ᠡᠯ᠎ᠡ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠦᠢ᠍ᠯᠡᠳᠪᠦᠷᠢᠯᠡᠵᠦ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ᠄
ᠠᠯᠠᠱ᠌ᠠ ᠠᠶ᠋ᠢᠮᠠᠭ᠎ᠤᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠰᠣᠩᠭᠤᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠴᠠᠭ ᠲᠤᠬᠠᠶ᠎ᠳᠤᠨᠢ ᠬᠠᠩᠭ᠋ᠠᠬᠤ ᠵᠢ ᠪᠠᠲᠤᠯᠠᠬᠤ ᠵᠢᠨ ᠬᠠᠮᠲᠤ᠂ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠰᠠᠢ᠌ᠲᠤᠷ ᠬᠢᠬᠦ ᠲᠤᠬᠠᠶ ᠮᠡᠳᠡᠭᠳᠡᠯ》 (ᠥᠪᠥᠷ ᠡᠮ ᠬᠤᠳᠠᠯᠳᠤᠨ ᠠᠪᠬᠤ ᠲᠥᠪ ᠥᠰᠥᠭ [2022] 246 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠠᠯᠠᠱ᠌ᠠ ᠠᠶ᠋ᠢᠮᠠᠭ᠎ᠤᠨ 2025 ᠣᠨ᠎ᠤ ᠨᠢᠭᠡᠳᠦᠭᠡᠷ ᠤᠯᠠᠷᠢᠯ᠎ᠤᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠬᠤ ᠠᠵᠢᠯ᠎ᠢ ᠥᠷᠨᠢᠭᠦᠯᠬᠦ᠎ᠪᠠᠷ ᠪᠣᠶ᠂ ᠡᠳᠦᠭᠡ ᠪᠣᠳᠠᠲᠠᠶ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠲᠣᠬᠢᠷᠠᠭᠤᠯᠤᠨ ᠬᠦᠷᠭᠡᠬᠦ ᠠᠷᠭ᠎ᠠ ᠬᠡᠯᠪᠡᠷᠢ
ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ (ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠪᠠᠭᠲᠠᠭ᠋ᠠᠨ᠎ᠠ᠂ ᠳᠣᠷᠣᠭᠰᠢ ᠠᠳᠠᠯᠢ) ᠦᠢ᠍ᠯᠡᠳᠪᠦᠷᠢᠯᠡᠬᠦ ᠠᠵᠤ ᠠᠬᠤᠶ᠋ᠢᠯᠠᠯ᠎ᠨᠢ ᠰᠢᠭᠤᠳ ᠳᠣᠭᠢᠷᠠᠭᠤᠯᠤᠨ ᠬᠦᠷᠭᠡᠵᠦ ᠪᠣᠯᠬᠤ ᠪᠥᠭᠡᠳ ᠨᠥᠬᠦᠴᠡᠯ᠎ᠳᠤ ᠨᠡᠢ᠌ᠴᠡᠬᠦ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠨᠠᠢ᠌ᠳᠠᠵᠤ ᠳᠣᠭᠢᠷᠠᠭᠤᠯᠤᠨ ᠬᠦᠷᠭᠡᠯᠭᠡᠵᠦ ᠪᠣᠯᠤᠨ᠎ᠠ᠃
ᠬᠤᠶᠠᠷ᠂ ᠨᠡᠷ᠎ᠡ ᠮᠡᠳᠡᠭᠦᠯᠬᠦ ᠬᠡᠪᠴᠢᠶ᠎ᠡ
ᠠᠯᠠᠱ᠌ᠠ ᠠᠶ᠋ᠢᠮᠠᠭ᠎ᠤᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠣᠷᠤᠭᠤᠯᠬᠤ ᠵᠢ ᠥᠷᠨᠢᠭᠦᠯᠬᠦ ᠠᠵᠤ ᠠᠬᠤᠶ᠋ᠢᠯᠠᠯ᠃
ᠭᠤᠷᠪᠠ᠂ ᠲᠣᠬᠢᠷᠠᠭᠤᠯᠤᠨ ᠬᠦᠷᠭᠡᠬᠦ ᠬᠡᠪᠴᠢᠶ᠎ᠡ
ᠠᠯᠠᠱ᠌ᠠ ᠠᠢ᠌ᠮᠠᠭ᠎ᠤᠨ ᠬᠡᠪᠴᠢᠶᠡᠨ᠎ᠳᠠᠬᠢ ᠡᠯ᠎ᠡ ᠱᠠᠲᠤᠨ᠎ᠤ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ (ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢ ᠪᠠᠭᠲᠠᠭ᠋ᠠᠨ᠎ᠠ)᠃
ᠳᠥᠷᠪᠡ᠂ ᠨᠡᠷ᠎ᠡ ᠮᠡᠳᠡᠭᠦᠯᠬᠦ ᠨᠥᠬᠦᠴᠡᠯ
(ᠨᠢᠭᠡ) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ ᠪᠠᠢ᠌ᠬᠤ᠃
(ᠬᠤᠶᠠᠷ) ᠵᠣᠬᠢᠬᠤ ᠬᠢᠷᠢ ᠭᠡᠮ᠎ᠤᠨ ᠦᠨᠡᠮᠯᠡᠯ᠎ᠢ ᠬᠠᠤᠯᠢ ᠶᠣᠰᠣᠭ᠋ᠠᠷ ᠣᠯᠵᠤ᠂ ᠵᠣᠬᠢᠴᠠᠩᠭᠤᠶ ᠲᠣᠬᠢᠷᠠᠭᠤᠯᠤᠨ ᠬᠦᠷᠭᠡᠬᠦ ᠬᠢᠷᠢ ᠭᠡᠮ᠎ᠢ ᠪᠦᠷᠢᠳᠦᠭᠦᠯᠦᠭᠰᠡᠨ ᠪᠠᠶ᠋ᠢᠬᠤ᠃
(ᠭᠤᠷᠪᠠ) ᠠᠷᠠᠯᠵᠢᠶᠠᠨ᠎ᠤ ᠰᠢᠯᠢᠳᠡᠭ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠲᠠᠯᠠᠨ ᠪᠤᠳᠣᠬᠤ ᠳᠦᠷᠢᠮ᠎ᠲᠠᠢ ᠪᠠᠢ᠌ᠬᠤ᠃
(ᠲᠦᠷᠪᠡ) ᠭᠡᠷ᠎ᠡ ᠵᠢ ᠭᠦᠢ᠍ᠴᠡᠳᠭᠡᠬᠦ᠎ᠳᠤ ᠵᠠᠪᠠᠯ ᠱᠠᠭ᠋ᠠᠷᠳᠠᠭᠳᠠᠬᠤ ᠦᠢ᠍ᠯᠡᠳᠬᠦᠨ᠎ᠤ ᠪᠠ ᠲᠤᠰᠬᠠᠢ ᠮᠡᠷᠭᠡᠵᠢᠯ᠎ᠤᠨ ᠴᠢᠳᠠᠪᠤᠷᠢ᠎ᠲᠠᠢ ᠪᠠᠢ᠌ᠬᠤ᠃
(ᠲᠠᠪᠤ) ᠬᠠᠤᠯᠢ ᠶᠣᠰᠣᠭ᠋ᠠᠷ ᠭᠠᠢ᠌ᠯᠢ ᠲᠤᠰᠢᠶᠠᠭᠰᠠᠨ ᠪᠠ ᠨᠡᠶ᠋ᠢᠭᠡᠮ᠎ᠤᠨ ᠪᠠᠲᠤᠯᠠᠭ᠎ᠠ ᠵᠢᠨ ᠮᠥᠩᠭᠥ ᠵᠢ ᠲᠤᠰᠢᠶᠠᠭᠰᠠᠨ ᠰᠠᠶ᠋ᠢᠨ ᠰᠠᠶ᠋ᠢᠬᠠᠨ ᠲᠡᠮᠳᠡᠭᠯᠡᠯ᠎ᠲᠠᠢ ᠪᠠᠢ᠌ᠬᠤ᠃
(ᠵᠢᠷᠭᠤᠭ᠎ᠠ) ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ 2 ᠵᠢᠯ᠎ᠳᠤ ᠦᠢ᠍ᠯᠡᠳᠪᠦᠷᠢᠯᠡᠬᠦ ᠪᠤᠶᠤ ᠡᠵᠡᠩᠨᠡᠬᠦ ᠠᠵᠢᠯᠯᠠᠭ᠎ᠠ᠎ᠳᠤ ᠮᠠᠭᠤ ᠲᠡᠮᠳᠡᠭᠯᠡᠯ ᠦᠭᠡᠢ ᠪᠠᠢ᠌ᠬᠤ᠃
(ᠳᠣᠯᠤᠭ᠎ᠠ) ᠲᠣᠬᠢᠷᠠᠭᠤᠯᠤᠨ ᠬᠦᠷᠭᠡᠬᠦ ᠣᠷᠣᠨ ᠪᠦᠰᠡ᠎ᠨᠢ ᠠᠯᠠᠱ᠌ᠠ ᠠᠶ᠋ᠢᠮᠠᠭ᠎ᠤᠨ ᠡᠯ᠎ᠡ ᠬᠤᠰᠢᠭᠤ (ᠲᠣᠭᠤᠷᠢᠭ) ᠵᠢᠨ ᠬᠠᠷᠢᠶ᠎ᠠ ᠪᠦᠬᠦᠢ ᠠᠯᠪᠠᠨ᠎ᠠᠴᠠ ᠪᠠᠶ᠋ᠢᠭᠤᠯᠤᠭᠰᠠᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠪᠠᠢ᠌ᠬᠤ᠃
(ᠨᠠᠢ᠍ᠮᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠦᠬᠦᠴᠡᠯ᠎ᠤᠳ᠃
ᠲᠠᠪᠤ᠂ ᠭᠦᠢ᠍ᠴᠡᠳᠬᠡᠬᠦ ᠶᠠᠪᠤᠴᠠ
(ᠨᠢᠭᠡ) ᠬᠢᠨᠠᠨ ᠬᠠᠷᠭᠤᠭᠤᠯᠬᠤ ᠪᠠ ᠨᠡᠢ᠌ᠲᠡᠯᠡᠬᠦ
1. ᠬᠢᠨᠠᠨ ᠬᠠᠷᠭᠤᠭᠤᠯᠬᠤ᠃ ᠠᠯᠠᠱ᠌ᠠ ᠠᠢ᠌ᠮᠠᠭ᠎ᠤᠨ ᠡᠮ ᠡᠮᠨᠡᠯᠭᠡ ᠬᠤᠳᠠᠯᠳᠤᠨ ᠠᠪᠬᠤ ᠲᠥᠪ᠎ᠠᠴᠠ ᠪᠣᠢ ᠪᠦᠬᠦᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠲᠥᠪᠯᠡᠷᠡᠭᠦᠯᠦᠨ ᠬᠢᠨᠠᠨ ᠬᠠᠷᠭᠤᠭᠤᠯᠤᠨ᠎ᠠ᠃
2. ᠨᠡᠢ᠌ᠲᠡᠯᠡᠬᠦ᠃ ᠬᠢᠨᠠᠨ ᠬᠠᠷᠭᠤᠭᠤᠯᠤᠭ᠋ᠠᠳ ᠬᠢᠷᠢ ᠲᠡᠩᠴᠡᠭᠰᠡᠨ ᠠᠵᠤ ᠠᠬᠤᠶ᠋ᠢᠯᠠᠯ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠪᠠᠷ ᠨᠡᠢ᠌ᠲᠡᠯᠡᠨ᠎ᠡ᠂ ᠨᠡᠢ᠌ᠲᠡᠯᠡᠬᠦ ᠬᠤᠭᠤᠴᠠᠭ᠎ᠠ᠎ᠨᠢ 5 ᠠᠵᠢᠯᠯᠠᠬᠤ ᠡᠳᠦᠷ ᠪᠣᠯᠤᠨ᠎ᠠ᠃
(ᠬᠤᠶᠠᠷ) ᠠᠵᠤ ᠠᠬᠤᠶ᠋ᠢᠯᠠᠯ᠎ᠤᠨ ᠳᠠᠩᠰᠠᠯᠠᠭᠤᠯᠤᠭᠰᠠᠨ ᠳᠠᠩᠰᠠ ᠵᠢᠴᠢ ᠬᠢᠷᠢ ᠬᠡᠮ᠎ᠤᠨ ᠬᠠᠮᠠᠭ᠋ᠠᠯᠠᠯᠲᠠ
ᠬᠡᠷᠪᠡ ᠨᠡᠶ᠋ᠢᠲᠡᠯᠡᠬᠦ ᠬᠤᠭᠤᠴᠠᠭ᠎ᠠ᠎ᠨᠢ ᠲᠤᠯᠤᠭ᠋ᠠᠳ ᠣᠨᠳᠣᠣ ᠰᠠᠨᠠᠯ ᠦᠭᠡᠢ ᠪᠣᠯ᠂ ᠡᠯ᠎ᠡ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠠᠴᠠ ᠥᠪᠥᠷ ᠮᠣᠩᠭᠤᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶ᠎ᠡ᠎ᠳᠤ ᠨᠡᠪᠲᠡᠷᠡᠵᠦ ᠳᠠᠩᠰᠠᠯᠠᠭᠤᠯᠤᠨ ᠭᠡᠷᠡᠴᠢᠯᠡᠭᠦᠯᠵᠦ᠂ ᠢᠲᠡᠭᠡᠮᠵᠢ ᠵᠢᠨ ᠠᠮᠠᠯᠠᠯᠲᠠ ᠵᠢᠨ ᠪᠢᠴᠢᠭ᠎ᠢ ᠳᠡᠭᠡᠭᠰᠢ ᠳᠠᠮᠵᠢᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ᠂ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠠᠭ᠋ᠠᠯᠠᠯᠲᠠ ᠬᠢᠨ᠎ᠡ᠃
(ᠭᠤᠷᠪᠠ) ᠲᠣᠬᠢᠷᠠᠭᠤᠯᠤᠨ ᠬᠦᠷᠭᠡᠬᠦ ᠣᠷᠣᠨ ᠪᠦᠰᠡ ᠵᠢ ᠨᠡᠪᠲᠡᠷᠡᠭᠦᠯᠬᠦ
ᠰᠦᠯᠵᠢᠶᠡᠨ ᠳᠡᠭᠡᠷᠡᠬᠢ ᠠᠵᠤ ᠠᠬᠤᠶ᠋ᠢᠯᠠᠯ᠎ᠤᠨ ᠬᠢᠷᠢ ᠬᠡᠮ᠎ᠤᠨ ᠮᠡᠳᠡᠭᠡ ᠵᠠᠩᠭᠢ ᠵᠢ ᠬᠠᠷᠭᠤᠭᠤᠯᠤᠨ ᠪᠠᠶ᠋ᠢᠴᠠᠭ᠋ᠠᠵᠤ ᠪᠠᠲᠤᠯᠠᠭᠤᠯᠤᠭᠰᠠᠨ᠎ᠤ ᠳᠠᠷᠠᠭ᠎ᠠ᠂ ᠠᠵᠤ ᠠᠬᠤᠶ᠋ᠢᠯᠠᠯ᠎ᠠᠴᠠ ᠠᠶ᠋ᠢᠮᠠᠭ᠎ᠤᠨ ᠡᠮ ᠡᠮᠨᠡᠯᠭᠡ ᠬᠤᠳᠠᠯᠳᠤᠨ ᠠᠪᠬᠤ ᠲᠥᠪ᠎ᠲᠠᠢ ᠬᠠᠷᠢᠯᠴᠠᠵᠤ ᠵᠣᠬᠢᠴᠠᠩᠭᠤᠶ ᠳᠣᠭᠢᠷᠠᠭᠤᠯᠤᠨ ᠬᠦᠷᠭᠡᠬᠦ ᠣᠷᠣᠨ ᠪᠦᠰᠡ ᠵᠢ ᠨᠡᠪᠲᠡᠷᠡᠭᠦᠯᠦᠨ᠎ᠡ᠃
ᠵᠢᠷᠭᠤᠭ᠎ᠠ᠂ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ
ᠠᠯᠠᠱ᠌ᠠ ᠠᠶ᠋ᠢᠮᠠᠭ᠎ᠤᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠢᠯᠢᠨ ᠰᠣᠩᠭᠤᠬᠤ᠎ᠳᠤ ᠣᠷᠣᠯᠴᠠᠬᠤ ᠪᠣᠶ ᠪᠥᠬᠦᠶ ᠠᠵᠤ ᠠᠬᠤᠶ᠋ᠢᠯᠠᠯ᠎ᠨᠢ ᠡᠷᠬᠡᠪᠰᠢ ᠲᠣᠰ ᠮᠡᠳᠡᠭᠳᠡᠯ ᠵᠢᠴᠢ ᠳᠠᠭ᠋ᠠᠯᠳᠤᠭᠤᠯᠤᠯ 1᠂ ᠳᠠᠭ᠋ᠠᠯᠳᠤᠭᠤᠯᠤᠯ 2᠎ᠤᠨ ᠱᠠᠭ᠋ᠠᠷᠳᠠᠯᠭ᠎ᠠ ᠶᠣᠰᠣᠭ᠋ᠠᠷ ᠬᠢᠷᠢ ᠬᠡᠮ᠎ᠤᠨ ᠮᠠᠲ᠋ᠧᠷᠢᠶᠠᠯ ᠵᠶ᠋ᠠᠨ ᠨᠠᠶ᠋ᠢᠷᠠᠭᠤᠯᠤᠨ ᠵᠣᠬᠢᠶᠠᠬᠤ᠂ ᠳᠡᠪᠲᠡᠷᠯᠡᠬᠦ ᠪᠠ ᠮᠡᠳᠡᠭᠦᠯᠦᠨ ᠬᠦᠷᠭᠡᠬᠦ ᠬᠡᠷᠡᠭᠲᠡᠶ᠃
(ᠨᠢᠭᠡ) ᠨᠡᠷ᠎ᠡ ᠮᠡᠳᠡᠭᠦᠯᠬᠦ ᠮᠠᠲ᠋ᠧᠷᠢᠶᠠᠯ᠎ᠳᠤ ᠨᠢᠭᠡᠳᠦᠯᠲᠡᠢ A4 ᠴᠠᠭ᠋ᠠᠰᠤ ᠵᠢ ᠬᠡᠷᠡᠭᠯᠡᠨ᠎ᠡ᠃
(ᠬᠤᠶᠠᠷ) ᠨᠡᠷ᠎ᠡ ᠮᠡᠳᠡᠭᠦᠯᠬᠦ ᠮᠠᠲ᠋ᠧᠷᠢᠶᠠᠯ᠎ᠨᠢ ᠲᠣᠳᠣᠷᠬᠠᠶ ᠪᠥᠭᠡᠳ ᠪᠦᠷᠢᠨ ᠪᠦᠲᠦᠨ ᠪᠠᠢ᠌ᠵᠤ᠂ ᠮᠠᠲ᠋ᠧᠷᠢᠶᠠᠯ᠎ᠨᠢ ᠲᠣᠳᠣᠷᠬᠠᠶ ᠦᠭᠡᠶ ᠪᠠ ᠪᠤᠷᠤᠭᠤ᠂ ᠪᠦᠷᠢᠨ ᠪᠦᠲᠦᠨ ᠪᠤᠰᠤ᠎ᠠᠴᠠ ᠪᠣᠯᠵᠤ ᠬᠢᠨᠠᠨ ᠬᠠᠷᠭᠤᠭᠤᠯᠬᠤ ᠵᠢᠨ ᠠᠷᠭ᠎ᠠ ᠦᠭᠡᠶ ᠪᠣᠯᠪᠠᠯ ᠠᠵᠤ ᠠᠬᠤᠶ᠋ᠢᠯᠠᠯ᠎ᠤᠨ ᠦᠨᠡᠮᠯᠡᠯ᠎ᠤᠨ ᠨᠦᠬᠦᠪᠦᠷᠢᠯᠡᠭᠰᠡᠨ ᠮᠠᠲ᠋ᠧᠷᠢᠶᠠᠯ᠎ᠢ ᠳᠠᠬᠢᠨ ᠬᠦᠯᠢᠶᠡᠨ ᠠᠪᠬᠤ ᠦᠭᠡᠢ ᠪᠠᠢ᠌ᠵᠤ᠂ ᠬᠠᠷᠢᠭᠤᠴᠠᠯᠭ᠎ᠠ ᠵᠢ ᠠᠵᠤ ᠠᠬᠤᠶ᠋ᠢᠯᠠᠯ ᠥᠪᠡᠷᠲᠡᠭᠡᠨ ᠡᠭᠦᠷᠭᠡᠯᠡᠨ᠎ᠡ᠃
(ᠭᠤᠷᠪᠠ) ᠲᠤᠰᠢᠶᠠᠭᠰᠠᠨ ᠪᠤᠢ ᠪᠦᠬᠦᠢ ᠪᠢᠴᠢᠭ ᠮᠠᠲᠸᠷᠢᠶᠠᠯ ᠬᠢᠭᠡᠳ ᠵᠠᠬᠢᠳᠠᠯ᠎ᠳᠤ ᠴᠦᠮ ᠬᠢᠲᠠᠳ ᠪᠢᠴᠢᠭ᠎ᠢ ᠬᠡᠷᠡᠭᠯᠡᠵᠦ᠂ ᠭᠠᠳᠠᠭ᠋ᠠᠳᠤ ᠬᠡᠯᠡᠨ᠎ᠤ ᠮᠠᠲᠸᠷᠢᠶᠠᠯ᠎ᠳᠤ ᠤᠭ ᠮᠠᠲᠸᠷᠢᠶᠠᠯ᠂ ᠪᠠᠭᠤᠯᠭ᠋ᠠᠪᠤᠷᠢ ᠵᠢᠴᠢ ᠬᠢᠲᠠᠳ ᠬᠡᠯᠡᠨ᠎ᠤ ᠣᠷᠴᠢᠭᠤᠯᠭ᠎ᠠ ᠵᠢᠨ ᠮᠠᠲᠸᠷᠢᠶᠠᠯ᠎ᠢ ᠬᠠᠩᠭ᠋ᠠᠬᠤ ᠬᠡᠷᠡᠭᠲᠡᠢ᠂ ᠠᠭᠤᠯᠭ᠎ᠠ ᠵᠢ ᠲᠦᠷᠬᠢᠬᠦ᠂ ᠵᠦᠯᠭᠦᠬᠦ᠂ ᠬᠤᠰᠤᠬᠤ᠂ ᠵᠦᠯᠭᠦᠭᠦ ᠪᠠ ᠪᠦᠷᠬᠦᠵᠦ ᠪᠣᠯᠬᠤ ᠦᠭᠡᠢ᠃
(ᠲᠦᠷᠪᠡ) ᠨᠡᠷ᠎ᠡ ᠮᠡᠳᠡᠭᠦᠯᠬᠦ ᠮᠠᠲ᠋ᠧᠷᠢᠶᠠᠯ᠎ᠢ ᠡᠷᠬᠡᠪᠰᠢ ᠱᠠᠭ᠋ᠠᠷᠳᠠᠯᠭ᠎ᠠ ᠶᠣᠰᠣᠭ᠋ᠠᠷ ᠨᠢᠭᠤᠷ᠎ᠤᠨ ᠳ᠋ᠤᠭ᠋ᠠᠷ᠎ᠤᠨ ᠳᠠᠷᠠᠭ᠋ᠠᠯᠠᠯ ᠵᠶ᠋ᠠᠷ ᠳᠡᠪᠲᠡᠷᠯᠡᠵᠦ᠂ ᠳᠡᠪᠲᠡᠷᠯᠡᠬᠦ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠮᠠᠲ᠋ᠧᠷᠢᠶᠠᠯ᠎ᠢ ᠬᠦᠯᠢᠶᠡᠨ ᠠᠪᠬᠤ ᠦᠭᠡᠶ᠂ ᠲᠤᠰ ᠤᠳᠠᠭ᠋ᠠᠨ᠎ᠤ ᠨᠡᠷ᠎ᠡ ᠮᠡᠳᠡᠭᠦᠯᠬᠦ ᠮᠠᠲ᠋ᠧᠷᠢᠶᠠᠯ᠎ᠢ ᠳᠡᠪᠲᠡᠷᠯᠡᠭᠰᠡᠨ᠎ᠤ ᠳᠠᠷᠠᠭ᠎ᠠ ᠨᠦᠬᠦᠪᠦᠷᠢ ᠮᠠᠲ᠋ᠧᠷᠢᠶᠠᠯ᠎ᠢ ᠳᠠᠬᠢᠨ ᠬᠦᠯᠢᠶᠡᠨ ᠠᠪᠬᠤ ᠦᠭᠡᠢ᠃
(ᠲᠠᠪᠤ) ᠨᠡᠷ᠎ᠡ ᠮᠡᠳᠡᠭᠦᠯᠬᠦ ᠮᠠᠲ᠋ᠧᠷᠢᠶᠠᠯ᠎ᠳᠤ ᠴᠥᠮ ᠨᠢᠭᠤᠷ ᠳᠠᠷᠠᠭ᠋ᠠᠯᠠᠨ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠶ (ᠠᠵᠤ ᠠᠬᠤᠶ᠋ᠢᠯᠠᠯ᠎ᠤᠨ ᠪᠤᠰᠤᠳ ᠲᠠᠮᠠᠭ᠎ᠠ ᠳᠠᠷᠤᠭᠰᠠᠨ᠎ᠨᠢ ᠴᠥᠮ ᠬᠦᠴᠦᠨ ᠦᠭᠡᠢ) ᠪᠥᠭᠡᠳ ᠲᠣᠭᠲᠠᠭᠰᠠᠨ ᠴᠠᠭ᠎ᠤᠨ ᠳᠣᠲᠣᠷ᠎ᠠ ᠲᠤᠰᠢᠶᠠᠬᠤ ᠬᠡᠷᠡᠭᠲᠡᠢ᠃
(ᠵᠢᠷᠭᠤᠭ᠎ᠠ) ᠭᠤᠶᠤᠴᠢᠯᠠᠭᠴᠢ᠎ᠠᠴᠠ ᠰᠢᠦᠳᠠᠨ ᠵᠶ᠋ᠠᠷ ᠢᠯᠡᠭᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠵᠤ ᠪᠣᠯᠤᠨ᠎ᠠ᠃ ᠬᠡᠷᠪᠡ ᠠᠵᠤ ᠠᠬᠤᠶ᠋ᠢᠯᠠᠯ ᠲᠣᠭᠲᠠᠭᠰᠠᠨ ᠴᠠᠭ᠎ᠤᠨ ᠳᠣᠲᠣᠷ᠎ᠠ ᠮᠠᠲ᠋ᠧᠷᠢᠶᠠᠯ ᠵᠶ᠋ᠠᠨ ᠲᠤᠰᠢᠶᠠᠭᠰᠠᠨ ᠥᠬᠡᠶ ᠪᠤᠶᠤ ᠮᠠᠲ᠋ᠧᠷᠢᠶᠠᠯ ᠵᠶ᠋ᠠᠨ ᠲᠣᠭᠲᠠᠭᠰᠠᠨ ᠠᠯᠪᠠᠨ ᠬᠡᠷ᠎ᠲᠤ ᠰᠢᠦᠳᠠᠨ ᠵᠶ᠋ᠠᠷ ᠲᠤᠰᠢᠶᠠᠭᠰᠠᠨ ᠥᠬᠡᠶ ᠪᠣᠯ ᠨᠡᠷ᠎ᠡ ᠮᠡᠳᠡᠭᠦᠯᠬᠦ᠎ᠪᠠᠨ ᠪᠣᠯᠢᠭᠰᠠᠨ ᠵᠶ᠋ᠠᠷ ᠦᠵᠡᠨ᠎ᠡ᠃
(ᠳᠤᠯᠤᠭ᠎ᠠ) ᠡᠮ᠎ᠤᠨ ᠵᠦᠢ᠍ᠯ᠎ᠢ ᠲᠣᠬᠢᠷᠠᠭᠤᠯᠤᠨ ᠬᠦᠷᠭᠡᠬᠦ᠎ᠪᠠᠷ ᠭᠤᠶᠤᠴᠢᠯᠠᠨ ᠮᠡᠳᠡᠭᠦᠯᠬᠦ ᠠᠵᠤ ᠠᠬᠤᠶ᠋ᠢᠯᠠᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠣᠬᠢᠷᠠᠭᠤᠯᠤᠨ ᠬᠦᠷᠭᠡᠬᠦ᠎ᠪᠠᠷ ᠭᠤᠶᠤᠴᠢᠯᠠᠨ ᠮᠡᠳᠡᠭᠦᠯᠬᠦ ᠠᠵᠤ ᠠᠬᠤᠶ᠋ᠢᠯᠠᠯ᠎ᠨᠢ ᠬᠢᠷᠢ ᠴᠢᠳᠠᠮᠵᠢ ᠵᠢᠨ ᠮᠠᠲ᠋ᠧᠷᠢᠶᠠᠯ ᠵᠶ᠋ᠠᠨ ᠠᠰᠲᠠᠭ᠋ᠠᠨ ᠳᠡᠪᠲᠡᠷᠯᠡᠬᠦ ᠬᠡᠷᠡᠭᠲᠡᠶ᠃
ᠳᠣᠯᠤᠭ᠎ᠠ᠂ ᠨᠡᠷ᠎ᠡ ᠮᠡᠳᠡᠭᠦᠯᠬᠦ ᠴᠠᠭ᠂ ᠭᠠᠵᠠᠷ ᠪᠠ ᠠᠷᠭ᠎ᠠ ᠮᠠᠶᠢᠭ
ᠴᠠᠭ᠄ 2025 ᠣᠨ᠎ᠤ 2 ᠳ᠋ᠤᠭ᠋ᠠᠷ ᠰᠠᠷ᠎ᠠ ᠵᠢᠨ 5᠎ᠤ ᠡᠳᠦᠷ᠎ᠠᠴᠠ 12᠎ᠤᠨ ᠡᠳᠦᠷ ᠪᠣᠯᠲᠠᠯ᠎ᠠ
(ᠦᠳᠡ ᠵᠢᠨ ᠡᠮᠦᠨ᠎ᠡ 9᠄ 00 - 12᠄ 00᠂ ᠦᠳᠡ ᠵᠢᠨ ᠬᠤᠶ᠋ᠢᠨ᠎ᠠ 15᠄ 00-18᠄ 00 ᠪᠣᠯᠲᠠᠯ᠎ᠠ᠂ ᠭᠠᠷᠠᠭ᠎ᠤᠨ ᠵᠢᠷᠭᠤᠭ᠋ᠠᠨ ᠡᠳᠦᠷ᠎ᠠᠴᠠ ᠪᠤᠰᠤᠳ)
ᠰᠢᠤᠳᠠᠨ ᠵᠶ᠋ᠠᠷ ᠢᠯᠡᠭᠡᠬᠦ ᠬᠠᠶᠢᠭ᠄ ᠠᠯᠠᠱ᠌ᠠ ᠠᠶ᠋ᠢᠮᠠᠭ᠎ᠤᠨ ᠡᠮ ᠡᠮᠨᠡᠯᠭᠡ ᠬᠤᠳᠠᠯᠳᠤᠨ ᠠᠪᠬᠤ ᠲᠥᠪ (ᠠᠯᠠᠱ᠌ᠠ ᠠᠶ᠋ᠢᠮᠠᠭ᠎ᠤᠨ ᠠᠯᠠᠱ᠌ᠠ ᠵᠡᠭᠦᠨ ᠬᠤᠰᠢᠭᠤᠨ᠎ᠤ ᠪᠠᠶᠠᠨᠬᠤᠲᠠ ᠪᠠᠯᠭ᠋ᠠᠰᠤᠨ᠎ᠤ ᠲᠸᠩ ᠹᠸᠢ ᠵᠠᠮ᠎ᠤᠨ ᠠᠵᠢᠯ ᠣᠯᠭᠤᠯᠲᠠ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠡᠷᠦᠩᠬᠡᠶ᠋ᠢᠯᠡᠭᠰᠡᠨ ᠠᠰᠠᠷ᠎ᠤᠨ 419 ᠲᠠᠰᠤᠭ)
ᠬᠠᠷᠢᠯᠴᠠᠬᠤ ᠬᠥᠮᠦᠨ᠄ ᠳ᠋ᠦᠩ ᠸᠧᠨ ᠵᠢᠩ᠂ ᠫᠠᠨ ᠰᠢᠤᠸᠠᠢ ᠵᠢᠶᠣᠣ
ᠬᠠᠷᠢᠯᠴᠠᠬᠤ ᠤᠲᠠᠰᠤ᠄ 0483-8350180
ᠨᠠᠢ᠍ᠮᠠ᠂ ᠠᠩᠬᠠᠷᠬᠤ ᠵᠦᠢ᠍ᠯ
(ᠨᠢᠭᠡ) ᠨᠡᠷ᠎ᠡ ᠮᠡᠳᠡᠭᠦᠯᠦᠭᠰᠡᠨ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠨᠡᠷ᠎ᠡ ᠮᠡᠳᠡᠭᠦᠯᠦᠭᠰᠡᠨ ᠮᠠᠲ᠋ᠧᠷᠢᠶᠠᠯ᠎ᠤᠨ ᠨᠢᠭᠤᠷ ᠲᠠᠯ᠎ᠠ ᠳᠡᠭᠡᠷ᠎ᠡ ᠲᠣᠬᠢᠷᠠᠭᠤᠯᠤᠨ ᠬᠦᠷᠭᠡᠬᠦ ᠲᠥᠷᠥᠯ ᠢᠯᠭ᠋ᠠᠯ᠎ᠢ ᠰᠣᠩᠭᠣᠬᠤ᠎ᠳᠤ᠎ᠪᠠᠨ ᠭᠠᠭᠴᠠᠬᠠᠨᠢ ᠰᠣᠩᠭᠣᠬᠤ ᠪᠤᠶᠤ ᠣᠯᠠᠨ᠎ᠢ ᠰᠣᠩᠭᠣᠵᠤ ᠪᠣᠯᠤᠨ᠎ᠠ᠂ ᠭᠡᠬᠦ᠎ᠳᠤ᠎ᠪᠠᠨ ᠡᠷᠬᠡᠪᠰᠢ ᠡᠮᠴᠢᠯᠡᠭᠡᠨ᠎ᠤ ᠮᠠᠰᠢᠨ ᠪᠠᠭ᠋ᠠᠵᠢ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠤᠨ ᠡᠵᠡᠩᠨᠡᠬᠦ ᠬᠡᠪᠴᠢᠶ᠎ᠡ ᠵᠢ ᠴᠢᠩᠭ᠎ᠠ ᠵᠢᠷᠤᠮᠯᠠᠨ ᠪᠣᠯᠭᠣᠮᠵᠢᠲᠠᠶ ᠰᠣᠩᠭᠣᠬᠤ ᠬᠡᠷᠡᠭᠲᠡᠶ᠂ ᠪᠠᠯᠠᠯᠵᠤ ᠪᠣᠯᠬᠤ ᠦᠭᠡᠶ᠃
(ᠬᠤᠶᠠᠷ) ᠬᠤᠰᠢᠭᠤ ᠲᠣᠭᠤᠷᠢᠭ᠎ᠤᠨ ᠲᠠᠰ ᠵᠢᠴᠢ ᠲᠡᠭᠦᠨ᠎ᠠᠴᠠ ᠳᠣᠷᠣᠭᠰᠢᠬᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠳᠣᠭᠢᠷᠠᠭᠤᠯᠤᠨ ᠬᠦᠷᠭᠡᠬᠦ᠎ᠪᠠᠷ ᠪᠠᠶ᠋ᠢᠭ᠎ᠠ ᠠᠵᠤ ᠠᠬᠤᠶ᠋ᠢᠯᠠᠯ᠎ᠨᠢ ᠠᠯᠠᠱ᠌ᠠ ᠠᠶ᠋ᠢᠮᠠᠭ᠎ᠤᠨ ᠬᠡᠰᠡᠭ ᠪᠤᠶ᠋ᠢᠳᠠ ᠪᠥᠭᠯᠡᠭᠦᠦ᠂ ᠵᠠᠮ ᠬᠠᠷᠢᠯᠴᠠᠭ᠎ᠠ ᠳᠥᠭᠦᠮ ᠦᠭᠡᠢ ᠭᠠᠵᠠᠷ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠴᠤ ᠬᠠᠩᠭ᠋ᠠᠵᠤ ᠪᠠᠶ᠋ᠢᠭ᠎ᠠ ᠪᠠᠶ᠋ᠢᠳᠠᠯ᠎ᠢ ᠭᠦᠢ᠍ᠴᠡᠳ ᠣᠶ᠋ᠢᠯᠠᠭ᠋ᠠᠬᠤ ᠵᠢᠨ ᠬᠠᠮᠲᠤ᠂ ᠲᠣᠰ ᠠᠵᠤ ᠠᠬᠤᠶ᠋ᠢᠯᠠᠯ᠎ᠤᠨ ᠪᠣᠳᠠᠲᠠᠶ ᠳᠣᠭᠢᠷᠠᠭᠤᠯᠤᠨ ᠬᠦᠷᠭᠡᠬᠦ ᠴᠢᠳᠠᠪᠤᠷᠢ ᠵᠢ ᠦᠨᠳᠦᠰᠦᠯᠡᠨ ᠨᠡᠷ᠎ᠡ ᠮᠡᠳᠡᠭᠦᠯᠵᠦ᠂ ᠳᠣᠭᠢᠷᠠᠭᠤᠯᠤᠨ ᠬᠦᠷᠭᠡᠬᠦ ᠵᠢ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
(ᠭᠤᠷᠪᠠ) ᠲᠣᠰ ᠤᠳᠠᠭ᠋ᠠᠨ᠎ᠤ ᠰᠢᠯᠢᠨ ᠰᠣᠩᠭᠤᠯᠲᠠ᠎ᠳᠤ ᠠᠯᠠᠱ᠌ᠠ ᠠᠶ᠋ᠢᠮᠠᠭ᠎ᠤᠨ ᠳᠣᠭᠢᠷᠠᠭᠤᠯᠤᠨ ᠬᠦᠷᠭᠡᠬᠦ ᠡᠷᠬᠡ ᠵᠢ ᠣᠯᠤᠭᠰᠠᠨ ᠬᠤᠶᠠᠷ ᠵᠢᠯ᠎ᠤᠨ ᠳᠣᠲᠣᠷ᠎ᠠ ᠰᠦᠯᠵᠢᠶᠡᠨ ᠳᠡᠭᠡᠷ᠎ᠡ ᠠᠷᠠᠯᠵᠢᠶᠠᠯᠠᠭᠰᠠᠨ ᠥᠬᠡᠶ ᠠᠵᠤ ᠠᠬᠤᠶ᠋ᠢᠯᠠᠯ᠎ᠢ ᠠᠯᠠᠱ᠌ᠠ ᠠᠶ᠋ᠢᠮᠠᠭ᠎ᠤᠨ ᠡᠮ ᠡᠮᠨᠡᠯᠭᠡ ᠬᠤᠳᠠᠯᠳᠤᠨ ᠠᠪᠬᠤ ᠲᠥᠪ᠎ᠠᠴᠠ ᠨᠡᠶ᠋ᠢᠲᠡᠯᠡᠵᠦ᠂ ᠠᠯᠠᠱ᠌ᠠ ᠠᠶ᠋ᠢᠮᠠᠭ᠎ᠲᠤ᠎ᠬᠢ ᠳᠣᠭᠢᠷᠠᠭᠤᠯᠤᠨ ᠬᠦᠷᠭᠡᠬᠦ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠨ᠎ᠠ᠃
ᠳᠠᠭ᠋ᠠᠯᠳᠤᠭᠤᠯᠤᠯ᠄ 1. ᠡᠮ᠎ᠤᠨ ᠵᠦᠢ᠍ᠯ᠎ᠤᠨ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠬᠡᠯᠪᠡᠷᠢ ᠮᠠᠶᠢᠭ᠎ᠤᠨ ᠱᠠᠭ᠋ᠠᠷᠳᠠᠯᠭ᠎ᠠ
2. ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠬᠡᠯᠪᠡᠷᠢ ᠮᠠᠶᠢᠭ᠎ᠤᠨ ᠱᠠᠭ᠋ᠠᠷᠳᠠᠯᠭ᠎ᠠ
ᠠᠯᠠᠱ᠌ᠠ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2025 ᠣᠨ᠎ᠤ 2 ᠳ᠋ᠤᠭ᠋ᠠᠷ ᠰᠠᠷ᠎ᠠ ᠵᠢᠨ 5᠎ᠤ ᠡᠳᠦᠷ
ᠳᠠᠭ᠋ᠠᠯᠳᠤᠭᠤᠯᠤᠯ᠄