2025 ᠣᠨ᠎ᠤ ᠮᠠᠨᠵᠤᠤᠷ ᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠡᠯ᠎ᠡ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠤᠨ ᠦᠢ᠍ᠯᠡᠳᠪᠦᠷᠢᠯᠡᠯ (ᠡᠵᠡᠩᠨᠡᠯᠲᠡ)᠎ᠤᠨ ᠠᠵᠤ ᠠᠬᠤᠶ᠋ᠢᠯᠠᠯ᠎ᠳᠤ᠄
ᠮᠠᠨᠵᠤᠤᠷ ᠬᠤᠲᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠰᠣᠩᠭᠤᠯᠲᠠ ᠵᠢᠨ ᠬᠡᠷᠡᠭᠴᠡᠭᠡ ᠵᠢ ᠬᠠᠩᠭ᠋ᠠᠵᠤ᠂ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠤᠨ ᠦᠢ᠍ᠯᠡᠳᠬᠦᠨ᠎ᠢ ᠴᠠᠭ ᠲᠤᠬᠠᠶ᠎ᠳᠤᠨᠢ ᠬᠠᠩᠭ᠋ᠠᠬᠤ ᠵᠢ ᠪᠠᠲᠤᠯᠠᠬᠤ ᠵᠢᠨ ᠲᠤᠰᠠᠳᠠ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡᠨ᠎ᠤ ᠪᠠᠳᠤᠯᠠᠭ᠎ᠠ ᠠᠯᠪᠠᠨ ᠲᠠᠷᠬᠠᠭ᠋ᠠᠭᠰᠠᠨ [2019] 41 ᠳ᠋ᠦ᠍ᠭᠡᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠡᠳᠦᠭᠡ ᠮᠠᠨ᠎ᠤ ᠬᠤᠲᠠ ᠵᠢᠨ 2025 ᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠬᠤ ᠠᠵᠢᠯ᠎ᠢ ᠥᠷᠨᠢᠭᠦᠯᠬᠦ ᠵᠢᠨ ᠬᠠᠮᠲᠤ᠂ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠲᠣᠬᠢᠷᠠᠭᠤᠯᠤᠨ ᠬᠦᠷᠭᠡᠬᠦ ᠠᠷᠭ᠎ᠠ ᠮᠠᠶᠢᠭ
ᠡᠮ᠎ᠤᠨ ᠵᠦᠢ᠍ᠯ (ᠬᠢᠲᠠᠳ ᠡᠮ᠎ᠤᠨ ᠨᠠᠶ᠋ᠢᠷᠠᠯᠭ᠎ᠠ ᠵᠢᠨ ᠮᠦᠬᠦᠯᠢᠭᠲᠦ ᠡᠮ᠎ᠢ ᠪᠠᠭᠲᠠᠭ᠋ᠠᠨ᠎ᠠ᠂ ᠳᠣᠷᠣᠭᠰᠢ ᠠᠳᠠᠯᠢ) ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ (ᠪᠡᠶ᠎ᠡ ᠵᠢᠨ ᠭᠠᠳᠠᠨᠠᠬᠢ ᠣᠨᠣᠰᠢᠯᠠᠬᠤ ᠤᠷᠪᠠᠯᠵᠢ ᠵᠢ ᠪᠠᠭᠲᠠᠭ᠋ᠠᠨ᠎ᠠ᠂ ᠳᠣᠷᠣᠭᠰᠢ ᠠᠳᠠᠯᠢ) ᠦᠢ᠍ᠯᠡᠳᠪᠦᠷᠢᠯᠡᠬᠦ ᠠᠵᠤ ᠠᠬᠤᠶ᠋ᠢᠯᠠᠯ᠎ᠨᠢ ᠰᠢᠭᠤᠳ ᠳᠣᠭᠢᠷᠠᠭᠤᠯᠤᠨ ᠬᠦᠷᠭᠡᠵᠦ ᠪᠣᠯᠬᠤ ᠪᠥᠭᠡᠳ ᠨᠥᠬᠦᠴᠡᠯ᠎ᠳᠤ ᠨᠡᠶ᠋ᠢᠴᠡᠬᠦ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠨᠠᠶ᠋ᠢᠳᠠᠵᠤ ᠳᠣᠭᠢᠷᠠᠭᠤᠯᠤᠨ ᠬᠦᠷᠭᠡᠵᠦ ᠪᠣᠯᠤᠨ᠎ᠠ᠃
ᠬᠤᠶᠠᠷ᠂ ᠨᠡᠷ᠎ᠡ ᠮᠡᠳᠡᠭᠦᠯᠬᠦ ᠬᠡᠪᠴᠢᠶ᠎ᠡ ᠪᠠ ᠨᠥᠬᠦᠴᠡᠯ
ᠮᠠᠨ᠎ᠤ ᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠣᠷᠤᠭᠤᠯᠵᠤ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ᠎ᠳᠤ ᠣᠷᠣᠯᠴᠠᠬᠤ᠎ᠪᠠᠷ ᠪᠠᠶ᠋ᠢᠭ᠎ᠠ ᠠᠵᠤ ᠠᠬᠤᠶ᠋ᠢᠯᠠᠯ᠎ᠨᠢ ᠡᠷᠬᠡᠪᠰᠢ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ᠎ᠳᠤ ᠵᠠᠬᠢᠶᠠᠯᠠᠭ᠎ᠠ ᠵᠢ ᠨᠤᠲᠠᠯᠠᠬᠤ᠂ ᠪᠠᠷᠠᠭ᠎ᠠ ᠪᠡᠯᠡᠳᠬᠡᠬᠦ᠂ ᠳᠣᠭᠢᠷᠠᠭᠤᠯᠤᠨ ᠬᠦᠷᠭᠡᠬᠦ ᠲᠦᠷᠢᠮ᠎ᠢ ᠴᠢᠩᠭ᠎ᠠ ᠬᠡᠷᠡᠭᠵᠢᠭᠦᠯᠬᠦ ᠵᠢᠨ ᠬᠠᠮᠲᠤ᠂ ᠡᠷᠬᠡᠪᠰᠢ ᠳᠣᠤᠷᠠᠬᠢ ᠨᠦᠬᠦᠴᠡᠯ᠎ᠤᠳ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠤᠯᠤᠰ᠎ᠤᠨ ᠳᠣᠲᠣᠭ᠋ᠠᠳᠤ᠎ᠳᠤ ᠳᠠᠩᠰᠠᠯᠠᠭᠤᠯᠤᠭᠰᠠᠨ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ ᠡᠮ᠎ᠤᠨ ᠵᠦᠢ᠍ᠯ ᠪᠤᠶᠤ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠦᠢ᠍ᠯᠡᠳᠪᠦᠷᠢᠯᠡᠵᠦ ᠡᠵᠡᠩᠨᠡᠬᠦ ᠠᠵᠤ ᠠᠬᠤᠶ᠋ᠢᠯᠠᠯ᠎ᠨᠢ ᠬᠠᠤᠯᠢ ᠶᠣᠰᠣᠭ᠋ᠠᠷ ᠵᠣᠬᠢᠬᠤ ᠬᠢᠷᠢ ᠬᠡᠮ᠎ᠤᠨ ᠦᠨᠡᠮᠯᠡᠯ᠎ᠢ ᠣᠯᠤᠭᠰᠠᠨ ᠪᠠᠶ᠋ᠢᠬᠤ ᠬᠡᠷᠡᠭᠲᠡᠢ;
(ᠬᠤᠶᠠᠷ) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ ᠪᠠᠢ᠌ᠬᠤ ;
(ᠭᠤᠷᠪᠠ) ᠠᠷᠠᠯᠵᠢᠶᠠᠨ᠎ᠤ ᠰᠢᠯᠢᠳᠡᠭ ᠢᠲᠡᠭᠡᠯ ᠬᠦᠨᠳᠦ᠎ᠲᠠᠢ᠃ ᠰᠢᠯᠢᠨ ᠰᠣᠩᠭᠤᠬᠤ᠎ᠳᠤ ᠣᠷᠣᠯᠴᠠᠬᠤ᠎ᠠᠴᠠ ᠡᠮᠦᠨ᠎ᠡ ᠬᠤᠶᠠᠷ ᠵᠢᠯ᠎ᠤᠨ ᠳᠣᠲᠣᠷ᠎ᠠ ᠦᠢ᠍ᠯᠡᠳᠪᠦᠷᠢᠯᠡᠯ ᠪᠤᠶᠤ ᠡᠵᠡᠩᠨᠡᠯᠲᠡ ᠵᠢᠨ ᠠᠵᠢᠯᠯᠠᠭ᠎ᠠ᠎ᠳᠤ᠎ᠪᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠵᠡᠷᠭᠡ ᠰᠠᠢ᠌ᠨ ᠪᠣᠰᠤ ᠲᠡᠮᠳᠡᠭᠯᠡᠯ ᠥᠬᠡᠶ ᠪᠠᠢ᠌ᠬᠤ ;
(ᠲᠦᠷᠪᠡ) ᠬᠤᠳᠠᠯᠳᠤᠭᠰᠠᠨ᠎ᠤ ᠳᠠᠷᠠᠭ᠋ᠠᠬᠢ ᠰᠠᠶ᠋ᠢᠨ ᠦᠢ᠍ᠯᠡᠴᠢᠯᠡᠭᠡ ᠪᠠ ᠲᠸᠭᠨᠢᠭ ᠮᠡᠷᠭᠡᠵᠢᠯ᠎ᠤᠨ ᠳᠡᠮᠵᠢᠯᠭᠡ ᠵᠢᠨ ᠴᠢᠳᠠᠪᠤᠷᠢ᠎ᠲᠠᠢ ᠪᠠᠢ᠌ᠬᠤ ;
(ᠲᠠᠪᠤ) ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠬᠠᠤᠯᠢ ᠲᠣᠭᠲᠠᠭ᠋ᠠᠯ ᠶᠣᠰᠣᠭ᠋ᠠᠷ ᠳᠣᠭᠢᠷᠠᠭᠤᠯᠤᠨ ᠬᠦᠷᠭᠡᠬᠦ ᠵᠢ ᠪᠠᠲᠤᠯᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ᠎ᠤ ᠬᠤᠲᠠ ᠵᠢᠨ ᠰᠦᠯᠵᠢᠶᠡᠨ᠎ᠠᠴᠠ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠦᠨᠡᠨᠴᠢ ᠢᠲᠡᠭᠡᠮᠵᠢᠲᠡᠶ᠎ᠪᠠᠷ ᠡᠵᠡᠩᠨᠡᠬᠦ᠂ ᠵᠢᠷᠤᠮᠵᠢᠯ᠎ᠲᠠᠢ ᠦᠢ᠍ᠯᠡᠴᠢᠯᠡᠬᠦ ᠵᠢ ᠠᠮᠠᠯᠠᠵᠤ᠂ ᠰᠢᠯᠭ᠋ᠠᠨ ᠬᠢᠨᠠᠬᠤ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠨ᠎ᠡ ;
(ᠵᠢᠷᠭᠤᠭ᠎ᠠ) ᠦᠢ᠍ᠯᠡᠳᠬᠦᠨ᠎ᠢ ᠴᠠᠭ ᠲᠤᠬᠠᠢᠳᠤᠨᠢ᠂ ᠬᠦᠢ᠍ᠴᠡᠳ ᠭᠡᠮᠵᠢᠶᠠᠲᠠᠢᠪᠠᠷ ᠲᠣᠬᠢᠷᠡᠭᠤᠯᠥᠨ ᠬᠦᠷᠭᠡᠬᠦ ᠪᠠᠷᠡᠭ᠋ᠠᠨᠤ ᠬᠦᠢ᠍ᠯᠬᠡᠬᠡᠡᠤ ᠴᠢᠳᠡᠪᠦᠷᠢ ᠪᠠ ᠪᠠᠴᠢᠮ ᠪᠠᠶ᠋ᠢᠳᠡᠯ᠎ᠢ ᠠᠷᠭ᠋ᠠᠴᠠᠭ᠋ᠠᠬᠤ ᠪᠠᠳᠣᠯᠠᠭ᠎ᠠ ᠵᠢᠨ ᠴᠢᠳᠡᠪᠦᠷᠢ ᠵᠢ ᠪᠦᠷᠢᠯᠳᠦᠬᠦᠯᠥᠨ᠎ᠠ;
(ᠳᠤᠯᠤᠭ᠎ᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠃
ᠳᠥᠷᠪᠡ᠂ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ
(ᠨᠢᠭᠡ) ᠡᠮ᠎ᠤᠨ ᠵᠦᠢ᠍ᠯ᠎ᠢ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ᠃
ᠮᠠᠨ᠎ᠤ ᠬᠤᠲᠠ ᠵᠢᠨ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠬᠤ ᠠᠵᠤ ᠠᠬᠤᠶ᠋ᠢᠯᠠᠯ᠎ᠤᠳ ᠡᠷᠬᠡᠪᠰᠢ ᠲᠣᠰ ᠮᠡᠳᠡᠭᠳᠡᠯ ᠪᠣᠯᠤᠨ 《ᠮᠠᠨᠵᠤᠤᠷ ᠬᠤᠲᠠ ᠵᠢᠨ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠴᠤ ᠲᠤᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ ᠵᠢᠴᠢ ᠬᠡᠪ ᠵᠠᠭᠪᠤᠷ》 (ᠳᠠᠭ᠋ᠠᠯᠳᠤᠭᠤᠯᠤᠯ 1᠎ᠳᠤ ᠦᠵᠡ)᠎ᠤᠨ ᠱᠠᠭ᠋ᠠᠷᠳᠠᠯᠭ᠎ᠠ ᠶᠣᠰᠣᠭ᠋ᠠᠷ᠂ ᠪᠢᠴᠢᠭ ᠮᠠᠲ᠋ᠧᠷᠢᠶᠠᠯ᠎ᠢ ᠲᠠᠭᠯᠠᠨ ᠪᠢᠴᠢᠬᠦ ᠪᠠ ᠮᠡᠳᠡᠭᠦᠯᠦᠨ ᠬᠦᠷᠭᠡᠬᠦ ᠬᠡᠷᠡᠭᠲᠡᠶ᠃
(ᠬᠤᠶᠠᠷ) ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ
ᠮᠠᠨ᠎ᠤ ᠬᠤᠲᠠ ᠵᠢᠨ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠬᠤ᠎ᠪᠠᠷ ᠪᠠᠶ᠋ᠢᠭ᠎ᠠ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠳ ᠡᠷᠬᠡᠪᠰᠢ ᠲᠣᠰ ᠮᠡᠳᠡᠭᠳᠡᠯ ᠪᠠ 《ᠮᠠᠨᠵᠤᠤᠷ ᠬᠤᠲᠠ ᠵᠢᠨ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ ᠵᠢᠴᠢ ᠬᠡᠪ ᠵᠠᠭᠪᠤᠷ》 (ᠳᠠᠭ᠋ᠠᠯᠳᠤᠭᠤᠯᠤᠯ 2᠎ᠲᠤ ᠦᠵᠡ)᠎ᠤᠨ ᠱᠠᠭ᠋ᠠᠷᠳᠠᠯᠭ᠎ᠠ ᠶᠣᠰᠣᠭ᠋ᠠᠷ᠂ ᠪᠢᠴᠢᠭ ᠮᠠᠲ᠋ᠧᠷᠢᠶᠠᠯ᠎ᠢ ᠲᠠᠭᠯᠠᠨ ᠪᠢᠴᠢᠬᠦ ᠪᠠ ᠮᠡᠳᠡᠭᠦᠯᠦᠨ ᠬᠦᠷᠭᠡᠬᠦ ᠬᠡᠷᠡᠭᠲᠡᠶ᠃
ᠲᠠᠪᠤ᠂ ᠨᠡᠷ᠎ᠡ ᠮᠡᠳᠡᠭᠦᠯᠬᠦ ᠠᠷᠭ᠎ᠠ ᠮᠠᠶᠢᠭ ᠵᠢᠴᠢ ᠴᠠᠭ
(ᠨᠢᠭᠡ) ᠨᠡᠷ᠎ᠡ ᠮᠡᠳᠡᠭᠦᠯᠬᠦ ᠠᠷᠭ᠎ᠠ ᠮᠠᠶᠢᠭ᠎ᠨᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠂ ᠡᠯ᠎ᠡ ᠠᠵᠤ ᠠᠬᠤᠶ᠋ᠢᠯᠠᠯ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ PDF ᠬᠡᠪᠯᠡᠯ ᠪᠣᠯᠭ᠋ᠠᠨ ᠰᠢᠷᠪᠢᠵᠦ ᠪᠤᠭᠤᠳᠠᠯᠯᠠᠭ᠋ᠠᠳ ᠢᠮᠸᠯ 940513872@qq.com ᠳᠤ ᠢᠯᠡᠭᠡᠬᠦ ᠵᠢᠨ ᠬᠠᠮᠲᠤ ᠰᠢᠤᠳᠠᠨ᠎ᠤ ᠵᠦᠢ᠍ᠯ᠎ᠤᠨ ᠭᠤᠤᠯ ᠰᠡᠳᠦᠪ᠎ᠢ ᠠᠵᠤ ᠠᠬᠤᠶ᠋ᠢᠯᠠᠯ᠎ᠤᠨ ᠨᠡᠷᠡᠶ᠋ᠢᠳᠦᠯ ᠪᠠ ᠨᠡᠷ᠎ᠡ ᠮᠡᠳᠡᠭᠦᠯᠬᠦ ᠲᠥᠷᠥᠯ᠎ᠤᠨ ᠬᠡᠯᠪᠡᠷᠢ᠎ᠪᠠᠷ ᠲᠤᠳᠤᠷᠬᠠᠢ᠌ᠯᠠᠬᠤ ᠬᠡᠷᠡᠭᠲᠡᠢ᠂ ᠵᠢᠱ᠌ᠢᠶᠡᠯᠡᠪᠡᠯ 《XXX ᠡᠮ ᠡᠮᠨᠡᠯᠭᠡ ᠵᠢᠨ ᠬᠢᠵᠠᠭ᠋ᠠᠷᠲᠤ ᠺᠣᠮᠫᠠᠨᠢ ᠵᠢᠨ ᠡᠮ᠎ᠤᠨ ᠵᠦᠢ᠍ᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ》᠂ 《XXX ᠪᠠᠭ᠋ᠠᠵᠢ ᠬᠡᠷᠡᠭᠰᠡᠯ᠎ᠤᠨ ᠬᠢᠵᠠᠭ᠋ᠠᠷᠲᠤ ᠺᠣᠮᠫᠠᠨᠢ ᠵᠢᠨ ᠬᠣᠷᠤᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ》 ᠵᠡᠷᠭᠡ᠃
(ᠬᠤᠶᠠᠷ) ᠨᠡᠷ᠎ᠡ ᠮᠡᠳᠡᠭᠦᠯᠬᠦ ᠴᠠᠭ᠄ 2025 ᠣᠨ᠎ᠤ 4 ᠳ᠋ᠦ᠍ᠭᠡᠷ ᠰᠠᠷ᠎ᠠ ᠵᠢᠨ 7᠎ᠤ ᠡᠳᠦᠷ᠎ᠠᠴᠠ 25᠎ᠤ ᠡᠳᠦᠷ ᠪᠣᠯᠲᠠᠯ᠎ᠠ᠃
(ᠭᠤᠷᠪᠠ) ᠬᠠᠷᠢᠯᠴᠠᠬᠤ ᠬᠥᠮᠦᠨ᠄ ᠯᠢᠦ ᠵᠢᠶᠠ ᠢᠦᠶ
(ᠳᠥᠷᠪᠡ ) ᠬᠠᠷᠢᠯᠴᠠᠬᠤ ᠤᠲᠠᠰᠤ᠄ (0470) 3910018
ᠵᠢᠷᠭᠤᠭ᠎ᠠ᠂ ᠠᠩᠬᠠᠷᠬᠤ ᠵᠦᠢ᠍ᠯ
ᠲᠣᠰ ᠤᠳᠠᠭ᠋ᠠᠨ᠎ᠤ ᠰᠣᠩᠭᠤᠨ ᠬᠡᠷᠡᠭᠯᠡᠬᠦ ᠬᠡᠪᠴᠢᠶ᠎ᠡ᠎ᠨᠢ ᠮᠠᠨᠵᠤᠤᠷ ᠬᠤᠲᠠ ᠵᠢᠨ ᠳᠣᠭᠢᠷᠠᠭᠤᠯᠤᠨ ᠬᠦᠷᠭᠡᠬᠦ ᠬᠡᠪᠴᠢᠶᠡᠨ᠎ᠤ ᠡᠷᠬᠡ ᠮᠡᠳᠡᠯ᠎ᠢ ᠣᠯᠣᠭ᠋ᠠᠳᠤᠢ ᠡᠮ᠎ᠤᠨ ᠵᠦᠢ᠍ᠯ ᠪᠤᠶᠤ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ ᠪᠠᠢ᠌ᠵᠤ᠂ ᠮᠠᠨᠵᠤᠤᠷ ᠬᠤᠲᠠ᠎ᠳᠤ ᠨᠢᠭᠡᠨᠲᠡ ᠳᠣᠭᠢᠷᠠᠭᠤᠯᠤᠨ ᠬᠦᠷᠭᠡᠬᠦ ᠬᠡᠪᠴᠢᠶᠡᠨ᠎ᠤ ᠡᠷᠬᠡ ᠮᠡᠳᠡᠯ᠎ᠢ ᠣᠯᠤᠭᠰᠠᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠲᠣᠰ ᠤᠳᠠᠭ᠎ᠠ ᠰᠢᠯᠢᠨ ᠰᠣᠩᠭᠤᠬᠤ᠎ᠳᠤ ᠣᠷᠣᠯᠴᠠᠬᠤ ᠮᠠᠲ᠋ᠧᠷᠢᠶᠠᠯ ᠵᠶ᠋ᠠᠨ ᠲᠤᠰᠢᠶᠠᠬᠤ ᠴᠢᠬᠤᠯᠠ ᠥᠬᠡᠶ᠃
ᠳᠠᠭ᠋ᠠᠯᠳᠤᠭᠤᠯᠤᠯ᠄ 1. ᠮᠠᠨᠵᠤᠤᠷ ᠬᠤᠲᠠ ᠵᠢᠨ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠴᠤ ᠲᠤᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ ᠵᠢᠴᠢ ᠬᠡᠪ ᠵᠠᠭᠪᠤᠷ
2. ᠮᠠᠨᠵᠤᠤᠷ ᠬᠤᠲᠠ ᠵᠢᠨ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ ᠵᠢᠴᠢ ᠬᠡᠪ ᠵᠠᠭᠪᠤᠷ
ᠮᠠᠨᠵᠤᠤᠷ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2025 ᠣᠨ᠎ᠤ 4 ᠳ᠋ᠦ᠍ᠭᠡᠷ ᠰᠠᠷ᠎ᠠ ᠵᠢᠨ 7᠎ᠤ ᠡᠳᠦᠷ
ᠳᠠᠭ᠋ᠠᠯᠳᠤᠭᠤᠯᠤᠯ ᠄