ᠬᠢᠩᠭ᠋ᠠᠨ ᠡᠮᠴᠢᠯᠡᠭᠡᠨ᠎ᠤ ᠳᠠᠭ᠋ᠠᠳᠬᠠᠯ ᠲᠠᠷᠬᠠᠭ᠋ᠠᠭᠰᠠᠨ [2025] 1 ᠳ᠋ᠤᠭᠡᠷ ᠲᠣᠭ᠋ᠠᠲᠤ
ᠡᠯ᠎ᠡ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠳᠤ᠄
ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠴᠠᠭ ᠲᠤᠬᠠᠶ᠎ᠳᠤᠨᠢ ᠬᠠᠩᠭ᠋ᠠᠬᠤ ᠵᠢ ᠪᠠᠲᠤᠯᠠᠬᠤ ᠵᠢᠨ ᠲᠤᠰᠠᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠵᠢᠨ ᠠᠵᠢᠯ᠎ᠢ ᠰᠠᠢ᠍ᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡᠨ᠎ᠤ ᠪᠠᠳᠤᠯᠠᠭ᠎ᠠ ᠠᠯᠪᠠᠨ ᠲᠠᠷᠬᠠᠭ᠋ᠠᠭᠰᠠᠨ [2019] 41 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠵᠢᠨ ᠲᠤᠰᠠᠳᠠ᠂ ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠠᠴᠠ 2025 ᠣᠨ᠎ᠤ 1 ᠳ᠋ᠦ᠍ᠭᠡᠷ ᠰᠠᠷ᠎ᠠ ᠵᠢᠨ 20᠎ᠤ ᠡᠳᠦᠷ᠎ᠠᠴᠠ 2 ᠳ᠋ᠤᠭ᠋ᠠᠷ ᠰᠠᠷ᠎ᠠ ᠵᠢᠨ 21᠎ᠤ ᠡᠳᠦᠷ ᠪᠣᠯᠲᠠᠯ᠎ᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠠᠵᠢᠯ᠎ᠢ ᠥᠷᠨᠢᠭᠦᠯᠬᠦ᠎ᠪᠠᠷ ᠪᠣᠢ ᠂ ᠡᠳᠦᠭᠡ ᠨᠡᠷ᠎ᠡ ᠮᠡᠳᠡᠭᠦᠯᠬᠦ ᠠᠵᠢᠯ᠎ᠤᠨ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ ᠄
ᠨᠢᠭᠡ᠂ ᠲᠣᠬᠢᠷᠠᠭᠤᠯᠤᠨ ᠬᠦᠷᠭᠡᠬᠦ ᠠᠷᠭ᠎ᠠ ᠬᠡᠯᠪᠡᠷᠢ ᠪᠠ ᠲᠣᠬᠢᠷᠠᠭᠤᠯᠤᠨ ᠬᠦᠷᠭᠡᠬᠦ ᠬᠡᠪᠴᠢᠶ᠎ᠡ
(ᠨᠢᠭᠡ) ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ ᠦᠢ᠍ᠯᠡᠳᠪᠦᠷᠢᠯᠡᠬᠦ ᠠᠵᠤ ᠠᠬᠤᠶ᠋ᠢᠯᠠᠯ᠎ᠨᠢ ᠰᠢᠭᠤᠳ ᠳᠣᠭᠢᠷᠠᠭᠤᠯᠤᠨ ᠬᠦᠷᠭᠡᠵᠦ ᠪᠣᠯᠤᠨ᠎ᠠ᠂ ᠪᠠᠰᠠ ᠨᠥᠬᠦᠴᠡᠯ᠎ᠳᠤ ᠨᠡᠢ᠌ᠴᠡᠬᠦ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠨᠠᠢ᠌ᠳᠠᠵᠤ ᠳᠣᠭᠢᠷᠠᠭᠤᠯᠤᠨ ᠬᠦᠷᠭᠡᠵᠦ ᠪᠣᠯᠤᠨ᠎ᠠ᠃
(ᠬᠤᠶᠠᠷ) ᠲᠣᠬᠢᠷᠠᠭᠤᠯᠤᠨ ᠬᠦᠷᠭᠡᠬᠦ ᠬᠡᠪᠴᠢᠶ᠎ᠡ᠄ ᠬᠢᠩᠭ᠋ᠠᠨ ᠠᠶ᠋ᠢᠮᠠᠭ᠎ᠤᠨ ᠬᠡᠪᠴᠢᠶᠡᠨ᠎ᠳᠠᠬᠢ ᠡᠯ᠎ᠡ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ (ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢ ᠪᠠᠭᠲᠠᠭ᠋ᠠᠨ᠎ᠠ )
ᠬᠤᠶᠠᠷ᠂ ᠨᠡᠷ᠎ᠡ ᠮᠡᠳᠡᠭᠦᠯᠬᠦ ᠨᠥᠬᠦᠴᠡᠯ
ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠲᠤᠷᠰᠢᠯᠲᠠ ᠵᠢᠨ ᠡᠮ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ᠎ᠳᠤ ᠣᠷᠣᠯᠴᠠᠬᠤ᠎ᠪᠠᠷ ᠪᠠᠶ᠋ᠢᠭ᠎ᠠ ᠠᠵᠤ ᠠᠬᠤᠶ᠋ᠢᠯᠠᠯ᠎ᠨᠢ ᠡᠷᠬᠡᠪᠰᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠡᠯᠰᠡᠨ ᠴᠤᠭᠯᠠᠭᠤᠯᠬᠤ ᠬᠤᠪᠢᠶᠠᠷᠢ ᠰᠢᠰᠲ᠋ᠧᠮ᠎ᠤᠨ ᠵᠠᠬᠢᠶᠠᠯᠠᠭ᠎ᠠ ᠵᠢ ᠨᠤᠲᠠᠯᠠᠬᠤ᠂ ᠪᠠᠷᠠᠭ᠎ᠠ ᠪᠡᠯᠡᠳᠬᠡᠬᠦ᠂ ᠳᠣᠭᠢᠷᠠᠭᠤᠯᠤᠨ ᠬᠦᠷᠭᠡᠬᠦ ᠬᠤᠯᠪᠣᠭᠳᠠᠯ ᠪᠥᠬᠦᠶ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠭᠦᠨ᠎ᠤ ᠬᠠᠮᠲᠤ᠂ ᠡᠷᠬᠡᠪᠰᠢ ᠳᠣᠤᠷᠠᠬᠢ ᠨᠦᠬᠦᠴᠡᠯ᠎ᠤᠳ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ ᠪᠠᠢ᠌ᠬᠤ ;
(ᠬᠤᠶᠠᠷ) ᠬᠠᠤᠯᠢ ᠶᠣᠰᠣᠭ᠋ᠠᠷ ᠵᠣᠬᠢᠴᠠᠯᠳᠤᠭᠰᠠᠨ ᠬᠢᠷᠢ ᠭᠡᠮ᠎ᠤᠨ ᠦᠨᠡᠮᠯᠡᠯ᠎ᠢ ᠣᠯᠣᠭᠰᠠᠨ ᠪᠠᠢ᠌ᠬᠤ ;
(ᠭᠤᠷᠪᠠ) ᠴᠠᠭ ᠲᠤᠬᠠᠢᠳᠤᠨᠢ᠂ ᠬᠦᠢ᠍ᠴᠡᠳ ᠬᠡᠮᠵᠢᠶᠡᠨ᠎ᠤ ᠲᠤᠬᠢᠷᠠᠭᠤᠯᠵᠤ ᠬᠦᠷᠭᠡᠬᠦ ᠦᠢ᠍ᠯᠡᠳᠬᠦᠨ᠎ᠤ ᠪᠠᠷᠠᠭ᠋ᠠᠨ᠎ᠤ ᠭᠦᠢ᠍ᠯᠭᠡᠭᠡᠨ᠎ᠤ ᠴᠢᠳᠠᠪᠤᠷᠢ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠴᠢᠳᠠᠪᠤᠷᠢ ᠵᠢ ᠪᠦᠷᠢᠯᠳᠦᠭᠦᠯᠦᠭᠰᠡᠨ ᠪᠠᠢ᠌ᠬᠤ ;
(ᠲᠦᠷᠪᠡ) ᠬᠤᠳᠠᠯᠳᠤᠭᠰᠠᠨ᠎ᠤ ᠳᠠᠷᠠᠭ᠋ᠠᠬᠢ ᠰᠢᠯᠢᠳᠡᠭ ᠦᠢ᠍ᠯᠡᠴᠢᠯᠡᠭᠡ ᠪᠠ ᠮᠡᠷᠭᠡᠵᠢᠯ᠎ᠤᠨ ᠳᠡᠮᠵᠢᠯᠭᠡ ᠵᠢᠨ ᠴᠢᠳᠠᠪᠤᠷᠢ᠎ᠲᠠᠢ ᠪᠠᠢ᠌ᠬᠤ᠃
(ᠲᠠᠪᠤ) ᠬᠤᠷᠣᠭᠳᠠᠯ ᠮᠠᠲ᠋ᠧᠷᠢᠶᠠᠯ᠎ᠤᠨ ᠠᠵᠤ ᠠᠬᠤᠶ᠋ᠢᠯᠠᠯ ᠨᠢᠭᠡᠨᠲᠡ ᠬᠢᠩᠭ᠋ᠠᠨ ᠠᠶ᠋ᠢᠮᠠᠭ᠎ᠤᠨ ᠣᠷᠣᠨ ᠪᠦᠰᠡ ᠵᠢᠨ ᠳᠣᠭᠢᠷᠠᠭᠤᠯᠤᠨ ᠬᠦᠷᠭᠡᠬᠦ ᠬᠢᠷᠢ ᠬᠡᠮ᠎ᠲᠠᠢ ᠪᠣᠯᠣᠭᠰᠠᠨ ᠪᠠᠢ᠌ᠪᠠᠯ ᠲᠣᠰ ᠤᠳᠠᠭ᠎ᠠ ᠨᠡᠷ᠎ᠡ ᠮᠡᠳᠡᠭᠦᠯᠬᠦ ᠴᠢᠬᠤᠯᠠ ᠥᠬᠡᠶ᠃
(ᠵᠢᠷᠭᠤᠭ᠎ᠠ) ᠠᠵᠤ ᠠᠬᠤᠶ᠋ᠢᠯᠠᠯ 2023 ᠣᠨ᠂ 2024 ᠣᠨ᠎ᠳᠤ ᠨᠢᠭᠡᠨᠲᠡ ᠬᠢᠩᠭ᠋ᠠᠨ ᠠᠶ᠋ᠢᠮᠠᠭ᠎ᠤᠨ ᠣᠷᠣᠨ ᠪᠦᠰᠡ ᠵᠢᠨ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ᠎ᠳᠤ ᠨᠡᠷ᠎ᠡ ᠮᠡᠳᠡᠭᠦᠯᠦᠭᠰᠡᠨ ᠪᠥᠭᠡᠳ ᠬᠢᠨᠠᠨ ᠬᠠᠷᠭᠤᠭᠤᠯᠵᠤ ᠪᠠᠲᠤᠯᠠᠭᠳᠠᠭᠰᠠᠨ ᠮᠥᠷᠲᠡᠭᠡᠨ ᠣᠳᠣᠬᠠᠨ ᠪᠣᠯᠲᠠᠯ᠎ᠠ ᠳᠣᠭᠢᠷᠠᠭᠤᠯᠤᠨ ᠬᠦᠷᠭᠡᠬᠦ ᠬᠢᠷᠢ ᠬᠡᠮ᠎ᠲᠠᠢ ᠪᠣᠯᠤᠭ᠎ᠠ ᠥᠬᠡᠶ ᠪᠠᠶ᠋ᠢᠪᠠᠯ᠂ ᠲᠣᠰ ᠤᠳᠠᠭ᠎ᠠ ᠨᠡᠷ᠎ᠡ ᠮᠡᠳᠡᠭᠦᠯᠵᠦ ᠪᠣᠯᠬᠤ ᠥᠬᠡᠶ᠃
ᠭᠤᠷᠪᠠ᠂ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ
ᠮᠠᠨ᠎ᠤ ᠠᠶ᠋ᠢᠮᠠᠭ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠡᠮ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠣᠷᠣᠯᠴᠠᠬᠤ᠎ᠳᠤ ᠡᠷᠬᠡᠪᠰᠢ 《ᠬᠢᠩᠭ᠋ᠠᠨ ᠠᠶ᠋ᠢᠮᠠᠭ᠎ᠤᠨ 2025 ᠣᠨ᠎ᠤ ᠳᠡᠭᠡᠷ᠎ᠡ ᠬᠠᠭ᠋ᠠᠰ ᠵᠢᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ ᠵᠢᠴᠢ ᠬᠡᠪ ᠵᠠᠭᠪᠤᠷ》 (ᠳᠠᠭ᠋ᠠᠯᠳᠤᠭᠤᠯᠤᠯ᠎ᠳᠤ ᠦᠵᠡ) ᠪᠠ ᠲᠣᠰ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ᠂ ᠬᠢᠷᠢ ᠬᠡᠮ᠎ᠤᠨ ᠮᠠᠲ᠋ᠧᠷᠢᠶᠠᠯ᠎ᠢ ᠨᠠᠶ᠋ᠢᠷᠠᠭᠤᠯᠤᠨ ᠵᠣᠬᠢᠶᠠᠬᠤ ᠂ ᠬᠠᠳᠠᠬᠤ ᠪᠠ ᠮᠡᠳᠡᠭᠦᠯᠦᠨ ᠬᠦᠷᠭᠡᠬᠦ ᠬᠡᠷᠡᠭᠲᠡᠶ᠃
(ᠨᠢᠭᠡ) ᠨᠡᠷ᠎ᠡ ᠮᠡᠳᠡᠭᠦᠯᠬᠦ ᠮᠠᠲ᠋ᠧᠷᠢᠶᠠᠯ᠎ᠳᠤ A4 ᠴᠠᠭ᠋ᠠᠰᠤ ᠵᠢ ᠬᠡᠷᠡᠭᠯᠡᠬᠦ ᠵᠢᠨ ᠬᠠᠮᠲᠤ ᠱᠠᠭ᠋ᠠᠷᠳᠠᠯᠭ᠎ᠠ ᠪᠠ ᠬᠡᠪ᠎ᠤᠨ ᠳᠠᠷᠠᠭ᠋ᠠᠯᠠᠯ ᠵᠶ᠋ᠠᠷ ᠭᠤᠮ᠎ᠪᠠᠷ ᠬᠠᠳᠠᠵᠤ ᠳᠡᠪᠲᠡᠷᠯᠡᠨ ᠂ ᠶᠠᠮᠠᠷᠪᠠ ᠵᠠᠰᠠᠯᠲᠠ ᠬᠢᠵᠦ ᠪᠣᠯᠬᠤ ᠦᠭᠡᠢ᠂ ᠨᠢᠭᠤᠷ ᠲᠠᠯ᠎ᠠ ᠵᠢ ᠱᠠᠭ᠋ᠠᠷᠳᠠᠯᠭ᠎ᠠ ᠶᠤᠰᠤᠭ᠋ᠠᠷ ᠴᠠᠭ᠋ᠠᠰᠤᠨ ᠮᠠᠲ᠋ᠧᠷᠢᠶᠠᠯ᠎ᠢ ᠬᠡᠷᠡᠭᠯᠡᠵᠦ ᠂ ᠰᠦᠯᠢᠶᠣᠣ ᠮᠠᠲ᠋ᠧᠷᠢᠶᠠᠯ᠎ᠤᠨ ᠭᠠᠳᠠᠷᠢ ᠬᠡᠷᠡᠭᠯᠡᠵᠦ ᠪᠣᠯᠬᠤ ᠦᠭᠡᠢ᠃
(ᠬᠤᠶᠠᠷ) ᠨᠡᠷ᠎ᠡ ᠮᠡᠳᠡᠭᠦᠯᠬᠦ ᠮᠠᠲ᠋ᠧᠷᠢᠶᠠᠯ᠎ᠨᠢ ᠲᠣᠳᠣᠷᠬᠠᠶ ᠪᠥᠭᠡᠳ ᠪᠦᠷᠢᠨ ᠪᠦᠲᠦᠨ ᠪᠠᠢ᠌ᠵᠤ᠂ ᠲᠣᠳᠣᠷᠬᠠᠶ ᠪᠤᠰᠤ᠂ ᠪᠦᠷᠢᠨ ᠪᠦᠲᠦᠨ ᠪᠤᠰᠤ᠎ᠠᠴᠠ ᠪᠣᠯᠵᠣ ᠬᠠᠷᠭᠤᠭᠤᠯᠤᠨ ᠪᠠᠶ᠋ᠢᠴᠠᠭ᠋ᠠᠬᠤ ᠵᠢᠨ ᠠᠷᠭ᠎ᠠ ᠥᠬᠡᠶ ᠪᠣᠯᠪᠠᠯ ᠠᠵᠤ ᠠᠬᠤᠶ᠋ᠢᠯᠠᠯ ᠥᠪᠡᠰᠦᠪᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃
(ᠭᠤᠷᠪᠠ) ᠠᠵᠤ ᠠᠬᠤᠶ᠋ᠢᠯᠠᠯ᠎ᠤᠨ ᠲᠤᠰᠢᠶᠠᠭᠰᠠᠨ ᠪᠤᠶ ᠪᠦᠬᠦᠢ ᠮᠠᠲ᠋ᠧᠷᠢᠶᠠᠯ ᠵᠢᠴᠢ ᠨᠠᠭ᠋ᠠᠰᠢ ᠴᠠᠭ᠋ᠠᠰᠢ ᠶᠠᠪᠤᠭᠤᠯᠬᠤ ᠵᠠᠬᠢᠳᠠᠯ᠎ᠳᠤ᠎ᠪᠠᠨ ᠴᠥᠮ ᠬᠢᠲᠠᠳ ᠬᠡᠯᠡ ᠵᠢ ᠬᠡᠷᠡᠭᠯᠡᠵᠦ᠂ ᠭᠠᠳᠠᠭ᠋ᠠᠳᠤ ᠬᠡᠯᠡᠨ᠎ᠤ ᠮᠠᠲ᠋ᠧᠷᠢᠶᠠᠯ᠎ᠳᠤ ᠤᠭ ᠮᠠᠲ᠋ᠧᠷᠢᠶᠠᠯ᠎ᠤᠨ ᠬᠠᠭᠤᠯᠪᠤᠷᠢ ᠵᠢᠴᠢ ᠬᠢᠲᠠᠳ ᠬᠡᠯᠡᠨ᠎ᠤ ᠣᠷᠴᠢᠭᠤᠯᠭ᠎ᠠ ᠵᠢᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠂ ᠮᠠᠲ᠋ᠧᠷᠢᠶᠠᠯ᠎ᠤᠨ ᠠᠭᠤᠯᠭ᠎ᠠ ᠵᠢ ᠲᠦᠷᠬᠢᠬᠦ᠂ ᠬᠤᠰᠤᠬᠤ᠂ ᠪᠠᠯᠠᠯᠬᠤ ᠪᠠ ᠪᠦᠷᠬᠦᠵᠦ ᠪᠣᠯᠬᠤ ᠦᠭᠡᠶ᠃
(ᠳᠥᠷᠪᠡ ) ᠨᠡᠷ᠎ᠡ ᠮᠡᠳᠡᠭᠦᠯᠬᠦ ᠮᠠᠲ᠋ᠧᠷᠢᠶᠠᠯ᠎ᠢ ᠨᠢᠭᠤᠷ ᠳᠠᠷᠠᠭ᠋ᠠᠯᠠᠨ ᠠᠵᠤ ᠠᠬᠤᠶ᠋ᠢᠯᠠᠯ᠎ᠤᠨ ᠲᠣᠳᠣᠷᠬᠠᠶ ᠠᠯᠪᠠᠨ ᠲᠠᠮᠠᠭ᠎ᠠ ᠵᠢ ᠳᠠᠷᠤᠬᠤ (ᠠᠵᠤ ᠠᠬᠤᠶ᠋ᠢᠯᠠᠯ᠎ᠤᠨ ᠪᠤᠰᠤᠳ ᠲᠠᠮᠠᠭ᠎ᠠ ᠵᠢ ᠳᠠᠷᠤᠪᠠᠯ ᠬᠦᠴᠦᠨ ᠦᠭᠡᠶ ) ᠵᠢᠨ ᠬᠠᠮᠲᠤ ᠲᠣᠭᠲᠠᠭᠰᠠᠨ ᠴᠠᠭ᠎ᠤᠨ ᠳᠣᠲᠣᠷ᠎ᠠ ᠲᠤᠰᠢᠶᠠᠬᠤ ᠬᠡᠷᠡᠭᠲᠡᠢ ᠃
(ᠲᠠᠪᠤ) ᠨᠡᠷ᠎ᠡ ᠮᠡᠳᠡᠭᠦᠯᠬᠦ ᠮᠠᠲ᠋ᠧᠷᠢᠶᠠᠯ᠎ᠢ ᠲᠤᠬᠠᠶ ᠵᠢᠨ ᠲᠠᠯᠠᠪᠤᠷᠲᠤᠨᠢ ᠲᠤᠰᠢᠶᠠᠬᠤ ᠪᠤᠶᠤ ᠰᠢᠤᠳᠠᠨ ᠵᠶ᠋ᠠᠷ ᠢᠯᠡᠭᠡᠵᠦ ᠪᠣᠯᠤᠨ᠎ᠠ᠂ ᠭᠤᠪᠢᠭᠤᠯᠭ᠎ᠠ ᠵᠢ ᠬᠦᠷᠭᠡᠭᠰᠡᠨ ᠴᠠᠭ ᠵᠶ᠋ᠠᠷ ᠪᠠᠷᠢᠮᠵᠢᠶ᠎ᠠ ᠪᠣᠯᠭ᠋ᠠᠨ᠎ᠠ᠃ ᠠᠵᠤ ᠠᠬᠤᠶ᠋ᠢᠯᠠᠯ ᠲᠣᠭᠲᠠᠭᠰᠠᠨ ᠴᠠᠭ ᠪᠠ ᠭᠠᠵᠠᠷ᠎ᠲᠤ ᠮᠠᠲ᠋ᠧᠷᠢᠶᠠᠯ ᠵᠶ᠋ᠡᠨ ᠲᠤᠰᠢᠶᠠᠭᠰᠠᠨ ᠦᠭᠡᠢ ᠪᠠᠢ᠌ᠪᠠᠯ ᠨᠡᠷ᠎ᠡ ᠮᠡᠳᠡᠭᠦᠯᠬᠦ᠎ᠪᠠᠨ ᠬᠠᠶᠠᠭᠰᠠᠨ ᠵᠶ᠋ᠠᠷ ᠦᠵᠡᠨ᠎ᠡ᠃
(ᠵᠢᠷᠭᠤᠭ᠎ᠠ) ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠳᠣᠲᠣᠷᠠᠬᠢ ᠵᠠᠩᠭᠢᠯᠠᠭ᠎ᠠ ᠵᠢᠨ ᠴᠢᠨᠠᠷᠲᠠᠶ ᠮᠠᠲ᠋ᠧᠷᠢᠶᠠᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ ᠡᠵᠡᠩᠨᠡᠬᠦ ᠵᠥᠪᠰᠢᠶᠡᠷᠡᠯ᠎ᠤᠨ ᠦᠨᠡᠮᠯᠡᠯ ᠵᠢᠴᠢ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠠᠮᠠᠯᠠᠯᠲᠠ ᠵᠢᠨ ᠪᠢᠴᠢᠭ᠎ᠲᠤ ᠨᠥᠬᠥᠪᠥᠷᠢᠯᠡᠬᠦ ᠪᠠ ᠵᠠᠰᠠᠪᠤᠷᠢ ᠣᠷᠣᠭᠤᠯᠬᠤ ᠦᠭᠡᠶ᠂ ᠪᠤᠰᠤᠳ ᠵᠠᠩᠭᠢᠯᠠᠭ᠎ᠠ ᠵᠢᠨ ᠪᠤᠰᠤ ᠴᠢᠨᠠᠷᠲᠠᠶ ᠮᠠᠲ᠋ᠧᠷᠢᠶᠠᠯ᠎ᠨᠢ ᠪᠤᠷᠤᠭᠤ ᠪᠤᠶᠤ ᠪᠦᠷᠢᠨ ᠪᠤᠰᠤ ᠪᠠᠶ᠋ᠢᠪᠠᠯ᠂ ᠠᠵᠤ ᠠᠬᠤᠶ᠋ᠢᠯᠠᠯ ᠡᠷᠬᠡᠪᠰᠢ ᠮᠡᠳᠡᠭᠳᠡᠭᠰᠡᠨ᠎ᠤ ᠳᠠᠷᠠᠭ᠋ᠠᠬᠢ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠪᠦᠷᠢᠨ ᠪᠦᠲᠦᠨ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠶ᠃ ᠨᠡᠢ᠌ᠲᠡᠯᠡᠯ ᠵᠶ᠋ᠡᠷ ᠪᠠᠲᠤᠯᠠᠭᠰᠠᠨ ᠥᠬᠡᠶ ᠠᠵᠤ ᠠᠬᠤᠶ᠋ᠢᠯᠠᠯ᠎ᠤᠨ ᠮᠠᠲ᠋ᠧᠷᠢᠶᠠᠯ ᠨᠥᠬᠦᠪᠥᠷᠢᠯᠡᠬᠦ ᠵᠢ ᠳᠠᠭᠢᠵᠤ ᠬᠦᠯᠢᠶᠡᠨ ᠠᠪᠬᠤ ᠥᠬᠡᠶ ᠂ ᠲᠠᠷᠠᠭ᠋ᠠᠴᠢ ᠵᠢᠨ ᠤᠳᠠᠭ᠎ᠠ᠎ᠳᠤ ᠳᠠᠬᠢᠨ ᠰᠢᠨ᠎ᠡ᠎ᠪᠠᠷ ᠨᠡᠷ᠎ᠡ ᠮᠡᠳᠡᠭᠦᠯᠵᠦ ᠪᠣᠯᠤᠨ᠎ᠠ᠃
(ᠳᠤᠯᠤᠭ᠎ᠠ) ᠨᠡᠷ᠎ᠡ ᠮᠡᠳᠡᠭᠦᠯᠬᠦ ᠮᠠᠲ᠋ᠧᠷᠢᠶᠠᠯ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠠᠵᠤ ᠠᠬᠤᠶ᠋ᠢᠯᠠᠯᠤᠨᠬᠢᠨᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠶ᠃ ᠠᠵᠤ ᠠᠬᠤᠶ᠋ᠢᠯᠠᠯ ᠲᠤᠰᠢᠶᠠᠭᠰᠠᠨ ᠮᠠᠲ᠋ᠧᠷᠢᠶᠠᠯ᠎ᠤᠨ ᠵᠶ᠋ᠠᠨ ᠦᠨᠡᠨ ᠪᠣᠳᠠᠲᠠᠢ ᠬᠦᠴᠦᠨ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠢ᠃ ᠬᠡᠷᠪᠡ ᠬᠤᠳᠠᠯ ᠬᠠᠭᠤᠷᠮᠠᠭ ᠮᠠᠲ᠋ᠧᠷᠢᠶᠠᠯ ᠪᠠᠶ᠋ᠢᠪᠠᠯ ᠨᠡᠷ᠎ᠡ ᠮᠡᠳᠡᠭᠦᠯᠬᠦ ᠬᠢᠷᠢ ᠬᠡᠮ ᠵᠢᠴᠢ ᠲᠣᠬᠢᠷᠠᠭᠤᠯᠤᠨ ᠬᠦᠷᠭᠡᠬᠦ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠨ᠎ᠠ ᠃
(ᠨᠠᠢ᠍ᠮᠠ) ᠠᠵᠤ ᠠᠬᠤᠶ᠋ᠢᠯᠠᠯ᠎ᠤᠳ ᠡᠮᠴᠢᠯᠡᠭᠡᠨ᠎ᠤ ᠪᠠᠭ᠋ᠠᠵᠢ ᠬᠡᠷᠡᠭᠰᠡᠯ ᠡᠵᠡᠩᠨᠡᠬᠦ ᠵᠥᠪᠰᠢᠶᠡᠷᠡᠯ᠎ᠤᠨ ᠦᠨᠡᠮᠯᠡᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ ᠡᠵᠡᠩᠨᠡᠬᠦ᠎ᠳᠤ ᠳᠠᠩᠰᠠᠯᠠᠭᠤᠯᠬᠤ ᠭᠡᠷᠡᠴᠢ ᠪᠠᠷᠢᠮᠲᠠ ᠵᠢᠨ ᠡᠵᠡᠩᠨᠡᠯᠲᠡ ᠵᠢᠨ ᠬᠡᠪᠴᠢᠶ᠎ᠡ ᠵᠢ ᠴᠢᠩᠭ᠎ᠠ ᠵᠢᠷᠤᠮᠯᠠᠨ ᠳᠣᠭᠢᠷᠠᠭᠤᠯᠤᠨ ᠬᠦᠷᠭᠡᠬᠦ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠲᠥᠷᠥᠯ ᠢᠯᠭ᠋ᠠᠯ᠎ᠢ ᠴᠢᠩᠭ᠎ᠠ ᠰᠣᠩᠭᠤᠬᠤ ᠬᠡᠷᠡᠭᠲᠡᠶ ᠮᠥᠷᠲᠡᠭᠡᠨ ᠪᠠᠯᠠᠯᠤᠨ ᠥᠭᠡᠷᠡᠴᠢᠯᠡᠵᠦ ᠪᠣᠯᠬᠤ ᠥᠬᠡᠶ᠃
(ᠶᠢᠰᠦ) ᠠᠵᠤ ᠠᠬᠤᠶ᠋ᠢᠯᠠᠯ᠎ᠤᠨ ᠲᠣᠬᠢᠷᠠᠭᠤᠯᠤᠨ ᠬᠦᠷᠭᠡᠬᠦ ᠦᠢ᠍ᠯᠡᠳᠬᠦᠨ᠎ᠨᠢ ᠬᠤᠶᠠᠳᠤᠭ᠋ᠠᠷ ᠲᠥᠷᠥᠯ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠳᠤ ᠬᠤᠯᠪᠣᠭᠳᠠᠪᠠᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ ᠡᠵᠡᠩᠨᠡᠬᠦ ᠵᠢ ᠳᠠᠩᠰᠠᠯᠠᠭᠤᠯᠬᠤ ᠭᠡᠷᠡᠴᠢ ᠪᠠᠷᠢᠮᠲᠠ ᠵᠢᠨ ᠬᠠᠭᠤᠯᠪᠤᠷᠢ ᠵᠢ ᠳᠠᠭ᠋ᠠᠯᠳᠤᠭᠤᠯᠬᠤ ᠬᠡᠷᠡᠭᠲᠡᠶ᠃
(ᠠᠷᠪᠠ) ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠦᠢ᠍ᠯᠡᠳᠪᠦᠷᠢᠯᠡᠬᠦ ᠠᠵᠤ ᠠᠬᠤᠶ᠋ᠢᠯᠠᠯ ᠨᠡᠷ᠎ᠡ ᠮᠡᠳᠡᠭᠦᠯᠵᠦ ᠰᠢᠭᠤᠳ ᠲᠣᠬᠢᠷᠠᠭᠤᠯᠤᠨ ᠬᠦᠷᠭᠡᠬᠦ᠎ᠳᠤ᠂ ᠡᠷᠬᠡᠪᠰᠢ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠰᠢᠭᠤᠳ ᠲᠣᠬᠢᠷᠠᠭᠤᠯᠤᠨ ᠬᠦᠷᠭᠡᠬᠦ ᠭᠤᠶᠤᠴᠢᠯᠠᠯ᠎ᠤᠨ ᠪᠢᠴᠢᠭ᠎ᠤᠨ ᠤᠭ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃
(ᠠᠷᠪᠠᠨ ᠨᠢᠭᠡ ) ᠠᠵᠤ ᠠᠬᠤᠶ᠋ᠢᠯᠠᠯ ᠡᠷᠬᠡᠪᠰᠢ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠰᠢᠰᠲ᠋ᠧᠮ᠎ᠳᠤ ᠨᠡᠪᠲᠡᠷᠡᠬᠦ ᠬᠡᠷᠡᠭᠲᠡᠢ ( https://www.gsxt.gov.cn/index.html )᠂ ᠤᠷᠢᠳ ᠵᠶ᠋ᠠᠷ ᠵᠢᠷᠤᠭ᠎ᠢ ᠣᠭᠲᠤᠯᠵᠤ ᠳᠠᠷᠠᠭ᠎ᠠ᠎ᠨᠢ ᠳᠣᠤᠷᠠᠬᠢ 5 ᠵᠦᠢ᠍ᠯ᠎ᠤᠨ ᠠᠭᠤᠯᠭ᠎ᠠ ᠵᠢ ᠳᠠᠷᠤᠮᠠᠯᠯᠠᠨ᠎ᠠ᠄ ᠠᠵᠤ ᠠᠬᠤᠶ᠋ᠢᠯᠠᠯ᠎ᠤᠨ ᠨᠢᠭᠤᠷ ᠲᠠᠯ᠎ᠠ ᠵᠢᠨ ᠮᠡᠳᠡᠭᠡ ᠵᠠᠩᠭᠢ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠮᠡᠳᠡᠭᠡ ᠵᠠᠩᠭᠢ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠮᠡᠳᠡᠭᠡ ᠵᠠᠩᠭᠢ᠂ ᠡᠵᠡᠩᠨᠡᠯᠲᠡ ᠵᠢᠨ ᠬᠡᠪ᠎ᠤᠨ ᠪᠤᠰᠤ ᠮᠡᠳᠡᠭᠡ ᠵᠠᠩᠭᠢ᠂ ᠬᠠᠤᠯᠢ ᠵᠢ ᠬᠦᠨᠳᠦ ᠨᠣᠴᠢᠲᠠᠶ ᠵᠥᠷᠢᠴᠡᠭᠰᠡᠨ ᠮᠡᠳᠡᠭᠡ ᠵᠠᠩᠭᠢ ᠃
ᠳᠥᠷᠪᠡ᠂ ᠨᠡᠷ᠎ᠡ ᠮᠡᠳᠡᠭᠦᠯᠬᠦ ᠴᠠᠭ ᠪᠠ ᠭᠠᠵᠠᠷ
ᠨᠡᠷ᠎ᠡ ᠮᠡᠳᠡᠭᠦᠯᠬᠦ ᠴᠠᠭ᠄ 2025 ᠣᠨ᠎ᠤ 1 ᠳ᠋ᠦ᠍ᠭᠡᠷ ᠰᠠᠷ᠎ᠠ ᠵᠢᠨ 20᠎ᠤ ᠡᠳᠦᠷ᠎ᠠᠴᠠ 2 ᠳ᠋ᠤᠭ᠋ᠠᠷ ᠰᠠᠷ᠎ᠠ ᠵᠢᠨ 21᠎ᠤ ᠡᠳᠦᠷ ᠪᠣᠯᠲᠠᠯ᠎ᠠ
ᠠᠵᠢᠯᠯᠠᠬᠤ ᠡᠳᠦᠷ᠎ᠤᠨ ᠬᠦᠯᠢᠶᠡᠨ ᠠᠪᠴᠤ ᠰᠢᠢ᠍ᠳᠪᠦᠷᠢᠯᠡᠬᠦ ᠴᠠᠭ᠄ 8᠄ 30 - 11᠄ 00 ᠂ 14᠄ 30 - 17᠄ 00 ᠪᠣᠯᠲᠠᠯ᠎ᠠ
ᠨᠡᠷ᠎ᠡ ᠮᠡᠳᠡᠭᠦᠯᠬᠦ ᠭᠠᠵᠠᠷ᠄ ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠤᠨ ᠡᠮ ᠪᠠᠭ᠋ᠠᠵᠢ ᠬᠡᠷᠡᠭᠰᠡᠯ᠎ᠤᠨ ᠰᠠᠯᠠᠭ᠋ᠠᠨ᠎ᠤ 305 ᠲᠠᠰᠤᠭ (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭ᠋ᠠᠨ ᠠᠶ᠋ᠢᠮᠠᠭ᠎ᠤᠨ ᠤᠯᠠᠭ᠋ᠠᠨᠬᠤᠲᠠ ᠵᠢᠨ ᠬᠢᠩᠭ᠋ᠠᠨ ᠶᠡᠭᠡ ᠵᠠᠮ᠎ᠤᠨ 36 ᠳ᠋ᠤᠭ᠋ᠠᠷ ᠲᠣᠭ᠋ᠠᠲᠤ)
ᠬᠠᠷᠢᠯᠴᠠᠬᠤ ᠤᠲᠠᠰᠤ᠄ 0482-8250918
ᠳᠠᠭ᠋ᠠᠯᠳᠤᠭᠤᠯᠤᠯ᠄ ᠬᠢᠩᠭ᠋ᠠᠨ ᠠᠶ᠋ᠢᠮᠠᠭ᠎ᠤᠨ 2025 ᠣᠨ᠎ᠤ ( ᠳᠡᠭᠡᠷ᠎ᠡ ᠬᠠᠭ᠋ᠠᠰ ᠵᠢᠯ ) ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ ᠵᠢᠴᠢ ᠬᠡᠪ ᠵᠠᠭᠪᠤᠷ
ᠬᠢᠩᠭ᠋ᠠᠨ ᠠᠢ᠌ᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ
2025 ᠣᠨ᠎ᠤ 1 ᠳ᠋ᠦ᠍ᠭᠡᠷ ᠰᠠᠷ᠎ᠠ ᠵᠢᠨ 20᠎ᠤ ᠡᠳᠦᠷ