ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠶ᠋ᠢᠮᠠᠭ᠎ᠤᠨ 2025 ᠣᠨ᠎ᠤ (ᠳᠡᠭᠡᠷ᠎ᠡ ᠬᠠᠭ᠋ᠠᠰ ᠵᠢᠯ) ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠣᠩᠭᠣᠭᠳᠠᠭᠰᠠᠨ ᠨᠡᠷᠡᠰ᠎ᠢ ᠨᠡᠶ᠋ᠢᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2025-03-11

ᠡᠯ᠎ᠡ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠳᠤ᠄

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠵᠢᠨ ᠠᠵᠢᠯ᠎ᠢ ᠰᠠᠢ᠍ᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ [ 2019 ] 41 ᠳ᠋ᠤᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂  ᠮᠠᠨ᠎ᠤ ᠲᠥᠪ᠎ᠠᠴᠠ 2025 ᠣᠨ᠎ᠤ (ᠳᠡᠭᠡᠷ᠎ᠡ ᠬᠠᠭ᠋ᠠᠰ ᠵᠢᠯ) ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠵᠤ ᠨᠡᠷ᠎ᠡ ᠮᠡᠳᠡᠭᠦᠯᠬᠦ ᠮᠠᠲ᠋ᠧᠷᠢᠶᠠᠯ᠎ᠢ ᠬᠢᠨᠠᠨ ᠬᠠᠷᠭᠤᠭᠤᠯᠵᠤ᠂ 2025 ᠣᠨ᠎ᠤ 3 ᠳ᠋ᠤᠭ᠋ᠠᠷ ᠰᠠᠷ᠎ᠠ ᠵᠢᠨ 4᠎ᠤ ᠡᠳᠦᠷ᠎ᠠᠴᠠ 3 ᠳ᠋ᠤᠭ᠋ᠠᠷ ᠰᠠᠷ᠎ᠠ ᠵᠢᠨ 10᠎ᠤ ᠡᠳᠦᠷ ᠪᠣᠯᠲᠠᠯ᠎ᠠ ᠬᠢᠨᠠᠨ ᠬᠠᠷᠭᠤᠭᠤᠯᠤᠭᠰᠠᠨ  ᠳ᠋ᠦᠩ᠎ᠢ ᠨᠡᠢ᠌ᠲᠡᠯᠡᠪᠡ᠂  ᠡᠳᠦᠭᠡ ᠰᠣᠩᠭᠣᠭᠳᠠᠭᠰᠠᠨ  ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ᠎ᠢ ᠨᠡᠢ᠌ᠲᠡᠯᠡᠬᠦ ᠵᠢᠨ  ᠬᠠᠮᠲᠤ᠂  ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ ᠄

   ᠨᠢᠭᠡ᠂  ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠣᠩᠭᠣᠭᠳᠠᠭᠰᠠᠨ  ᠳ᠋ᠦᠩ

   ᠬᠢᠩᠭ᠋ᠠᠨ ᠠᠶ᠋ᠢᠮᠠᠭ 2025  ᠣᠨ᠎ᠤ (ᠳᠡᠭᠡᠷ᠎ᠡ ᠬᠠᠭ᠋ᠠᠰ ᠵᠢᠯ) ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ 47 ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ (ᠨᠡᠷᠡᠰ᠎ᠢ ᠳᠠᠭ᠋ᠠᠯᠳᠤᠭᠤᠯᠤᠯ᠎ᠳᠤ ᠦᠵᠡ) ᠰᠣᠩᠭᠣᠭᠳᠠᠪᠠ᠃

   ᠬᠤᠶᠠᠷ᠂  ᠠᠵᠢᠯ᠎ᠤᠨ ᠱᠠᠭ᠋ᠠᠷᠳᠠᠯᠭ᠎ᠠ

   ᠪᠠᠲᠤᠯᠠᠭᠳᠠᠭᠰᠠᠨ ᠨᠡᠷᠡᠰ᠎ᠠᠴᠠ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ᠎ᠳᠤ ᠣᠷᠣᠯᠴᠠᠬᠤ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠡᠷᠬᠡᠪᠰᠢ ᠥᠪᠥᠷ ᠮᠣᠩᠭᠤᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠰᠦᠯᠵᠢᠶ᠎ᠡ᠎ᠳᠤ ( https://ylbzj.nmg.gov.cn/ggfw/hallEnter/#/Index ) ᠳᠠᠩᠰᠠᠯᠠᠭᠤᠯᠵᠤ ᠭᠡᠷᠡᠴᠢᠯᠡᠯ ᠬᠢᠬᠦ ᠬᠡᠷᠡᠭᠲᠡᠶ᠂  ᠢᠲᠡᠭᠡᠮᠵᠢ ᠵᠢᠨ ᠠᠮᠠᠯᠠᠯᠲᠠ ᠵᠢᠨ ᠪᠢᠴᠢᠭ ᠵᠶ᠋ᠠᠨ  ᠳᠡᠭᠡᠭᠰᠢ ᠳᠠᠮᠵᠢᠭᠤᠯᠵᠤ᠂  ᠥᠪᠡᠷᠲᠡᠭᠡᠨ ᠵᠠᠰᠠᠬᠤ ᠣᠷᠣᠨ᠎ᠠᠴᠠ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ᠂  ᠠᠵᠤ ᠠᠬᠤᠶ᠋ᠢᠯᠠᠯ᠎ᠤᠨ ᠬᠢᠷᠢ ᠬᠡᠮ᠎ᠢ ᠬᠠᠮᠠᠭ᠋ᠠᠯᠠᠨ᠎ᠠ; ᠠᠵᠤ ᠠᠬᠤᠶ᠋ᠢᠯᠠᠯ᠎ᠨᠢ  ᠠᠵᠤ ᠠᠬᠤᠶ᠋ᠢᠯᠠᠯ᠎ᠤᠨ ᠬᠢᠷᠢ ᠬᠡᠮ᠎ᠢ ᠬᠠᠮᠠᠭ᠋ᠠᠯᠠᠭᠰᠠᠨ᠎ᠤ ᠳᠠᠷᠠᠭ᠎ᠠ᠂  ᠡᠷᠬᠡᠪᠰᠢ  ᠮᠠᠨ᠎ᠤ ᠲᠥᠪ᠎ᠲᠤ ᠤᠲᠠᠰᠤᠳᠠᠵᠤ ᠳᠣᠭᠢᠷᠠᠭᠤᠯᠤᠨ ᠬᠦᠷᠭᠡᠬᠦ ᠣᠷᠣᠨ ᠪᠦᠰᠡ ᠵᠢ ᠨᠡᠭᠡᠭᠡᠨ᠎ᠡ᠃

   ᠪᠠᠲᠤᠯᠠᠭᠳᠠᠭᠰᠠᠨ  ᠨᠡᠷᠡᠰ᠎ᠠᠴᠠ  ᠨᠢᠭᠡᠨᠲᠡ ᠳᠠᠩᠰᠠᠯᠠᠭᠤᠯᠵᠤ ᠪᠠᠲᠤᠯᠠᠭᠳᠠᠭᠰᠠᠨ  ᠡᠮᠴᠢᠯᠡᠭᠡᠨ᠎ᠤ  ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ  ᠮᠠᠨ᠎ᠤ ᠲᠥᠪ᠎ᠠᠴᠠ ᠴᠠᠭ ᠲᠤᠬᠠᠶ᠎ᠳᠤ᠎ᠨᠢ  ᠳᠣᠭᠢᠷᠠᠭᠤᠯᠤᠨ ᠬᠦᠷᠭᠡᠬᠦ ᠣᠷᠣᠨ ᠪᠦᠰᠡ ᠵᠢ ᠨᠡᠭᠡᠭᠡᠵᠦ᠂  ᠳᠣᠭᠢᠷᠠᠭᠤᠯᠤᠨ ᠬᠦᠷᠭᠡᠬᠦ ᠣᠷᠣᠨ ᠪᠦᠰᠡ ᠵᠢ ᠨᠡᠪᠲᠡᠷᠡᠭᠦᠯᠦᠭᠰᠡᠨ᠎ᠤ ᠳᠠᠷᠠᠭ᠎ᠠ᠂  ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ  ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠲᠠᠢ ᠰᠢᠰᠲ᠋ᠧᠮ᠎ᠤᠨ ᠳᠣᠲᠣᠷ᠎ᠠ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠢ᠌ᠭᠤᠯᠤᠨ᠎ᠠ᠃

   ᠭᠤᠷᠪᠠ᠂  ᠪᠤᠰᠤᠳ ᠱᠠᠭ᠋ᠠᠷᠳᠠᠯᠭ᠎ᠠ

   ᠡᠯ᠎ᠡ ᠠᠵᠤ ᠠᠬᠤᠶ᠋ᠢᠯᠠᠯ ᠡᠷᠬᠡᠪᠰᠢ 2025 ᠣᠨ᠎ᠤ 5 ᠳ᠋ᠤᠭ᠋ᠠᠷ ᠰᠠᠷ᠎ᠠ ᠵᠢᠨ 11᠎ᠤ ᠡᠳᠦᠷ᠎ᠠᠴᠠ ᠡᠮᠦᠨ᠎ᠡ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠳᠠᠩᠰᠠᠯᠠᠬᠤ᠂  ᠳᠦᠷᠢ ᠵᠢᠨ ᠭᠡᠷᠡᠴᠢᠯᠡᠯ ᠬᠢᠬᠦ᠂  ᠬᠢᠷᠢ ᠬᠡᠮ᠎ᠢ ᠬᠠᠮᠠᠭ᠋ᠠᠯᠠᠬᠤ ᠵᠡᠷᠭᠡ ᠬᠠᠮᠢᠶ᠎ᠠ ᠪᠥᠬᠦᠶ ᠵᠦᠢ᠍ᠯᠡᠰ᠎ᠢ ᠪᠡᠶᠡᠯᠡᠭᠦᠯᠬᠦ ᠬᠡᠷᠡᠭᠲᠡᠶ᠃  ᠬᠤᠭᠤᠴᠠᠭ᠎ᠠ ᠬᠡᠲᠦᠷᠡᠲᠡᠯ᠎ᠡ ᠠᠵᠤ ᠠᠬᠤᠶ᠋ᠢᠯᠠᠯ᠎ᠤᠨ ᠮᠡᠳᠡᠭᠡ ᠵᠠᠩᠭᠢ ᠳᠠᠩᠰᠠᠯᠠᠭᠤᠯᠬᠤ᠂  ᠳᠦᠷᠢ ᠵᠢᠨ ᠭᠡᠷᠡᠴᠢᠯᠡᠯ ᠬᠢᠬᠦ᠂  ᠬᠢᠷᠢ ᠬᠡᠮ᠎ᠢ ᠬᠠᠮᠠᠭ᠋ᠠᠯᠠᠬᠤ   ᠵᠡᠷᠭᠡ  ᠬᠠᠮᠢᠶ᠎ᠠ ᠪᠥᠬᠦᠶ ᠵᠦᠢ᠍ᠯᠡᠰ᠎ᠢ ᠪᠡᠶᠡᠯᠡᠭᠦᠯᠦᠭᠰᠡᠨ ᠥᠬᠡᠶ ᠠᠵᠤ ᠠᠬᠤᠶ᠋ᠢᠯᠠᠯ᠎ᠢ ᠮᠠᠨ᠎ᠤ ᠲᠥᠪ᠎ᠠᠴᠠ ᠲᠣᠰ ᠠᠵᠤ ᠠᠬᠤᠶ᠋ᠢᠯᠠᠯ᠎ᠤᠨ ᠬᠢᠩᠭ᠋ᠠᠨ ᠠᠶ᠋ᠢᠮᠠᠭ᠎ᠤᠨ ᠳᠣᠭᠢᠷᠠᠭᠤᠯᠤᠨ ᠬᠦᠷᠭᠡᠬᠦ ᠬᠢᠷᠢ ᠬᠡᠮ ᠵᠶ᠋ᠠᠨ ᠬᠠᠶᠠᠭᠰᠠᠨ ᠵᠶ᠋ᠠᠷ ᠦᠵᠡᠨ᠎ᠡ᠃

   ᠡᠯ᠎ᠡ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ QQ ᠬᠣᠯᠪᠤᠭ᠋ᠠᠨ᠎ᠤ  ᠨᠣᠮᠧᠷ 780150476 ᠵᠢ  ᠡᠷᠬᠡᠪᠰᠢ  ᠨᠡᠮᠡᠵᠦ 《ᠬᠢᠩᠭ᠋ᠠᠨ ᠠᠶ᠋ᠢᠮᠠᠭ᠎ᠤᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠬᠠᠷᠢᠯᠴᠠᠭ᠋ᠠᠨ᠎ᠤ ᠬᠣᠯᠪᠣᠭ᠎ᠠ (ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ )》᠎ᠳᠤ ᠣᠷᠤᠵᠤ᠂  ᠭᠤᠶᠤᠴᠢᠯᠠᠬᠤ ᠦᠶ᠎ᠡ᠎ᠳᠤ ᠡᠷᠬᠡᠪᠰᠢ ᠠᠵᠤ ᠠᠬᠤᠶ᠋ᠢᠯᠠᠯ᠎ᠤᠨ ᠪᠦᠬᠦᠯᠢ ᠨᠡᠷᠡᠶ᠋ᠢᠳᠦᠯ ᠵᠶ᠋ᠠᠨ  ᠲᠣᠳᠣᠷᠬᠠᠶ᠋ᠢᠯᠠᠬᠤ ᠬᠡᠷᠡᠭᠲᠡᠶ᠃

   ᠳᠥᠷᠪᠡ᠂  ᠬᠠᠷᠢᠯᠴᠠᠬᠤ ᠬᠡᠯᠪᠡᠷᠢ

   ᠬᠠᠷᠢᠯᠴᠠᠬᠤ ᠬᠠᠶᠢᠭ᠄ ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ  ᠲᠥᠪ᠎ᠤᠨ ᠡᠮ᠎ᠤᠨ ᠪᠠᠭ᠋ᠠᠵᠢ ᠬᠡᠷᠡᠭᠰᠡᠯ᠎ᠤᠨ ᠰᠠᠯᠠᠭ᠋ᠠᠨ᠎ᠤ 305 ᠲᠠᠰᠤᠭ (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭ᠋ᠠᠨ ᠠᠶ᠋ᠢᠮᠠᠭ᠎ᠤᠨ ᠤᠯᠠᠭ᠋ᠠᠨᠬᠤᠲᠠ ᠵᠢᠨ ᠬᠢᠩᠭ᠋ᠠᠨ ᠶᠡᠭᠡ ᠵᠠᠮ᠎ᠤᠨ 36 ᠳ᠋ᠤᠭ᠋ᠠᠷ ᠲᠣᠭ᠋ᠠᠲᠤ)

   ᠬᠠᠷᠢᠯᠴᠠᠬᠤ ᠤᠲᠠᠰᠤ᠄ 0482-8250918

   ᠳᠠᠭ᠋ᠠᠯᠳᠤᠭᠤᠯᠤᠯ᠄ ᠬᠢᠩᠭ᠋ᠠᠨ ᠠᠶ᠋ᠢᠮᠠᠭ᠎ᠤᠨ 2025 ᠣᠨ᠎ᠤ (ᠳᠡᠭᠡᠷ᠎ᠡ ᠬᠠᠭ᠋ᠠᠰ ᠵᠢᠯ) ᠡᠮᠴᠢᠯᠡᠭᠡᠨ᠎ᠤ  ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ  ᠰᠣᠩᠭᠤᠭᠳᠠᠭᠰᠠᠨ ᠨᠡᠷᠡᠰ

  

             ᠬᠢᠩᠭ᠋ᠠᠨ ᠠᠢ᠌ᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ  ᠦᠢ᠍ᠯᠡᠴᠢᠯᠡᠭᠡᠨ᠎ᠤ ᠲᠥᠪ

            2025 ᠣᠨ᠎ᠤ 3  ᠳ᠋ᠤᠭ᠋ᠠᠷ ᠰᠠᠷ᠎ᠠ ᠵᠢᠨ 11᠎ᠤ ᠡᠳᠦᠷ


ᠳᠠᠭ᠋ᠠᠯᠳᠤᠭᠤᠯᠤᠯ᠄

   ᠳᠠᠭ᠋ᠠᠯᠳᠤᠭᠤᠯᠤᠯ 1.  ᠬᠢᠩᠭ᠋ᠠᠨ ᠠᠶ᠋ᠢᠮᠠᠭ᠎ᠤᠨ 2025 ᠣᠨ᠎ᠤ (ᠳᠡᠭᠡᠷ᠎ᠡ ᠬᠠᠭ᠋ᠠᠰ ᠵᠢᠯ) ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠣᠩᠭᠤᠭᠳᠠᠭᠰᠠᠨ ᠨᠡᠷᠡᠰ

 

 

ᠢᠷᠡᠯᠲᠡ᠄ ᠬᠢᠩᠭ᠋ᠠᠨ ᠠᠶ᠋ᠢᠮᠠᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ
          
ᠬᠠᠮᠢᠶ᠎ᠡ ᠪᠦᠬᠦᠢ ᠰᠣᠨᠢᠨ
ᠪᠤᠭᠤᠲᠤ ᠬᠤᠲᠠ ᠵᠢᠨ 2025 ᠣᠨ᠎ᠤ ᠨᠢᠭᠡᠳᠦᠭᠡᠷ ᠤᠯᠠᠷᠢᠯ᠎ᠤᠨ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠵᠦ ᠬᠠᠷᠭᠤᠭᠤᠯᠤᠨ ᠰᠢᠯᠭ᠋ᠠᠷᠠᠭᠤᠯᠵᠤ ᠪᠠᠲᠤᠯᠠᠭᠳᠠᠭᠰᠠᠨ ᠨᠡᠷᠡᠰ᠎ᠢ ᠨᠡᠢ᠌ᠲᠡᠯᠡᠬᠦ ᠲᠤᠬᠠᠶ ᠮᠡᠳᠡᠭᠳᠡᠯ
2025 ᠣᠨ᠎ᠤ ᠮᠠᠨᠵᠤᠤᠷ ᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
2025 ᠣᠨ᠎ᠤ ᠨᠢᠭᠡᠳᠦᠭᠡᠷ ᠤᠯᠠᠷᠢᠯ᠎ᠤᠨ ᠬᠥᠬᠡᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ᠎ᠢ ᠨᠡᠢ᠌ᠲᠡᠯᠡᠬᠦ ᠲᠤᠬᠠᠶ ᠮᠡᠳᠡᠭᠳᠡᠯ
ᠡᠮ᠎ᠤᠨ ᠵᠦᠢᠯ ᠪᠠ ᠡᠮᠴᠢᠯᠡᠭᠡᠨ᠎ᠤ ᠬᠤᠷᠣᠭᠳᠠᠯ ᠮᠠᠲᠧᠷᠢᠶᠠᠯ᠎ᠢ ᠳᠣᠭᠢᠷᠠᠭᠤᠯᠤᠨ ᠬᠦᠷᠭᠡᠬᠦ ᠬᠢᠷᠢ ᠬᠡᠮ᠎ᠢ᠎ᠨᠢ ᠬᠦᠴᠦᠨ ᠥᠬᠡᠶ ᠪᠣᠯᠭᠠᠬᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ᠎ᠢ ᠨᠡᠢᠲᠡᠯᠡᠬᠦ ᠲᠤᠬᠠᠶ ᠰᠢᠯᠢ᠎ᠶᠢᠨ ᠭᠤᠤᠯ ᠠᠢᠮᠠᠭ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠮᠡᠳᠡᠭᠳᠡᠯ
ᠬᠢᠩᠭ᠋ᠠᠨ ᠠᠢ᠍ᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠬᠠᠤᠯᠢ ᠴᠠᠭ᠋ᠠᠵᠠ ᠵᠢᠨ ᠵᠥᠪᠯᠡᠭᠴᠢ ᠵᠢᠨ ᠪᠦᠯᠬᠦᠮ ᠤᠷᠢᠵᠦ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠳᠠ ᠵᠢᠨ ᠰᠢᠨ᠎ᠡ ᠠᠷᠭ᠎ᠠ ᠵᠢ ᠡᠭᠦᠳᠪᠡ
 
            