ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠤᠲᠠ᠎ᠶ᠋ᠢᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ ᠪᠥᠬᠦ᠌ ᠬᠤᠲᠠ᠎ᠶ᠋ᠢᠨ ᠡᠮᠴᠢᠯᠡᠭᠡᠨ᠎ᠦ ᠪᠠᠳᠤᠯᠠᠭ᠎ᠠ᠎ᠶ᠋ᠢᠨ ᠱᠢᠰᠲ᠋ᠧᠮ᠎ᠤᠨ ᠡᠮᠴᠢᠯᠡᠭᠡᠨ᠎ᠦ ᠪᠠᠲᠣᠯᠠᠭ᠎ᠠ᠎ᠶᠢᠨ ᠰᠠᠭᠤᠷᠢ ᠮᠥᠩᠭᠦ᠎ᠶ᠋ᠢ ᠲᠤᠰᠭᠠᠶ ᠴᠡᠭ᠌ᠴᠡᠯᠡᠨ ᠵᠠᠰᠠᠬᠤ 《 ᠱᠢᠪᠲᠤᠯᠤᠯᠲᠠ᠎ᠶ᠋ᠢᠨ ᠪᠠᠢᠯᠳᠤᠭᠠᠨ 》 ᠎ᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-09-12

  ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ᠎ᠶᠢᠨ ᠲᠣᠪᠴᠢᠶ᠎ᠠ᠎ᠶ᠋ᠢᠨ 《 ᠨᠢᠭᠡᠳᠦᠭᠡᠷ ᠱᠠᠲᠤ ᠵᠢᠴᠢ ᠲᠡᠭᠦᠨ᠎ᠠᠴᠠ ᠳᠣᠷᠣᠭ᠍ᠰᠢᠬᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ ᠪᠠ ᠴᠡᠭ ᠲᠣᠭ᠍ᠲᠠᠭᠠᠭ᠍ᠰᠠᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠢᠶᠠᠷ ᠱᠢᠪᠲᠤᠯᠤᠯᠲᠠ᠎ᠶ᠋ᠢᠨ ᠴᠡᠭ ᠪᠣᠯᠭᠠᠨ ᠲᠤᠰᠭᠠᠶ ᠴᠡᠭ᠌ᠴᠡᠯᠡᠨ ᠵᠠᠰᠠᠬᠤ  〈 ᠱᠢᠪᠲᠤᠯᠤᠯᠲᠠ᠎ᠶ᠋ᠢᠨ ᠪᠠᠢ᠌ᠯᠳᠣᠭ᠋ᠠᠨ 〉᠎ᠤ ᠠᠵᠢᠯ᠎ᠤᠨ ᠲᠥᠰᠦᠯ 》᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠣᠭᠣᠰᠢᠯᠠᠭᠣᠯᠣᠨ ᠨᠠᠢ᠌ᠳᠠᠪᠤᠷᠢᠵᠢᠭᠤᠯᠬᠤ᠎ᠶᠢᠨ ᠲᠥᠯᠥᠭᠡ᠂ ᠡᠮᠴᠢᠯᠡᠭᠡᠨ᠎ᠤ ᠳᠠᠭᠠᠳᠭᠠᠯ᠎ᠤᠨ ᠬᠦᠷᠢᠶᠡᠨ᠎ᠳᠠᠬᠢ ᠲᠣᠪᠤᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠲᠥᠪᠯᠡᠷᠡᠭᠦᠯᠦᠨ ᠪᠣᠭᠤᠮᠲᠠ ᠱᠢᠪᠲᠤᠯᠵᠤ᠂ ᠲᠤᠰᠭᠠᠶ ᠴᠡᠭ᠌ᠴᠡᠯᠡᠨ ᠵᠠᠰᠠᠬᠤ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠳᠥᠯᠭᠢᠨ ᠠᠬᠢᠭᠤᠯᠪᠠ᠃ 9 ᠳ᠋ᠦ᠍ᠭᠡᠷ ᠰᠠᠷ᠎ᠠ᠎ᠶ᠋ᠢᠨ 10 ᠎ᠤ ᠡᠳᠦᠷ᠂ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠪᠥᠬᠦ᠌ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠱᠢᠰᠲ᠋ᠧᠮ᠎ᠤᠨ ᠡᠮᠴᠢᠯᠡᠭᠡᠨ᠎ᠤ ᠪᠠᠲᠣᠯᠠᠭ᠎ᠠ᠎ᠶᠢᠨ ᠰᠠᠭᠤᠷᠢ ᠮᠥᠩᠭᠦ᠎ᠶ᠋ᠢ ᠲᠤᠰᠭᠠᠶ ᠴᠡᠭ᠌ᠴᠡᠯᠡᠨ ᠵᠠᠰᠠᠬᠤ 《 ᠱᠢᠪᠲᠤᠯᠤᠯᠲᠠ᠎ᠶ᠋ᠢᠨ ᠪᠠᠢᠯᠳᠤᠭᠠᠨ 》᠎ᠢ ᠠᠬᠢᠭᠤᠯᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ 《  ᠰᠢᠪᠲᠣᠯᠣᠯᠲᠠ᠎ᠶ᠋ᠢᠨ ᠪᠠᠢᠯᠳᠤᠭᠠᠨ 》 ᠎ᠤ ᠠᠵᠢᠯ᠎ᠢ ᠳᠠᠬᠢᠨ ᠳᠠᠢᠴᠢᠯᠠᠵᠤ᠂ ᠳᠠᠬᠢᠨ ᠪᠠᠢᠷᠢᠯᠠᠭᠤᠯᠵᠤ᠂ ᠳᠠᠬᠢᠨ ᠳᠣᠭᠢᠷᠠᠭᠤᠯᠪᠠ᠃

 

 

  ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠹᠧᠩ ᠳ᠋ᠦᠩ ᠸᠠᠩ ᠬᠤᠷᠠᠯ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠤ᠂ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠾᠧᠦ ᠼᠦᠨ ᠹᠧᠩ᠂ ᠳᠥᠷᠪᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ ᠶᠠᠩ ᠬᠤᠤ ᠢᠦᠶ᠂ ᠬᠠᠮᠢᠶ᠎ᠠ ᠪᠥᠬᠦᠶ ᠰᠠᠯᠠᠭ᠎ᠠ ᠲᠠᠰᠤᠭ ᠨᠢᠭᠡᠴᠢ᠂ ᠡᠯ᠎ᠡ ᠬᠤᠱᠢᠭᠤ ᠱᠢᠶᠠᠨ ᠲᠣᠭᠤᠷᠢᠭ᠎ᠤᠨ ᠡᠮᠴᠢᠯᠡᠭᠡᠨ᠎ᠦ ᠪᠠᠲᠣᠯᠠᠭ᠎ᠠ᠎ᠶᠢᠨ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠬᠤᠷᠠᠯ᠎ᠳᠤ ᠣᠷᠣᠯᠴᠠᠵᠠᠶ᠃

  ᠬᠤᠷᠠᠯ᠎ᠠᠴᠠ ᠡᠯ᠎ᠡ ᠬᠤᠱᠢᠭᠤ ᠱᠢᠶᠠᠨ ᠲᠣᠭᠤᠷᠢᠭ᠎ᠤᠨ ᠡᠮᠴᠢᠯᠡᠭᠡᠨ᠎ᠦ ᠪᠠᠲᠣᠯᠠᠭ᠎ᠠ᠎ᠶᠢᠨ ᠰᠠᠯᠠᠭ᠎ᠠ ᠮᠥᠴᠢᠷ᠎ᠤᠨ 《 ᠱᠢᠪᠲᠤᠯᠤᠯᠲᠠ ᠎ᠶᠢᠨ ᠪᠠᠢᠯᠳᠤᠭᠠᠨ 》᠎ᠤ ᠠᠵᠢᠯ᠎ᠤᠨ ᠱᠠᠲᠤ ᠦᠶ᠎ᠡ᠎ᠶ᠋ᠢᠨ ᠴᠢᠨᠠᠷᠲᠠᠶ ᠦᠷ᠎ᠡ ᠪᠦᠲᠦᠮᠵᠢ ᠵᠢᠴᠢ ᠲᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠠᠷᠭ᠎ᠠ ᠬᠡᠮᠵᠢᠶ᠎ᠡ᠎ᠶ᠋ᠢᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠣᠷᠣᠱᠢᠵᠤ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ ᠰᠠᠨᠠᠯ᠎ᠢᠶᠠᠨ ᠰᠣᠯᠢᠯᠴᠠᠵᠤ ᠶᠠᠷᠢᠶ᠎ᠠ ᠲᠠᠯᠪᠢᠪᠠ᠃

  ᠬᠤᠷᠠᠯ ᠳᠡᠭᠡᠷ᠎ᠡ 《 ᠪᠥᠬᠦ᠌ ᠬᠤᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ᠎ᠤᠨ ᠡᠮᠴᠢᠯᠡᠭᠡᠨ᠎ᠦ ᠪᠠᠲᠣᠯᠠᠭ᠎ᠠ᠎ᠶᠢᠨ ᠰᠠᠭᠤᠷᠢ ᠮᠥᠩᠭᠦ᠎ᠶ᠋ᠢᠨ ᠲᠤᠰᠭᠠᠶ ᠴᠡᠭ᠌ᠴᠡᠯᠡᠨ ᠵᠠᠰᠠᠬᠤ 〈 ᠱᠢᠪᠲᠤᠯᠤᠯᠲᠠ᠎ᠶ᠋ᠢᠨ  ᠪᠠᠢ᠌ᠯᠳᠣᠭ᠋ᠠᠨ 〉᠎ᠤ ᠡᠭᠦᠷᠭᠡ᠎ᠶ᠋ᠢᠨ ᠨᠠᠷᠢᠨ      ᠲᠠᠩᠰᠠ 》 ᠎ᠶ᠋ᠢ ᠨᠠᠷᠢᠨ ᠲᠠᠢᠯᠪᠤᠷᠢᠯᠠᠵᠤ᠂ ᠪᠠᠢᠴᠠᠭᠠᠬᠤ ᠠᠬᠢᠴᠠ᠎ᠶ᠋ᠢ ᠪᠥᠬᠦ᠌ ᠬᠦᠴᠦᠨ᠎ᠢᠶᠠᠷ᠎ᠢᠶᠠᠨ ᠲᠦᠷᠭᠡᠳᠭᠡᠵᠦ᠍᠂ ᠪᠥᠬᠦ᠌ ᠬᠤᠲᠠ᠎ᠶ᠋ᠢᠨ ᠡᠮᠴᠢᠯᠡᠭᠡᠨ᠎ᠦᠪᠠᠲᠤᠯᠠᠭ᠎ᠠ᠎ᠶ᠋ᠢᠨ ᠱᠢᠰᠲ᠋ᠧᠮ᠎ᠤᠨ ᠡᠮᠴᠢᠯᠡᠭᠡᠨ᠎ᠦ ᠪᠠᠲᠣᠯᠠᠭ᠎ᠠ᠎ᠶᠢᠨ ᠰᠠᠭᠤᠷᠢ ᠮᠥᠩᠭᠦ᠎ᠶ᠋ᠢᠨ ᠲᠤᠰᠭᠠᠶ ᠴᠡᠭ᠌ᠴᠡᠯᠡᠨ ᠵᠠᠰᠠᠬᠤ  〈 ᠱᠢᠪᠲᠤᠯᠤᠯᠲᠠ᠎ᠶ᠋ᠢᠨ ᠪᠠᠢ᠌ᠯᠳᠣᠭ᠋ᠠᠨ 〉᠎ᠤ ᠡᠭᠦᠷᠭᠡ᠎ᠶ᠋ᠢᠨ ᠨᠠᠷᠢᠨ ᠲᠠᠩᠰᠠ ᠪᠠ ᠴᠠᠭ ᠬᠤᠭᠤᠴᠠᠭ᠎ᠠ ᠵᠠᠩᠭᠢᠯᠠᠭ᠎ᠠ᠎ᠶᠢᠨ ᠴᠡᠭ᠎ᠢ ᠴᠢᠩᠭ᠎ᠠ ᠵᠢᠷᠤᠮᠯᠠᠨ᠂ ᠠᠵᠢᠯ᠎ᠤᠨ ᠬᠤᠭᠤᠴᠠᠭ᠎ᠠ᠎ᠶ᠋ᠢ ᠲᠣᠩᠭᠤᠷᠤᠭᠤᠯᠤᠨ ᠵᠢᠭ᠍ᠰᠠᠭᠠᠵᠤ᠂ ᠡᠮᠴᠢᠯᠡᠭᠡᠨ᠎ᠦ ᠪᠠᠲᠣᠯᠠᠭ᠎ᠠ᠎ᠶᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶᠡᠨ᠎ᠳᠠᠬᠢ ᠠᠶᠤᠯ ᠲᠦᠭ᠌ᠰᠢᠭᠦᠷᠢ ᠬᠡᠮ ᠰᠣᠭᠤᠭ᠎ᠢ ᠪᠥᠬᠦ᠌ ᠲᠠᠯ᠎ᠠ᠎ᠪᠠᠷ ᠲᠣᠳᠣᠷᠬᠠᠶ ᠣᠢᠯᠠᠭᠠᠵᠤ᠂ ᠲᠤᠰᠭᠠᠶ ᠴᠡᠭ᠌ᠴᠡᠯᠡᠨ ᠵᠠᠰᠠᠬᠤ᠎ᠳᠤ ᠨᠠᠷᠢᠯᠢᠭ  ᠣᠨᠣᠪᠴᠢᠲᠠᠢ᠎ᠪᠠᠷ ᠬᠦᠴᠦᠯᠡᠬᠦ᠌ ᠰᠠᠭᠤᠷᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠶ ᠭᠡᠵᠦ᠍ ᠱᠠᠭᠠᠷᠳᠠᠪᠠ᠃ ᠡᠭᠦᠨ᠎ᠤ ᠬᠠᠮᠲᠤ᠌᠂ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠠᠴᠠ ᠬᠠᠷᠢᠭᠤ ᠲᠤᠰᠭᠠᠭ᠍ᠰᠠᠨ ᠠᠰᠠᠭᠤᠳᠠᠯ᠎ᠤᠨ ᠳᠤᠮᠳᠠᠬᠢ ᠬᠤᠱᠢᠭᠤ ᠱᠢᠶᠠᠨ ᠲᠣᠭᠤᠷᠢᠭ᠎ᠤᠨ ᠡᠮᠴᠢᠯᠡᠭᠡᠨ᠎ᠦ ᠪᠠᠲᠣᠯᠠᠭ᠎ᠠ᠎ᠶᠢᠨ ᠰᠠᠯᠠᠭ᠎ᠠ ᠮᠥᠴᠢᠷ᠎ᠲᠤ ᠬᠤᠯᠪᠣᠭ᠍ᠳᠠᠬᠤ ᠬᠠᠮᠢᠶ᠎ᠠ ᠪᠥᠬᠦᠶ ᠵᠦᠢᠯᠡᠰ᠎ᠲᠤ ᠴᠢᠭ᠌ᠯᠡᠭᠦᠯᠦᠨ᠂ ᠬᠤᠷᠠᠯ᠎ᠠᠴᠠ ᠭᠤᠤᠯᠳᠠᠯᠭ᠎ᠠ᠎ᠲᠠᠢ ᠪᠠᠢᠷᠢᠯᠠᠭᠤᠯᠤᠯᠲᠠ ᠬᠢᠵᠦ᠍᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠴᠢᠩᠭᠠᠷᠠᠭᠤᠯᠤᠨ᠂ ᠴᠡᠭ᠌ᠴᠡᠯᠡᠨ ᠰᠠᠢᠵᠢᠷᠠᠭᠤᠯᠬᠤ ᠠᠬᠢᠴᠠ᠎ᠶ᠋ᠢ ᠳᠡᠭᠡᠭ᠌ᠰᠢᠯᠡᠭᠦᠯᠵᠦ᠍᠂ ᠴᠡᠭ᠌ᠴᠡᠯᠡᠨ ᠰᠠᠢᠵᠢᠷᠠᠭᠤᠯᠬᠤ ᠶᠠᠪᠤᠴᠠ᠎ᠳᠠᠬᠢ ᠤᠳᠠᠭᠠᠱᠢᠷᠠᠭᠤᠯᠬᠤ ᠪᠠ ᠨᠤᠭᠤᠯᠤᠨ ᠪᠤᠳᠤᠬᠤ ᠦᠵᠡᠭ᠌ᠳᠡᠯ᠎ᠢ ᠡᠷᠡᠰ ᠬᠤᠷᠢᠭ᠍ᠯᠠᠵᠤ᠂ ᠬᠢᠨᠠᠨ ᠵᠢᠯᠣᠭᠤᠳᠴᠤ᠌ ᠴᠡᠭ᠌ᠴᠡᠯᠡᠨ ᠰᠠᠢᠵᠢᠷᠠᠭᠤᠯᠬᠤ᠎ᠪᠠᠷ ᠠᠵᠠ ᠲᠣᠬᠢᠶᠠᠯ ᠪᠣᠯᠭᠠᠵᠤ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠬᠠᠷᠢᠭᠤ ᠲᠤᠰᠭᠠᠭ᠍ᠰᠠᠨ ᠠᠰᠠᠭᠤᠳᠠᠯ᠎ᠢ 《 ᠨᠢᠭᠡᠳ ᠨᠢᠭᠡ᠎ᠪᠠᠷ ᠨᠠᠢᠳᠠᠪᠤᠷᠢᠵᠢᠭᠤᠯᠵᠤ᠂ ᠶᠠᠪᠤᠳᠠᠯ ᠪᠣᠯᠭᠠᠨ᠎ᠳᠤ ᠬᠠᠷᠢᠭᠤ ᠥᠭ᠌ᠬᠦ 》᠎ᠶ᠋ᠢ ᠦᠨᠡᠨ ᠬᠦ᠌ ᠪᠡᠶᠡᠯᠡᠭᠦᠯᠵᠦ᠍᠂ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ᠎ᠶ᠋ᠢ ᠦᠨᠡᠨ ᠬᠦ᠌ ᠡᠮᠴᠢᠯᠡᠭᠡᠨ᠎ᠦ ᠪᠠᠲᠣᠯᠠᠭ᠎ᠠ᠎ᠶᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠪᠣᠳᠠᠲᠠᠶ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

  ᠬᠤᠷᠠᠯ᠎ᠠᠴᠠ᠂ ᠨᠢᠭᠡ᠎ᠳᠤ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠪᠠᠨ ᠪᠣᠳᠠᠲᠠᠢᠵᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃ ᠡᠯ᠎ᠡ ᠬᠤᠱᠢᠭᠤ ᠱᠢᠶᠠᠨ ᠲᠣᠭᠤᠷᠢᠭ᠎ᠤᠨ ᠡᠮᠴᠢᠯᠡᠭᠡᠨ᠎ᠤ ᠪᠠᠲᠣᠯᠠᠭ᠎ᠠ᠎ᠶᠢᠨ ᠰᠠᠯᠠᠭ᠎ᠠ ᠮᠥᠴᠢᠷ᠎ᠤᠳ ᠨᠢᠭᠡᠳᠦᠭᠡᠷ ᠱᠠᠲᠤ ᠵᠢᠴᠢ ᠲᠡᠭᠦᠨ᠎ᠠᠴᠠ ᠳᠣᠷᠣᠭ᠍ᠰᠢᠬᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ ᠪᠠ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠭᠤᠤᠯ ᠤᠳᠤᠷᠢᠳᠤᠯᠭ᠎ᠠ ᠪᠡᠶ᠎ᠡ᠎ᠪᠠᠷ᠎ᠢᠶᠠᠨ ᠪᠠᠢᠷᠢᠯᠠᠭᠤᠯᠤᠨ ᠠᠬᠢᠭᠤᠯᠵᠤ᠂ ᠨᠢᠭᠡᠳᠦᠭᠡᠷ ᠹᠷᠣᠨᠲ᠎ᠤᠨ ᠬᠢᠨᠠᠨ ᠵᠢᠯᠣᠭᠤᠳᠴᠤ᠌ ᠦᠷ᠎ᠡ ᠪᠦᠲᠦᠮᠵᠢ᠎ᠶ᠋ᠢ ᠠᠰᠠᠭᠤᠵᠤ᠂ ᠴᠠᠭ ᠬᠤᠭᠤᠴᠠᠭ᠎ᠠ ᠵᠠᠩᠬᠢᠯᠠᠭ᠎ᠠ ᠴᠡᠭ ᠪᠠ ᠡᠭᠦᠷᠭᠡ ᠬᠠᠷᠠᠯᠲᠠ᠎ᠶ᠋ᠢ ᠴᠢᠩᠭ᠎ᠠ ᠠᠩᠬᠠᠷᠴᠤ᠌᠂ ᠬᠡᠪ᠎ᠤᠨ ᠵᠤᠷᠱᠢᠯ᠎ᠠᠴᠠ ᠳᠠᠪᠠᠭ᠍ᠰᠠᠨ ᠡᠷᠴᠢᠮ᠎ᠢᠶᠠᠷ ᠰᠡᠲᠡᠷᠬᠡᠢ᠎ᠶᠢ ᠤᠷᠠᠵᠤ᠂ ᠪᠠᠢᠳᠠᠯ᠎ᠢ ᠨᠡᠭᠡᠭᠡᠵᠦ᠍᠂ ᠲᠤᠰᠭᠠᠶ ᠠᠵᠢᠯ᠎ᠢ ᠪᠣᠳᠠᠲᠠᠶ ᠨᠠᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠬᠤᠶᠠᠷ᠎ᠲᠤ᠌᠂ ᠬᠠᠮᠵᠢᠯᠴᠠᠨ ᠬᠠᠮᠲᠤᠷᠠᠯᠴᠠᠬᠤ᠎ᠶ᠋ᠢ ᠴᠢᠩᠭ᠋ᠠᠷᠠᠭᠤᠯᠵᠤ᠂ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠤᠨ᠎ᠠ᠃ ᠲᠣᠰ ᠤᠳᠠᠭᠠᠨ᠎ᠤ ᠲᠤᠰᠭᠠᠶ ᠴᠡᠭ᠌ᠴᠡᠯᠡᠨ ᠵᠠᠰᠠᠬᠤ  《 ᠱᠢᠪᠲᠤᠯᠤᠯᠲᠠ᠎ᠶ᠋ᠢᠨ ᠪᠠᠢ᠌ᠯᠳᠣᠭ᠋ᠠᠨ 》 ᠎ᠢ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠲᠦᠷᠦᠭᠦᠯᠡᠨ ᠠᠬᠢᠭᠤᠯᠵᠤ᠂ ᠡᠯ᠎ᠡ ᠬᠤᠱᠢᠭᠤ ᠱᠢᠶᠠᠨ ᠲᠣᠭᠤᠷᠢᠭ᠎ᠤᠨ ᠡᠮᠴᠢᠯᠡᠭᠡᠨ᠎ᠤ ᠪᠠᠲᠣᠯᠠᠭ᠎ᠠ᠎ᠶᠢᠨ ᠰᠠᠯᠠᠭ᠎ᠠ ᠮᠥᠴᠢᠷ᠎ᠤᠳ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠰᠠᠯᠠᠭ᠎ᠠ ᠮᠥᠴᠢᠷ᠎ᠯᠦᠭᠡ᠎ᠶ᠋ᠢᠨ ᠨᠡᠪᠲᠡᠷᠡᠯᠴᠡᠭᠡ ᠬᠠᠮᠵᠢᠯᠴᠠᠭ᠎ᠠ᠎ᠪᠠᠨ ᠰᠠᠨᠠᠭᠠᠴᠢᠯᠠᠭ᠎ᠠ᠎ᠠᠴᠠ᠎ᠪᠠᠨ ᠴᠢᠩᠭᠠᠳᠭᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠰᠠᠯᠠᠭ᠎ᠠ ᠮᠥᠴᠢᠷ᠎ᠤᠨ ᠬᠦᠴᠦᠨ᠎ᠢ ᠢᠳᠡᠪᠬᠢᠲᠡᠶ ᠠᠱᠢᠭ᠍ᠯᠠᠨ ᠠᠵᠢᠯ᠎ᠤᠨ ᠬᠠᠷᠰᠢ ᠰᠠᠭᠠᠳ᠎ᠢ ᠠᠷᠢᠯᠭᠠᠬᠤ ᠬᠡᠷᠡᠭ᠌ᠲᠡᠶ᠃ ᠡᠭᠦᠨ᠎ᠤ ᠬᠠᠮᠲᠤ᠌᠂ ᠬᠤᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《 ᠬᠠᠮᠵᠢᠯᠴᠠᠨ ᠪᠠᠢᠯᠳᠤᠬᠤ 》 ᠵᠠᠭ᠍ᠪᠤᠷ᠎ᠢ ᠪᠠᠢᠭᠤᠯᠵᠤ᠂ ᠲᠤᠰᠭᠠᠶ ᠴᠡᠭ᠌ᠴᠡᠯᠡᠨ ᠵᠠᠰᠠᠯᠲᠠ᠎ᠶ᠋ᠢ 《 ᠱᠢᠪᠲᠤᠯᠤᠯᠲᠠ᠎ᠶ᠋ᠢᠨ ᠪᠠᠢ᠌ᠯᠳᠣᠭ᠋ᠠᠨ 》᠎ᠠᠴᠠ 《 ᠤᠳᠠᠭᠠᠨ ᠳᠠᠭᠠᠭᠠᠮᠠᠭᠠᠶ ᠪᠠᠢ᠌ᠯᠳᠣᠭ᠋ᠠᠨ 》 ᠲᠡᠢ᠌ᠰᠢ ᠤᠷᠲᠤᠳᠭᠠᠬᠤ᠎ᠶ᠋ᠢ ᠠᠬᠢᠭᠣᠯᠣᠨ᠎ᠠ᠃ ᠭᠤᠷᠪᠠ᠎ᠳᠤ᠂ ᠬᠢᠨᠠᠨ ᠱᠢᠯᠭᠠᠵᠤ ᠬᠢᠨᠠᠯᠲᠠ ᠲᠠᠯᠪᠢᠬᠤ᠎ᠶ᠋ᠢ ᠴᠢᠩᠳᠠᠯᠠᠵᠤ᠂ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠡᠯ᠎ᠡ ᠬᠤᠱᠢᠭᠤ ᠱᠢᠶᠠᠨ ᠲᠣᠭᠤᠷᠢᠭ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠨ 《 ᠱᠢᠪᠲᠤᠯᠤᠯᠲᠠ᠎ᠶ᠋ᠢᠨ ᠪᠠᠢ᠌ᠯᠳᠣᠭ᠋ᠠᠨ 》 ᠎ᠤ ᠠᠵᠢᠯ᠎ᠢ ᠠᠬᠢᠭᠤᠯᠤᠭ᠍ᠰᠠᠨ ᠪᠠᠢᠳᠠᠯ᠎ᠢ ᠬᠢᠨᠠᠨ ᠱᠢᠯᠭᠠᠵᠤ ᠬᠢᠨᠠᠯᠲᠠ ᠲᠠᠯᠪᠢᠬᠤ ᠡᠷᠴᠢᠮ᠎ᠢᠶᠠᠨ ᠤᠯᠠᠮ ᠨᠢᠭᠡ ᠠᠯᠬᠤᠮ ᠴᠢᠩᠭᠠᠳᠭᠠᠨ᠎ᠠ᠃ ᠲᠣᠪᠣᠢᠮ᠎ᠠ ᠦᠷ᠎ᠡ ᠪᠦᠲᠦᠭᠡᠯ ᠣᠯᠤᠭ᠍ᠰᠠᠨ ᠬᠤᠱᠢᠭᠤ ᠱᠢᠶᠠᠨ ᠲᠣᠭᠤᠷᠢᠭ᠎ᠤᠨ ᠡᠮᠴᠢᠯᠡᠭᠡᠨ᠎ᠤ ᠪᠠᠲᠣᠯᠠᠭ᠎ᠠ᠎ᠶᠢᠨ ᠰᠠᠯᠠᠭ᠎ᠠ ᠮᠥᠴᠢᠷ᠎ᠢ ᠰᠠᠢᠱᠢᠶᠠᠨ ᠬᠥᠬᠢᠭᠦᠯᠵᠦ᠍᠂ ᠲᠡᠷᠢᠭᠦᠨ᠎ᠤ ᠨᠡᠢᠲᠡᠯᠢᠭ ᠵᠢᠱ᠌ᠢᠶ᠎ᠡ᠎ᠶ᠋ᠢ ᠪᠣᠶ ᠪᠣᠯᠭᠠᠨ᠎ᠠ; ᠠᠬᠢᠭᠤᠯᠬᠤ᠎ᠨᠢ ᠤᠳᠠᠭᠠᠨ᠂ ᠬᠠᠰᠢ ᠶᠠᠰᠢ᠎ᠪᠠᠷ ᠠᠷᠭ᠋ᠠᠴᠠᠭ᠋ᠠᠬᠤ ᠬᠤᠱᠢᠭᠤ ᠰᠢᠶᠠᠨ ᠲᠣᠭᠤᠷᠢᠭ᠎ᠤᠨ ᠡᠮᠴᠢᠯᠡᠭᠡᠨ᠎ᠤ ᠪᠠᠲᠣᠯᠠᠭ᠎ᠠ᠎ᠶᠢᠨ ᠰᠠᠯᠠᠭ᠎ᠠ ᠮᠥᠴᠢᠷ᠎ᠢ ᠪᠣᠯᠵᠣᠨ ᠶᠠᠷᠢᠯᠴᠠᠵᠤ ᠰᠠᠨᠠᠭᠤᠯᠬᠤ᠎ᠶ᠋ᠢᠨ ᠬᠠᠮᠲᠤ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠴᠢᠩᠭ᠎ᠠ ᠬᠢᠨᠠᠨ ᠱᠢᠯᠭᠠᠵᠤ ᠬᠢᠨᠠᠯᠲᠠ ᠲᠠᠯᠪᠢᠬᠤ᠎ᠪᠠᠷ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠭᠡᠳᠡᠷᠬᠦ᠌ ᠱᠢᠬᠠᠮᠳᠠᠭᠤᠯᠵᠤ᠂ ᠲᠤᠰᠭᠠᠶ ᠴᠡᠭ᠌ᠴᠡᠯᠡᠨ ᠵᠠᠰᠠᠬᠤ 《 ᠰᠢᠪᠲᠥᠯᠥᠯᠲᠠ᠎ᠶ᠋ᠢᠨ ᠪᠠᠢᠯᠳᠤᠭᠠᠨ 》 ᠎ᠤ ᠡᠯ᠎ᠡ ᠵᠦᠢᠯ᠎ᠤᠨ ᠡᠭᠦᠷᠭᠡ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠵᠤ᠂ ᠠᠷᠠᠳ ᠣᠯᠠᠨ᠎ᠤ 《 ᠡᠪᠡᠳᠴᠢᠨ ᠦᠵᠡᠭᠦᠯᠬᠦ᠌ ᠵᠣᠭᠤᠰ 》《 ᠠᠮᠢ ᠠᠪᠤᠷᠠᠬᠤ ᠵᠣᠭᠤᠰ 》 ᠎ᠢ ᠡᠷᠡᠰ ᠰᠠᠢᠲᠤᠷ ᠰᠠᠬᠢᠨ ᠬᠠᠮᠠᠭᠠᠯᠠᠬᠤ ᠬᠡᠷᠡᠭ᠌ᠳᠡᠢ᠃

ᠢᠷᠡᠯᠲᠡ᠄ ᠪᠤᠭᠤᠲᠤ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠣᠯᠠᠨ ᠨᠡᠢ᠌ᠲᠡ᠎ᠶᠢᠨ ᠸᠢᠴᠠᠲ ᠲᠡᠪᠴᠡᠩ
          
ᠬᠠᠮᠢᠶ᠎ᠡ ᠪᠦᠬᠦᠢ ᠰᠣᠨᠢᠨ
 
            