ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠯᠠᠭᠠᠨᠬᠠᠳᠠ ᠬᠤᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶᠠᠨ᠎ᠤ ᠬᠡᠰᠡᠭ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠤᠯᠠᠭᠠᠨᠬᠠᠳᠠ᠎ᠶᠢᠨ ᠭᠠᠵᠠᠷ ᠣᠷᠣᠨ᠎ᠳᠠᠬᠢ ᠳᠣᠭᠢᠷᠠᠭᠤᠯᠤᠨ ᠬᠦᠷᠭᠡᠬᠦ ᠬᠢᠷᠢ ᠬᠡᠮ᠎ᠢ ᠬᠦᠴᠦᠨ ᠥᠬᠡᠶ ᠪᠣᠯᠭᠠᠬᠤ ᠲᠤᠬᠠᠶ ᠵᠠᠷᠯᠠᠯ
ᠨᠡᠶ᠋ᠢᠲᠡᠯᠡᠭᠰᠡᠨ ᠴᠠᠭ᠄ 2025-08-08

ᠡᠯ᠎ᠡ ᠬᠠᠮᠢᠶ᠎ᠠ ᠪᠥᠬᠦᠶ ᠡᠮ᠎ᠤᠨ ᠵᠦᠢᠯ ᠪᠠ ᠡᠮᠴᠢᠯᠡᠭᠡᠨ᠎ᠤ ᠬᠤᠷᠣᠭᠳᠠᠯ ᠮᠠᠲᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠄

  ᠮᠠᠨ᠎ᠤ ᠬᠤᠲᠠ᠎ᠶᠢᠨ ᠨᠠᠩ ᠥᠨᠳᠥᠷ ᠪᠦᠲᠦᠮᠵᠢᠲᠡᠶ ᠵᠢᠷᠤᠮᠵᠢᠭ᠍ᠰᠠᠨ ᠡᠮ᠎ᠤᠨ ᠵᠦᠢᠯ ᠪᠠ ᠡᠮᠴᠢᠯᠡᠭᠡᠨ᠎ᠤ ᠬᠤᠷᠣᠭᠳᠠᠯ ᠮᠠᠲᠧᠷᠢᠶᠠᠯ᠎ᠢ ᠳᠣᠭᠢᠷᠠᠭᠤᠯᠤᠨ ᠬᠦᠷᠭᠡᠬᠦ ᠰᠢᠰᠲᠧᠮ᠎ᠤᠨ ᠪᠠᠢᠭᠤᠯᠤᠯᠲᠠ᠎ᠶᠢ ᠠᠬᠢᠭᠤᠯᠵᠤ ᠂ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠶᠢᠨ ᠲᠤᠰᠠᠳᠠ ᠂ 2025 ᠣᠨ᠎ᠤ 7 ᠳ᠋ᠤᠭᠠᠷ ᠰᠠᠷ᠎ᠠ᠎ᠳᠤ ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢᠯ ᠪᠠ ᠡᠮᠴᠢᠯᠡᠭᠡᠨ᠎ᠤ ᠬᠣᠷᠤᠭᠳᠠᠯ ᠮᠠᠲᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠰᠠᠢᠲᠤᠷ ᠬᠢᠬᠦ ᠲᠤᠬᠠᠶ ᠮᠡᠳᠡᠭᠳᠡᠯ》 (ᠥᠪᠥᠷ ᠡᠮ ᠬᠤᠳᠠᠯᠳᠤᠨ ᠠᠪᠬᠤ ᠲᠥᠪ ᠥᠰᠥᠭ [2022] 246 ᠳ᠋ᠤᠭᠠᠷ ᠲᠣᠭᠠᠲᠤ) ᠵᠢᠴᠢ 《ᠤᠯᠠᠭᠠᠨᠬᠠᠳᠠ ᠬᠤᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶᠠᠨ᠎ᠦ 〈ᠤᠯᠠᠭᠠᠨᠬᠠᠳᠠ ᠬᠤᠲᠠ᠎ᠶᠢᠨ ᠡᠮ᠎ᠤᠨ ᠵᠦᠢᠯ ᠪᠠ ᠡᠮᠴᠢᠯᠡᠭᠡᠨ᠎ᠤ ᠬᠤᠷᠣᠭᠳᠠᠯ ᠮᠠᠲᠧᠷᠢᠶᠠᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠰᠢᠯᠭᠠᠨ ᠬᠢᠨᠠᠬᠤ ᠠᠵᠢᠯ᠎ᠤᠨ ᠬᠡᠷᠡᠭᠵᠢᠭᠦᠯᠬᠦ ᠲᠥᠰᠦᠯ〉᠎ᠢ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ》 (ᠤᠯᠠᠭᠠᠨᠬᠠᠳᠠ᠎ᠶᠢᠨ ᠡᠮᠴᠢᠯᠡᠭᠡᠨ᠎ᠤ ᠪᠠᠲᠤᠯᠠᠭ᠎ᠠ ᠠᠯᠪᠠᠨ ᠲᠠᠷᠬᠠᠭᠠᠭᠰᠠᠨ [2025] 10 ᠳ᠋ᠤᠭᠠᠷ ᠲᠣᠭᠠᠲᠤ)᠎ᠤᠨ ᠱᠠᠭᠠᠷᠳᠠᠯᠭ᠎ᠠ ᠶᠣᠰᠣᠭᠠᠷ ᠂ ᠮᠠᠨ᠎ᠤ ᠲᠣᠪᠴᠢᠶ᠎ᠠ ᠤᠯᠠᠭᠠᠨᠬᠠᠳᠠ᠎ᠶᠢᠨ ᠭᠠᠵᠠᠷ ᠣᠷᠣᠨ᠎ᠳᠠᠬᠢ ᠳᠣᠭᠢᠷᠠᠭᠤᠯᠤᠨ ᠬᠦᠷᠭᠡᠬᠦ ᠡᠷᠬᠡ ᠮᠡᠳᠡᠯ᠎ᠤᠨ ᠬᠡᠪᠴᠢᠶ᠎ᠠ᠎ᠳᠤ ᠨᠡᠶ᠋ᠢᠴᠡᠭᠰᠡᠨ ᠪᠥᠭᠡᠳ ᠰᠢᠯᠭᠠᠨ ᠬᠢᠨᠠᠬᠤ ᠨᠥᠬᠦᠴᠡᠯ᠎ᠳᠤ ᠨᠡᠢᠴᠡᠬᠦ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠳᠤ ᠣᠨ᠎ᠤ ᠰᠢᠯᠭᠠᠨ ᠬᠢᠨᠠᠯᠲᠠ ᠬᠢᠪᠡ ᠂ ᠰᠢᠯᠭᠠᠨ ᠬᠢᠨᠠᠬᠤ ᠬᠤᠭᠤᠴᠠᠭ᠎ᠠ ᠨᠢ 2024 ᠣᠨ᠎ᠤ 7 ᠳ᠋ᠤᠭᠠᠷ ᠰᠠᠷ᠎ᠠ᠎ᠶᠢᠨ 1᠎ᠤ ᠡᠳᠦᠷ᠎ᠠᠴᠠ 2025 ᠣᠨ᠎ᠤ 6 ᠳ᠋ᠤᠭᠠᠷ ᠰᠠᠷ᠎ᠠ᠎ᠶᠢᠨ 30᠎ᠤ ᠡᠳᠦᠷ ᠪᠣᠯᠲᠠᠯ᠎ᠠ ᠪᠠᠢᠵᠤ ᠂ ᠡᠳᠦᠭᠡ ᠳᠣᠭᠢᠷᠠᠭᠤᠯᠤᠨ ᠬᠦᠷᠭᠡᠬᠦ ᠬᠢᠷᠢ ᠬᠡᠮ᠎ᠢ ᠨᠢ ᠬᠦᠴᠦᠨ ᠥᠬᠡᠶ ᠪᠣᠯᠭᠠᠬᠤ ᠠᠵᠤ ᠠᠬᠤᠶ᠋ᠢᠯᠠᠯ᠎ᠤᠨ ᠨᠡᠷᠡᠰ᠎ᠢ ᠨᠡᠢᠲᠡᠯᠡᠪᠡ ᠃

  ᠨᠢᠭᠡ ᠂ ᠨᠡᠷᠡᠰ᠎ᠤᠨ ᠨᠡᠢᠲᠡᠯᠡᠯ

  ᠰᠢᠯᠭᠠᠨ ᠬᠢᠨᠠᠭᠰᠠᠨ ᠳ᠋ᠦᠩ᠎ᠢ ᠦᠨᠳᠦᠰᠦᠯᠡᠨ ᠂ ᠤᠯᠠᠭᠠᠨᠬᠠᠳᠠ᠎ᠶᠢᠨ ᠭᠠᠵᠠᠷ ᠣᠷᠣᠨ᠎ᠳᠠᠬᠢ ᠲᠣᠬᠢᠷᠠᠭᠤᠯᠤᠨ ᠬᠦᠷᠭᠡᠬᠦ ᠬᠢᠷᠢ ᠬᠡᠮ᠎ᠢ ᠬᠦᠴᠦᠨ ᠥᠬᠡᠶ ᠪᠣᠯᠭᠠᠬᠤ ᠠᠵᠤ ᠠᠬᠤᠶ᠋ᠢᠯᠠᠯ᠎ᠨᠢ ᠰᠢᠯᠭᠠᠨ ᠬᠢᠨᠠᠬᠤ ᠵᠢᠯ᠎ᠤᠨ ᠳᠣᠲᠣᠷ᠎ᠠ ᠬᠤᠳᠠᠯᠳᠤᠨ ᠠᠪᠤᠭᠰᠠᠨ ᠵᠠᠬᠢᠶᠠᠯᠠᠭ᠎ᠠ᠎ᠶᠢᠨ ᠬᠠᠭᠤᠳᠠᠰᠤ ᠦᠭᠡᠢ ᠵᠢᠴᠢ ᠶᠡᠷᠦᠩᠬᠡᠶ᠋ᠢᠯᠡᠨ ᠲᠣᠭᠲᠠᠭᠠᠭᠰᠠᠨ ᠬᠤᠪᠢ᠎ᠨᠢ 70 ᠬᠤᠪᠢ᠎ᠠᠴᠠ ᠳᠣᠤᠷ᠎ᠠ ᠪᠠᠶ᠋ᠢᠬᠤ 11 ᠡᠮ᠎ᠤᠨ ᠵᠦᠢᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ ᠪᠠ ᠡᠮᠴᠢᠯᠡᠭᠡᠨ᠎ᠤ ᠬᠤᠷᠣᠭᠳᠠᠯ ᠮᠠᠲᠧᠷᠢᠶᠠᠯ᠎ᠢ ᠳᠣᠭᠢᠷᠠᠭᠤᠯᠤᠨ ᠬᠦᠷᠭᠡᠬᠦ 95ᠠᠵᠤ ᠠᠬᠤᠶ᠋ᠢᠯᠠᠯ (ᠨᠡᠷᠡᠰ᠎ᠢ ᠳᠠᠭᠠᠯᠳᠤᠭᠤᠯᠤᠯ᠎ᠳᠤ ᠦᠵᠡ) ᠃

  ᠬᠤᠶᠠᠷ ᠂ ᠨᠡᠶ᠋ᠢᠲᠡᠯᠡᠬᠦ ᠴᠠᠭ

  2025 ᠣᠨ᠎ᠤ 8 ᠳ᠋ᠤᠭᠠᠷ ᠰᠠᠷ᠎ᠠ᠎ᠶᠢᠨ 11᠎ᠤ ᠡᠳᠦᠷ᠎ᠠᠴᠠ 22᠎ᠤᠨ ᠡᠳᠦᠷ ᠪᠣᠯᠲᠠᠯ᠎ᠠ ᠃

  ᠭᠤᠷᠪᠠ ᠂ ᠭᠤᠮᠣᠳᠠᠯ ᠲᠣᠭᠠᠴᠢᠬᠤ ᠠᠷᠭ᠎ᠠ ᠮᠠᠶᠢᠭ᠋

  ᠳᠡᠭᠡᠷ᠎ᠡ ᠳᠤᠷᠠᠳᠤᠭᠰᠠᠨ ᠨᠡᠷᠡᠰ᠎ᠤᠨ ᠳᠣᠲᠣᠷᠠᠬᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠰᠢᠯᠭᠠᠨ ᠬᠢᠨᠠᠭᠰᠠᠨ ᠳ᠋ᠦᠩ᠎ᠳᠤ ᠣᠨᠳᠣᠤ ᠰᠠᠨᠠᠯ᠎ᠲᠠᠢ ᠪᠠᠶ᠋ᠢᠪᠠᠯ ᠂ ᠨᠡᠶ᠋ᠢᠲᠡᠯᠡᠬᠦ ᠬᠤᠭᠤᠴᠠᠭᠠᠨ᠎ᠳᠤ ᠪᠢᠴᠢᠭ᠎ᠤᠨ ᠬᠡᠯᠪᠡᠷᠢ ᠡᠰᠡᠬᠦᠯ᠎ᠡ ᠰᠢᠤᠳᠠᠨ᠎ᠤ ᠵᠦᠢᠯ ᠵᠡᠷᠭᠡ ᠠᠷᠭ᠎ᠠ ᠮᠠᠶᠢᠭ᠋᠎ᠢᠶᠠᠷ ᠨᠡᠢᠲᠡᠯᠡᠯ᠎ᠦᠨ ᠨᠢᠭᠡᠴᠢ᠎ᠶᠢᠨ ᠤᠯᠠᠭᠠᠨᠬᠠᠳᠠ ᠬᠤᠲᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ᠎ᠳᠤ ᠭᠤᠮᠣᠳᠠᠯ ᠲᠤᠭᠠᠴᠢᠨ᠎ᠠ ᠂ ᠭᠤᠮᠣᠳᠠᠯ ᠲᠣᠭᠠᠴᠢᠬᠤ ᠮᠠᠲᠧᠷᠢᠶᠠᠯ᠎ᠨᠢ ᠦᠨᠡᠨ ᠪᠣᠳᠠᠲᠠᠶ ᠪᠥᠭᠡᠳ ᠬᠦᠴᠦᠨ᠎ᠲᠠᠢ ᠪᠠᠶ᠋ᠢᠵᠤ ᠂ ᠭᠡᠷᠡᠴᠢ ᠪᠠᠷᠢᠮᠲᠠ᠎ᠨᠢ ᠪᠦᠷᠢᠨ ᠭᠦᠢᠴᠡᠳ ᠪᠠᠶ᠋ᠢᠬᠤ᠎ᠶᠢᠨ ᠬᠠᠮᠲᠤ ᠨᠢᠭᠡᠴᠢ᠎ᠶᠢᠨ ᠲᠠᠮᠠᠭ᠎ᠠ᠎ᠶᠢ ᠳᠠᠷᠤᠬᠤ ᠬᠡᠷᠡᠭᠲᠡᠶ ᠃

  ᠬᠠᠷᠢᠯᠴᠠᠬᠤ ᠬᠥᠮᠦᠨ ᠄ ᠵᠢᠶᠠᠩ ᠢᠦᠶ ᠲᠦᠩ

  ᠬᠠᠷᠢᠯᠴᠠᠬᠤ ᠤᠲᠠᠰᠤ ᠄ 0476 - 8781093

  ᠢᠮᠧᠯ ᠄ cfsyczx@163.com 

  ᠬᠠᠶᠢᠭ᠋ ᠄ ᠥᠪᠥᠷ ᠮᠣᠩᠭᠤᠯ᠎ᠤᠨ ᠤᠯᠠᠭᠠᠨᠬᠠᠳᠠ ᠬᠤᠲᠠ᠎ᠶᠢᠨ ᠰᠦᠩᠱᠠᠨ ᠲᠣᠭᠤᠷᠢᠭ᠋᠎ᠤᠨ ᠬᠠᠰ ᠯᠤᠤ ᠶᠡᠭᠡ ᠵᠡᠭᠡᠯᠢ᠎ᠶᠢᠨ ᠨᠠᠮ ᠵᠠᠰᠠᠭ᠎ᠤᠨ ᠶᠡᠷᠦᠩᠬᠡᠶ᠋ᠢᠯᠡᠭᠰᠡᠨ ᠠᠰᠠᠷ᠎ᠤᠨ D ᠰᠠᠭᠤᠷᠢ᠎ᠶᠢᠨ 627 ᠲᠠᠰᠤᠭ (ᠤᠯᠠᠭᠠᠨᠬᠠᠳᠠ ᠬᠤᠲᠠ᠎ᠶᠢᠨ ᠡᠮ ᠡᠮᠨᠡᠯᠭᠡ ᠬᠤᠳᠠᠯᠳᠤᠨ ᠠᠪᠬᠤ ᠲᠥᠪ)

  ᠳᠠᠭᠠᠯᠳᠤᠭᠤᠯᠤᠯ ᠄ 1. ᠬᠦᠴᠦᠨ ᠦᠭᠡᠢ ᠪᠣᠯᠭᠠᠬᠤ᠎ᠪᠠᠷ ᠪᠠᠢᠭ᠎ᠠ ᠡᠮ᠎ᠤᠨ ᠵᠦᠢᠯ᠎ᠤᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ

  2. ᠬᠦᠴᠦᠨ ᠦᠭᠡᠢ ᠪᠣᠯᠭᠠᠬᠤ᠎ᠪᠠᠷ ᠪᠠᠢᠭ᠎ᠠ ᠡᠮᠴᠢᠯᠡᠭᠡᠨ᠎ᠦ ᠬᠤᠷᠣᠭᠳᠠᠯ ᠮᠠᠲᠧᠷᠢᠶᠠᠯ᠎ᠤᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ

  

ᠤᠯᠠᠭᠠᠨᠬᠠᠳᠠ ᠬᠤᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ

2025 ᠣᠨ᠎ᠤ 8 ᠳ᠋ᠤᠭᠠᠷ ᠰᠠᠷ᠎ᠠ᠎ᠶᠢᠨ 8᠎ᠤ ᠡᠳᠦᠷ

 

ᠳᠠᠭᠠᠯᠳᠤᠭᠤᠯᠤᠯ ᠄

ᠬᠦᠴᠦᠨ ᠦᠭᠡᠢ ᠪᠣᠯᠭᠠᠬᠤ᠎ᠪᠠᠷ ᠪᠠᠢᠭ᠎ᠠ ᠡᠮ᠎ᠤᠨ ᠵᠦᠢᠯ᠎ᠤᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷᠡᠰ.xls

ᠬᠦᠴᠦᠨ ᠦᠭᠡᠢ ᠪᠣᠯᠭᠠᠬᠤ᠎ᠪᠠᠷ ᠪᠠᠢᠭ᠎ᠠ ᠡᠮᠴᠢᠯᠡᠭᠡᠨ᠎ᠦ ᠬᠤᠷᠣᠭᠳᠠᠯ ᠮᠠᠲᠧᠷᠢᠶᠠᠯ᠎ᠤᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠦᠨ ᠨᠡᠷᠡᠰ.xls

 

 

ᠢᠷᠡᠯᠲᠡ᠄ ᠤᠯᠠᠭᠠᠨᠬᠠᠳᠠ ᠬᠤᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            