ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠳᠡᠳ᠋ ᠬᠤᠲᠠ᠎ᠶ᠋ᠢᠨ ᠳᠠᠷᠤᠭ᠎ᠠ ᠬᠤᠸᠠᠩ ᠱᠤᠸᠠᠩ ᠶᠠᠨ ᠰᠦᠩᠱᠠᠨ ᠲᠣᠭᠤᠷᠢᠭ᠂ ᠠᠤᠬᠠᠨ ᠬᠤᠱᠢᠭᠤᠨ᠎ᠳᠤ ᠭᠦᠨᠵᠡᠭᠡᠢᠷᠡᠨ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ ᠠᠵᠢᠯ᠎ᠢ ᠪᠠᠢᠴᠠᠭᠠᠨ ᠰᠤᠳᠤᠯᠪᠠ
ᠨᠡᠶ᠋ᠢᠲᠡᠯᠡᠭᠰᠡᠨ ᠴᠠᠭ᠄ 2025-12-10

  12 ᠳ᠋ᠤᠭ᠋ᠠᠷ ᠰᠠᠷ᠎ᠠ᠎ᠶ᠋ᠢᠨ 9 ᠎ᠤ ᠡᠳᠦᠷ᠂ ᠤᠯᠠᠭᠠᠨᠬᠠᠳᠠ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠤᠲᠠ᠎ᠶ᠋ᠢᠨ ᠳᠠᠷᠤᠭ᠎ᠠ ᠬᠤᠸᠠᠩ ᠱᠤᠸᠠᠩ ᠶᠠᠨ ᠰᠦᠩᠱᠠᠨ ᠲᠣᠭᠤᠷᠢᠭ᠂ ᠠᠤᠬᠠᠨ ᠬᠤᠱᠢᠭᠤᠨ᠎ᠳᠤ ᠬᠦᠷᠴᠦ᠍᠂ 2026 ᠣᠨ᠎ᠤ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠭ᠍ᠰᠠᠨ ᠠᠵᠢᠯ᠎ᠤᠨ ᠪᠠᠢᠳᠠᠯ᠎ᠢ ᠲᠤᠰᠭᠠᠶ ᠰᠡᠳᠦᠪ᠎ᠢᠶᠠᠷ ᠪᠠᠢᠴᠠᠭᠠᠨ ᠰᠤᠳᠤᠯᠪᠠ᠃ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶᠠᠨ᠎ᠤ ᠳᠠᠷᠤᠭ᠎ᠠ ᠸᠠᠩ ᠯᠢ ᠼᠦᠩ᠂ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠴᠢᠯᠡᠭᠡᠨ᠎ᠤ ᠲᠥᠪ᠎ᠤᠨ ᠡᠷᠬᠢᠯᠡᠭ᠌ᠴᠢ ᠹᠠᠨ ᠲᠢ ᡁᠢ᠂ ᠰᠦᠩᠱᠠᠨ ᠲᠣᠭᠤᠷᠢᠭ᠎ᠤᠨ ᠳᠡᠳ᠋ ᠲᠣᠭᠤᠷᠢᠭ᠎ᠤᠨ ᠳᠠᠷᠤᠭ᠎ᠠ ᠯᠢ ᠱᠢᠶᠠᠨ ᠹᠦ᠂ ᠠᠤᠬᠠᠨ ᠬᠤᠱᠢᠭᠤᠨ᠎ᠤ ᠳᠡᠳ᠋ ᠬᠤᠱᠢᠭᠤ ᠳᠠᠷᠤᠭ᠎ᠠ ᠪᠦᠦ ᠯᠢᠨ ᠵᠢᠶᠠ ᠪᠠᠷ᠎ᠠ ᠪᠣᠯᠵᠣ ᠪᠠᠢᠴᠠᠭᠠᠨ ᠰᠤᠳᠤᠯᠤᠯᠲᠠ ᠬᠢᠪᠠ᠃

 

 

  ᠬᠤᠸᠠᠩ ᠱᠤᠸᠠᠩ ᠶᠠᠨ ᠨᠠᠷ ᠤᠷᠢᠳ ᠬᠤᠵᠢᠳ ᠰᠦᠩᠱᠠᠨ ᠲᠣᠭᠤᠷᠢᠭ᠎ᠤᠨ ᠰᠦᠩᠵᠧᠦ ᠵᠡᠭᠡᠯᠢ ᠭᠤᠳᠤᠮᠵᠢ᠎ᠶ᠋ᠢᠨ ᠯᠢ ᠵᠢᠩ ᠨᠡᠢᠭᠡᠮ ᠲᠣᠭᠤᠷᠢᠭ ᠪᠣᠯᠤᠨ ᠠᠤᠬᠠᠨ ᠬᠤᠱᠢᠭᠤᠨ᠎ᠤ ᠮᠠᠨᠢᠬᠠᠨ ᠱᠢᠶᠠᠩ᠎ᠤᠨ ᠱᠤᠸᠠᠩ ᠮᠢᠶᠣᠣ ᠲᠣᠰᠭᠤᠨ᠎ᠳᠤ ᠭᠦᠨᠵᠡᠭᠡᠢᠷᠡᠵᠦ᠍᠂ ᠲᠤᠬᠠᠶ᠎ᠶ᠋ᠢᠨ ᠭᠠᠵᠠᠷ᠎ᠲᠤ ᠨᠢ ᠰᠤᠷᠪᠤᠯᠵᠢᠯᠠᠬᠤ᠂ ᠡᠷᠦᠬᠡ᠎ᠳᠤ ᠬᠦᠷᠴᠦ᠍ ᠪᠠᠢᠴᠠᠭᠠᠨ ᠰᠤᠳᠤᠯᠬᠤ᠂ ᠳᠠᠭᠠᠳᠭᠠᠯ᠎ᠳᠤ ᠣᠷᠣᠯᠴᠠᠭ᠍ᠰᠠᠨ ᠡᠬᠡ ᠲᠠᠩᠰᠠ᠎ᠶ᠋ᠢ ᠪᠠᠢᠴᠠᠭᠠᠨ ᠦᠵᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠲᠤᠬᠠᠶ᠎ᠶ᠋ᠢᠨ ᠭᠠᠵᠠᠷ᠎ᠤᠨ ᠪᠠᠢᠩᠭᠤ ᠰᠠᠭᠤᠭ᠎ᠠ ᠬᠥᠮᠦᠨ ᠠᠮᠠ᠂ ᠬᠦᠴᠢᠷᠳᠡᠯᠲᠡᠶ ᠣᠯᠠᠨ ᠲᠦᠮᠡᠨ᠂ ᠰᠤᠷᠭᠠᠭᠤᠯᠢ᠎ᠳᠤ ᠪᠠᠢᠭ᠎ᠠ ᠰᠤᠷᠤᠭ᠍ᠴᠢᠳ ᠵᠡᠷᠭᠡ ᠡᠯ᠎ᠡ ᠲᠥᠷᠥᠯ᠎ᠤᠨ ᠣᠯᠠᠨ ᠲᠦᠮᠡᠨ᠎ᠦ ᠳᠠᠭᠠᠳᠭᠠᠯ᠎ᠳᠤ ᠣᠷᠣᠯᠴᠠᠭ᠍ᠰᠠᠨ ᠠᠬᠢᠴᠠ ᠪᠣᠯᠤᠨ ᠪᠣᠳᠠᠲᠠᠶ ᠪᠠᠢᠳᠠᠯ᠎ᠢ ᠨᠠᠷᠢᠨ ᠣᠢᠯᠠᠭᠠᠵᠤ᠂ ᠲᠣᠰᠭᠤᠨ᠎ᠤ ᠡᠷᠡᠭᠦᠯ ᠬᠠᠮᠠᠭᠠᠯᠠᠯ᠎ᠤᠨ ᠲᠠᠰᠤᠭ᠎ᠤᠨ ᠴᠢᠰᠤᠨ ᠳᠠᠷᠤᠯᠲᠠ ᠥᠨᠳᠥᠷ᠂ ᠱᠢᠬᠢᠷ ᠱᠢᠵᠢᠩ ᠡᠪᠡᠳᠴᠢᠨ᠎ᠤ ᠡᠭᠦᠳᠡᠨ ᠡᠮᠨᠡᠯᠭᠡ᠎ᠶ᠋ᠢᠨ ᠡᠮ ᠬᠡᠷᠡᠭ᠌ᠯᠡᠬᠦ᠌ ᠪᠠᠲᠤᠯᠠᠭ᠎ᠠ᠂ ᠦᠷᠭᠦᠯᠵᠢ ᠬᠡᠷᠡᠭ᠌ᠯᠡᠳᠡᠭ ᠡᠮ᠎ᠤᠨ ᠵᠦᠢᠯ᠎ᠤᠨ ᠲᠣᠬᠢᠷᠠᠭᠤᠯᠤᠯᠲᠠ᠂ ᠡᠮᠴᠢᠯᠡᠭᠡᠨ᠎ᠤ ᠳᠠᠭᠠᠳᠭᠠᠯ᠎ᠤᠨ ᠳ᠋ᠦᠩᠨᠡᠨ ᠪᠤᠳᠤᠬᠤ ᠠᠷᠭ᠎ᠠ ᠮᠠᠶᠢᠭ ᠵᠡᠷᠭᠡ ᠲᠠᠯ᠎ᠠ᠎ᠶ᠋ᠢᠨ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠯᠠᠪᠯᠠᠨ ᠠᠰᠠᠭᠤᠵᠤ᠂ ᠦᠨᠳᠦᠰᠦᠨ ᠱᠠᠲᠤᠨ᠎ᠤ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠬᠤ᠎ᠶ᠋ᠢ ᠠᠬᠢᠭᠤᠯᠬᠤ ᠠᠵᠢᠯ᠎ᠤᠨ ᠳᠤᠮᠳᠠ ᠲᠤᠯᠭᠠᠷᠠᠭ᠍ᠰᠠᠨ ᠠᠰᠠᠭᠤᠳᠠᠯ ᠪᠣᠯᠤᠨ ᠬᠦᠴᠢᠷᠳᠡᠯ᠎ᠢ ᠨᠠᠷᠢᠨ ᠬᠢᠨᠠᠮᠠᠭᠠᠶ ᠰᠣᠨᠣᠰᠪᠠ᠃ ᠪᠠᠢᠴᠠᠭᠠᠨ ᠰᠤᠳᠤᠯᠤᠯᠲᠠ᠎ᠶ᠋ᠢᠨ ᠳᠤᠮᠳᠠ᠂ ᠬᠤᠸᠠᠩ ᠱᠤᠸᠠᠩ ᠶᠠᠨ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠪᠣᠯᠤᠨ ᠬᠤᠱᠢᠭᠤ ᠱᠢᠶᠠᠨ ᠲᠣᠭᠤᠷᠢᠭ᠎ᠤᠨ ᠵᠠᠰᠠᠭ᠎ᠤᠨ ᠣᠷᠳᠣᠨ᠎ᠤ ᠪᠥᠬᠦ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ᠎ᠶ᠋ᠢ ᠠᠬᠢᠭᠤᠯᠬᠤ᠂ ᠡᠪᠡᠳᠴᠢᠨ᠎ᠠᠴᠠ ᠪᠣᠯᠵᠣ ᠳᠠᠬᠢᠨ ᠶᠠᠳᠠᠭᠤᠷᠠᠬᠤ ᠲᠦᠭ᠌ᠰᠢᠭᠦᠷᠢ᠎ᠶ᠋ᠢ ᠰᠡᠷᠭᠡᠢᠯᠡᠬᠦ᠌ ᠳᠤᠮᠳᠠ ᠣᠯᠤᠭ᠍ᠰᠠᠨ ᠦᠷ᠎ᠡ ᠪᠦᠲᠦᠮᠵᠢ᠎ᠶ᠋ᠢ ᠭᠦᠶ᠋ᠴᠡᠳ ᠨᠤᠲᠠᠯᠠᠬᠤ᠎ᠶ᠋ᠢᠨ ᠬᠠᠮᠲᠤ 2026 ᠣᠨ᠎ᠤ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭᠠᠳᠭᠠᠯ᠎ᠳᠤ ᠣᠷᠣᠯᠴᠠᠬᠤ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠂ ᠡᠮᠴᠢᠯᠡᠭᠡᠨ᠎ᠤ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ ᠬᠢᠭᠡᠳ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ᠎ᠶ᠋ᠢ ᠠᠬᠢᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃

 

 

  ᠬᠤᠸᠠᠩ ᠱᠤᠸᠠᠩ ᠶᠠᠨ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠎ᠳᠤ ᠣᠷᠣᠯᠴᠠᠬᠤ ᠠᠵᠢᠯ᠎ᠨᠢ ᠠᠷᠠᠳ ᠣᠯᠠᠨ᠎ᠤ ᠲᠣᠰ ᠪᠡᠶ᠎ᠡ᠎ᠶ᠋ᠢᠨ ᠠᠱᠢᠭ ᠲᠤᠰᠠ᠎ᠲᠠᠢ ᠱᠢᠭᠤᠳ ᠬᠤᠯᠪᠣᠭ᠍ᠳᠠᠵᠤ᠂ ᠣᠯᠠᠨ ᠲᠦᠮᠡᠨ᠎ᠤ ᠡᠪᠡᠳᠴᠢᠨ ᠦᠵᠡᠭᠦᠯᠬᠦ᠌ ᠳᠠᠷᠤᠭᠠᠰᠤ᠎ᠶ᠋ᠢ ᠬᠥᠩᠭᠡᠷᠡᠭᠦᠯᠬᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠂ ᠨᠡᠢᠭᠡᠮ᠎ᠤᠨ ᠲᠣᠭ᠍ᠲᠠᠭᠤᠨ ᠪᠠᠢᠳᠠᠯ᠎ᠢ ᠬᠠᠮᠠᠭᠠᠯᠠᠬᠤ ᠰᠠᠭᠤᠷᠢ ᠴᠢᠨᠠᠷᠲᠠᠶ ᠠᠵᠢᠯ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠪᠥᠬᠦ᠌ ᠲᠠᠯ᠎ᠠ᠎ᠳᠤ ᠦᠢᠯᠡᠴᠢᠯᠡᠬᠦ᠌ ᠵᠣᠭᠰᠤᠴᠠ᠎ᠠᠴᠠ ᠡᠭᠦᠰᠴᠦ᠍᠂ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠰᠡᠳᠭᠢᠯᠭᠡ᠎ᠪᠠᠨ ᠤᠯᠠᠮ ᠨᠢᠭᠡ ᠠᠯᠬᠤᠮ ᠴᠢᠩᠭᠠᠳᠭᠠᠨ᠂ ᠪᠣᠳᠠᠲᠠᠶ᠎ᠶ᠋ᠢ ᠡᠷᠬᠢᠮᠯᠡᠬᠦ᠌ ᠰᠤᠷᠲᠠᠯ ᠪᠠ ᠲᠤᠰᠠᠲᠠᠶ ᠠᠷᠭ᠎ᠠ ᠬᠡᠮᠵᠢᠶ᠎ᠡ᠎ᠪᠠᠷ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠶ᠋ᠢᠨ ᠳᠠᠭᠠᠳᠭᠠᠯ᠎ᠳᠤ ᠣᠷᠣᠯᠴᠠᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠵᠤ᠂ ᠳᠠᠭᠠᠳᠭᠠᠯ᠎ᠳᠤ ᠣᠷᠣᠯᠴᠠᠬᠤ ᠬᠠᠷᠠᠯᠲᠠ ᠡᠭᠦᠷᠭᠡ᠎ᠪᠠᠨ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠡᠮᠴᠢᠯᠡᠭᠡᠨ᠎ᠤ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠬᠥᠲᠥᠯᠦᠨ ᠵᠢᠯᠣᠭᠤᠳᠭᠤ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠢᠯᠠᠩᠭᠤᠶ᠎ᠠ 2026 ᠣᠨ᠎ᠤ ᠳᠠᠭᠠᠳᠭᠠᠯ᠎ᠳᠤ ᠣᠷᠣᠯᠴᠠᠬᠤ ᠲᠥᠷᠥ᠎ᠶ᠋ᠢᠨ ᠪᠣᠳᠣᠯᠭ᠎ᠠ᠎ᠶ᠋ᠢᠨ ᠵᠠᠩᠭᠢᠯᠠᠭ᠎ᠠ᠎ᠶ᠋ᠢᠨ ᠬᠤᠪᠢᠷᠠᠯᠲᠠ  ᠵᠢᠱ᠌ᠢᠶᠡᠯᠡᠪᠡᠯ ᠲᠥᠪᠯᠡᠷᠡᠭᠦᠯᠦᠨ ᠲᠠᠲᠠᠪᠤᠷᠢᠯᠠᠨ ᠲᠤᠱᠢᠶᠠᠬᠤ ᠬᠤᠭᠤᠴᠠᠭ᠎ᠠ᠎ᠶ᠋ᠢ 12 ᠳ᠋ᠤᠭᠠᠷ ᠰᠠᠷ᠎ᠠ᠎ᠶ᠋ᠢᠨ 31 ᠎ᠤ ᠡᠳᠦᠷ ᠪᠣᠯᠲᠠᠯ᠎ᠠ ᠪᠣᠭᠤᠨᠢᠰᠭᠠᠵᠤ᠂ ᠳᠠᠭᠠᠳᠭᠠᠯ᠎ᠢ ᠲᠠᠰᠤᠯᠳᠠᠭᠤᠯᠬᠤ᠎ᠳᠤ ᠬᠠᠷᠠᠭᠠᠯᠵᠠᠯ᠎ᠢ ᠬᠦᠯᠢᠶᠡᠬᠦ᠌ ᠬᠤᠭᠤᠴᠠᠭ᠎ᠠ᠎ᠶ᠋ᠢ ᠳᠣᠭᠢᠷᠠᠭᠤᠯᠬᠤ᠂ ᠦᠷᠭᠦᠯᠵᠢᠯᠡᠨ ᠳᠠᠭᠠᠳᠭᠠᠯ᠎ᠳᠤ ᠣᠷᠣᠯᠴᠠᠬᠤ᠎ᠶ᠋ᠢ ᠤᠷᠮᠠᠱᠢᠭᠤᠯᠬᠤ ᠠᠷᠭ᠎ᠠ ᠬᠡᠮᠵᠢᠶ᠎ᠡ᠎ᠲᠠᠢ ᠪᠠᠢᠯᠭᠠᠬᠤ ᠵᠡᠷᠭᠡ ᠣᠯᠠᠨ ᠬᠡᠯᠪᠡᠷᠢ᠎ᠶ᠋ᠢᠨ ᠤᠬᠠᠭᠤᠯᠭ᠎ᠠ᠎ᠶ᠋ᠢ ᠥᠷᠨᠢᠭᠦᠯᠵᠦ᠍᠂ ᠣᠯᠠᠨ ᠲᠦᠮᠡᠨ᠎ᠢ ᠬᠥᠲᠥᠯᠦᠨ ᠵᠢᠯᠣᠭᠤᠳᠴᠤ᠌ ᠪᠠᠢᠭᠠᠳ ᠢᠳᠡᠪᠬᠢᠲᠡᠶ ᠳᠠᠭᠠᠳᠭᠠᠯ᠎ᠳᠤ ᠣᠷᠣᠯᠴᠠᠭᠤᠯᠵᠤ᠂ ᠦᠷᠭᠦᠯᠵᠢᠯᠡᠨ ᠳᠠᠭᠠᠳᠭᠠᠯ᠎ᠳᠤ ᠣᠷᠣᠯᠴᠠᠭᠤᠯᠬᠤ ᠬᠡᠷᠡᠭ᠌ᠲᠡᠶ᠃ ᠡᠭᠦᠨ᠎ᠤ ᠬᠠᠮᠲᠤ᠌᠂ ᠰᠤᠷᠭᠠᠨ ᠬᠥᠮᠦᠵᠢᠯ᠎ᠤᠨ ᠰᠠᠯᠠᠭ᠎ᠠ ᠮᠥᠴᠢᠷ᠎ᠯᠦᠭᠡ᠎ᠶ᠋ᠢᠨ ᠬᠠᠮᠵᠢᠯᠴᠠᠭ᠎ᠠ᠎ᠪᠠᠨ ᠴᠢᠩᠭᠠᠳᠭᠠᠵᠤ᠂ ᠰᠤᠷᠭᠠᠭᠤᠯᠢ᠎ᠳᠤ ᠪᠠᠢᠭ᠎ᠠ ᠰᠤᠷᠤᠭ᠍ᠴᠢᠳ᠎ᠤᠨ ᠳᠠᠭᠠᠳᠭᠠᠯ᠎ᠳᠤ ᠣᠷᠣᠯᠴᠠᠬᠤ ᠠᠵᠢᠯ᠎ᠢ ᠬᠠᠮᠲᠤ ᠪᠠᠷ ᠠᠬᠢᠭᠤᠯᠤᠨ᠎ᠠ᠃ ᠡᠮᠴᠢᠯᠡᠭᠡᠨ᠎ᠤ ᠪᠠᠲᠤᠯᠠᠭ᠎ᠠ᠎ᠶ᠋ᠢᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠵᠣᠯᠭᠠᠭᠤᠯᠬᠤ᠎ᠶ᠋ᠢ ᠦᠷᠭᠦᠯᠵᠢᠯᠡᠨ ᠰᠠᠢᠲᠤᠷ ᠬᠢᠵᠦ᠍᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠬᠦᠷᠳᠡᠬᠦ᠌ ᠡᠲᠡᠭᠡᠳ᠂ ᠣᠨᠴᠠ ᠬᠦᠴᠢᠷᠳᠡᠯᠲᠡᠢ ᠬᠥᠮᠦᠰ ᠵᠡᠷᠭᠡ ᠬᠦᠴᠢᠷᠳᠡᠯᠲᠡᠢ ᠤᠯᠠᠨ ᠲᠦᠮᠡᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠳᠡᠯᠦᠩᠭᠦᠢ᠎ᠪᠠᠷ ᠳᠠᠭᠠᠳᠭᠠᠯ᠎ᠳᠤ ᠣᠷᠣᠯᠴᠠᠬᠤ ᠪᠠ ᠡᠮ ᠡᠮᠨᠡᠯᠭᠡ᠎ᠶ᠋ᠢᠨ ᠵᠠᠷᠤᠳᠠᠯ᠎ᠢ ᠬᠢᠨᠠᠨ ᠬᠡᠮᠵᠢᠬᠦ᠌ ᠲᠣᠭ᠍ᠲᠠᠴᠠ᠎ᠶ᠋ᠢ ᠪᠦᠷᠢᠨᠱᠢᠬᠦᠯᠵᠦ᠍᠂ ᠡᠳ᠋ ᠮᠥᠩᠭᠦ᠎ᠪᠠᠷ ᠲᠤᠰᠠᠯᠠᠵᠤ ᠳᠠᠭᠠᠳᠭᠠᠯ᠎ᠳᠤ ᠣᠷᠣᠯᠴᠠᠬᠤ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠪᠠᠲᠤᠯᠠᠬᠤ ᠶᠣᠰᠣᠲᠠᠢ᠎ᠶ᠋ᠢ᠎ᠨᠢ ᠪᠦᠬᠦᠨ᠎ᠢ ᠪᠠᠲᠤᠯᠠᠵᠤ᠂ ᠳᠠᠭᠠᠳᠭᠠᠯ᠎ᠳᠤ ᠣᠷᠣᠯᠴᠠᠵᠤ ᠡᠳ᠋ ᠬᠦᠷᠦᠪᠡᠰᠦ ᠵᠣᠬᠢᠬᠤ᠎ᠶ᠋ᠢ᠎ᠨᠢ ᠪᠦᠬᠦᠨ᠎ᠢ ᠡᠳ᠋ᠯᠡᠭᠦᠯᠵᠦ᠂ ᠲᠦᠷᠦ᠍᠎ᠶ᠋ᠢᠨ ᠪᠤᠳᠤᠯᠭ᠎ᠠ᠎ᠶ᠋ᠢ ᠮᠡᠳᠡᠪᠡᠯ ᠵᠣᠬᠢᠬᠤ᠎ᠶ᠋ᠢ᠎ᠨᠢ ᠪᠦᠬᠦᠨ᠎ᠢ ᠮᠡᠳᠡᠭᠦᠯᠵᠦ᠂ ᠬᠡᠪᠴᠢᠶᠡᠵᠢᠯ᠎ᠤᠨ ᠴᠢᠨᠠᠷᠲᠠᠢ ᠡᠪᠡᠳᠴᠢᠨ᠎ᠠᠴᠠ ᠪᠤᠯᠵᠤ ᠲᠠᠬᠢᠨ ᠶᠠᠳᠠᠭᠤᠷᠠᠬᠤ ᠦᠬᠡᠢ ᠪᠠᠢᠬᠤ ᠠᠷᠠᠳ᠎ᠤᠨ ᠠᠮᠢᠳᠤᠷᠠᠯ᠎ᠤᠨ ᠬᠤᠷᠢᠭ᠎ᠠ ᠱᠤᠭᠤᠮ᠎ᠢ ᠡᠷᠡᠰ ᠪᠠᠲᠤ ᠰᠠᠬᠢᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠢᠷᠡᠯᠲᠡ᠄ ᠤᠯᠠᠭᠠᠨᠬᠠᠳᠠ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            