ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠯᠥᠨ ᠪᠤᠢᠷ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠪᠥᠬᠦ᠌ ᠬᠤᠲᠠ᠎ᠶ᠋ᠢᠨ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠰᠡᠷᠡᠮᠵᠢᠯᠡᠭᠦᠯᠦᠨ ᠪᠣᠯᠵᠣᠨ ᠶᠠᠷᠢᠯᠴᠠᠬᠤ ᠸᠢᠳᠢᠣ᠋ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-04-30

  ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠠᠮᠢᠶᠠᠷᠤᠯᠲᠠ᠎ᠶ᠋ᠢᠨ ᠲᠣᠪᠤᠢᠮ᠎ᠠ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠤᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠤᠬᠠᠭᠤᠯᠭ᠎ᠠ᠎ᠶ᠋ᠢᠨ ᠰᠠᠷ᠎ᠠ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠡᠯ᠎ᠡ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ᠎ᠶ᠋ᠢ ᠳᠠᠬᠢᠨ ᠵᠢᠷᠤᠮᠵᠢᠭᠤᠯᠵᠤ᠂ ᠳᠠᠬᠢᠨ ᠰᠡᠷᠡᠮᠵᠢᠯᠡᠭᠦᠯᠬᠦ᠌᠎ᠶ᠋ᠢᠨ ᠲᠥᠯᠥᠭᠡ᠂ 4 ᠳ᠋ᠤᠭᠡᠷ ᠰᠠᠷ᠎ᠠ᠎ᠶ᠋ᠢᠨ 29 ᠎ᠤ ᠡᠳᠦᠷ᠎ᠤᠨ ᠦᠳᠡ᠎ᠶ᠋ᠢᠨ ᠡᠮᠦᠨ᠎ᠡ᠂ ᠬᠥᠯᠥᠨ ᠪᠤᠢᠷ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠪᠥᠬᠦ᠌ ᠬᠤᠲᠠ᠎ᠶ᠋ᠢᠨ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠰᠡᠷᠡᠮᠵᠢᠯᠡᠭᠦᠯᠦᠨ ᠪᠣᠯᠵᠣᠨ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠪᠠ᠃ ᠪᠥᠬᠦ᠌ ᠬᠤᠲᠠ᠎ᠶ᠋ᠢᠨ ᠬᠤᠶᠠᠳᠤᠭᠠᠷ ᠳᠡᠰ ᠵᠢᠴᠢ ᠲᠡᠭᠦᠨ᠎ᠠᠴᠠ ᠳᠡᠭᠡᠭ᠌ᠰᠢᠬᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠨᠢᠭᠡᠳᠦᠭᠡᠷ ᠳᠡᠰ ᠵᠢᠴᠢ ᠲᠡᠭᠦᠨ᠎ᠠᠴᠠ ᠳᠣᠷᠣᠭ᠍ᠰᠢᠬᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢᠭᠤᠯᠤᠮᠵᠢ᠂ ᠴᠡᠭ ᠲᠣᠭᠲᠠᠭ᠋ᠠᠭᠰᠠᠨ ᠡᠮ᠎ᠤᠨ ᠳᠡᠯᠭᠡᠭᠦᠷ᠎ᠤᠨ ᠲᠥᠯᠥᠭᠡᠯᠡᠭ᠌ᠴᠢ᠂ ᠨᠡᠢᠲᠡ 240 ᠭᠠᠷᠤᠶ ᠬᠥᠮᠦᠨ ᠬᠤᠷᠠᠯ᠎ᠳᠤ ᠣᠷᠣᠯᠴᠠᠪᠠ᠃

 

 

  ᠬᠤᠷᠠᠯ᠎ᠠᠴᠠ᠂ ᠲᠠᠨᠢᠯᠲᠠ᠎ᠪᠠᠨ ᠳᠡᠭᠡᠭ᠌ᠰᠢᠯᠡᠭᠦᠯᠵᠦ᠍᠂ ᠪᠠᠢᠳᠠᠯ᠎ᠢ ᠲᠣᠳᠣᠷᠬᠠᠢ ᠲᠠᠨᠢᠬᠤ ᠬᠡᠷᠡᠭ᠌ᠲᠡᠢ᠃ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠨᠢ ᠣᠳᠣᠬᠠᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠢᠨ᠎ᠡ ᠪᠠᠢᠳᠠᠯ᠂ ᠱᠢᠨ᠎ᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠦᠷᠢᠮ᠎ᠢ ᠵᠢᠷᠤᠮᠯᠠᠨ ᠬᠠᠤᠯᠢ᠎ᠶ᠋ᠢ ᠰᠠᠬᠢᠵᠤ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠬᠡᠷᠡᠭ᠌ᠯᠡᠬᠦ᠌᠎ᠶ᠋ᠢᠨ ᠴᠢᠬᠤᠯᠠ ᠠᠴᠢ ᠬᠤᠯᠪᠣᠭ᠍ᠳᠠᠯ᠎ᠢ ᠭᠦᠢᠴᠡᠳ ᠲᠠᠨᠢᠵᠤ᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ ᠡᠭᠦᠰᠭᠦ᠎ᠶ᠋ᠢ ᠡᠷᠡᠰ ᠬᠤᠷᠢᠭ᠍ᠯᠠᠬᠤ ᠬᠡᠷᠡᠭ᠌ᠲᠡᠶ᠃ ᠠᠰᠠᠭᠤᠳᠠᠯ᠎ᠳᠤ ᠵᠥᠪ᠎ᠢᠶᠠᠷ ᠬᠠᠨᠳᠤᠵᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠢ᠃ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ ᠠᠵᠠ ᠵᠠᠪᠱᠢᠶᠠᠨ᠎ᠢ ᠡᠷᠢᠬᠦ᠌ ᠰᠡᠳᠭᠢᠴᠡ᠎ᠪᠠᠨ ᠲᠠᠶᠠᠭ᠍ᠳᠠᠵᠤ᠂ ᠥᠪᠡᠷ᠎ᠢ᠎ᠪᠠᠨ ᠬᠠᠮᠢᠶᠠᠷᠬᠤ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ ᠡᠷᠴᠢᠮ᠎ᠢᠶᠠᠨ ᠴᠢᠩᠭᠠᠳᠭᠠᠬᠤ ᠬᠡᠷᠡᠭ᠌ᠲᠡᠢ᠃ ᠣᠷᠣᠱᠢᠵᠤ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠨᠢᠭᠡ᠎ᠠᠴᠠ ᠵᠦᠢᠴᠢᠯᠡᠵᠦ᠍ ᠨᠦᠬᠦᠭᠡ᠎ᠶ᠋ᠢ ᠮᠡᠳᠡᠵᠦ᠍᠂ ᠥᠪᠡᠷ᠎ᠢ᠎ᠪᠠᠨ ᠪᠠᠢᠴᠠᠭᠠᠵᠤ ᠥᠪᠡᠷ᠎ᠢ᠎ᠪᠠᠨ ᠵᠠᠯᠠᠷᠠᠭᠤᠯᠬᠤ᠎ᠳᠤ ᠨᠠᠷᠢᠨ ᠬᠢᠨᠠᠮᠠᠭᠠᠢ ᠪᠤᠰᠤ᠂ ᠬᠠᠰᠢ ᠶᠠᠰᠢ᠎ᠪᠠᠷ ᠠᠯᠪᠠ ᠬᠠᠱᠢᠬᠤ ᠪᠤᠶᠤ ᠨᠢᠭᠤᠨ ᠳᠠᠯᠳᠠᠯᠠᠭᠠᠳ ᠮᠡᠳᠡᠭᠦᠯᠬᠦ᠌ ᠦᠭᠡᠢ᠂ ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠭ᠍ᠰᠠᠨ᠎ᠢ ᠢᠯᠡ᠎ᠪᠠᠷ ᠢᠯᠡᠴᠢᠯᠡᠬᠦ᠌᠎ᠶ᠋ᠢᠨ ᠬᠠᠮᠲᠤ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠤ ᠵᠠᠷᠯᠠᠨ ᠮᠡᠳᠡᠭ᠌ᠳᠡᠵᠦ᠍ ᠴᠢᠩᠭ᠎ᠠ ᠱᠢᠢᠳᠪᠦᠷᠢᠯᠡᠬᠦ᠌ ᠬᠡᠷᠡᠭ᠌ᠲᠡᠢ᠃ ᠬᠠᠮᠢᠶᠠᠷᠤᠯᠲᠠ᠎ᠪᠠᠨ ᠴᠢᠩᠭᠠᠳᠭᠠᠵᠤ᠂ ᠦᠢᠯᠡᠴᠢᠯᠡᠭᠡ᠎ᠶ᠋ᠢ ᠵᠢᠷᠤᠮᠵᠢᠭᠤᠯᠬᠤ ᠬᠡᠷᠡᠭ᠌ᠲᠡᠶ᠃ ᠡᠮ ᠡᠮᠨᠡᠯᠭᠡ᠎ᠶ᠋ᠢᠨ ᠪᠠᠢᠭᠤᠯᠤᠮᠵᠢ᠎ᠨᠤᠭᠤᠳ ᠡᠮ᠎ᠤᠨ ᠵᠦᠢᠯ᠎ᠤᠨ ᠮᠥᠷᠳᠡᠨ ᠨᠡᠬᠡᠮᠵᠢᠯᠡᠬᠦ ᠺᠣᠳ᠋᠎ᠢ ᠬᠡᠷᠡᠭ᠌ᠯᠡᠬᠦ᠌ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ 《 ᠺᠣᠳ᠋ ᠶᠣᠰᠣᠭᠠᠷ ᠥᠭᠴᠦ᠂ ᠺᠣᠳ᠋᠎ᠶᠣᠰᠣᠭᠠᠷ ᠳ᠋ᠦᠩᠨᠡᠨ ᠪᠤᠳᠤᠬᠤ 》᠎ᠶ᠋ᠢ ᠪᠡᠶᠡᠯᠡᠭᠦᠯᠬᠦ᠌ ᠬᠡᠷᠡᠭ᠌ᠲᠡᠶ᠃ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠳᠠᠭᠠᠳᠭᠠᠯ᠎ᠤᠨ ᠥᠭᠬᠦ ᠬᠢᠷᠢ ᠬᠡᠮ᠎ᠤᠨ ᠬᠠᠮᠢᠶᠠᠷᠤᠯᠲᠠ᠂ ᠡᠮᠴᠢᠯᠡᠭᠡᠨ᠎ᠤ ᠪᠠᠲᠤᠯᠠᠭ᠎ᠠ᠎ᠶ᠋ᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠡᠷᠭᠡ ᠠᠵᠢᠯ᠎ᠢ ᠦᠷᠭᠦᠯᠵᠢᠯᠡᠨ ᠠᠬᠢᠭᠤᠯᠵᠤ᠂ ᠰᠠᠭᠤᠷᠢ ᠮᠥᠩᠭᠦ᠎ᠶ᠋ᠢᠨ ᠬᠡᠷᠡᠭ᠌ᠯᠡᠯᠲᠡ᠎ᠶ᠋ᠢ ᠨᠠᠩ ᠵᠢᠷᠤᠮᠵᠢᠭᠤᠯᠵᠤ᠂ ᠪᠠᠢᠭᠤᠯᠤᠮᠵᠢ᠎ᠶ᠋ᠢᠨ ᠪᠠᠢᠷᠢᠱᠢᠭᠤᠯᠤᠯᠲᠠ᠎ᠶ᠋ᠢ ᠨᠠᠩ ᠵᠦᠶ ᠵᠣᠬᠢᠰᠲᠠᠶ ᠪᠣᠯᠭᠠᠬᠤ ᠬᠡᠷᠡᠭ᠌ᠲᠡᠶ᠃ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠌ ᠬᠡᠷᠡᠭ᠌ᠲᠡᠢ᠃ ᠪᠥᠬᠦ᠌ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠬᠠᠷᠢᠶ᠎ᠠ ᠭᠠᠵᠠᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠬᠢᠨᠠᠯᠲᠠ ᠬᠠᠮᠢᠶᠠᠷᠤᠯᠲᠠ᠎ᠶ᠋ᠢᠨ ᠡᠷᠴᠢᠮ᠎ᠢᠶᠠᠨ ᠴᠢᠩᠭᠠᠷᠠᠭᠤᠯᠤᠨ᠂ ᠰᠠᠯᠠᠭ᠎ᠠ ᠮᠥᠴᠢᠷ᠎ᠤᠨ ᠬᠤᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠪᠠᠢᠴᠠᠭᠠᠯᠲᠠ᠎ᠶ᠋ᠢᠨ ᠬᠦᠷᠢᠶ᠎ᠡ ᠬᠡᠪᠴᠢᠶ᠎ᠡ᠎ᠪᠠᠨ ᠥᠷᠭᠡᠳᠭᠡᠨ᠂ ᠢᠯᠡ᠎ᠪᠡᠷ ᠢᠯᠡᠴᠢᠯᠡᠨ ᠠᠶᠤᠯᠭ᠋ᠠᠵᠤ᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠱᠢᠢᠳᠪᠦᠷᠢᠯᠡᠵᠦ᠍᠂ ᠶᠠᠭᠠᠬᠢᠭ᠍ᠰᠠᠨ ᠴᠤ᠌ ᠢᠯᠳᠠᠷ ᠬᠠᠶᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃

  ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠪᠠᠢᠭᠤᠯᠭ᠎ᠠ ᠵᠢᠴᠢ ᠬᠠᠷᠢᠶ᠎ᠠ ᠠᠵᠢᠯ ᠦᠢᠯᠡᠰ᠎ᠤᠨ ᠨᠢᠭᠡᠴᠢ᠎ᠶ᠋ᠢᠨ ᠰᠠᠯᠠᠭᠠᠨ᠎ᠤ ᠲᠠᠰ ᠵᠢᠴᠢ ᠲᠡᠭᠦᠨ᠎ᠠᠴᠠ ᠳᠡᠭᠡᠭ᠌ᠰᠢᠬᠢ ᠬᠥᠮᠦᠰ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠤᠰᠭᠠᠶ ᠠᠵᠢᠯ᠎ᠤᠨ ᠳᠤᠭᠤᠢᠯᠠᠩ᠎ᠤᠨ ᠭᠡᠰᠢᠭᠦᠨ ᠭᠤᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃ ᠡᠯ᠎ᠡ ᠬᠤᠱᠢᠭᠤ ᠬᠤᠲᠠ ᠲᠣᠭᠤᠷᠢᠭ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ᠂ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠠᠵᠢᠯᠲᠠᠳ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃

ᠢᠷᠡᠯᠲᠡ᠄ ᠬᠥᠯᠥᠨ ᠪᠤᠢᠷ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            