ᠡᠯ᠎ᠡ ᠬᠤᠯᠪᠣᠭᠳᠠᠯ ᠪᠦᠬᠦᠢ ᠡᠵᠡᠩᠨᠡᠯᠲᠡ (ᠦᠢᠯᠡᠳᠪᠦᠷᠢᠯᠡᠯ)᠎ᠶᠢᠨ ᠠᠵᠤ ᠠᠬᠤᠶ᠋ᠢᠯᠠᠯ᠎ᠳᠤ ᠄
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶᠠᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠ ᠡᠮᠴᠢᠯᠡᠭᠡᠨ᠎ᠤ ᠬᠤᠷᠣᠭᠳᠠᠯ ᠮᠠᠲᠧᠷᠢᠶᠠᠯ᠎ᠢ ᠬᠤᠳᠠᠯᠳᠤᠨ ᠠᠪᠬᠤ ᠬᠠᠮᠢᠶᠠᠷᠤᠯᠲᠠ᠎ᠶᠢᠨ ᠠᠵᠢᠯ᠎ᠢ ᠰᠠᠢᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ [2019] 41 ᠳ᠋ᠤᠭᠡᠷ ᠲᠣᠭᠠᠲᠤ) ᠪᠠ 《ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠲᠦᠷᠢᠮ》᠎ᠤᠨ ᠬᠤᠯᠪᠣᠭᠳᠠᠯ ᠪᠥᠬᠦᠶ ᠱᠠᠭᠠᠷᠳᠠᠯᠭ᠎ᠠ᠎ᠶᠢ ᠦᠨᠳᠦᠰᠦᠯᠡᠨ ᠂ 2025 ᠣᠨ᠎ᠤ ᠭᠤᠷᠪᠠᠳᠤᠭᠠᠷ ᠤᠯᠠᠷᠢᠯ᠎ᠳᠤ ᠭᠤᠶᠤᠴᠢᠯᠠᠭᠰᠠᠨ ᠨᠡᠮᠡᠵᠦ ᠨᠦᠬᠦᠪᠦᠷᠢᠯᠡᠬᠦ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠬᠢᠷᠢ ᠬᠡᠮ᠎ᠢ ᠬᠠᠷᠭᠤᠭᠤᠯᠤᠨ ᠪᠠᠢᠴᠠᠭᠠᠪᠠ ᠂ ᠡᠳᠦᠭᠡ ᠬᠠᠷᠭᠤᠭᠤᠯᠤᠨ ᠪᠠᠢᠴᠠᠭᠠᠭᠰᠠᠨ ᠳ᠋ᠦᠩ (ᠳᠠᠭᠠᠯᠳᠤᠭᠤᠯᠤᠯ᠎ᠳᠤ ᠦᠵᠡ)᠎ᠢ ᠨᠡᠢᠲᠡᠯᠡᠬᠦ᠎ᠪᠡᠷ ᠪᠣᠯᠪᠠ ᠄
ᠨᠢᠭᠡ ᠂ ᠨᠡᠶ᠋ᠢᠲᠡᠯᠡᠬᠦ ᠴᠠᠭ ᠄ 2025 ᠣᠨ᠎ᠤ 7 ᠳ᠋ᠤᠭᠠᠷ ᠰᠠᠷ᠎ᠠ᠎ᠶᠢᠨ 31᠎ᠤ ᠡᠳᠦᠷ᠎ᠠᠴᠠ 8 ᠳ᠋ᠤᠭᠠᠷ ᠰᠠᠷ᠎ᠠ᠎ᠶᠢᠨ 7᠎ᠤ ᠡᠳᠦᠷ ᠪᠣᠯᠲᠠᠯ᠎ᠠ ᠃
ᠬᠤᠶᠠᠷ ᠂ ᠨᠡᠢᠲᠡᠯᠡᠬᠦ ᠨᠢᠭᠡᠴᠢ ᠄ ᠣᠷᠳᠣᠰ ᠬᠤᠲᠠ᠎ᠶᠢᠨ ᠡᠮ ᠡᠮᠨᠡᠯᠭᠡᠬᠤᠳᠠᠯᠳᠤᠨ ᠠᠪᠬᠤ ᠪᠠ ᠰᠠᠭᠤᠷᠢ ᠮᠥᠩᠭᠦ᠎ᠶᠢᠨ ᠳ᠋ᠦᠩᠨᠡᠨ ᠪᠤᠳᠤᠬᠤ ᠲᠥᠪ ᠃
ᠭᠤᠷᠪᠠ ᠂ ᠨᠡᠶ᠋ᠢᠲᠡᠯᠡᠬᠦ ᠱᠠᠭᠠᠷᠳᠠᠯᠭ᠎ᠠ
1. ᠬᠡᠷᠪᠡ ᠪᠠᠢᠳᠠᠯ᠎ᠢ ᠲᠤᠰᠬᠠᠬᠤ ᠭᠡᠪᠡᠯ ᠪᠢᠴᠢᠭ᠎ᠦᠨ ᠬᠡᠯᠪᠡᠷᠢ ᠂ ᠤᠲᠠᠰᠤ ᠪᠤᠶᠤ ᠬᠥᠮᠥᠨ ᠢᠷᠡᠭᠦᠯᠬᠦ ᠵᠡᠷᠭᠡ ᠠᠷᠭ᠎ᠠ ᠮᠠᠶᠢᠭ᠋᠎ᠢᠶᠠᠷ ᠰᠠᠨᠠᠯ ᠭᠥᠯᠢᠶᠡᠨ ᠠᠪᠴᠤ ᠰᠢᠢᠳᠪᠦᠷᠢᠯᠡᠬᠦ ᠨᠢᠭᠡᠴᠢ᠎ᠳᠦ ᠲᠤᠰᠬᠠᠨ᠎ᠠ ᠃
2. ᠲᠤᠰᠬᠠᠭ᠍ᠴᠢᠨᠢ ᠡᠷᠬᠡᠪᠰᠢ ᠦᠨᠡᠨ ᠪᠣᠳᠠᠲᠠᠶ ᠣᠪᠣᠭ ᠨᠡᠷ᠎ᠡ᠎ᠪᠠᠷ ᠪᠠᠶ᠋ᠢᠳᠠᠯ᠎ᠢ ᠲᠤᠰᠬᠠᠵᠤ ᠦᠨᠡᠨ᠎ᠠᠴᠠ ᠵᠥᠪ᠎ᠢ ᠡᠷᠢᠵᠦ ᠂ ᠦᠨᠡᠨ ᠪᠣᠳᠠᠲᠠᠶ ᠂ ᠪᠣᠳᠠᠲᠠᠶ ᠪᠠᠶ᠋ᠢᠬᠤ ᠬᠡᠷᠡᠭᠲᠡᠶ ᠃
3. ᠬᠦᠯᠢᠶᠡᠨ ᠠᠪᠴᠤ ᠰᠢᠢᠳᠪᠦᠷᠢᠯᠡᠬᠦ ᠠᠵᠢᠯᠲᠠᠨ ᠲᠤᠰᠬᠠᠭ᠍ᠴᠢ ᠪᠠ ᠲᠤᠰᠬᠠᠭᠰᠠᠨ ᠪᠠᠶ᠋ᠢᠳᠠᠯ᠎ᠤᠨ ᠨᠢᠭᠤᠴᠠ᠎ᠶᠢ ᠴᠢᠩᠭ᠎ᠠ ᠬᠠᠮᠠᠭᠠᠯᠠᠨ᠎ᠠ ᠃ ᠡᠷᠬᠡ ᠲᠡᠭᠰᠢ ᠂ ᠲᠥᠪ ᠭᠤᠣᠯᠴᠢ ᠂ ᠢᠯᠡ ᠲᠣᠳᠣ᠌ ᠪᠠᠶ᠋ᠢᠬᠤ᠎ᠶᠢ ᠨᠥᠯᠥᠭᠡᠯᠡᠵᠦ ᠮᠡᠳᠡᠬᠦ ᠠᠰᠠᠭᠤᠳᠠᠯ᠎ᠲᠠᠢ ᠲᠤᠯᠠ ᠨᠠᠷᠢᠨ ᠬᠢᠨᠠᠮᠠᠭᠠᠶ ᠪᠠᠶ᠋ᠢᠴᠠᠭᠠᠨ ᠬᠠᠷᠭᠤᠭᠤᠯᠤᠨ᠎ᠠ ᠃
ᠳᠥᠷᠪᠡ ᠂ ᠭᠤᠶᠤᠴᠢᠯᠠᠬᠤ ( ᠵᠠᠭᠠᠯᠳᠤᠬᠤ ) ᠤᠲᠠᠰᠤ ᠄ 0477-8583288 ᠂ 0477-8125352
ᠣᠨᠴᠠᠭᠠᠶ᠋ᠢᠯᠠᠨ ᠨᠡᠢᠲᠡᠯᠡᠪᠡ
ᠣᠷᠳᠣᠰ ᠬᠤᠲᠠ᠎ᠶᠢᠨ ᠡᠮ ᠡᠮᠨᠡᠯᠭᠡ ᠬᠤᠳᠠᠯᠳᠤᠨ ᠠᠪᠬᠤ ᠪᠠ
ᠰᠠᠭᠤᠷᠢ ᠮᠥᠩᠭᠦ᠎ᠶᠢᠨ ᠳ᠋ᠦᠩᠨᠡᠨ ᠪᠤᠳᠤᠬᠤ ᠲᠥᠪ
2025 ᠣᠨ᠎ᠤ 7 ᠳ᠋ᠤᠭᠠᠷ ᠰᠠᠷ᠎ᠠ᠎ᠶᠢᠨ 31᠎ᠤ ᠡᠳᠦᠷ