ᠰᠢᠯᠢ᠎ᠶᠢᠨ ᠭᠤᠣᠯ ᠡᠮᠴᠢᠯᠡᠭᠡᠨ᠎ᠦ ᠪᠠᠲᠤᠯᠠᠭ᠎ᠠ ᠠᠯᠪᠠᠨ ᠦᠰᠦᠭ [2025] 20 ᠳ᠋ᠤᠭᠠᠷ ᠲᠣᠭᠠᠲᠤ
ᠡᠯ᠎ᠡ ᠬᠤᠯᠪᠣᠭᠳᠠᠯ ᠪᠥᠬᠦᠶ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠄
ᠮᠠᠨ᠎ᠤ ᠠᠶ᠋ᠢᠮᠠᠭ᠎ᠤᠨ ᠡᠮ᠎ᠤᠨ ᠵᠦᠢᠯ ᠪᠠ ᠡᠮᠴᠢᠯᠡᠭᠡᠨ᠎ᠤ ᠬᠤᠷᠣᠭᠳᠠᠯ ᠮᠠᠲᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠬᠠᠮᠢᠶᠠᠷᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠬᠤ᠎ᠶᠢᠨ ᠲᠤᠰᠠᠳᠠ ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠ ᠡᠮᠴᠢᠯᠡᠭᠡᠨ᠎ᠤ ᠬᠤᠷᠣᠭᠳᠠᠯ ᠮᠠᠲᠧᠷᠢᠶᠠᠯ ᠬᠤᠳᠠᠯᠳᠤᠨ ᠠᠪᠬᠤ ᠬᠠᠮᠢᠶᠠᠷᠤᠯᠲᠠ᠎ᠶᠢᠨ ᠠᠵᠢᠯ᠎ᠢ ᠰᠠᠢᠲᠤᠷ ᠬᠢᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶᠠᠨ᠎ᠤ ᠮᠡᠳᠡᠭᠳᠡᠯ》 (ᠥᠪᠥᠷ ᠡᠮᠴᠢᠯᠡᠭᠡᠨ᠎ᠦ ᠪᠠᠳᠤᠯᠠᠭ᠎ᠠ ᠠᠯᠪᠠᠨ ᠲᠠᠷᠬᠠᠭᠠᠭᠰᠠᠨ [2019] 41 ᠳ᠋ᠤᠭᠡᠷ ᠲᠣᠭᠠᠲᠤ)᠎ᠤᠨ ᠱᠠᠭᠠᠷᠳᠠᠯᠭ᠎ᠠ᠎ᠶᠢ ᠦᠨᠳᠦᠰᠦᠯᠡᠨ ᠂ 2023 ᠣᠨ᠎ᠤ 1 ᠳ᠋ᠦ᠍ᠭᠡᠷ ᠰᠠᠷ᠎ᠠ᠎ᠶᠢᠨ 1᠎ᠤ ᠡᠳᠦᠷ᠎ᠠᠴᠠ 2024 ᠣᠨ᠎ᠤ 12 ᠳ᠋ᠤᠭᠠᠷ ᠰᠠᠷ᠎ᠠ᠎ᠶᠢᠨ 31᠎ᠤ ᠡᠳᠦᠷ ᠪᠣᠯᠲᠠᠯᠠᠬᠢ ᠬᠤᠭᠤᠴᠠᠭᠠᠨ᠎ᠳᠤ ᠡᠮᠴᠢᠯᠡᠭᠡᠨ᠎ᠦ ᠪᠠᠢᠭᠤᠯᠤᠮᠵᠢ᠎ᠠᠴᠠ ᠬᠤᠳᠠᠯᠳᠤᠨ ᠠᠪᠬᠤ ᠲᠥᠯᠥᠪᠯᠡᠭᠡ ᠪᠠᠭᠤᠯᠭᠠᠭᠰᠠᠨᠤ ᠳᠠᠷᠠᠭ᠎ᠠ ᠳᠣᠭᠢᠷᠠᠭᠤᠯᠤᠨ ᠬᠦᠷᠭᠡᠬᠦ ᠡᠭᠦᠷᠭᠡ᠎ᠪᠠᠨ ᠴᠥᠮ ᠭᠦᠢᠴᠡᠳᠭᠡᠭᠰᠡᠨ ᠥᠬᠡᠶ ᠡᠮ᠎ᠤᠨ ᠵᠦᠢᠯ᠎ᠢ ᠳᠣᠭᠢᠷᠠᠭᠤᠯᠤᠨ ᠬᠦᠷᠭᠡᠬᠦ 10 ᠠᠵᠤ ᠠᠬᠤᠶ᠋ᠢᠯᠠᠯ ᠪᠠ ᠬᠤᠷᠣᠭᠳᠠᠯ ᠮᠠᠲᠧᠷᠢᠶᠠᠯ᠎ᠢ ᠳᠣᠭᠢᠷᠠᠭᠤᠯᠤᠨ ᠬᠦᠷᠭᠡᠬᠦ 8 ᠠᠵᠤ ᠠᠬᠤᠶ᠋ᠢᠯᠠᠯ᠎ᠳᠤ ᠰᠢᠯᠢ᠎ᠶᠢᠨ ᠭᠤᠤᠯ ᠠᠢᠮᠠᠭ᠎ᠤᠨ ᠬᠡᠪᠴᠢᠶᠡᠨ᠎ᠦ ᠭᠠᠵᠠᠷ ᠣᠷᠣᠨ᠎ᠳᠡᠬᠢ ᠳᠣᠭᠢᠷᠠᠭᠤᠯᠤᠨ ᠬᠦᠷᠭᠡᠬᠦ ᠬᠢᠷᠢ ᠬᠡᠮ᠎ᠢ᠎ᠨᠢ ᠬᠦᠴᠦᠨ ᠥᠬᠡᠶ ᠪᠣᠯᠭᠠᠪᠠ ᠃
ᠳᠠᠭᠠᠯᠳᠤᠭᠤᠯᠤᠯ ᠄ ᠰᠢᠯᠢ᠎ᠶᠢᠨ ᠭᠤᠤᠯ ᠠᠶ᠋ᠢᠮᠠᠭ᠎ᠤᠨ ᠡᠮ᠎ᠤᠨ ᠵᠦᠢᠯ ᠪᠠ ᠡᠮᠴᠢᠯᠡᠭᠡᠨ᠎ᠦ ᠬᠤᠷᠣᠭᠳᠠᠯ ᠮᠠᠲᠧᠷᠢᠶᠠᠯ᠎ᠢ ᠳᠣᠭᠢᠷᠠᠭᠤᠯᠤᠨ ᠬᠦᠷᠭᠡᠬᠦ ᠬᠢᠷᠢ ᠬᠡᠮ᠎ᠢ ᠨᠢ ᠬᠦᠴᠦᠨ ᠥᠬᠡᠶ ᠪᠣᠯᠭᠠᠭᠰᠠᠨ ᠠᠵᠤ ᠠᠬᠤᠶ᠋ᠢᠯᠠᠯ᠎ᠤᠨ ᠨᠡᠷᠡᠰ
ᠰᠢᠯᠢ᠎ᠶᠢᠨ ᠭᠤᠤᠯ ᠠᠶ᠋ᠢᠮᠠᠭ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ
2025 ᠣᠨ᠎ᠤ 7 ᠳ᠋ᠤᠭᠠᠷ ᠰᠠᠷ᠎ᠠ᠎ᠶᠢᠨ 14᠎ᠤ ᠡᠳᠦᠷ
(ᠲᠤᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ)