠠᠯ᠎ᠤᠨ ᠣᠯᠭᠤᠮᠵᠢ ᠭᠥᠷᠳᠡᠨ᠎ᠡ; ᠲᠣᠰ ᠵᠢᠯ᠎ᠳᠤ ᠲᠥᠷᠥᠭᠰᠡᠨ ᠨᠢᠯᠬ᠎ᠠ ᠬᠡᠦᠬᠡᠳ (ᠦᠬᠦᠭᠰᠡᠨ ᠨᠢᠯᠬ᠎ᠠ ᠬᠡᠦᠬᠡᠳ᠎ᠢ ᠪᠠᠭᠲᠠᠭᠠᠨ᠎ᠠ) ᠲᠥᠷᠥᠭᠰᠡᠨ ᠡᠳᠦᠷ᠎ᠠᠴᠠ᠎ᠪᠠᠨ 90 ᠡᠳᠦᠷ᠎ᠤᠨ ᠳᠣᠲᠣᠷ᠎ᠠ ᠳᠠᠭᠠᠳᠬᠠᠯ᠎ᠳᠤ ᠣᠷᠣᠯᠴᠠᠵᠤ ᠰᠦᠢᠳᠬᠡᠯ ᠲᠤᠰᠢᠶᠠᠭᠰᠠᠨ ᠪᠠᠶ᠋ᠢᠪᠠᠯ ᠲᠥᠷᠥᠭᠰᠡᠨ ᠡᠳᠦᠷ᠎ᠠᠴᠠ᠎ᠪᠠᠨ ᠡᠬᠢᠯᠡᠵᠦ ᠣᠯᠭᠤᠮᠵᠢ ᠬᠦᠷᠲᠡᠨ᠎ᠡ; ᠲᠤᠬᠠᠶ᠎ᠶᠢᠨ ᠵᠢᠯ᠎ᠳᠤ ᠠᠵᠢᠯᠲᠠᠨ ᠠᠵᠢᠯᠴᠢᠨ᠎ᠤ ᠡᠮᠴᠢᠯᠡᠭᠡᠨ᠎ᠦ ᠳᠠᠭᠠᠳᠬᠠᠯ᠎ᠨᠢ ᠰᠦᠢᠳᠬᠡᠯ ᠲᠤᠰᠢᠶᠠᠬᠤ᠎ᠪᠠᠨ ᠲᠠᠰᠤᠯᠳᠠᠭᠤᠯᠤᠭᠰᠠᠨ 3 ᠰᠠᠷ᠎ᠠ᠎ᠶᠢᠨ ᠳᠣᠲᠣᠷ᠎ᠠ ᠬᠤᠲᠠ ᠬᠥᠳᠡᠭᠡ᠎ᠶᠢᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠭᠰᠠᠨ ᠬᠥᠮᠦᠰ ᠰᠦᠢᠳᠬᠡᠯ ᠲᠤᠰᠢᠶᠠᠭᠰᠠᠨ ᠡᠳᠦᠷ᠎ᠠᠴᠠ᠎ᠪᠡᠨ ᠡᠬᠢᠯᠡᠨ ᠣᠯᠭᠤᠮᠵᠢ ᠭᠥᠷᠳᠡᠵᠦ ᠂ ᠬᠦᠯᠢᠶᠡᠬᠦ ᠬᠤᠭᠤᠴᠠᠭ᠎ᠠ ᠭᠠᠷᠭᠠᠬᠤ ᠥᠬᠡᠶ ᠃ ᠪᠣᠰᠤᠳ ᠳᠠᠭᠠᠳᠬᠠᠯ᠎ᠳᠤ ᠣᠷᠣᠯᠴᠠᠭᠰᠠᠳ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ ᠂ ᠲᠥᠪᠯᠡᠷᠡᠭᠦᠯᠦᠨ ᠰᠦᠢᠳᠭᠡᠯ ᠲᠤᠰᠢᠶᠠᠬᠤ ᠬᠤᠭᠤᠴᠠᠭᠠᠨ᠎ᠤ ᠬᠤᠪᠢ ᠬᠥᠮᠦᠨ᠎ᠤ ᠰᠦᠢᠳᠭᠡᠯ ᠲᠤᠰᠢᠶᠠᠬᠤ ᠪᠠᠷᠢᠮᠵᠢᠶ᠎ᠠ ᠶᠣᠰᠣᠭᠠᠷ ᠳᠠᠭᠠᠳᠬᠠᠯ᠎ᠳᠤ ᠣᠷᠣᠯᠴᠠᠵᠤ ᠂ 3 ᠰᠠᠷ᠎ᠠ᠎ᠶᠢᠨ ᠬᠠᠷᠠᠭᠠᠯᠵᠠᠯ ᠬᠦᠯᠢᠶᠡᠬᠦ ᠬᠤᠭᠤᠴᠠᠭ᠎ᠠ ᠳᠣᠭᠢᠷᠠᠭᠤᠯᠤᠨ᠎ᠠ ᠃
ᠭᠤᠷᠪᠠ ᠂ ᠳᠠᠭᠠᠳᠬᠠᠯ᠎ᠳᠤ ᠣᠷᠣᠯᠴᠠᠬᠤ ᠠᠷᠭ᠎ᠠ ᠮᠠᠶᠢᠭ᠋
ᠡᠯ᠎ᠡ ᠬᠤᠰᠢᠭᠤ ᠲᠣᠭᠤᠷᠢᠭ᠋᠎ᠤᠨ ᠭᠠᠶ᠋ᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠣᠰᠣᠭᠠᠷ ᠬᠤᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠰᠦᠢᠳᠬᠡᠯ᠎ᠢ ᠬᠤᠷᠢᠶᠠᠨ᠎ᠠ ᠃ ᠶᠢᠨ ᠰᠠᠨ ᠨᠡᠶ᠋ᠢᠭᠡᠮ᠎ᠤᠨ ᠳᠠᠭᠠᠳᠬᠠᠯ᠎ᠤᠨ ᠵᠠᠷᠤᠳᠠᠯ᠎ᠢ ᠬᠤᠷᠢᠶᠠᠬᠤ ᠰᠢᠰᠲᠧᠮᠳᠤ ᠲᠦᠰᠢᠭᠯᠡᠨ ᠣᠯᠠᠨ ᠵᠦᠢᠯ᠎ᠤᠨ ᠰᠦᠢᠳᠬᠡᠯ ᠲᠤᠰᠢᠶᠠᠬᠤ ᠠᠷᠭ᠎ᠠ ᠵᠠᠮ᠎ᠢ ᠨᠡᠭᠡᠭᠡᠵᠦ ᠂ ᠲᠤᠬᠠᠶ᠋ᠢᠯᠠᠭᠰᠠᠨ ᠠᠵᠢᠯ᠎ᠤᠨ ᠭᠦᠢᠴᠡᠳᠭᠡᠬᠦ ᠴᠤᠪᠤᠷᠠᠯ᠎ᠢ ᠤᠯᠠᠮ ᠨᠢᠭᠡ ᠠᠯᠬᠤᠮ ᠳᠥᠭᠦᠮᠴᠢᠯᠡᠵᠦ ᠂ ᠳᠠᠭᠠᠳᠬᠠᠯ᠎ᠳᠤ ᠣᠷᠣᠯᠴᠠᠬᠤ ᠣᠯᠠᠨ ᠲᠦᠮᠡᠨ᠎ᠤ 《ᠡᠮᠴᠢᠯᠡᠭᠡᠨ᠎ᠤ ᠳᠠᠭᠠᠳᠬᠠᠯ᠎ᠢ ᠣᠷᠳᠣᠰ ᠬᠠᠪᠰᠤᠷᠤᠨ ᠭᠦᠢᠴᠡᠳᠭᠡᠬᠦ》 ᠸᠢᠴᠠᠲ᠎ᠤᠨ ᠵᠢᠵᠢᠭ ᠫᠷᠤᠭ᠌ᠷᠠᠮ ᠂ ᠸᠢᠴᠠᠲ᠎ᠤᠨ ᠬᠤᠲᠠ᠎ᠶᠢᠨ ᠦᠢᠯᠡᠴᠢᠯᠡᠭᠡ ᠂ ᡁᠢ ᠹᠦ ᠪᠣᠣ ᠬᠤᠲᠠ᠎ᠶᠢᠨ ᠠᠷᠠᠳ᠎ᠤᠨ ᠲᠥᠪ ᠂ ᠮᠥᠩᠬᠡ ᠰᠣᠪᠠᠭ ᠂ ᠭᠠᠶ᠋ᠢᠯᠢ᠎ᠶᠢᠨ ᠶᠠᠪᠤᠳᠠᠯ᠎ᠤᠨ ᠭᠠᠷ ᠤᠲᠠᠰᠤᠨ᠎ᠤ APP ᠡᠯᠸᠺᠲᠷᠤᠨ ᠭᠠᠶ᠋ᠢᠯᠢ᠎ᠶᠢᠨ ᠶᠠᠪᠤᠳᠠᠯ᠎ᠤᠨ ᠲᠣᠪᠴᠢᠶ᠎ᠠ᠎ᠶᠢᠨ WEB ᠦᠵᠦᠭᠦᠷ ᠵᠡᠷᠭᠡ 《ᠰᠦᠯᠵᠢᠶᠡᠨ ᠳᠡᠭᠡᠷ᠎ᠡ》 ᠰᠦᠢᠳᠭᠡᠯ ᠲᠤᠰᠢᠶᠠᠬᠤ ᠂ ᠭᠠᠶ᠋ᠢᠯᠢ᠎ᠶᠢᠨ ᠶᠠᠪᠤᠳᠠᠯ᠎ᠤᠨ ᠪᠣᠳᠠᠲᠤ ᠴᠣᠭᠴᠠ᠎ᠶᠢᠨ ᠶᠡᠭᠡ ᠲᠢᠩᠬᠢᠮ ᠂ ᠬᠠᠮᠲᠤᠷᠠᠯᠴᠠᠭᠠᠨ᠎ᠤ ᠪᠠᠩᠬᠢ (ᠪᠥᠲᠥᠭᠡᠨ ᠪᠠᠶ᠋ᠢᠭᠤᠯᠤᠯᠲᠠ᠎ᠶᠢᠨ ᠪᠠᠩᠬᠢ ᠂ ᠭᠤᠸᠠᠩ ᠳᠠ ᠪᠠᠩᠬᠢ ᠵᠡᠷᠭᠡ)᠎ᠪᠠᠷ ᠳᠠᠮᠵᠢᠭᠤᠯᠤᠨ ᠯᠠᠩᠭᠦᠶ ᠂ ᠪᠥᠲᠥᠭᠡᠨ ᠪᠠᠶ᠋ᠢᠭᠤᠯᠤᠯᠲᠠ᠎ᠶᠢᠨ ᠪᠠᠩᠬᠢ᠎ᠶᠢᠨ ᠢᠦᠶ ᠨᠦᠩ ᠲᠦᠩ ᠂ ᠣᠷᠣᠯᠠᠨ ᠬᠤᠷᠢᠶᠠᠬᠤ ᠨᠢᠭᠡᠴᠢ᠎ᠶᠢᠨ ᠬᠡᠷᠡᠭᠯᠡᠭᠴᠢ᠎ᠶᠢᠨ ᠦᠵᠦᠭᠦᠷ ᠂ ᠨᠡᠶ᠋ᠢᠭᠡᠮ ᠲᠣᠭᠤᠷᠢᠭ᠋ (ᠲᠣᠰᠬᠤᠨ ᠳᠤᠭᠤᠶ᠋ᠢᠯᠠᠩ)᠎ᠤᠨ ᠡᠭᠦᠯᠡᠨ POS ᠺᠠᠷᠲ᠎ᠢᠶᠠᠷ ᠰᠦᠢᠳᠭᠡᠯ ᠲᠤᠰᠢᠶᠠᠬᠤ ᠦᠵᠦᠭᠦᠷ ᠵᠡᠷᠭᠡ 《ᠰᠦᠯᠵᠢᠶᠡᠨ ᠭᠠᠳᠠᠨᠠᠬᠢ》 ᠰᠦᠢᠳᠭᠡᠯ ᠲᠤᠰᠢᠶᠠᠬᠤ᠎ᠶᠢ ᠪᠠᠲᠤᠯᠠᠨ᠎ᠠ ᠃
ᠳᠥᠷᠪᠡ ᠂ ᠬᠤᠯᠪᠣᠭᠳᠠᠯ ᠪᠦᠬᠦᠢ ᠬᠥᠮᠦᠰ᠎ᠤᠨ ᠰᠦᠢᠳᠬᠡᠯ ᠲᠤᠰᠢᠶᠠᠵᠤ ᠳᠠᠭᠠᠳᠬᠠᠯ᠎ᠳᠤ ᠣᠷᠣᠯᠴᠠᠬᠤ
1. ᠲᠣᠰ ᠬᠤᠲᠠ᠎ᠶᠢᠨ ᠡᠷᠦᠬᠡ ᠠᠮᠠ᠎ᠲᠠᠢ ᠣᠨᠴᠠ ᠬᠦᠴᠢᠷᠳᠡᠯᠲᠡᠢ ᠬᠥᠮᠥᠰ ᠂ ᠥᠨᠥᠴᠢᠨ ᠬᠡᠦᠬᠡᠳ ᠂ ᠨᠢᠭᠡᠳᠦᠭᠡᠷ ᠳᠡᠰ ᠪᠠ ᠬᠤᠶᠠᠳᠤᠭᠠᠷ ᠳᠡᠰ᠎ᠤᠨ ᠵᠡᠮᠳᠡᠭᠴᠦᠳ (ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠭᠰᠡᠨ ᠬᠦᠮᠦᠰ᠎ᠢ ᠪᠠᠭᠲᠠᠭᠠᠨ᠎ᠠ)᠎ᠤᠨ ᠬᠤᠪᠢ ᠬᠥᠮᠥᠨ᠎ᠤ ᠰᠦᠢᠳᠬᠡᠯ ᠲᠤᠰᠢᠶᠠᠬᠤ ᠬᠡᠰᠡᠭ᠎ᠢ ᠬᠤᠰᠢᠭᠤ ᠲᠣᠭᠤᠷᠢᠭ᠋᠎ᠤᠨ ᠵᠠᠰᠠᠭ᠎ᠤᠨ ᠣᠷᠳᠣᠨ᠎ᠠᠴᠠ ᠪᠥᠬᠦ ᠲᠤᠭ᠎ᠠ᠎ᠪᠠᠷ ᠲᠤᠰᠠᠯᠠᠨ᠎ᠠ ᠃
2. ᠲᠣᠰ ᠬᠤᠲᠠ᠎ᠶᠢᠨ ᠡᠷᠦᠬᠡ ᠠᠮᠠ᠎ᠲᠠᠢ ᠬᠤᠲᠠ ᠬᠥᠳᠡᠭᠡ᠎ᠶᠢᠨ ᠠᠮᠢᠳᠤᠷᠠᠯ᠎ᠤᠨ ᠨᠠᠭᠠᠳᠤ ᠵᠠᠬ᠎ᠠ᠎ᠶᠢᠨ ᠪᠠᠲᠤᠯᠠᠭ᠎ᠠ ᠬᠦᠷᠲᠡᠭᠰᠡᠳ ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠤᠨ ᠮᠠᠭᠠᠳᠯᠠᠨ ᠲᠣᠭᠲᠠᠭᠠᠭᠰᠠᠨ ᠬᠢᠨᠠᠨ ᠰᠢᠯᠭᠠᠬᠤ ᠡᠲᠡᠭᠡᠳ (ᠶᠠᠳᠠᠭᠤ᠎ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠂ ᠵᠠᠬ᠎ᠠ ᠬᠢᠵᠠᠭᠠᠷ᠎ᠤᠨ ᠠᠮᠠᠷᠬᠠᠨ ᠶᠠᠳᠠᠭᠤᠷᠠᠬᠤ ᠬᠥᠮᠦᠰ ᠪᠠ ᠭᠡᠨᠡᠳᠲᠡ᠎ᠶᠢᠨ ᠬᠦᠨᠳᠦ ᠨᠣᠴᠢᠲᠠᠶ ᠬᠦᠴᠢᠷᠳᠡᠯ᠎ᠲᠠᠢ ᠡᠷᠦᠬᠡ) ᠂ ᠶᠠᠳᠠᠭᠤ᠎ᠠᠴᠠ ᠠᠩᠭᠢᠵᠢᠷᠠᠭᠰᠠᠨ ᠲᠥᠷᠥ᠎ᠶᠢᠨ ᠪᠣᠳᠣᠯᠭ᠎ᠠ ᠭᠥᠷᠳᠡᠬᠦ ᠬᠥᠮᠦᠰ ᠂ ᠳᠠᠬᠢᠨ ᠶᠠᠳᠠᠭᠤᠷᠠᠭᠰᠠᠨ ᠬᠥᠮᠦᠨ ᠠᠮᠠ (ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠭᠰᠡᠨ ᠬᠦᠮᠦᠰ᠎ᠢ ᠪᠠᠭᠲᠠᠭᠠᠨ᠎ᠠ) ᠂ 《ᠭᠤᠶᠤᠴᠢᠯᠠᠨ ᠮᠡᠳᠡᠭᠦᠯᠬᠦ ᠥᠬᠡᠶ᠎ᠪᠠᠷ ᠡᠳ᠋ᠯᠡᠬᠦ》 ᠰᠦᠢᠳᠭᠡᠯ ᠲᠤᠰᠢᠶᠠᠬᠤ ᠵᠠᠭᠪᠤᠷ᠎ᠢ ᠬᠡᠷᠡᠭᠵᠢᠭᠦᠯᠵᠦ ᠂ ᠳᠠᠭᠠᠳᠬᠠᠯ᠎ᠳᠤ ᠣᠷᠣᠯᠴᠠᠭᠰᠠᠳ ᠬᠤᠪᠢ ᠬᠥᠮᠦᠨ᠎ᠤ ᠬᠡᠰᠡᠭ᠎ᠦᠨ 50 ᠲᠥᠭᠦᠷᠢᠭ ᠲᠤᠰᠢᠶᠠᠵᠤ ᠂ ᠡᠯ᠎ᠡ ᠬᠤᠰᠢᠭᠤ ᠲᠣᠭᠤᠷᠢᠭ᠋᠎ᠨᠢ ᠬᠥᠮᠦᠨ ᠪᠦᠷᠢ᠎ᠳᠤ 350 ᠲᠥᠭᠦᠷᠢᠭ᠎ᠢᠶᠠᠷ ᠲᠤᠰᠠᠯᠠᠨ᠎ᠠ ᠃
3. 《ᠨᠢᠯᠬ᠎ᠠ ᠬᠡᠦᠬᠡᠳ ᠲᠥᠷᠥᠭᠰᠡᠨ ᠠᠨᠠᠭᠠᠬᠤ ᠤᠬᠠᠭᠠᠨ᠎ᠤ ᠦᠨᠡᠮᠯᠡᠯᠢᠶᠠᠷᠢᠶᠠᠨ ᠬᠤᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠬᠤ ᠲᠤᠬᠠᠶ ᠮᠡᠳᠡᠭᠳᠡᠯ》 (ᠥᠪᠥᠷ ᠡᠮᠴᠢᠯᠡᠭᠡᠨ᠎ᠦ ᠳᠠᠭᠠᠳᠬᠠᠯ᠎ᠤᠨ ᠠᠯᠪᠠᠨ ᠥᠰᠥᠭ [2024] 70 ᠳ᠋ᠤᠭᠠᠷ ᠲᠣᠭᠠᠲᠤ) ᠪᠠ 《ᠨᠢᠯᠬ᠎ᠠ ᠬᠡᠦᠬᠡᠳ᠎ᠤᠨ 〈ᠨᠢᠭᠡ ᠶᠠᠪᠤᠳᠠᠯ 〉᠎ᠤᠨ ᠪᠥᠬᠦ ᠶᠠᠪᠤᠴᠠ᠎ᠶᠢ ᠰᠦᠯᠵᠢᠶᠡᠨ ᠳᠡᠭᠡᠷ᠎ᠡ ᠭᠦᠢᠴᠡᠳᠭᠡᠬᠦ᠎ᠶᠢ ᠠᠬᠢᠭᠤᠯᠬᠤ ᠲᠤᠬᠠᠶ ᠣᠷᠳᠣᠰ ᠬᠤᠲᠠ᠎ᠶᠢᠨ 〈ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢᠴᠡᠳᠭᠡᠬᠦ 〉 ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠮᠡᠳᠡᠭᠳᠡᠯ》 (ᠣᠷᠳᠣᠰ ᠵᠠᠰᠠᠭ᠎ᠤᠨ ᠶᠠᠪᠤᠳᠠᠯ᠎ᠤᠨ ᠲᠠᠷᠬᠠᠭᠠᠭᠰᠠᠨ [2022] 7 ᠳ᠋ᠤᠭᠠᠷ ᠲᠣᠭᠠᠲᠤ)᠎ᠤᠨ ᠱᠠᠭᠠᠷᠳᠠᠯᠭ᠎ᠠ ᠶᠣᠰᠣᠭᠠᠷ ᠂ ᠨᠢᠯᠬ᠎ᠠ ᠬᠡᠦᠬᠡᠳ᠎ᠤᠨ ᠳᠠᠭᠠᠳᠬᠠᠯ᠎ᠳᠤ ᠣᠷᠣᠯᠴᠠᠬᠤ ᠠᠵᠢᠯ᠎ᠢ ᠪᠥᠬᠦ ᠲᠠᠯ᠎ᠠ᠎ᠪᠠᠷ ᠰᠠᠶ᠋ᠢᠲᠤᠷ ᠬᠢᠨ᠎ᠡ ᠃
4. ᠳᠠᠭᠠᠳᠬᠠᠯ᠎ᠳᠤ ᠣᠷᠣᠯᠴᠠᠭᠰᠠᠳ ᠣᠯᠠᠨ ᠲᠠᠯ᠎ᠠ᠎ᠶᠢᠨ ᠪᠡᠶ᠎ᠡ᠎ᠶᠢᠨ ᠭᠠᠷᠤᠯ ᠲᠠᠢ ᠪᠠᠶ᠋ᠢᠪᠠᠯ ᠂ ᠬᠠᠮᠤᠭ ᠥᠨᠳᠥᠷ ᠵᠠᠷᠴᠢᠮ᠎ᠢᠶᠠᠷ ᠲᠤᠰᠠᠯᠠᠵᠤ ᠳᠠᠭᠠᠳᠬᠠᠯ᠎ᠳᠤ ᠣᠷᠣᠭᠤᠯᠤᠨ᠎ᠠ ᠃ ᠡᠯ᠎ᠡ ᠬᠤᠰᠢᠭᠤ ᠲᠣᠭᠤᠷᠢᠭ᠋᠎ᠤᠨ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠳ ᠠᠵᠢᠯ᠎ᠤᠨ ᠡᠭᠦᠷᠭᠡ ᠬᠠᠷᠢᠭᠤᠴᠠᠯᠭ᠎ᠠ ᠶᠣᠰᠣᠭᠠᠷ᠎ᠢᠶᠠᠨ ᠂ ᠣᠷᠣᠯᠠᠨ ᠲᠤᠰᠢᠶᠠᠬᠤ ᠬᠥᠮᠦᠰ᠎ᠤᠨ ᠪᠡᠶ᠎ᠡ᠎ᠶᠢᠨ ᠭᠠᠷᠤᠯ᠎ᠢ ᠨᠣᠲᠠᠯᠠᠨ ᠲᠣᠭᠲᠠᠭᠠᠬᠤ ᠵᠢᠴᠢ ᠲᠤᠰᠠᠯᠠᠵᠤ ᠳᠠᠭᠠᠳᠬᠠᠯ᠎ᠳᠤ ᠣᠷᠣᠯᠴᠠᠬᠤ ᠵᠠᠷᠤᠳᠠᠯ᠎ᠢ ᠨᠠᠶ᠋ᠢᠳᠠᠪᠤᠷᠢᠵᠢᠭᠤᠯᠬᠤ ᠠᠵᠢᠯ᠎ᠢ ᠬᠠᠷᠢᠭᠤᠴᠠᠨ᠎ᠠ ᠃ ᠲᠤᠰᠠᠯᠠᠵᠦ ᠲᠠᠭᠠᠳᠬᠠᠯ᠎ᠳᠤ ᠤᠷᠤᠨᠨᠰᠠᠨ ᠭᠦᠮᠦᠰ᠎ᠤᠨ ᠪᠡᠶ᠎ᠡ᠎ᠶᠢᠨ ᠭᠠᠷᠤᠯ᠎ᠢ ᠭᠦᠳᠡᠯᠦᠩᠬᠦᠢ᠎ᠪᠠᠷ ᠲᠤᠬᠢᠷᠠᠭᠤᠯᠬᠤ᠎ᠳᠤ ᠬᠤᠯᠪᠤᠨᠨᠳᠠᠪᠠᠯ ᠂ ᠡᠯ᠎ᠡ ᠬᠤᠰᠢᠭᠤ ᠲᠤᠭᠤᠷᠢᠭ᠋᠎ᠤᠨ ᠬᠤᠯᠪᠤᠨᠨᠳᠠᠯ ᠪᠦᠭᠦᠢ ᠡᠭᠦᠷᠬᠡ ᠴᠢᠳᠠᠮᠵᠢᠳᠤ ᠰᠠᠯᠠᠭ᠎ᠠ ᠮᠦᠴᠢᠷ᠎ᠨᠢ ᠡᠮᠴᠢᠯᠡᠬᠡᠨ᠎ᠤ ᠲᠠᠭᠠᠳᠬᠠᠯ᠎ᠤᠨ ᠰᠠᠯᠠᠭ᠎ᠠ ᠮᠦᠴᠢᠷ᠎ᠲᠤ ᠴᠠᠭ ᠲᠤᠬᠠᠢᠳᠤᠨᠢ ᠮᠡᠳᠡᠬᠡᠯᠡᠬᠦ᠎ᠶᠢᠨ ᠬᠠᠮᠳᠤ ᠂ ᠲᠤᠰᠠᠯᠠᠵᠤ ᠲᠠᠭᠠᠳᠬᠠᠯ᠎ᠳᠤ ᠣᠷᠣᠯᠴᠠᠬᠤ ᠵᠠᠷᠤᠳᠠᠯ᠎ᠢ ᠨᠠᠢᠳᠠᠪᠤᠷᠢᠵᠢᠭᠤᠯᠤᠨ᠎ᠠ ᠃