ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠯᠥᠨ ᠪᠤᠢᠷ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠲᠣᠪᠤᠢᠮ᠎ᠠ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠤᠨ ᠲᠣᠬᠢᠷᠠᠭᠤᠯᠤᠯᠲᠠ᠎ᠶ᠋ᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-06-19

  6 ᠳ᠋ᠤᠭ᠋ᠠᠷ ᠰᠠᠷ᠎ᠠ᠎ᠶ᠋ᠢᠨ 17 ᠎ᠤ ᠡᠳᠦᠷ᠂ ᠪᠥᠬᠦ᠌ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠲᠣᠪᠤᠢᠮ᠎ᠠ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠤᠨ ᠲᠣᠬᠢᠷᠠᠭᠤᠯᠤᠯᠲᠠ᠎ᠶ᠋ᠢᠨ ᠬᠤᠷᠠᠯ ᠸᠢᠳᠢᠤ᠋ ᠬᠡᠯᠪᠡᠷᠢ᠎ᠪᠠᠷ ᠬᠤᠷᠠᠯᠳᠤᠪᠠ᠃ ᠬᠤᠷᠠᠯ ᠳᠡᠭᠡᠷ᠎ᠡ᠂ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠲᠣᠪᠤᠢᠮ᠎ᠠ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠤᠨ ᠪᠠᠢᠳᠠᠯ᠎ᠢ ᠵᠠᠷᠯᠠᠨ ᠮᠡᠳᠡᠭ᠌ᠳᠡᠵᠦ᠍᠂ ᠬᠤᠲᠠ᠎ᠶ᠋ᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠰᠦᠨ ᠸᠧᠶ ᠬᠤᠷᠠᠯ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃

  ᠬᠤᠷᠠᠯ᠎ᠠᠴᠠ᠂ ᠪᠦᠬᠦ᠌ ᠬᠤᠳᠠ᠎ᠶ᠋ᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠨᠡᠩ ᠥᠨᠳᠥᠷ ᠵᠣᠭ᠍ᠰᠣᠴᠠ᠎ᠪᠠᠷ ᠭᠤᠣᠯᠳᠠᠯᠭ᠎ᠠ᠎ᠲᠠᠢ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠳᠤᠪᠤᠢᠮ᠎ᠠ ᠠᠰᠠᠭᠤᠳᠠᠯ᠎ᠢ ᠲᠤᠰᠭᠠᠢ ᠴᠡᠭ᠌ᠴᠡᠯᠡᠨ ᠵᠠᠰᠠᠬᠤ ᠠᠵᠢᠯ᠎ᠢ ᠭᠦᠨᠵᠡᠭᠡᠢ ᠠᠬᠢᠭᠤᠯᠵᠤ ᠪᠣᠳᠠᠲᠤ ᠦᠷ᠎ᠡ ᠪᠦᠲᠦᠮᠵᠢ ᠤᠯᠬᠤ ᠬᠡᠷᠡᠭ᠌ᠲᠡᠢ᠃ ᠨᠢᠭᠡ᠎ᠳᠤ᠂ ᠲᠤᠰᠭᠠᠶ ᠬᠦᠴᠦᠨ᠎ᠢ ᠵᠣᠬᠢᠶᠠᠨ ᠪᠠᠢᠭᠤᠯᠵᠤ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠂ 《 ᠳᠥᠷᠪᠡᠨ ᠥᠯᠥ ᠬᠤᠶᠠᠷ ᠱᠢᠭᠤᠳ 》 ᠲᠠᠱᠢᠷᠠᠮ᠎ᠢᠶᠠᠷ ᠰᠤᠭᠤᠴᠢᠨ ᠪᠠᠢᠴᠠᠭᠠᠬᠤ᠂ ᠰᠡᠵᠢᠭ᠎ᠲᠠᠢ ᠭᠠᠵᠠᠷ᠎ᠤᠨ ᠳ᠋ᠠᠢ᠌ᠲ᠋ᠠ᠎ᠶ᠋ᠢ ᠬᠠᠷᠭᠤᠭᠤᠯᠤᠨ ᠪᠠᠢᠴᠠᠭᠠᠬᠤ᠂ ᠬᠤᠱᠢᠭᠤ ᠬᠤᠲᠠ ᠲᠣᠭᠤᠷᠢᠭ ᠰᠣᠯᠪᠢᠴᠠᠨ ᠬᠠᠷᠢᠯᠴᠠᠨ ᠪᠠᠢᠴᠠᠭᠠᠬᠤ᠂ ᠭᠤᠷᠪᠠᠳᠠᠬᠢ ᠡᠲᠡᠭᠡᠳ᠎ᠤᠨ ᠬᠠᠮᠵᠢᠯᠴᠠᠨ ᠪᠠᠢᠴᠠᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠬᠠᠷᠢᠶ᠎ᠠ ᠣᠷᠣᠨ᠎ᠤ ᠳᠣᠲᠣᠷᠠᠬᠢ ᠪᠣᠶ ᠪᠥᠬᠦᠶ ᠴᠡᠭ ᠲᠣᠭ᠍ᠲᠠᠭᠠᠭ᠍ᠰᠠᠨ ᠡᠮᠴᠢᠯᠡᠭᠡᠨ᠎ᠤ ᠪᠠᠢᠭᠤᠯᠤᠮᠵᠢ᠂ ᠴᠡᠭ ᠲᠣᠭ᠍ᠲᠠᠭᠠᠭ᠍ᠰᠠᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠂ ᠡᠮᠴᠢᠯᠡᠭᠡᠨ᠎ᠤ ᠪᠠᠲᠤᠯᠠᠭ᠎ᠠ᠎ᠶ᠋ᠢᠨ ᠭᠠᠷᠲᠠᠨ ᠭᠦᠢᠴᠡᠳᠭᠡᠬᠦ᠌ ᠪᠠᠢᠭᠤᠯᠤᠮᠵᠢ᠎ᠳᠤ ᠬᠢᠨᠠᠯᠲᠠ ᠲᠠᠯᠪᠢᠵᠤ ᠪᠠᠢᠴᠠᠭᠠᠬᠤ᠎ᠶ᠋ᠢ ᠨᠡᠢᠳᠡᠮ ᠪᠦᠷᠬᠦᠭᠦᠯᠬᠦ᠌᠎ᠶ᠋ᠢ ᠪᠡᠶᠡᠯᠡᠭᠦᠯᠬᠦ ᠬᠡᠷᠡᠭᠲᠡᠢ᠃ ᠬᠤᠶᠠᠷ᠎ᠲᠤ᠌᠂ ᠴᠣᠬᠢᠯᠲᠠ ᠥᠭ᠌ᠬᠦ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠣᠨ ᠪᠦᠰᠡ᠎ᠶ᠋ᠢᠨ ᠳᠣᠲᠣᠷᠠᠬᠢ ᠬᠠᠤᠯᠢ᠎ᠠᠴᠠ ᠵᠥᠷᠢᠴᠡᠭ᠌ᠰᠡᠨ ᠬᠡᠷᠡᠭ᠎ᠤᠨ ᠡᠷᠡᠭᠦᠦ ᠱᠢᠢᠳᠭᠡᠯ᠎ᠢ ᠵᠣᠯᠭᠠᠭᠤᠯᠬᠤ᠂ ᠡᠷᠡᠭᠦᠦ᠍᠎ᠶ᠋ᠢᠨ ᠰᠠᠬᠢᠯᠭ᠎ᠠ ᠪᠠᠲᠤ᠎ᠶ᠋ᠢ ᠵᠣᠯᠭᠠᠭᠤᠯᠬᠤ᠎ᠶ᠋ᠢ ᠴᠢᠩᠭᠠᠳᠭᠠᠵᠤ᠂ ᠪᠠᠢᠴᠠᠭᠠᠬᠤ ᠶᠣᠰᠣᠲᠠᠶ᠎ᠶ᠋ᠢ᠎ᠨᠢ ᠪᠠᠢᠴᠠᠭᠠᠨ ᠲᠣᠳᠣᠷᠬᠠᠢᠯᠠᠵᠤ᠂ ᠱᠢᠯᠵᠢᠭᠦᠯᠦᠨ ᠲᠤᠱᠢᠶᠠᠬᠤ ᠶᠣᠰᠣᠲᠠᠶ᠎ᠶ᠋ᠢ᠎ᠨᠢ ᠱᠢᠯᠵᠢᠭᠦᠯᠦᠨ ᠲᠤᠱᠢᠶᠠᠬᠤ᠎ᠶ᠋ᠢ ᠪᠡᠶᠡᠯᠡᠭᠦᠯᠵᠦ᠍᠂ ᠬᠤᠷᠢᠭ᠎ᠠ ᠱᠤᠭᠤᠮ᠎ᠢ ᠲᠠᠯᠬᠢᠳᠠᠬᠤ᠂ ᠤᠯᠠᠭᠠᠨ ᠱᠤᠭᠤᠮ᠎ᠢ ᠬᠥᠨᠳᠡᠬᠦ᠂ ᠱᠢᠨᠵᠢ ᠴᠢᠨᠠᠷ᠎ᠢᠶᠠᠷ ᠮᠠᠭᠤ ᠮᠡᠬᠡᠯᠡᠨ ᠬᠢᠬᠠᠬᠤ ᠳᠠᠭᠠᠳᠭᠠᠯ᠎ᠢ ᠮᠡᠬᠡᠯᠡᠬᠦ᠌ ᠦᠶ᠋ᠯᠡ ᠠᠵᠢᠯᠯᠠᠭ᠎ᠠ᠎ᠳᠤ ᠥᠴᠦᠬᠡᠨ ᠴᠦ᠍ ᠬᠦᠯᠢᠴᠡᠬᠦ᠌ ᠥᠬᠡᠶ ᠣᠪᠣᠷ᠎ᠢᠶᠠᠷ ᠬᠦᠴᠦᠲᠡᠶ ᠴᠣᠬᠢᠯᠲᠠ ᠥᠭ᠌ᠬᠦ᠎ᠶ᠋ᠢ ᠪᠠᠷᠢᠮᠲᠠᠯᠠᠬᠤ ᠬᠡᠷᠡᠭ᠌ᠲᠡᠶ᠃ ᠭᠤᠷᠪᠠ᠎ᠳᠤ᠂ 《 ᠲᠡᠷᠡ ᠳᠣᠣᠷ᠎ᠠ ᠨᠢ ᠥᠭᠡᠷᠡᠴᠢᠯᠡᠬᠦ᠌ 》ᠪᠠ 《 ᠣᠷᠳᠣ ᠬᠤᠭᠤᠴᠠᠭ᠎ᠠ᠎ᠪᠠᠷ ᠪᠠᠢᠭᠤᠯᠬᠤ 》᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠵᠤ᠂ ᠠᠰᠠᠭᠤᠳᠠᠯ᠎ᠤᠨ ᠠᠷᠤ᠎ᠳᠠᠬᠢ ᠲᠦᠷᠢᠮ᠎ᠤᠨ ᠳᠤᠲᠠᠭ᠍ᠳᠠᠯ ᠪᠠ ᠬᠢᠨᠠᠯᠲᠠ ᠬᠠᠮᠢᠶᠠᠷᠤᠯᠲᠠ᠎ᠶ᠋ᠢᠨ ᠳᠤᠲᠠᠭᠤᠳᠠᠯ᠎ᠢ ᠭᠦᠨᠵᠡᠭᠡᠶ ᠠᠭᠤᠳᠠᠯᠵᠤ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ᠎ᠶ᠋ᠢ ᠴᠢᠩᠭᠠᠳᠭᠠᠨ᠂ ᠣᠯᠠᠨ ᠲᠦᠮᠡᠨ᠎ᠤ ᠳᠠᠭᠠᠳᠭᠠᠯ᠎ᠢ ᠮᠡᠬᠡᠯᠡᠬᠦ᠌ ᠦᠶ᠋ᠯᠡ ᠠᠵᠢᠯᠯᠠᠭ᠎ᠠ᠎ᠶ᠋ᠢ ᠢᠯᠡᠴᠢᠯᠡᠨ ᠮᠡᠳᠡᠭᠦᠯᠬᠦ᠌᠎ᠶ᠋ᠢ ᠵᠣᠷᠢᠭ᠍ᠵᠢᠭᠤᠯᠵᠤ᠂ ᠪᠥᠬᠦ᠌ ᠨᠡᠢᠭᠡᠮ᠎ᠢᠶᠠᠷ᠎ᠢᠶᠠᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠳᠤ ᠬᠠᠮᠲᠤ᠎ᠪᠠᠷ ᠣᠷᠣᠯᠴᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

  ᠬᠤᠷᠠᠯ᠎ᠠᠴᠠ ᠪᠠᠰᠠ ᠪᠤᠰᠤᠳ ᠬᠤᠯᠪᠣᠭ᠍ᠳᠠᠯ ᠪᠦᠬᠦᠢ ᠵᠦᠢᠯᠡᠰ᠎ᠢ ᠲᠤᠬᠢᠷᠠᠭᠤᠯᠪᠠ᠃ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠂ ᠬᠤᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠡᠯ᠎ᠡ ᠬᠤᠱᠢᠭᠤ ᠬᠤᠲᠠ ᠲᠣᠭᠤᠷᠢᠭ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠥᠬᠦᠶ ᠨᠥᠬᠦᠳ ᠬᠤᠷᠠᠯ᠎ᠳᠤ ᠣᠷᠣᠯᠴᠠᠵᠠᠶ᠃

ᠢᠷᠡᠯᠲᠡ᠄ ᠬᠥᠯᠥᠨ ᠪᠤᠢᠷ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            