ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠪᠣᠯᠤᠨ ᠬᠤᠪᠸᠢ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠬᠤᠤᠰᠯᠠᠯ ᠪᠠᠢᠭᠤᠯᠵᠤ ᠰᠣᠯᠢᠯᠴᠠᠬᠤ᠎ᠶ᠋ᠢ ᠭᠦᠨᠵᠡᠭᠡᠢᠷᠡᠭᠦᠯᠵᠦ᠍ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠪᠠ
ᠨᠡᠶ᠋ᠢᠲᠡᠯᠡᠭᠰᠡᠨ ᠴᠠᠭ᠄ 2025-09-11

  ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠠᠵᠢᠯ᠎ᠤᠨ 《 ᠨᠢᠭᠡ᠎ᠳᠤ ᠨᠢᠭᠡ ᠳᠠᠭ᠋ᠠᠭ᠋ᠠᠴᠢᠯᠠᠨ ᠠᠪᠬᠤ 》 ᠬᠤᠤᠰᠯᠠᠨ ᠰᠣᠯᠢᠯᠴᠠᠬᠤ ᠲᠣᠭ᠍ᠲᠠᠴᠠ᠎ᠶ᠋ᠢ ᠪᠠᠢᠭᠤᠯᠬᠤ ᠲᠤᠬᠠᠶ ᠨᠢᠭᠡᠳᠦᠯᠲᠡᠶ ᠪᠠᠢᠷᠢᠯᠠᠭᠤᠯᠤᠯᠲᠠ ᠶᠣᠰᠣᠭᠠᠷ᠂ ᠪᠤᠭᠤᠲᠤ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠬᠢᠭᠡᠳ ᠬᠤᠪᠸᠢ ᠮᠤᠵᠢ᠎ᠶ᠋ᠢᠨ ᠬᠤᠪᠸᠢ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠨᠢᠭ᠍ᠲᠠ ᠭᠠᠷ ᠬᠤᠯᠪᠣᠯᠴᠠᠨ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ ᠳᠠᠪᠠᠭᠤᠯᠢᠭ᠎ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠵᠠᠷᠴᠢᠮ᠎ᠢ ᠪᠠᠷᠢᠮᠲᠠᠯᠠᠵᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠂ ᠲᠤᠬᠠᠢᠯᠠᠭ᠍ᠰᠠᠨ ᠠᠵᠢᠯ᠎ᠤᠨ ᠭᠠᠷᠲᠠᠨ ᠭᠦᠢᠴᠡᠳᠭᠡᠬᠦ᠂ ᠬᠠᠮᠢᠶᠠᠷᠤᠯᠲᠠ ᠦᠢᠯᠡᠴᠢᠯᠡᠭᠡ᠂ ᠨᠠᠮ᠎ᠤᠨ ᠪᠠᠢᠭᠤᠯᠤᠯᠲᠠ ᠵᠡᠷᠭᠡ ᠣᠯᠠᠨ ᠵᠠᠩᠭᠢᠯᠠᠭ᠎ᠠ᠎ᠶ᠋ᠢᠨ ᠬᠦᠷᠢᠶᠡᠨ᠎ᠤ ᠲᠣᠭᠤᠷᠢᠨ᠎ᠳᠤ ᠠᠭᠤᠯᠭ᠎ᠠ᠎ᠪᠠᠷ ᠪᠠᠶᠠᠯᠢᠭ᠂ ᠬᠡᠯᠪᠡᠷᠢ ᠮᠠᠶᠢᠭ᠎ᠨᠢ ᠣᠯᠠᠨ ᠶᠠᠩᠵᠤ᠎ᠶ᠋ᠢᠨ᠂ ᠪᠣᠳᠠᠲᠠᠶ᠎ᠶ᠋ᠢ ᠡᠷᠬᠢᠮᠯᠡᠭ᠌ᠰᠡᠨ ᠥᠨᠳᠥᠷ ᠪᠦᠲᠦᠮᠵᠢᠲᠡᠶ ᠰᠣᠯᠢᠯᠴᠠᠭ᠎ᠠ ᠰᠤᠷᠤᠯᠴᠠᠯᠭ᠎ᠠ᠎ᠶ᠋ᠢᠨ ᠠᠵᠢᠯᠯᠠᠭ᠎ᠠ᠎ᠶ᠋ᠢ ᠥᠷᠨᠢᠭᠦᠯᠵᠦ᠍᠂ ᠬᠤᠶᠠᠷ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠠᠵᠢᠯ᠎ᠤᠨ ᠣᠨᠣᠯᠵᠢᠬᠤᠨ᠎ᠢᠶᠠᠨ ᠬᠠᠷᠢᠯᠴᠠᠨ ᠠᠭᠤᠰᠤᠯᠴᠠᠭᠤᠯᠬᠤ᠂ ᠲᠤᠷᠱᠢᠯᠭ᠎ᠠ᠎ᠪᠠᠨ ᠬᠠᠷᠢᠯᠴᠠᠨ ᠨᠡᠪᠲᠡᠷᠡᠯᠴᠡᠬᠦ᠂ ᠦᠷ᠎ᠡ ᠪᠦᠲᠦᠭᠡᠯ᠎ᠢᠶᠠᠨ ᠬᠠᠷᠢᠯᠴᠠᠨ ᠡᠳ᠋ᠯᠡᠬᠦ᠌᠎ᠶ᠋ᠢ ᠪᠦᠲᠦᠮᠵᠢᠲᠡᠶ ᠠᠬᠢᠭᠤᠯᠵᠤ᠂ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠬᠠᠮᠢᠶᠠᠷᠤᠯᠲᠠ ᠦᠢᠯᠡᠴᠢᠯᠡᠭᠡᠨ᠎ᠤ ᠦᠷ᠎ᠡ ᠪᠦᠲᠦᠮᠵᠢ᠎ᠪᠠᠨ ᠳᠡᠭᠡᠭ᠌ᠰᠢᠯᠡᠭᠦᠯᠬᠦ᠌ ᠪᠠ ᠨᠠᠮ᠎ᠤᠨ ᠪᠠᠢᠭᠤᠯᠤᠯᠲᠠ᠎ᠶ᠋ᠢᠨ ᠲᠤᠬᠠᠢᠯᠠᠭ᠍ᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠬᠠᠮᠲᠤ᠎ᠪᠠᠷ ᠠᠬᠢᠭᠤᠯᠪᠠ᠃

 

 

  ᠨᠢᠭᠡ᠂ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠡᠬᠡᠯᠡᠨ ᠬᠢᠬᠠᠬᠤ᠎ᠶ᠋ᠢ ᠡᠰᠡᠷᠭᠦᠴᠡᠬᠦ᠌ ᠲᠣᠮᠣ ᠳ᠋ᠠᠢᠲ᠋ᠠ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠬᠠᠮᠲᠤ ᠪᠠᠷ  ᠪᠠᠢ᠌ᠭᠤᠯᠪᠠ

  ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠌ ᠪᠣᠯ ᠠᠷᠠᠳ ᠣᠯᠠᠨ᠎ᠤ 《 ᠡᠪᠡᠳᠴᠢᠨ ᠦᠵᠡᠭᠦᠯᠬᠦ᠌ ᠵᠣᠭᠤᠰ 》 ᠂ 《 ᠠᠮᠢ ᠠᠪᠤᠷᠠᠬᠤ ᠵᠣᠭᠤᠰ 》 ᠮᠥᠨ᠂ ᠲᠡᠷᠡ᠎ᠨᠢ ᠠᠮᠤᠷ ᠲᠦᠪᠱᠢᠨ ᠲᠣᠭ᠍ᠲᠠᠭᠤᠨ᠎ᠢᠶᠠᠷ ᠠᠵᠢᠯᠯᠠᠬᠤ᠎ᠨᠢ ᠲᠦᠢᠯ᠎ᠤᠨ ᠴᠢᠬᠤᠯᠠ ᠶᠤᠮ᠃ ᠬᠤᠶᠠᠷ ᠲᠠᠯ᠎ᠠ᠎ᠪᠠᠷ᠎ᠢᠶᠠᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ᠂ ᠮᠡᠬᠡᠯᠡᠯ᠎ᠢ ᠡᠰᠡᠷᠭᠦᠴᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠠᠷ ᠰᠣᠯᠢᠯᠴᠠᠭ᠎ᠠ ᠬᠠᠮᠲᠤᠷᠠᠯᠴᠠᠭ᠎ᠠ᠎ᠶ᠋ᠢᠨ ᠭᠤᠣᠯᠳᠠᠯᠭ᠎ᠠ ᠪᠣᠯᠭᠠᠪᠠ᠃ ᠲᠤᠰᠭᠠᠶ ᠰᠡᠳᠦᠪ᠎ᠢᠶᠠᠷ ᠰᠤᠳᠤᠯᠤᠨ ᠶᠠᠷᠢᠯᠴᠠᠬᠤ᠂ ᠱᠢᠰᠲ᠋ᠧᠮ᠎ᠲᠠᠢ ᠢᠯᠡᠷᠡᠭᠦᠯᠬᠦ᠂ ᠬᠡᠷᠡᠭ᠎ᠤᠨ ᠵᠢᠱ᠌ᠢᠶ᠎ᠡ᠎ᠶ᠋ᠢ ᠵᠠᠳᠠᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠲᠣᠮᠣ ᠳ᠋ᠠᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠣᠲᠣ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠤᠨ ᠠᠷᠭ᠎ᠠ ᠪᠠᠷᠢᠯ᠎ᠢ ᠠᠱᠢᠭ᠍ᠯᠠᠨ ᠣᠶᠤᠨᠴᠢ ᠬᠢᠨᠠᠨ ᠡᠵᠡᠮᠳᠡᠬᠦ᠌ ᠱᠢᠰᠲ᠋ᠧᠮ᠎ᠢ ᠪᠠᠢᠭᠤᠯᠤᠭ᠍ᠰᠠᠨ ᠲᠤᠷᠱᠢᠯᠭ᠎ᠠ ᠪᠠ ᠠᠷᠭ᠎ᠠ ᠬᠢᠳᠡᠯ᠎ᠢ ᠭᠦᠨᠵᠡᠭᠡᠶ ᠰᠣᠯᠢᠯᠴᠠᠪᠠ᠃ ᠰᠡᠵᠢᠭ᠎ᠲᠠᠢ ᠰᠦᠪᠡᠭ᠌ᠴᠢ᠎ᠶ᠋ᠢ ᠱᠢᠭ᠌ᠰᠢᠨ ᠪᠠᠢᠴᠠᠭᠠᠬᠤ ᠵᠠᠭ᠍ᠪᠤᠷ᠎ᠤᠨ ᠪᠠᠢᠭᠤᠯᠤᠯᠲᠠ᠂ ᠬᠡᠪ᠎ᠤᠨ ᠪᠤᠰᠤ ᠳ᠋ᠠᠢᠲ᠋ᠠ᠎ᠶ᠋ᠢ ᠬᠠᠷᠢᠴᠠᠭᠤᠯᠤᠨ ᠵᠠᠳᠠᠯᠬᠤ᠂ ᠰᠠᠯᠠᠭ᠎ᠠ ᠮᠥᠴᠢᠷ ᠠᠯᠤᠰᠯᠠᠭ᠍ᠰᠠᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠪᠠ ᠬᠠᠮᠵᠢᠯᠴᠠᠨ ᠪᠠᠢᠴᠠᠭᠠᠬᠤ ᠲᠣᠭ᠍ᠲᠠᠴᠠ ᠵᠡᠷᠭᠡ ᠲᠠᠯ᠎ᠠ᠎ᠪᠠᠷ ᠭᠤᠣᠯᠳᠠᠯᠭ᠎ᠠ᠎ᠲᠠᠢ ᠰᠤᠳᠤᠯᠤᠨ ᠶᠠᠷᠢᠯᠴᠠᠪᠠ᠃ ᠪᠤᠭᠤᠲᠤ ᠬᠤᠲᠠ᠎ᠶ᠋ᠢᠨ ᠲᠣᠪᠴᠢᠶ᠎ᠠ᠎ᠶ᠋ᠢᠨ ᠳ᠋ᠠᠢᠲ᠋ᠠ᠎ᠶ᠋ᠢᠨ ᠵᠠᠭ᠍ᠪᠤᠷ ᠪᠠᠢᠭᠤᠯᠬᠤ ᠪᠠ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌ ᠲᠠᠯ᠎ᠠ᠎ᠪᠠᠷ᠎ᠬᠢ ᠲᠡᠷᠢᠭᠦᠨ᠎ᠤ ᠲᠤᠷᠱᠢᠯᠭ᠎ᠠ᠎ᠨᠢ ᠬᠤᠪᠧᠶ ᠬᠤᠲᠠ᠎ᠶ᠋ᠢᠨ ᠲᠣᠪᠴᠢᠶ᠎ᠠ᠎ᠳᠤ ᠠᠱᠢᠭ᠍ᠲᠠᠶ ᠯᠠᠪᠯᠠᠯᠲᠠ ᠬᠠᠩᠭᠠᠪᠠ᠂ ᠭᠡᠲᠡᠯ᠎ᠡ ᠬᠤᠪᠧᠶ ᠰᠠᠭᠤᠷᠢ ᠮᠥᠩᠭᠦᠨ᠎ᠤ ᠬᠢᠨᠠᠯᠲᠠ ᠬᠠᠮᠢᠶᠠᠷᠤᠯᠲᠠ᠎ᠶ᠋ᠢᠨ ᠪᠣᠳᠠᠲᠤ ᠪᠠᠢᠯᠳᠤᠭᠠᠨ᠎ᠤ ᠳᠤᠮᠳᠠ ᠬᠤᠷᠠᠮᠳᠤᠭᠤᠯᠤᠭ᠍ᠰᠠᠨ ᠬᠡᠷᠡᠭ᠎ᠤᠨ ᠵᠢᠱ᠌ᠢᠶ᠎ᠡ ᠪᠠ ᠠᠷᠭ᠎ᠠ ᠬᠢᠳᠡᠯ᠎ᠨᠢ ᠴᠦ᠍ ᠪᠤᠭᠤᠲᠤ᠎ᠶ᠋ᠢᠨ ᠲᠠᠯ᠎ᠠ᠎ᠪᠠᠷ ᠰᠡᠩᠬᠡᠷᠡᠭᠦᠯᠪᠡ᠃ ᠲᠣᠰ ᠤᠳᠠᠭᠠᠨ᠎ᠤ ᠰᠣᠯᠢᠯᠴᠠᠭ᠎ᠠ᠎ᠪᠠᠷ ᠳᠡᠮᠵᠢᠨ᠂ ᠬᠤᠶᠠᠷ ᠲᠠᠯ᠎ᠠ᠎ᠪᠠᠷ᠎ᠢᠶᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠠᠷᠭ᠎ᠠ ᠪᠠᠷᠢᠯ᠎ᠢ ᠠᠱᠢᠭ᠍ᠯᠠᠨ ᠰᠠᠭᠤᠷᠢ ᠮᠥᠩᠭᠦ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠰᠡᠳᠭᠢᠮᠵᠢ᠎ᠪᠠᠨ ᠤᠯᠠᠮ ᠨᠢᠭᠡ ᠠᠯᠬᠤᠮ ᠥᠷᠭᠡᠳᠭᠡᠵᠦ᠍᠂ ᠨᠠᠩ ᠣᠨᠣᠪᠴᠢᠲᠠᠶ᠂ ᠥᠨᠳᠥᠷ ᠪᠦᠲᠦᠮᠵᠢᠲᠡᠶ᠂ ᠣᠶᠤᠨᠴᠢ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠢᠨ᠎ᠡ ᠵᠠᠭ᠍ᠪᠤᠷ᠎ᠢ ᠬᠠᠮᠲᠤ᠎ᠪᠠᠷ ᠰᠦᠪᠡᠭ᠌ᠴᠢᠯᠡᠨ ᠪᠠᠢᠭᠤᠯᠵᠤ᠂ ᠮᠡᠬᠡᠯᠡᠨ ᠬᠢᠬᠠᠬᠤ᠎ᠳᠤ ᠴᠣᠬᠢᠯᠲᠠ ᠥᠭ᠌ᠬᠦ ᠪᠠᠲᠤ ᠪᠠᠬᠢ ᠬᠠᠯᠬᠠᠪᠴᠢ᠎ᠶ᠋ᠢ ᠬᠦᠴᠦ᠍᠎ᠪᠠᠨ ᠬᠠᠮᠲᠤᠳᠭᠠᠨ ᠪᠠᠬᠢᠵᠢᠭᠦᠯᠪᠡ᠃

  ᠬᠤᠶᠠᠷ᠂ ᠠᠷᠠᠳ᠎ᠲᠤ ᠲᠥᠬᠦᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠬᠠᠮᠢᠶᠠᠷᠤᠯᠲᠠ᠎ᠶ᠋ᠢᠨ ᠦᠢᠯᠡᠴᠢᠯᠡᠭᠡ᠎ᠶ᠋ᠢ ᠬᠠᠮᠲᠤ᠎ᠪᠠᠷ ᠰᠢᠯᠢᠳᠡᠭᠵᠢᠭᠦᠯᠪᠡ

  ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠬᠠᠮᠢᠶᠠᠷᠤᠯᠲᠠ᠎ᠶ᠋ᠢᠨ ᠦᠶ᠋ᠯᠡᠴᠢᠯᠡᠭᠡ᠎ᠨᠢ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ᠎ᠤ ᠲᠣᠰ ᠪᠡᠶ᠎ᠡ᠎ᠶ᠋ᠢᠨ ᠠᠱᠢᠭ ᠲᠤᠰᠠ ᠪᠠ ᠡᠮᠨᠡᠭᠦᠯᠬᠦ᠌ ᠥᠩᠭᠡᠷᠡᠯᠲᠡ᠎ᠲᠠᠢ ᠱᠢᠭᠤᠳ ᠬᠤᠯᠪᠣᠭ᠍ᠳᠠᠵᠤ ᠪᠠᠢᠳᠠᠭ᠃ ᠬᠤᠶᠠᠷ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠡᠭᠦᠳᠡᠨ ᠡᠮᠨᠡᠯᠭᠡ᠎ᠶ᠋ᠢᠨ ᠤᠳᠠᠭᠠᠨ ᠴᠢᠨᠠᠷᠲᠠᠶ ᠣᠨᠴᠠ ᠡᠪᠡᠳᠴᠢᠨ᠎ᠤ ᠬᠢᠷᠢ ᠬᠡᠮ᠎ᠢ ᠮᠠᠭᠠᠳᠯᠠᠨ ᠲᠣᠭ᠍ᠲᠠᠭᠠᠬᠤ᠂ ᠴᠡᠭ ᠲᠣᠭ᠍ᠲᠠᠭᠠᠨ ᠡᠮᠨᠡᠭᠦᠯᠬᠦ᠂ ᠡᠮ ᠬᠡᠷᠡᠭ᠌ᠯᠡᠬᠦ᠌ ᠪᠠᠲᠤᠯᠠᠭ᠎ᠠ᠂ ᠵᠠᠷᠤᠳᠠᠯ᠎ᠢ ᠳ᠋ᠦᠩᠨᠡᠨ ᠪᠤᠳᠤᠬᠤ ᠵᠡᠷᠭᠡ ᠪᠥᠬᠦ᠌ ᠶᠠᠪᠤᠴᠠ᠎ᠶ᠋ᠢᠨ ᠬᠠᠮᠢᠶᠠᠷᠤᠯᠲᠠ᠎ᠶ᠋ᠢᠨ ᠲᠤᠬᠠᠶ ᠪᠥᠬᠦ᠌ ᠲᠠᠯ᠎ᠠ᠎ᠪᠠᠷ ᠨᠠᠷᠢᠨ ᠨᠢᠮᠪᠠᠶ ᠬᠠᠷᠢᠴᠠᠭᠤᠯᠤᠨ ᠰᠤᠷᠤᠯᠴᠠᠪᠠ᠃ ᠪᠤᠭᠤᠲᠤ ᠬᠤᠲᠠ᠎ᠶ᠋ᠢᠨ ᠲᠣᠪᠴᠢᠶ᠎ᠠ ᠲᠡᠭᠦᠨ᠎ᠤ ᠭᠤᠶᠤᠴᠢᠯᠠᠨ ᠮᠡᠳᠡᠭᠦᠯᠬᠦ᠌ ᠶᠠᠪᠤᠴᠠ᠎ᠶ᠋ᠢ ᠳᠥᠭᠦᠮᠴᠢᠯᠡᠬᠦ᠂ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠂ ᠡᠯᠧᠺᠲᠷᠣᠨ ᠭᠡᠷᠡᠴᠢ ᠪᠠᠷᠢᠮᠲᠠ᠎ᠶ᠋ᠢᠨ ᠬᠡᠷᠡᠭ᠌ᠯᠡᠯᠲᠡ᠎ᠶ᠋ᠢ ᠬᠡᠷᠡᠭ᠌ᠵᠢᠭᠦᠯᠬᠦ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠱᠢᠯᠭᠠᠨ ᠬᠢᠨᠠᠬᠤ ᠬᠠᠮᠢᠶᠠᠷᠤᠯᠲᠠ᠎ᠶ᠋ᠢ ᠴᠢᠩᠭᠠᠳᠭᠠᠬᠤ ᠵᠡᠷᠭᠡ ᠲᠠᠯ᠎ᠠ᠎ᠶ᠋ᠢᠨ ᠱᠢᠨ᠎ᠡ᠎ᠶ᠋ᠢ ᠡᠭᠦᠳᠦᠭ᠌ᠰᠡᠨ ᠠᠷᠭ᠎ᠠ ᠬᠡᠮᠵᠢᠶ᠎ᠡ ᠪᠠ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢᠨ ᠦᠷ᠎ᠡ ᠪᠦᠲᠦᠭᠡᠯ᠎ᠢ ᠬᠤᠪᠢᠶᠠᠯᠴᠠᠪᠠ᠃ ᠬᠤᠪᠧᠶ ᠬᠣᠲᠠ᠎ᠶ᠋ᠢᠨ ᠲᠣᠪᠴᠢᠶ᠎ᠠ᠂ ᠡᠪᠡᠳᠴᠢᠨ᠎ᠢᠶᠡᠨ ᠵᠠᠰᠠᠬᠤ ᠬᠡᠪᠴᠢᠶ᠎ᠡ᠎ᠶ᠋ᠢ ᠥᠷᠭᠡᠳᠭᠡᠬᠦ᠌᠂ ᠡᠮ᠎ᠦᠨ ᠵᠦᠢᠯ᠎ᠦᠨ ᠬᠠᠩᠭᠠᠯᠭ᠎ᠠ᠎ᠶ᠋ᠢ ᠪᠠᠲᠤᠯᠠᠬᠤ᠂ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ ᠬᠦᠷᠲᠡᠯ᠎ᠡ ᠦᠢᠯᠡᠴᠢᠯᠡᠬᠦ᠌ ᠵᠢᠴᠢ ᠤᠷᠲᠤ ᠬᠤᠭᠤᠴᠠᠭᠠᠨ᠎ᠤ ᠵᠣᠷ ᠬᠠᠮᠢᠶᠠᠷᠤᠯᠲᠠ᠎ᠶ᠋ᠢ ᠰᠦᠪᠡᠭ᠌ᠴᠢᠯᠡᠬᠦ᠌ ᠵᠡᠷᠭᠡ ᠲᠠᠯ᠎ᠠ᠎ᠶ᠋ᠢᠨ ᠦᠢᠯᠡᠳᠦᠯᠭᠡ᠂ ᠰᠦᠪᠡᠭ᠌ᠴᠢᠯᠡᠯ᠎ᠢᠶᠡᠨ ᠲᠠᠨᠢᠯᠴᠠᠭᠤᠯᠪᠠ᠃ ᠬᠠᠷᠢᠯᠴᠠᠨ ᠯᠠᠪᠯᠠᠯᠲᠠ ᠪᠣᠯᠭᠠᠬᠤ᠎ᠪᠠᠷ ᠳᠠᠮᠵᠢᠭᠤᠯᠤᠨ᠂ ᠬᠤᠶᠠᠷ ᠲᠠᠯ᠎ᠠ᠎ᠪᠠᠷ᠎ᠢᠶᠠᠨ ᠬᠠᠮᠢᠶᠠᠷᠤᠯᠲᠠ ᠦᠢᠯᠡᠴᠢᠯᠡᠭᠡᠨ᠎ᠤ ᠴᠤᠪᠤᠷᠠᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠭᠦᠢᠴᠡᠳᠭᠡᠬᠦ᠌ ᠴᠠᠭ᠎ᠤᠨ ᠬᠢᠵᠠᠭᠠᠷ᠎ᠢ ᠪᠣᠭᠤᠨᠢᠰᠭᠠᠨ᠂ ᠦᠢᠯᠡᠴᠢᠯᠡᠭᠡᠨ᠎ᠤ ᠳᠥᠭᠦᠮ ᠳᠥᠲᠡ ᠪᠠᠢᠬᠤ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠤᠳᠠᠭᠠᠨ ᠴᠢᠨᠠᠷᠲᠠᠶ ᠣᠨᠴᠠ ᠡᠪᠡᠳᠴᠢᠲᠡᠨ ᠡᠮᠴᠢᠯᠡᠭᠡᠨ᠎ᠤ ᠳᠠᠭᠠᠳᠭᠠᠯ᠎ᠤᠨ ᠬᠠᠷᠠᠭᠠᠯᠵᠠᠯ᠎ᠢ ᠨᠠᠩ ᠲᠥᠪ ᠭᠤᠤᠯᠴᠢ᠂ ᠪᠣᠯᠤᠮᠵᠢᠲᠠᠶ᠂ ᠰᠠᠭᠠᠳ ᠥᠬᠡᠶ ᠭᠥᠷᠳᠡᠬᠦ᠌᠎ᠶ᠋ᠢ ᠦᠨᠡᠨ ᠬᠦ᠌ ᠪᠠᠲᠤᠯᠠᠵᠤ᠂ ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠣᠯ ᠵᠢᠷᠭᠠᠯᠲᠤ ᠲᠥᠷᠥᠭ᠌ᠳᠡᠯ᠎ᠢ ᠦᠨᠡᠨ ᠬᠦ᠌ ᠨᠡᠮᠡᠭ᠌ᠳᠡᠭᠦᠯᠬᠦ᠌᠎ᠪᠠᠷ ᠵᠣᠷᠢᠯᠭ᠎ᠠ᠎ᠪᠠᠨ ᠪᠣᠯᠭᠠᠪᠠ᠃

  ᠭᠤᠷᠪᠠ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠠᠷᠲᠠᠨ ᠭᠦᠢᠴᠡᠳᠭᠡᠬᠦ᠌ ᠦᠢᠯᠡᠴᠢᠯᠡᠭᠡᠨ᠎ᠤ ᠪᠠᠷᠢᠮᠵᠢᠶᠠᠵᠢᠭᠤᠯᠤᠯᠲᠠ ᠪᠠ ᠵᠢᠷᠤᠮᠵᠢᠭᠤᠯᠤᠯᠲᠠ᠎ᠶ᠋ᠢ ᠬᠠᠮᠲᠤ ᠪᠠᠷ ᠠᠬᠢᠭᠤᠯᠪᠠ

  ᠭᠠᠷᠲᠠᠨ ᠭᠦᠢᠴᠡᠳᠭᠡᠬᠦ᠌ ᠦᠢᠯᠡᠴᠢᠯᠡᠭᠡ ᠪᠣᠯ ᠡᠮᠴᠢᠯᠡᠭᠡᠨ᠎ᠤ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢᠨ 《 ᠡᠴᠦᠰ᠎ᠤᠨ ᠨᠢᠭᠡ ᠺᠢᠯᠣᠮᠧᠲᠷ 》 ᠪᠣᠯᠤᠨ᠎ᠠ᠃ ᠬᠤᠶᠠᠷ ᠲᠠᠯ᠎ᠠ᠎ᠪᠠᠷ᠎ᠢᠶᠠᠨ ᠡᠮᠴᠢᠯᠡᠭᠡᠨ᠎ᠤ ᠳᠠᠭᠠᠳᠭᠠᠯ᠎ᠤᠨ ᠭᠠᠷᠲᠠᠨ ᠭᠦᠢᠴᠡᠳᠭᠡᠬᠦ᠌ ᠦᠢᠯᠡᠴᠢᠯᠡᠭᠡᠨ᠎ᠤ ᠱᠢᠰᠲ᠋ᠧᠮ᠎ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠎ᠶ᠋ᠢᠨ ᠪᠠᠢᠭᠤᠯᠤᠯᠲᠠ᠎ᠶ᠋ᠢᠨ ᠲᠣᠭᠤᠷᠢᠨ᠎ᠳᠤ ᠰᠠᠨᠠᠯ᠎ᠢᠶᠠᠨ ᠭᠦᠨᠵᠡᠭᠡᠶ ᠰᠣᠯᠢᠯᠴᠠᠪᠠ᠃ ᠠᠭᠤᠯᠭ᠎ᠠ᠎ᠨᠢ ᠦᠢᠯᠡᠴᠢᠯᠡᠭᠡᠨ᠎ᠤ ᠴᠣᠩᠬᠤᠪᠴᠢ᠎ᠶ᠋ᠢᠨ ᠪᠠᠢᠷᠢᠯᠠᠭᠤᠯᠤᠯᠲᠠ᠂ ᠲᠤᠬᠠᠢᠯᠠᠭ᠍ᠰᠠᠨ ᠠᠵᠢᠯ᠎ᠤᠨ ᠴᠤᠪᠤᠷᠠᠯ᠎ᠢ ᠳᠠᠬᠢᠨ ᠵᠣᠬᠢᠶᠠᠬᠤ᠂ ᠨᠢᠭᠡ ᠯᠡ ᠤᠳᠠᠭ᠎ᠠ᠎ᠳᠤ ᠮᠡᠳᠡᠭ᠌ᠳᠡᠬᠦ᠂ ᠨᠢᠭᠡ ᠴᠣᠩᠬᠤᠪᠴᠢ᠎ᠪᠠᠷ ᠨᠡᠢᠳᠡᠮ ᠭᠦᠢᠴᠡᠳᠭᠡᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠦᠢᠯᠡᠴᠢᠯᠡᠭᠡ᠎ᠶ᠋ᠢ ᠠᠭᠤᠰᠤᠯᠴᠠᠭᠤᠯᠬᠤ᠂ ᠠᠵᠢᠯ ᠲᠥᠷᠥᠯ᠎ᠤᠨ ᠰᠤᠷᠲᠠᠯ᠎ᠤᠨ ᠪᠠᠢᠭᠤᠯᠤᠯᠲᠠ᠂ ᠠᠵᠢᠯ᠎ᠤᠨ ᠠᠮᠵᠢᠯᠲᠠ ᠪᠦᠲᠦᠮᠵᠢ᠎ᠶ᠋ᠢ ᠱᠢᠯᠭᠠᠨ ᠬᠢᠨᠠᠬᠤ ᠵᠡᠷᠭᠡ ᠣᠯᠠᠨ ᠲᠠᠯ᠎ᠠ᠎ᠶ᠋ᠢ ᠬᠠᠮᠤᠷᠴᠠᠢ᠃ ᠬᠤᠶᠠᠷ ᠲᠠᠯ᠎ᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠭᠠᠷᠲᠠᠨ ᠭᠦᠢᠴᠡᠳᠭᠡᠬᠦ᠌ ᠪᠠᠢᠭᠤᠯᠤᠮᠵᠢ ᠴᠣᠩᠬᠤᠨ᠎ᠤ ᠠᠵᠢᠯᠲᠠᠨ᠎ᠤ ᠦᠢᠯᠡᠴᠢᠯᠡᠭᠡᠨ᠎ᠤ ᠤᠬᠠᠮᠰᠠᠷ ᠪᠠ ᠲᠤᠰᠭᠠᠶ ᠮᠡᠷᠭᠡᠵᠢᠯ᠎ᠤᠨ ᠤᠷ᠎ᠠ ᠴᠢᠳᠠᠪᠤᠷᠢ᠎ᠶ᠋ᠢ ᠬᠡᠷᠬᠢᠨ ᠳᠡᠭᠡᠭ᠌ᠰᠢᠯᠡᠭᠦᠯᠬᠦ᠂ ᠠᠵᠢᠯ ᠶᠠᠪᠤᠳᠠᠯ ᠭᠦᠢᠴᠡᠳᠭᠡᠬᠦ᠌ ᠮᠠᠲ᠋ᠧᠷᠢᠶᠠᠯ᠎ᠢ ᠳᠥᠭᠦᠮᠴᠢᠯᠡᠬᠦ᠂ ᠭᠦᠢᠴᠡᠳᠭᠡᠬᠦ᠌ ᠴᠠᠭ᠎ᠤᠨ ᠬᠢᠵᠠᠭᠠᠷ᠎ᠢ ᠪᠣᠭᠤᠨᠢᠰᠭᠠᠬᠤ᠂ ᠣᠷᠭᠢᠯ ᠲᠤᠬᠠᠢᠯᠠᠭ᠍ᠰᠠᠨ ᠠᠵᠢᠯ᠎ᠤᠨ ᠬᠡᠮᠵᠢᠶ᠎ᠡ᠎ᠶ᠋ᠢ ᠠᠷᠭᠠᠴᠠᠭᠠᠬᠤ᠂ ᠬᠦᠴᠢᠷ ᠲᠦᠪᠡᠭ᠌ᠲᠡᠶ ᠠᠰᠠᠭᠤᠳᠠᠯ᠎ᠢ ᠱᠢᠢᠳᠪᠦᠷᠢᠯᠡᠬᠦ᠌ ᠵᠡᠷᠭᠡ ᠲᠠᠯ᠎ᠠ᠎ᠪᠠᠷ ᠲᠣᠰ ᠲᠣᠰ᠎ᠤᠨ ᠬᠠᠮᠢᠶᠠᠷᠤᠯᠲᠠ᠎ᠶ᠋ᠢᠨ ᠲᠤᠷᠱᠢᠯᠭ᠎ᠠ ᠪᠠ ᠪᠦᠲᠦᠮᠵᠢᠲᠡᠶ ᠠᠷᠭ᠎ᠠ ᠬᠢᠳᠡᠯ᠎ᠢᠶᠠᠨ ᠬᠤᠪᠢᠶᠠᠯᠴᠠᠪᠠ᠃ ᠲᠣᠰ ᠤᠳᠠᠭᠠᠨ᠎ᠤ ᠰᠣᠯᠢᠯᠴᠠᠭ᠎ᠠ᠎ᠨᠢ ᠬᠤᠶᠠᠷ ᠭᠠᠵᠠᠷ᠎ᠤᠨ ᠭᠠᠷᠲᠠᠨ ᠭᠦᠶ᠋ᠴᠡᠳᠭᠡᠬᠦ᠌ ᠦᠶ᠋ᠯᠡᠴᠢᠯᠡᠭᠡᠨ᠎ᠤ ᠣᠢᠯᠠᠭᠠᠭ᠍ᠳᠠᠬᠤᠨ᠎ᠤ ᠲᠠᠯ᠎ᠠ᠎ᠪᠠᠷ᠎ᠬᠢ ᠮᠥᠷᠭᠦᠯᠳᠦᠯ ᠪᠠ ᠠᠭᠤᠰᠤᠯᠴᠠᠯ᠎ᠢ ᠠᠬᠢᠭᠤᠯᠵᠤ᠂ ᠦᠶ᠋ᠯᠡᠴᠢᠯᠡᠭᠡᠨ᠎ᠤ ᠳᠤᠲᠠᠭᠤᠳᠠᠯ᠎ᠢ ᠬᠠᠮᠲᠤ᠎ᠪᠠᠷ ᠡᠷᠢᠬᠦ᠂ ᠦᠶ᠋ᠯᠡᠴᠢᠯᠡᠭᠡᠨ᠎ᠤ ᠪᠠᠷᠢᠮᠵᠢᠶ᠎ᠠ᠎ᠶ᠋ᠢ ᠨᠢᠭᠡᠳᠦᠯᠲᠡᠶ ᠪᠣᠯᠭᠠᠬᠤ᠂ ᠦᠶ᠋ᠯᠡᠴᠢᠯᠡᠭᠡᠨ᠎ᠤ ᠥᠩᠭᠡᠷᠡᠯᠲᠡ᠎ᠶ᠋ᠢ ᠱᠢᠯᠢᠳᠡᠭ᠌ᠵᠢᠭᠦᠯᠬᠦ᠌᠎ᠳᠤ ᠡᠷᠬᠢᠮ ᠨᠠᠨᠳᠢᠨ ᠯᠠᠪᠯᠠᠯᠲᠠ ᠬᠠᠩᠭᠠᠵᠤ᠂ ᠬᠤᠶᠠᠷ ᠭᠠᠵᠠᠷ᠎ᠤᠨ ᠭᠠᠷᠲᠠᠨ ᠭᠦᠶ᠋ᠴᠡᠳᠭᠡᠬᠦ᠌ ᠦᠶ᠋ᠯᠡᠴᠢᠯᠡᠭᠡᠨ᠎ᠤ ᠬᠢᠷᠢ ᠲᠦᠪᠱᠢᠨ᠎ᠢ ᠨᠠᠩ ᠥᠨᠳᠥᠷ ᠳᠡᠰ ᠳᠠᠪᠬᠤᠷᠭ᠎ᠠ ᠲᠡᠢ᠌ᠰᠢ ᠤᠷᠤᠭ᠍ᠰᠢᠯᠠᠭᠤᠯᠬᠤ᠎ᠶ᠋ᠢ ᠠᠬᠢᠭᠤᠯᠪᠠ᠃

  ᠳᠥᠷᠪᠡ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯ ᠦᠢᠯᠡᠰ᠎ᠤᠨ ᠬᠥᠭ᠌ᠵᠢᠯᠲᠡ᠎ᠶ᠋ᠢ ᠬᠠᠮᠲᠤ᠎ᠪᠠᠷ ᠬᠦᠴᠦᠷᠬᠡᠭ᠌ᠵᠢᠭᠦᠯᠬᠦ᠌ ᠤᠯᠤᠰ ᠲᠥᠷᠥ᠎ᠶ᠋ᠢᠨ ᠪᠠᠲᠤᠯᠠᠭ᠎ᠠ

  ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠪᠣᠯ ᠠᠯᠢᠪᠠ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠪᠠᠲᠤᠯᠠᠭ᠎ᠠ ᠮᠥᠨ᠃ ᠬᠤᠶᠠᠷ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠰᠣᠯᠢᠯᠴᠠᠭ᠎ᠠ᠎ᠶ᠋ᠢ ᠬᠣᠣᠰᠯᠠᠨ ᠪᠠᠢᠭᠤᠯᠬᠤ᠎ᠶ᠋ᠢᠨ ᠴᠢᠬᠤᠯᠠ ᠠᠭᠤᠯᠭ᠎ᠠ ᠪᠣᠯᠭᠠᠵᠤ᠂ ᠶᠠᠷᠢᠯᠴᠠᠬᠤ ᠬᠤᠷᠠᠯ᠂ ᠮᠠᠲ᠋ᠧᠷᠢᠶᠠᠯ ᠪᠠᠢᠴᠠᠭᠠᠨ ᠦᠵᠡᠬᠦ᠂ ᠨᠠᠮ᠎ᠤᠨ ᠪᠠᠢᠭᠤᠯᠤᠯᠲᠠ᠎ᠶ᠋ᠢᠨ ᠵᠢᠭ᠍ᠰᠠᠭᠠᠯ᠎ᠤᠨ ᠭᠠᠵᠠᠷ᠎ᠢ ᠲᠣᠭᠤᠷᠢᠨ ᠦᠵᠡᠬᠦ᠌ ᠵᠡᠷᠭᠡ ᠬᠡᠯᠪᠡᠷᠢ᠎ᠪᠠᠷ ᠳᠠᠮᠵᠢᠭᠤᠯᠤᠨ᠂ ᠲᠣᠰ ᠲᠣᠰ᠎ᠤᠨ ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠂ ᠣᠨᠣᠯ᠎ᠢᠶᠠᠷ ᠵᠡᠪᠰᠡᠭ᠌ᠯᠡᠬᠦ᠌᠎ᠶ᠋ᠢ ᠭᠦᠨᠵᠡᠭᠡᠢᠷᠡᠭᠦᠯᠬᠦ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠬᠤ᠂ ᠨᠠᠮ᠎ᠤᠨ ᠡᠭᠦᠷ᠎ᠤᠨ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠢᠭᠤᠯᠤᠯᠲᠠ᠎ᠶ᠋ᠢ ᠠᠬᠢᠭᠤᠯᠬᠤ᠂ ᠨᠠᠮ᠎ᠤᠨ ᠪᠠᠢᠭᠤᠯᠤᠯᠲᠠ᠎ᠶ᠋ᠢᠨ ᠨᠠᠷᠠᠲᠤ ᠲᠡᠮᠳᠡᠭ᠎ᠢ ᠡᠭᠦᠳᠦᠨ ᠪᠠᠢᠭᠤᠯᠬᠤ᠂ ᠨᠠᠮ᠎ᠤᠨ ᠪᠠᠢᠭᠤᠯᠤᠯᠲᠠ ᠬᠢᠭᠡᠳ ᠲᠤᠬᠠᠢᠯᠠᠭ᠍ᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠬᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢ ᠴᠢᠩᠭᠠᠳᠭᠠᠬᠤ ᠵᠡᠷᠭᠡ ᠲᠠᠯ᠎ᠠ᠎ᠶ᠋ᠢᠨ ᠤᠨᠴᠠᠯᠢᠭ᠍ᠳᠤ ᠠᠵᠢᠯ ᠪᠠ ᠠᠮᠵᠢᠯᠲᠠ᠎ᠲᠠᠢ ᠲᠤᠷᠱᠢᠯᠭ᠎ᠠ᠎ᠪᠠᠨ ᠬᠤᠪᠢᠶᠠᠯᠴᠠᠪᠠ᠃ ᠰᠣᠯᠢᠯᠴᠠᠭ᠎ᠠ ᠳᠤᠮᠳᠠ᠂ ᠬᠤᠶᠠᠷ ᠲᠠᠯ᠎ᠠ᠎ᠪᠠᠷ᠎ᠢᠶᠠᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢᠴᠢᠨ ᠪᠠᠬᠢᠯᠡᠯᠲᠡ᠎ᠶ᠋ᠢᠨ ᠦᠢᠯᠡᠳᠦᠯ ᠪᠣᠯᠤᠨ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ᠎ᠶ᠋ᠢᠨ ᠦᠢᠯᠡᠳᠦᠯ᠎ᠢ ᠬᠡᠷᠬᠢᠨ ᠨᠡᠩ ᠰᠠᠢᠲᠤᠷ ᠪᠠᠳᠠᠷᠠᠭᠤᠯᠬᠤ ᠲᠤᠬᠠᠢ ᠬᠠᠮᠲᠤ ᠪᠠᠷ ᠶᠠᠷᠢᠯᠴᠠᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠠᠷᠭ᠎ᠠ ᠵᠠᠮ ᠪᠣᠯᠤᠨ ᠠᠷᠭ᠎ᠠ᠎ᠶ᠋ᠢ ᠬᠠᠮᠲᠤ ᠪᠠᠷ ᠰᠤᠳᠤᠯᠤᠨ ᠶᠠᠷᠢᠯᠴᠠᠪᠠ᠃ ᠡᠨᠡ ᠬᠦ᠌ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠵᠤ᠂ ᠬᠤᠶᠠᠷ ᠲᠠᠯ᠎ᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠤᠨ ᠵᠣᠷᠢᠯᠲᠠ᠎ᠶ᠋ᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠯ᠎ᠢ ᠤᠯᠠᠮ ᠨᠢᠭᠡ ᠠᠯᠬᠤᠮ ᠴᠢᠩᠭᠠᠳᠭᠠᠵᠤ᠂ ᠡᠯ᠎ᠡ ᠵᠦᠢᠯ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠥᠭᠡᠷᠡᠴᠢᠯᠡᠯᠲᠡ ᠬᠠᠮᠢᠶᠠᠷᠤᠯᠲᠠ᠎ᠶ᠋ᠢᠨ ᠡᠭᠦᠷᠭᠡ᠎ᠶ᠋ᠢ ᠤᠷᠤᠭ᠍ᠰᠢᠲᠠᠶ ᠪᠡᠶᠡᠯᠡᠭᠦᠯᠬᠦ᠌᠎ᠳᠤ ᠪᠠᠲᠤ ᠴᠢᠩᠭ᠎ᠠ ᠤᠯᠤᠰ ᠲᠥᠷᠥ᠍ ᠪᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠭ᠍ᠰᠠᠨ ᠪᠠᠢᠨ᠎ᠠ᠃

  ᠪᠤᠭᠤᠲᠤ ᠪᠣᠯᠤᠨ ᠬᠤᠪᠸᠢ ᠬᠤᠶᠠᠷ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠨ 《 ᠨᠢᠭᠡ᠎ᠳᠤ ᠨᠢᠭᠡ ᠳᠠᠭ᠋ᠠᠭ᠋ᠠᠴᠢᠯᠠᠨ ᠠᠪᠬᠤ 》 ᠬᠤᠤᠰᠯᠠᠯ ᠪᠣᠯᠵᠣ᠂ ᠰᠠᠢᠨ ᠰᠠᠢᠬᠠᠨ ᠰᠤᠷᠤᠯᠴᠠᠨ ᠲᠣᠯᠢᠯᠠᠬᠤ ᠲᠠᠪᠴᠠᠩ᠎ᠢ ᠪᠠᠢᠭᠤᠯᠤᠭ᠍ᠰᠠᠨ᠎ᠢᠶᠠᠷ ᠪᠠᠷᠠᠬᠤ ᠥᠬᠡᠶ᠂ ᠨᠠᠩ ᠭᠦᠨ ᠵᠤᠵᠠᠭᠠᠨ ᠬᠠᠮᠲᠤᠷᠠᠯᠴᠠᠭᠠᠨ᠎ᠤ ᠨᠥᠬᠦᠷᠯᠡᠯ᠎ᠢ ᠪᠠᠢᠭᠤᠯᠤᠭ᠍ᠰᠠᠨ ᠪᠠᠢᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠬᠤᠶᠠᠷ ᠲᠠᠯ᠎ᠠ᠎ᠪᠠᠷ᠎ᠢᠶᠠᠨ ᠦᠷᠭᠦᠯᠵᠢᠯᠡᠨ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠱᠠᠭᠠᠷᠳᠠᠯᠭ᠎ᠠ ᠶᠣᠰᠣᠭᠠᠷ᠂ ᠰᠣᠯᠢᠯᠴᠠᠭᠠᠨ᠎ᠤ ᠲᠣᠭ᠍ᠲᠠᠴᠠ᠎ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠬᠠᠮᠲᠤᠷᠠᠯᠴᠠᠭᠠᠨ᠎ᠤ ᠬᠦᠷᠢᠶ᠎ᠡ᠎ᠪᠠᠨ ᠥᠷᠭᠡᠳᠭᠡᠨ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ᠎ᠶ᠋ᠢ ᠭᠦᠨᠵᠡᠭᠡᠢᠷᠡᠭᠦᠯᠵᠦ᠍᠂ ᠰᠣᠯᠢᠯᠴᠠᠭᠠᠨ᠎ᠤ ᠦᠷ᠎ᠡ ᠪᠦᠲᠦᠭᠡᠯ᠎ᠢᠶᠠᠨ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠳᠤ ᠨᠠᠩ ᠴᠢᠨᠠᠷ ᠰᠠᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠴᠢᠯᠡᠭᠡ ᠬᠠᠩᠭᠠᠬᠤ᠎ᠪᠠᠷ ᠴᠢᠷᠮᠠᠢᠨ᠎ᠠ᠃

ᠢᠷᠡᠯᠲᠡ᠄ ᠪᠤᠭᠤᠲᠤ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠣᠯᠠᠨ ᠨᠡᠢ᠌ᠲᠡ᠎ᠶᠢᠨ ᠸᠢᠴᠠᠲ ᠲᠠᠪᠴᠠᠩ
          
ᠬᠠᠮᠢᠶ᠎ᠡ ᠪᠦᠬᠦᠢ ᠰᠣᠨᠢᠨ
 
            