ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
2025 ᠣᠨ᠎ᠤ ᠨᠢᠭᠡᠳᠦᠭᠡᠷ ᠤᠯᠠᠷᠢᠯ᠎ᠤᠨ ᠬᠥᠬᠡᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ᠎ᠢ ᠨᠡᠢ᠌ᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2025-04-15

ᠡᠯ᠎ᠡ ᠡᠮ᠎ᠤᠨ ᠵᠦᠢ᠍ᠯ᠂ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ ᠪᠠ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠤᠷᠪᠠᠯᠵᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠳᠤ᠄

   ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠤ  ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠰᠠᠢ᠌ᠲᠤᠷ  ᠬᠢᠬᠦ ᠲᠤᠬᠠᠶ ᠮᠡᠳᠡᠭᠳᠡᠯ》 (ᠥᠪᠥᠷ ᠡᠮ ᠬᠤᠳᠠᠯᠳᠤᠨ ᠠᠪᠬᠤ ᠲᠥᠪ ᠥᠰᠥᠭ [ 2022] 246 ᠳ᠋ᠤᠭ᠋ᠠᠷ ᠲᠣᠭ᠋ᠠᠲᠤ) ᠪᠠ ᠬᠥᠬᠡᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ 《ᠡᠮ᠎ᠤᠨ ᠵᠦᠢ᠍ᠯ ᠪᠠ ᠡᠮᠴᠢᠯᠡᠭᠡᠨ᠎ᠤ  ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠵᠦ ᠰᠢᠯᠢᠨ ᠰᠣᠩᠭᠤᠬᠤ ᠠᠵᠢᠯ᠎ᠢ ᠤᠯᠠᠷᠢᠯ ᠵᠶ᠋ᠠᠷ ᠪᠠᠢ᠌ᠩᠭᠤᠵᠢᠭᠤᠯᠤᠨ  ᠥᠷᠨᠢᠭᠦᠯᠬᠦ ᠲᠤᠬᠠᠶ ᠮᠡᠳᠡᠭᠳᠡᠯ》 (ᠬᠥᠬᠡᠬᠤᠲᠠ ᠵᠢᠨ ᠡᠮᠴᠢᠯᠡᠭᠡᠨ᠎ᠤ ᠪᠠᠲᠤᠯᠠᠭ᠎ᠠ ᠠᠯᠪᠠᠨ ᠲᠠᠷᠬᠠᠭ᠋ᠠᠭᠰᠠᠨ [2022 ] 43 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠪᠠᠶ᠋ᠢᠳᠠᠯ᠎ᠲᠠᠢ ᠤᠶᠠᠯᠳᠤᠭᠤᠯᠤᠨ᠂ ᠮᠠᠨ᠎ᠤ ᠬᠤᠲᠠ ᠵᠢᠨ ᠠᠯᠪᠠᠨ᠎ᠠᠴᠠ ᠡᠷᠭᠢᠯᠡᠭᠰᠡᠨ ᠡᠮᠴᠢᠯᠡᠭᠡᠨ᠎ᠤ ᠪᠠᠢ᠌ᠭᠤᠯᠤᠮᠵᠢ ᠵᠢᠨ  ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠢᠨ ᠰᠣᠩᠭᠤᠬᠤ ᠵᠢᠴᠢ ᠳᠣᠭᠢᠷᠠᠭᠤᠯᠤᠨ ᠬᠦᠷᠭᠡᠬᠦ ᠡᠷᠬᠡ ᠮᠡᠳᠡᠯ᠎ᠤᠨ ᠬᠡᠪᠴᠢᠶ᠎ᠡ ᠵᠢ ᠨᠡᠪᠲᠡᠷᠡᠭᠦᠯᠬᠦ  ᠠᠵᠢᠯ᠎ᠢ ᠥᠷᠨᠢᠭᠦᠯᠪᠡ᠃ ᠮᠠᠲ᠋ᠧᠷᠢᠶᠠᠯ᠎ᠢ ᠬᠢᠨᠠᠨ ᠬᠠᠷᠭᠤᠭᠤᠯᠬᠤ ᠪᠠ  ᠨᠡᠶ᠋ᠢᠲᠡᠯᠡᠬᠦ᠎ᠪᠠᠷ ᠳᠡᠮᠵᠢᠨ᠂ ᠡᠳᠦᠭᠡ  ᠰᠢᠨ᠎ᠡ᠎ᠪᠠᠷ ᠨᠡᠮᠡᠭᠳᠡᠭᠰᠡᠨ  ᠳᠣᠭᠢᠷᠠᠭᠤᠯᠤᠨ ᠬᠦᠷᠭᠡᠬᠦ  ᠠᠵᠤ ᠠᠬᠤᠶ᠋ᠢᠯᠠᠯ᠎ᠤᠨ ᠨᠡᠷᠡᠰ᠎ᠢ ᠨᠡᠶ᠋ᠢᠲᠡᠯᠡᠬᠦ ᠵᠢᠨ ᠬᠠᠮᠲᠤ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄

   ᠨᠢᠭᠡ᠂ ᠬᠥᠬᠡᠬᠤᠲᠠ ᠵᠢᠨ ᠡᠮ᠎ᠤᠨ ᠵᠦᠢ᠍ᠯ ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠤᠨ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ

   ᠲᠣᠰ ᠤᠳᠠᠭ᠋ᠠᠨ᠎ᠤ ᠰᠢᠯᠢᠨ ᠰᠣᠩᠭᠤᠯᠲᠠ᠎ᠳᠤ ᠨᠡᠶ᠋ᠢᠲᠡ 57 ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠬᠢᠨᠠᠨ ᠬᠠᠷᠭᠤᠭᠤᠯᠭ᠎ᠠ ᠪᠠ ᠨᠡᠢ᠌ᠲᠡᠯᠡᠯ ᠵᠶ᠋ᠡᠷ ᠪᠠᠲᠤᠯᠠᠭᠳᠠᠭ᠋ᠠᠳ  ᠬᠥᠬᠡᠬᠤᠲᠠ ᠵᠢᠨ ᠡᠮ᠎ᠤᠨ ᠵᠦᠢ᠍ᠯ  ᠪᠠ ᠡᠮᠴᠢᠯᠡᠭᠡᠨ᠎ᠤ  ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠬᠢᠷᠢ ᠬᠡᠮ᠎ᠢ ᠬᠦᠷᠲᠡᠪᠡ ᠂ ᠳᠠᠭ᠋ᠠᠯᠳᠤᠭᠤᠯᠤᠯ᠎ᠳᠤ ᠨᠠᠷᠢᠨ ᠦᠵᠡᠭᠡᠷᠡᠶ᠃

   ᠬᠤᠶᠠᠷ᠂ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠳᠣᠭᠢᠷᠠᠭᠤᠯᠤᠨ ᠬᠦᠷᠭᠡᠬᠦ ᠡᠷᠬᠡ ᠮᠡᠳᠡᠯ᠎ᠤᠨ ᠬᠡᠪᠴᠢᠶ᠎ᠡ ᠵᠢ ᠨᠡᠪᠲᠡᠷᠡᠭᠦᠯᠬᠦ  ᠬᠠᠮᠢᠶ᠎ᠠ ᠪᠥᠬᠦᠶ ᠵᠦᠢ᠍ᠯᠡᠰ

   ᠲᠣᠰ ᠤᠳᠠᠭ᠋ᠠᠨ᠎ᠤ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠳ ᠳᠡᠩᠰᠡᠯᠡᠨ ᠭᠡᠷᠡᠴᠢᠯᠡᠬᠦ᠎ᠪᠠᠨ ᠲᠦᠷᠭᠡᠬᠡᠨ ᠪᠡᠶᠡᠯᠡᠭᠦᠯᠬᠦ ᠵᠢᠨ ᠬᠠᠮᠲᠤ᠂ ᠨᠡᠷ᠎ᠡ ᠮᠡᠳᠡᠭᠦᠯᠬᠦ ᠠᠮᠠᠯᠠᠯᠲᠠ ᠵᠢᠨ ᠪᠢᠴᠢᠭ ᠶᠣᠰᠣᠭ᠋ᠠᠷ ᠴᠠᠭ ᠲᠤᠬᠠᠶ᠎ᠳᠤ᠎ᠨᠢ ᠳᠣᠭᠢᠷᠠᠭᠤᠯᠤᠨ ᠬᠦᠷᠭᠡᠬᠦ ᠲᠤᠬᠠᠶ᠋ᠢᠯᠠᠭᠰᠠᠨ ᠠᠵᠢᠯ ᠵᠶ᠋ᠠᠨ ᠥᠷᠨᠢᠭᠦᠯᠬᠦ ᠬᠡᠷᠡᠭᠲᠡᠶ᠃

  (ᠨᠢᠭᠡ) ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠵᠢᠨ  ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶ᠎ᠡ᠎ᠳᠤ ᠳᠠᠩᠰᠠᠯᠠᠭᠤᠯᠵᠤ ᠭᠡᠷᠡᠴᠢᠯᠡᠬᠦ ᠵᠢ  ᠪᠡᠶᠡᠯᠡᠭᠦᠯᠬᠦ

   ᠲᠣᠰ ᠤᠳᠠᠭ᠎ᠠ᠎ᠳᠤ ᠰᠢᠯᠢᠨ ᠰᠣᠩᠭᠣᠭᠳᠠᠭᠰᠠᠨ ᠰᠢᠨ᠎ᠡ᠎ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶᠡᠨ ( https://ylbzj.nmg.gov.cn/ggfw/hallEnter/#/Index )᠎ᠳᠤ ᠨᠡᠪᠲᠡᠷᠡᠭᠡᠳ  ᠨᠢᠭᠡᠴᠢ ᠵᠢᠨ  ᠲᠤᠬᠠᠶ᠋ᠢᠯᠠᠭᠰᠠᠨ ᠠᠵᠢᠯ ᠵᠶ᠋ᠠᠨ ᠰᠣᠩᠭᠣᠵᠤ ᠂ ᠳᠠᠩᠰᠠᠯᠠᠭᠤᠯᠬᠤ ᠪᠠ ᠳᠦᠷᠢ ᠵᠢᠨ ᠭᠡᠷᠡᠴᠢᠯᠡᠯ ᠬᠢᠨ᠎ᠡ ᠂ ᠱᠠᠭ᠋ᠠᠷᠳᠠᠯᠭ᠎ᠠ ᠶᠣᠰᠣᠭ᠋ᠠᠷ ᠢᠲᠡᠭᠡᠮᠵᠢ ᠵᠢᠨ ᠠᠮᠠᠯᠠᠯᠲᠠ ᠵᠢᠨ ᠪᠢᠴᠢᠭ ᠵᠶ᠋ᠠᠨ  ᠳᠡᠭᠡᠭᠰᠢ ᠳᠠᠮᠵᠢᠭᠤᠯᠵᠤ᠂ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠬᠠᠮᠠᠭ᠋ᠠᠯᠠᠨ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ  ᠲᠥᠪ᠎ᠤᠨ ᠬᠢᠨᠠᠨ ᠬᠠᠷᠭᠤᠭᠤᠯᠭ᠎ᠠ ᠵᠢ  ᠬᠦᠯᠢᠶᠡᠭᠡᠷᠡᠢ᠃

   ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ ᠵᠢᠨ  ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶ᠎ᠡ᠎ᠪᠠᠷ  ᠨᠢᠭᠡᠨᠲᠡ  ᠳᠠᠩᠰᠠᠯᠠᠭᠤᠯᠵᠤ ᠭᠡᠷᠡᠴᠢᠯᠡᠭᠰᠡᠨ  ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠳᠠᠬᠢᠨᠲᠠ ᠳᠠᠩᠰᠠᠯᠠᠭᠤᠯᠵᠤ  ᠭᠡᠷᠡᠴᠢᠯᠡᠬᠦ ᠴᠢᠬᠤᠯᠠ ᠥᠬᠡᠶ᠃

  (ᠬᠤᠶᠠᠷ) ᠲᠣᠬᠢᠷᠠᠭᠤᠯᠤᠨ ᠬᠦᠷᠭᠡᠬᠦ ᠣᠷᠣᠨ ᠪᠦᠰᠡ ᠵᠢ ᠨᠡᠪᠲᠡᠷᠡᠭᠦᠯᠬᠦ

   ᠳᠠᠩᠰᠠᠯᠠᠭᠤᠯᠵᠤ  ᠭᠡᠷᠡᠴᠢᠯᠡᠬᠦ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠠᠴᠠ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ᠂ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠳ ᠴᠠᠭ ᠲᠤᠬᠠᠶ᠎ᠳᠤ᠎ᠨᠢ  ᠬᠥᠬᠡᠬᠤᠲᠠ ᠵᠢᠨ ᠡᠮ ᠡᠮᠨᠡᠯᠭᠡ  ᠬᠤᠳᠠᠯᠳᠤᠨ ᠠᠪᠬᠤ ᠲᠥᠪ᠎ᠲᠤ ᠵᠣᠬᠢᠴᠠᠩᠭᠤᠶ ᠳᠣᠭᠢᠷᠠᠭᠤᠯᠤᠨ ᠬᠦᠷᠭᠡᠬᠦ ᠣᠷᠣᠨ ᠪᠦᠰᠡ ᠵᠢ ᠭᠤᠶᠤᠴᠢᠯᠠᠨ ᠨᠡᠪᠲᠡᠷᠡᠭᠦᠯᠦᠨ᠎ᠡ᠃

   ᠬᠠᠷᠢᠯᠴᠠᠬᠤ ᠤᠲᠠᠰᠤ᠄ 0471 - 3908542

  (ᠭᠤᠷᠪᠠ) ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶ᠋ᠢᠭᠤᠯᠬᠤ

   ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠳᠣᠭᠢᠷᠠᠭᠤᠯᠤᠨ ᠬᠦᠷᠭᠡᠬᠦ ᠣᠷᠣᠨ ᠪᠦᠰᠡ ᠵᠢ ᠨᠡᠪᠲᠡᠷᠡᠭᠦᠯᠦᠭᠰᠡᠨ᠎ᠤ ᠳᠠᠷᠠᠭ᠎ᠠ᠂ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠢ  ᠥᠪᠥᠷ ᠮᠣᠩᠭᠤᠯ᠎ᠤᠨ ᠡᠮᠴᠢᠯᠡᠭᠡᠨ᠎ᠤ  ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶᠡᠨ ᠳᠡᠭᠡᠷ᠎ᠡ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶ᠋ᠢᠭᠤᠯᠬᠤ᠎ᠲᠠᠢ ᠵᠣᠯᠭ᠋ᠠᠭᠤᠯᠵᠤ᠂ ᠬᠥᠬᠡᠬᠤᠲᠠ ᠵᠢᠨ ᠡᠮ ᠡᠮᠨᠡᠯᠭᠡ  ᠬᠤᠳᠠᠯᠳᠤᠨ ᠠᠪᠬᠤ ᠲᠥᠪ᠎ᠠᠴᠠ ᠨᠤᠲᠠᠯᠠᠭᠰᠠᠨ᠎ᠤ ᠳᠠᠷᠠᠭ᠎ᠠ ᠳᠣᠭᠢᠷᠠᠭᠤᠯᠤᠨ ᠬᠦᠷᠭᠡᠬᠦ ᠠᠵᠢᠯ᠎ᠢ ᠥᠷᠨᠢᠭᠦᠯᠦᠨ᠎ᠡ᠃

   ᠳᠠᠭ᠋ᠠᠯᠳᠤᠭᠤᠯᠤᠯ᠄ 2025 ᠣᠨ᠎ᠤ ᠨᠢᠭᠡᠳᠦᠭᠡᠷ ᠤᠯᠠᠷᠢᠯ᠎ᠤᠨ  ᠬᠥᠬᠡᠬᠤᠲᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ᠎ᠤᠨ ᠵᠦᠢ᠍ᠯ  ᠪᠠ ᠡᠮᠴᠢᠯᠡᠭᠡᠨ᠎ᠤ  ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ

  

             ᠬᠥᠬᠡᠬᠣᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ

            2025 ᠣᠨ᠎ᠤ 4 ᠳ᠋ᠤᠭᠡᠷ ᠰᠠᠷ᠎ᠠ ᠵᠢᠨ 15᠎ᠤ ᠡᠳᠦᠷ

 

ᠳᠠᠭ᠋ᠠᠯᠳᠤᠭᠤᠯᠤᠯ᠄ 2025 ᠣᠨ᠎ᠤ ᠨᠢᠭᠡᠳᠦᠭᠡᠷ ᠤᠯᠠᠷᠢᠯ᠎ᠤᠨ ᠬᠥᠬᠡᠬᠤᠲᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ᠎ᠤᠨ ᠵᠦᠢ᠍ᠯ  ᠪᠠ ᠡᠮᠴᠢᠯᠡᠭᠡᠨ᠎ᠤ ᠬᠤᠷᠣᠭᠳᠠᠯ ᠮᠠᠲ᠋ᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ.xls

 

 

 

 

ᠢᠷᠡᠯᠲᠡ᠄ ᠬᠥᠬᠡᠬᠤᠲᠠ ᠵᠢᠨ ᠡᠮ ᠡᠮᠨᠡᠯᠭᠡ ᠬᠤᠳᠠᠯᠳᠤᠨ ᠠᠪᠬᠤ ᠲᠥᠪ
          
ᠬᠠᠮᠢᠶ᠎ᠡ ᠪᠦᠬᠦᠢ ᠰᠣᠨᠢᠨ
ᠡᠮ᠎ᠤᠨ ᠵᠦᠢᠯ ᠪᠠ ᠡᠮᠴᠢᠯᠡᠭᠡᠨ᠎ᠤ ᠬᠤᠷᠣᠭᠳᠠᠯ ᠮᠠᠲᠧᠷᠢᠶᠠᠯ᠎ᠢ ᠳᠣᠭᠢᠷᠠᠭᠤᠯᠤᠨ ᠬᠦᠷᠭᠡᠬᠦ ᠬᠢᠷᠢ ᠬᠡᠮ᠎ᠢ᠎ᠨᠢ ᠬᠦᠴᠦᠨ ᠥᠬᠡᠶ ᠪᠣᠯᠭᠠᠬᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ᠎ᠢ ᠨᠡᠢᠲᠡᠯᠡᠬᠦ ᠲᠤᠬᠠᠶ ᠰᠢᠯᠢ᠎ᠶᠢᠨ ᠭᠤᠤᠯ ᠠᠢᠮᠠᠭ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠮᠡᠳᠡᠭᠳᠡᠯ
ᠬᠢᠩᠭ᠋ᠠᠨ ᠠᠢ᠍ᠮᠠᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠬᠠᠤᠯᠢ ᠴᠠᠭ᠋ᠠᠵᠠ ᠵᠢᠨ ᠵᠥᠪᠯᠡᠭᠴᠢ ᠵᠢᠨ ᠪᠦᠯᠬᠦᠮ ᠤᠷᠢᠵᠦ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠳᠠ ᠵᠢᠨ ᠰᠢᠨ᠎ᠡ ᠠᠷᠭ᠎ᠠ ᠵᠢ ᠡᠭᠦᠳᠪᠡ
ᠪᠤᠭᠤᠲᠤ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠰᠤᠵᠢᠯ᠎ᠤᠨ ᠦᠢ᠍ᠯᠡᠰ᠎ᠤᠨ ᠬᠥᠭᠵᠢᠯᠲᠡ ᠵᠢᠨ 《13 · 5》 ᠵᠢᠨ ᠲᠥᠯᠥᠪᠵᠢᠭᠦᠯᠭᠡ ᠵᠢᠨ ᠠᠵᠢᠯ᠎ᠤᠨ ᠪᠠᠶ᠋ᠢᠳᠠᠯ
ᠡᠷᠢᠶᠡᠨ ᠬᠣᠲᠠ ᠵᠢᠨ ᠭᠣᠤᠯᠳᠠᠯᠭ᠎ᠠ᠎ᠲᠠᠢ ᠠᠪᠤᠷᠠᠨ ᠲᠤᠰᠠᠯᠠᠬᠤ ᠡᠲᠡᠭᠡᠳ ᠬᠣᠲᠠ ᠵᠢᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠰᠢᠭᠤᠳ ᠳ᠋ᠦᠩᠨᠡᠨ ᠪᠣᠳᠣᠯᠲᠠ ᠵᠢ ᠪᠡᠶᠡᠯᠡᠭᠦᠯᠪᠡ
ᠬᠥᠬᠡᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠪᠥᠬᠥ ᠬᠣᠲᠠ ᠵᠢᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮ᠎ᠤᠨ ᠵᠦᠢᠯ ᠪᠠ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠨ ᠨᠡᠮᠡᠵᠦ ᠨᠥᠬᠥᠪᠥᠷᠢᠯᠡᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
 
            