ᠲᠤᠬᠠᠶ ᠵᠢᠨ ᠴᠠᠭ᠎ᠤᠨ ᠬᠢᠨᠠᠨ ᠬᠡᠮᠵᠢᠯᠲᠡ᠂ ᠣᠶᠤᠨᠴᠢ ᠬᠢᠨᠠᠯᠲᠠ ᠬᠠᠮᠢᠶᠠᠷᠤᠯᠲᠠ᠂ ᠡᠮ᠎ᠤᠨ ᠵᠦᠢ᠍ᠯ ᠵᠢᠴᠢ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠬᠢᠨᠠᠯᠲᠠ ᠬᠠᠮᠢᠶᠠᠷᠤᠯᠲᠠ ᠵᠢ ᠳ᠋ᠦᠩᠨᠡᠨ ᠪᠤᠳᠤᠬᠤ ᠁ ᠣᠲᠤᠭ ᠬᠤᠰᠢᠭᠤᠨ᠎ᠤ 《ᠣᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠵᠢᠯᠣᠭᠤᠳᠬᠤ ᠲᠥᠪ》᠎ᠤᠨ ᠠᠯᠢ ᠣᠯᠠᠨ ᠲᠤᠭ᠎ᠠ ᠪᠠᠷᠢᠮᠲᠠ᠎ᠨᠢ ᠪᠥᠬᠦ ᠬᠤᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠠᠵᠢᠯᠯᠠᠭ᠋ᠠᠨ᠎ᠤ ᠪᠠᠶ᠋ᠢᠳᠠᠯ᠎ᠢ ᠲᠡᠮᠳᠡᠭᠯᠡᠵᠦ᠂ ᠡᠨᠡ ᠪᠣᠯ ᠣᠲᠤᠭ ᠬᠤᠰᠢᠭᠤᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠲᠣᠭ᠋ᠠᠴᠢᠯᠠᠭᠰᠠᠨ ᠬᠡᠯᠪᠡᠷᠢ ᠵᠢ ᠬᠤᠪᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠣᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠵᠢᠯᠣᠭᠤᠳᠬᠤ ᠲᠥᠪ ᠵᠶ᠋ᠠᠷ ᠳᠡᠮᠵᠢᠨ᠂ ᠡᠮ ᠡᠮᠨᠡᠯᠭᠡ ᠵᠢᠨ ᠳᠠᠭ᠋ᠠᠳᠬᠠᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠪᠠ ᠨᠠᠷᠢᠯᠢᠭ ᠣᠨᠣᠪᠴᠢᠲᠠᠢ ᠦᠢ᠍ᠯᠡᠴᠢᠯᠡᠭᠡ᠎ᠳᠤ ᠨᠠᠩ ᠰᠢᠨᠵᠢᠯᠡᠬᠦ ᠤᠬᠠᠭ᠋ᠠᠨᠴᠢ ᠦᠨᠳᠦᠰᠦ ᠪᠠᠷᠢᠮᠲᠠ᠎ᠲᠠᠢ ᠪᠣᠯᠤᠭᠰᠠᠨ ᠪᠠᠶ᠋ᠢᠨ᠎ᠠ᠃
ᠣᠶ᠋ᠢᠷ᠎ᠠ ᠵᠢᠨ ᠵᠢᠯ᠎ᠳᠤ᠂ ᠣᠲᠤᠭ ᠬᠤᠰᠢᠭᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠡᠮ ᠡᠮᠨᠡᠯᠭᠡ ᠵᠢᠨ ᠳᠠᠭ᠋ᠠᠳᠬᠠᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠪᠠ ᠲᠣᠭ᠋ᠠᠴᠢᠯᠠᠭᠰᠠᠨ ᠬᠡᠯᠪᠡᠷᠢ ᠵᠢᠨ ᠬᠤᠪᠢᠷᠠᠭᠤᠯᠤᠯᠲᠠ ᠵᠢ ᠠᠬᠢᠭᠤᠯᠬᠤ ᠵᠢ ᠠᠷᠠᠳ᠎ᠤᠨ ᠠᠮᠢᠳᠤᠷᠠᠯ᠎ᠢ ᠪᠠᠲᠤᠯᠠᠬᠤ᠂ ᠥᠭᠡᠷᠡᠴᠢᠯᠡᠯᠲᠡ ᠵᠢ ᠠᠬᠢᠭᠤᠯᠬᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ ᠴᠢᠬᠤᠯᠠ ᠭᠠᠷᠳᠠᠴᠠ ᠪᠣᠯᠭ᠋ᠠᠵᠤ᠂ ᠣᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠵᠢᠯᠣᠭᠤᠳᠬᠤ ᠲᠥᠪ᠎ᠢ ᠪᠠᠶ᠋ᠢᠭᠤᠯᠵᠤ᠂ 2022 ᠣᠨ᠎ᠤ 6 ᠳ᠋ᠤᠭ᠋ᠠᠷ ᠰᠠᠷ᠎ᠠ᠎ᠳᠤ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠪᠠ᠃
ᠵᠢᠯᠣᠭᠤᠳᠬᠤ ᠲᠥᠪ᠎ᠨᠢ ᠲᠤᠬᠠᠶ᠋ᠢᠯᠠᠭᠰᠠᠨ ᠠᠵᠢᠯ᠎ᠤᠨ ᠬᠦᠷᠢᠶ᠎ᠡ ᠬᠡᠪᠴᠢᠶᠡᠨ᠎ᠳᠤ ᠦᠵᠡᠭᠳᠡᠮᠡᠯ ᠵᠠᠳᠠᠯᠤᠯᠲᠠ ᠵᠢᠨ ᠲᠠᠯᠠᠪᠤᠷ᠎ᠢ ᠪᠠᠶ᠋ᠢᠭᠤᠯᠵᠤ᠂ ᠡᠯ᠎ᠡ ᠵᠦᠢ᠍ᠯ᠎ᠤᠨ ᠵᠠᠩᠭᠢᠯᠠᠭ᠎ᠠ ᠵᠢᠨ ᠲᠤᠬᠠᠶ᠋ᠢᠯᠠᠭᠰᠠᠨ ᠠᠵᠢᠯ᠎ᠤᠨ ᠭᠦᠢ᠍ᠴᠡᠳᠬᠡᠯ ᠲᠤᠭ᠎ᠠ ᠵᠢ ᠬᠠᠮᠤᠷᠤᠨ᠂ ᠳ᠋ᠦᠩᠨᠡᠨ ᠪᠣᠳᠣᠯᠲᠠ ᠵᠢ ᠴᠠᠭ ᠲᠤᠬᠠᠶ᠎ᠳᠤᠨᠢ ᠬᠢᠨᠠᠨ ᠬᠡᠮᠵᠢᠬᠦ᠂ ᠣᠶᠤᠨᠴᠢ᠎ᠪᠠᠷ ᠬᠢᠨᠠᠨ ᠬᠠᠮᠢᠶᠠᠷᠬᠤ᠂ ᠡᠮ᠎ᠤᠨ ᠵᠦᠢ᠍ᠯᠡᠰ ᠵᠢᠴᠢ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠬᠢᠨᠠᠨ ᠬᠠᠮᠢᠶᠠᠷᠬᠤ᠂ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠢᠨᠠᠨ ᠬᠡᠮᠵᠢᠬᠦ᠂ ᠺᠠᠷᠲ᠎ᠢ ᠬᠡᠷᠡᠭᠵᠢᠭᠦᠯᠦᠭᠰᠡᠨ ᠪᠠᠶ᠋ᠢᠳᠠᠯ᠎ᠢ ᠣᠶᠤᠨᠴᠢ᠎ᠪᠠᠷ ᠬᠠᠷᠭᠤᠭᠤᠯᠬᠤ᠂ ᠪᠥᠬᠦ ᠦᠵᠡᠮᠵᠢ ᠵᠢᠨ ᠬᠠᠷᠠᠭ᠋ᠠᠨ ᠵᠢᠷᠤᠭ ᠵᠡᠷᠭᠡ 6 ᠵᠦᠢ᠍ᠯ᠎ᠤᠨ ᠲᠤᠭ᠎ᠠ ᠪᠠᠷᠢᠮᠲᠠ ᠵᠢᠨ ᠬᠢᠨᠠᠨ ᠬᠡᠮᠵᠢᠬᠦ ᠬᠡᠰᠡᠭ᠎ᠢ ᠬᠤᠷᠠᠮᠳᠤᠭᠤᠯᠵᠤ᠂ ᠡᠯ᠎ᠡ ᠵᠦᠢ᠍ᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠤᠭ᠎ᠠ ᠪᠠᠷᠢᠮᠲᠠ ᠵᠢ ᠪᠠᠶ᠋ᠢᠩᠭᠤᠵᠢᠭᠤᠯᠤᠨ ᠬᠢᠨᠠᠨ ᠡᠵᠡᠮᠳᠡᠵᠦ᠂ ᠵᠠᠳᠠᠯᠤᠨ ᠳᠡᠯᠭᠡᠨ ᠦᠵᠡᠭᠦᠯᠵᠦ᠂ ᠣᠲᠤᠭ ᠬᠤᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠠᠵᠢᠯᠯᠠᠭ᠋ᠠᠨ᠎ᠤ ᠪᠠᠶ᠋ᠢᠳᠠᠯ᠎ᠢ ᠣᠯᠠᠨ ᠬᠠᠷᠠᠭ᠋ᠠᠰᠤ᠂ ᠣᠯᠠᠨ ᠲᠠᠯ᠎ᠠ᠎ᠠᠴᠠ ᠬᠢᠨᠠᠨ ᠬᠡᠮᠵᠢᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠨᠠᠷᠢᠯᠢᠭ ᠣᠨᠣᠪᠴᠢᠲᠠᠢ ᠦᠢ᠍ᠯᠡᠴᠢᠯᠡᠭᠡ ᠬᠠᠩᠭ᠋ᠠᠪᠠ᠃
ᠰᠢᠰᠲᠸᠮ᠎ᠤᠨ ᠬᠢᠨᠠᠨ ᠬᠡᠮᠵᠢᠯᠲᠠ᠎ᠨᠢ ᠤᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠠᠷᠠᠳ ᠣᠯᠠᠨ᠎ᠤ 《ᠡᠪᠡᠳᠴᠢᠨ ᠦᠵᠡᠭᠦᠯᠬᠦ ᠵᠣᠭᠤᠰ》᠎ᠢ ᠰᠠᠶ᠋ᠢᠲᠤᠷ ᠬᠠᠮᠢᠶᠠᠷᠪᠠ
ᠣᠲᠤᠭ ᠬᠤᠰᠢᠭᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ᠂ ᠨᠢᠭᠡᠨ ᠦᠵᠡᠬᠦᠯᠭᠡ ᠵᠢᠨ ᠳᠡᠯᠭᠡᠴᠡ ᠳᠡᠭᠡᠷ᠎ᠡ ᠬᠠᠷᠭᠤᠭᠤᠯᠤᠨ ᠪᠤᠳᠤᠬᠤ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢᠨ ᠲᠤᠬᠠᠶ ᠵᠢᠨ ᠴᠠᠭ᠎ᠤᠨ ᠲᠤᠭ᠎ᠠ ᠪᠠᠷᠢᠮᠲᠠ ᠵᠢ ᠲᠣᠳᠣᠷᠬᠠᠶ ᠬᠠᠷᠠᠭᠤᠯᠵᠤ ᠪᠠᠶ᠋ᠢᠨ᠎ᠠ᠂ ᠡᠨᠡ ᠪᠣᠯ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠬᠠᠷᠭᠤᠭᠤᠯᠤᠨ ᠪᠤᠳᠤᠬᠤ ᠬᠡᠷᠡᠭᠯᠡᠭᠡᠨ᠎ᠤ ᠰᠢᠰᠲ᠋ᠧᠮ ᠮᠥᠨ᠂ ᠪᠥᠬᠦ ᠬᠤᠰᠢᠭᠤᠨ᠎ᠤ ᠪᠣᠶ ᠪᠥᠬᠦᠶ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠬᠢᠨᠠᠨ ᠬᠡᠮᠵᠢᠯᠲᠡ ᠬᠢᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠬᠡᠪ᠎ᠤᠨ ᠪᠤᠰᠤ ᠳ᠋ᠦᠩᠨᠡᠨ ᠪᠤᠳᠤᠯᠲᠠ ᠵᠢᠨ ᠪᠠᠶ᠋ᠢᠳᠠᠯ᠎ᠢ ᠴᠠᠭ ᠲᠤᠬᠠᠶ᠎ᠳᠤᠨᠢ ᠰᠢᠭᠰᠢᠨ ᠪᠠᠶ᠋ᠢᠴᠠᠭ᠋ᠠᠵᠤ᠂ ᠰᠠᠭᠤᠷᠢ ᠮᠥᠩᠭᠦ ᠵᠢᠨ ᠪᠦᠲᠦᠮᠵᠢᠲᠡᠶ ᠬᠡᠷᠡᠭᠯᠡᠯᠲᠡ ᠵᠢ ᠠᠬᠢᠭᠤᠯᠵᠤ ᠪᠠᠶ᠋ᠢᠨ᠎ᠠ᠃
《ᠡᠳᠡᠭᠡᠷ ᠪᠣᠯ ᠡᠮ ᠡᠮᠨᠡᠯᠭᠡ ᠵᠢᠨ ᠳᠠᠭ᠋ᠠᠳᠬᠠᠯ᠎ᠤᠨ ᠪᠠᠶ᠋ᠢᠴᠠᠭ᠋ᠠᠨ ᠭᠡᠷᠡᠴᠢ ᠠᠪᠬᠤ ᠲᠤᠭ᠎ᠠ ᠪᠠᠷᠢᠮᠲᠠ ᠮᠥᠨ᠂ ᠰᠢᠰᠲ᠋ᠧᠮ᠎ᠠᠴᠠ ᠠᠶᠠᠨᠳᠠᠭ᠋ᠠᠨ ᠡᠭᠦᠰᠦᠭᠰᠡᠨ ᠶᠤᠮ᠂ ᠵᠣᠷᠢᠭᠤᠳᠠ ᠭᠠᠷ ᠲᠦᠷᠦᠭᠦ ᠵᠢᠨ ᠠᠷᠭ᠎ᠠ ᠦᠭᠡᠢ᠃ ᠵᠢᠱ᠌ᠢᠶᠡᠯᠡᠪᠡᠯ᠂ ᠠᠳᠡ ᠡᠮ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠨᠡᠯᠢᠶᠡᠳ ᠶᠡᠭᠡ ᠪᠣᠯᠪᠠᠯ ᠪᠢᠳᠡ ᠲᠡᠷᠡ ᠳᠠᠷᠤᠶᠳᠤᠨᠢ ᠪᠠᠶ᠋ᠢᠴᠠᠭ᠋ᠠᠵᠤ᠂ ᠴᠡᠭᠴᠡᠯᠡᠨ ᠰᠠᠶ᠋ᠢᠵᠢᠷᠠᠭᠤᠯᠬᠤ ᠰᠠᠨᠠᠯ ᠵᠶ᠋ᠠᠨ ᠳᠤᠷᠠᠳᠴᠤ᠂ ᠴᠡᠭᠴᠡᠯᠡᠨ ᠰᠠᠶ᠋ᠢᠵᠢᠷᠠᠭᠤᠯᠬᠤ ᠮᠡᠳᠡᠭᠳᠡᠯ ᠪᠠᠭᠤᠯᠭ᠋ᠠᠵᠤ᠂ ᠬᠡᠷᠪᠡ ᠴᠡᠭᠴᠡᠯᠡᠨ ᠰᠠᠶ᠋ᠢᠵᠢᠷᠠᠭᠤᠯᠵᠤ ᠳᠠᠭᠤᠰᠬᠠᠭᠰᠠᠨ ᠥᠬᠡᠶ ᠪᠣᠯ ᠪᠢᠳᠡ ᠵᠠᠰᠠᠭ ᠵᠠᠬᠢᠷᠭ᠋ᠠᠨ᠎ᠤ ᠰᠢᠢ᠍ᠳᠬᠡᠯ ᠣᠯᠭᠣᠨ᠎ᠠ》 ᠭᠡᠵᠦ ᠣᠲᠤᠭ ᠬᠣᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶᠠᠨ᠎ᠤ ᠲᠣᠪᠴᠢᠶᠠᠨ ᠳᠡᠳ᠋ ᠳᠠᠷᠤᠭ᠎ᠠ ᠶᠡᠷᠡᠨᠪᠠᠶᠠᠷ ᠬᠡᠯᠡᠪᠡ᠃
ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢ ᠰᠠᠶ᠋ᠢᠲᠤᠷ ᠬᠠᠮᠢᠶᠠᠷᠴᠤ᠂ ᠠᠷᠠᠳ ᠤᠯᠠᠨ᠎ᠤ 《ᠡᠪᠡᠳᠴᠢᠨ ᠦᠵᠡᠭᠦᠯᠬᠦ ᠵᠣᠭᠤᠰ》᠎ᠢ ᠰᠠᠶ᠋ᠢᠲᠤᠷ ᠰᠠᠬᠢᠨ ᠬᠠᠮᠠᠭ᠋ᠠᠯᠠᠬᠤ᠎ᠨᠢ ᠤᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠᠲᠠᠢ ᠬᠤᠯᠪᠣᠭᠳᠠᠨ᠎ᠠ᠃ ᠣᠲᠤᠭ ᠬᠤᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠣᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠵᠢᠯᠣᠭᠤᠳᠬᠤ ᠲᠥᠪ᠎ᠲᠤ ᠲᠦᠰᠢᠭᠯᠡᠨ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠴᠦ 《ᠡᠮ᠎ᠤᠨ ᠳᠡᠯᠭᠡᠭᠦᠷ᠂ ᠡᠮᠴᠢᠯᠡᠭᠡᠨ᠎ᠤ ᠭᠠᠵᠠᠷ᠎ᠤᠨ ᠣᠶᠤᠨᠴᠢ ᠬᠢᠨᠠᠨ ᠬᠠᠮᠢᠶᠠᠷᠤᠯᠲᠠ ᠵᠢᠨ ᠲᠠᠪᠴᠠᠩ》᠎ᠢ ᠪᠣᠶ ᠪᠣᠯᠭ᠋ᠠᠵᠤ᠂ ᠺᠣᠮᠫᠢᠦ᠋ᠲ᠋ᠧᠷ᠎ᠤᠨ PC ᠦᠵᠦᠭᠦᠷ ᠵᠶ᠋ᠠᠷ ᠳᠠᠮᠵᠢᠭᠤᠯᠤᠨ ᠠᠯᠤᠰ᠎ᠠᠴᠠ ᠬᠢᠨᠠᠨ ᠡᠵᠡᠮᠳᠡᠵᠦ᠂ ᠪᠥᠬᠦ ᠬᠤᠰᠢᠭᠤᠨ᠎ᠤ 114 ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠂ ᠡᠮᠴᠢᠯᠡᠭᠡᠨ᠎ᠤ ᠭᠠᠵᠠᠷ᠎ᠲᠤ ᠪᠥᠬᠦ ᠲᠠᠯ᠎ᠠ ᠵᠢᠨ᠂ ᠪᠥᠬᠦ ᠴᠠᠭ᠂ ᠪᠥᠬᠦ ᠶᠠᠪᠤᠴᠠ ᠵᠢᠨ ᠪᠢᠲᠡᠭᠦᠮᠵᠢᠯᠡᠭᠰᠡᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠴᠠᠭ ᠲᠤᠬᠠᠶᠲᠤᠨᠢ ᠪᠣᠷᠣᠯᠠᠭᠤᠯᠬᠤ᠂ ᠡᠮ᠎ᠤᠨ ᠵᠦᠢ᠍ᠯ ᠬᠤᠳᠠᠯᠳᠤᠨ ᠠᠪᠬᠤ᠂ ᠣᠨᠳᠣᠤ ᠭᠠᠵᠠᠷ᠎ᠲᠤ ᠡᠮ ᠬᠤᠳᠠᠯᠳᠤᠨ ᠠᠪᠬᠤ ᠵᠡᠷᠭᠡ ᠪᠠᠶ᠋ᠢᠳᠠᠯ᠎ᠢ ᠬᠥᠳᠡᠯᠦᠩᠭᠦᠶ᠎ᠪᠠᠷ ᠡᠵᠡᠮᠰᠢᠵᠦ᠂ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ ᠵᠢᠴᠢ ᠡᠮᠴᠢᠯᠡᠭᠡᠨ᠎ᠤ ᠭᠠᠵᠠᠷ᠎ᠤᠨ ᠡᠵᠡᠩᠨᠡᠯᠲᠡ ᠵᠢᠨ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢᠨ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠵᠤ᠂ ᠳᠠᠭ᠋ᠠᠳᠬᠠᠯ᠎ᠳᠤ ᠣᠷᠣᠯᠴᠠᠭᠰᠠᠳ᠎ᠲᠤ ᠡᠪᠡᠳᠴᠢᠨ ᠦᠵᠡᠭᠦᠯᠵᠦ ᠡᠮ ᠬᠡᠷᠡᠭᠯᠡᠬᠦ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠬᠠᠩᠭ᠋ᠠᠪᠠ᠃
《ᠬᠢᠨᠠᠨ ᠬᠠᠮᠢᠶᠠᠷᠬᠤ ᠲᠠᠪᠴᠠᠩ᠎ᠢ ᠰᠦᠯᠵᠢᠶᠡᠨ᠎ᠳᠤ ᠭᠠᠷᠭ᠋ᠠᠵᠤ᠂ ᠲᠣᠭᠲᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠴᠡᠭ᠎ᠤᠨ ᠡᠮ ᠬᠤᠳᠠᠯᠳᠤᠬᠤ ᠶᠠᠪᠤᠴᠠ ᠵᠢ ᠮᠠᠰᠢ ᠢᠯᠡ ᠲᠣᠳᠣ ᠪᠣᠯᠭ᠋ᠠᠭᠰᠠᠨ᠎ᠤ ᠬᠠᠮᠲᠤ ᠮᠠᠨ᠎ᠤ ᠡᠮ᠎ᠤᠨ ᠳᠡᠯᠭᠡᠭᠦᠷ᠎ᠤᠨ ᠡᠳᠦᠷ ᠲᠤᠲᠤᠮ᠎ᠤᠨ ᠬᠠᠮᠢᠶᠠᠷᠤᠯᠲᠠ᠎ᠳᠤ ᠪᠠᠰᠠ ᠨᠠᠩ ᠥᠨᠳᠥᠷ ᠱᠠᠭ᠋ᠠᠷᠳᠠᠯᠭ᠎ᠠ ᠳᠤᠷᠠᠳᠴᠠᠶ》 ᠭᠡᠵᠦ ᠣᠲᠤᠭ ᠬᠤᠰᠢᠭᠤᠨ᠎ᠤ ᠶᠦᠨ ᠷᠦᠢ ᠡᠮ᠎ᠤᠨ ᠳᠡᠯᠭᠡᠭᠦᠷ᠎ᠤᠨ ᠬᠠᠷᠢᠭᠤᠴᠠᠯᠭ᠋ᠠᠲᠠᠨ ᠭᠤᠸᠠᠨ ᠸᠧᠨ ᠰᠢᠶᠠᠩ ᠢᠯᠡᠳᠬᠡᠪᠡ᠃
ᠲᠤᠭ᠎ᠠ ᠪᠠᠷᠢᠮᠲᠠ ᠵᠢᠨ 《ᠢᠯᠡᠭᠦᠤ ᠭᠦᠶᠦᠬᠦ》᠎ᠨᠢ ᠣᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠠᠷᠠᠳ ᠣᠯᠠᠨ᠎ᠤ ᠡᠪᠡᠳᠴᠢᠨ ᠦᠵᠡᠭᠦᠯᠬᠦ᠎ᠳᠤ ᠨᠠᠩ ᠲᠥᠬᠦᠮ ᠪᠣᠯᠪᠠ
《ᠪᠤᠭᠤᠲᠤ ᠬᠤᠲᠠ ᠵᠢᠨ ᠲᠥᠪ ᠡᠮᠨᠡᠯᠭᠡ ᠵᠢᠨ ᠬᠤᠷᠢᠶ᠎ᠠ᠎ᠠᠴᠠ ᠨᠠᠳᠠ᠎ᠳᠤ ᠭᠠᠷᠭ᠋ᠠᠭᠰᠠᠨ ᠡᠯᠸᠺᠲᠷᠣᠨ ᠵᠣᠷ᠎ᠨᠢ ᠮᠠᠨ᠎ᠤ ᠣᠲᠤᠭ ᠬᠤᠰᠢᠭᠤᠨ᠎ᠤ 〈ᠬᠤᠤᠰ ᠨᠡᠪᠲᠡᠷᠡᠬᠦ ᠵᠠᠮ〉᠎ᠤᠨ ᠡᠮ᠎ᠤᠨ ᠳᠡᠯᠭᠡᠭᠦᠷ᠎ᠲᠤ ᠰᠢᠯᠵᠢᠵᠦ᠂ ᠰᠠᠶᠢᠬᠠᠨ ᠪᠢ ᠡᠮ ᠡᠮᠨᠡᠯᠭᠡ ᠵᠢᠨ ᠳᠠᠭ᠋ᠠᠳᠬᠠᠯ᠎ᠤᠨ ᠳ᠋ᠦᠩᠨᠡᠨ ᠪᠣᠳᠣᠯᠲᠠ᠎ᠪᠠᠨ ᠨᠢᠭᠡᠨᠲᠡ ᠪᠡᠶᠡᠯᠡᠭᠦᠯᠵᠦ᠂ ᠦᠨᠡᠬᠡᠷ ᠮᠠᠰᠢ ᠳᠥᠭᠦᠮ ᠪᠠᠢ᠌ᠨ᠎ᠠ》 ᠭᠡᠵᠦ ᠰᠠᠭᠤᠭ᠋ᠠᠯᠢ ᠠᠷᠠᠳ ᠰᠤ᠌ ᠯᠢ ᠹᠠᠩ ᠬᠡᠯᠡᠪᠡ᠃
ᠣᠶ᠋ᠢᠯᠠᠭ᠋ᠠᠭᠰᠠᠨ ᠵᠶ᠋ᠠᠷ᠂ ᠰᠤ᠌ ᠯᠢ ᠹᠠᠩ ᠤᠳᠠᠭ᠋ᠠᠨ ᠴᠢᠨᠠᠷᠲᠠᠶ ᠡᠪᠡᠳᠴᠢᠨ᠎ᠳᠤ ᠨᠡᠷᠪᠡᠭᠳᠡᠵᠦ᠂ ᠪᠤᠭᠤᠲᠤ ᠬᠤᠲᠠ ᠵᠢᠨ ᠲᠥᠪ ᠡᠮᠨᠡᠯᠭᠡ ᠵᠢᠨ ᠬᠤᠷᠢᠶᠠᠨ᠎ᠳᠤ ᠡᠮᠨᠡᠨ ᠵᠠᠰᠠᠬᠤ ᠵᠢᠨ ᠬᠠᠮᠲᠤ ᠡᠯᠸᠺᠲᠷᠣᠨ ᠵᠣᠷ ᠪᠢᠴᠢᠵᠦ ᠥᠭᠭᠦᠭᠰᠡᠨ᠎ᠤ ᠳᠠᠷᠠᠭ᠎ᠠ᠂ ᠣᠲᠤᠭ ᠬᠤᠰᠢᠭᠤᠨ᠎ᠤ 《ᠬᠤᠤᠰ ᠨᠡᠪᠲᠡᠷᠡᠬᠦ ᠵᠠᠮ》᠎ᠤᠨ ᠡᠮ᠎ᠤᠨ ᠳᠡᠯᠭᠡᠭᠦᠷ᠎ᠲᠤ ᠬᠦᠷᠴᠦ ᠡᠮ ᠡᠮᠨᠡᠯᠭᠡ ᠵᠢᠨ ᠳᠠᠭ᠋ᠠᠳᠬᠠᠯ᠎ᠤᠨ ᠳ᠋ᠦᠩᠨᠡᠨ ᠪᠤᠳᠤᠯᠲᠠ ᠬᠢᠵᠦ᠂ ᠰᠢᠰᠲ᠋ᠧᠮ᠎ᠨᠢ ᠰᠤ᠌ ᠯᠢ ᠹᠠᠩ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ ᠵᠢ ᠰᠢᠷᠪᠢᠬᠦ᠎ᠪᠠᠷ ᠳᠠᠮᠵᠢᠭᠤᠯᠤᠨ ᠪᠤᠭᠤᠲᠤ ᠬᠤᠲᠠ ᠵᠢᠨ ᠲᠥᠪ ᠡᠮᠨᠡᠯᠭᠡ ᠵᠢᠨ ᠬᠤᠷᠢᠶ᠎ᠠ᠎ᠠᠴᠠ ᠲᠡᠭᠦᠨ᠎ᠳᠤ ᠬᠢᠵᠦ ᠥᠭᠭᠦᠭᠰᠡᠨ ᠡᠯᠸᠺᠲᠷᠣᠨ ᠵᠣᠷ᠎ᠤᠨ ᠮᠡᠳᠡᠭᠡ ᠵᠠᠩᠭᠢ ᠵᠢ ᠣᠯᠵᠤ᠂ 《ᠬᠤᠤᠰ ᠨᠡᠪᠲᠡᠷᠡᠬᠦ ᠵᠠᠮ》᠎ᠤᠨ ᠡᠮ᠎ᠤᠨ ᠳᠡᠯᠭᠡᠭᠦᠷ᠎ᠤᠨ ᠡᠮ ᠨᠠᠶ᠋ᠢᠷᠠᠭᠴᠢ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ ᠵᠢ ᠰᠢᠷᠪᠢᠬᠦ᠎ᠪᠠᠷ ᠳᠠᠮᠵᠢᠭᠤᠯᠤᠨ ᠲᠡᠭᠦᠨ᠎ᠤ ᠡᠯᠸᠺᠲᠷᠣᠨ ᠵᠣᠷ᠎ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ᠎ᠤ ᠳᠠᠷᠠᠭ᠎ᠠ ᠳᠠᠷᠤᠶ ᠡᠮ ᠡᠮᠨᠡᠯᠭᠡ ᠵᠢᠨ ᠳᠠᠭ᠋ᠠᠳᠬᠠᠯ᠎ᠤᠨ ᠤᠳᠠᠭ᠋ᠠᠨ ᠴᠢᠨᠠᠷᠲᠠᠶ ᠡᠪᠡᠳᠴᠢᠨ᠎ᠤ ᠳ᠋ᠦᠩᠨᠡᠨ ᠪᠤᠳᠤᠯᠲᠠ ᠵᠢ ᠪᠡᠶᠡᠯᠡᠭᠦᠯᠵᠦ ᠪᠣᠯᠤᠨ᠎ᠠ᠃
ᠡᠯᠸᠺᠲᠷᠣᠨ ᠵᠣᠷ᠎ᠨᠢ 《ᠬᠤᠤᠰ ᠨᠡᠪᠲᠡᠷᠡᠬᠦ ᠵᠠᠮ》᠎ᠤᠨ ᠡᠮ᠎ᠤᠨ ᠳᠡᠯᠭᠡᠭᠦᠷ᠎ᠲᠤ ᠨᠢᠭᠡᠳᠦᠯᠲᠡᠶ ᠲᠥᠯᠥᠪᠯᠡᠬᠦ ᠣᠷᠣᠨ ᠠᠯᠤᠰᠯᠠᠭᠰᠠᠨ ᠡᠮ ᠡᠮᠨᠡᠯᠭᠡ ᠵᠢᠨ ᠳᠠᠭ᠋ᠠᠳᠬᠠᠯ᠎ᠢ ᠡᠷᠭᠢᠯᠳᠦᠭᠦᠯᠦᠨ ᠳ᠋ᠦᠩᠨᠡᠨ ᠪᠤᠳᠤᠬᠤ ᠵᠢ ᠪᠡᠶᠡᠯᠡᠭᠦᠯᠦᠭᠰᠡᠨ ᠶᠠᠪᠤᠳᠠᠯ ᠪᠣᠯ ᠣᠲᠤᠭ ᠬᠤᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠬᠦᠷᠢᠶᠡᠨ᠎ᠳᠠᠬᠢ ᠮᠡᠳᠡᠭᠡ ᠵᠠᠩᠭᠢᠵᠢᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠳᠤᠮᠳᠠᠬᠢ ᠪᠠᠰᠠ ᠨᠢᠭᠡᠨ ᠴᠢᠬᠤᠯᠠ ᠶᠡᠭᠡ ᠰᠢᠪᠲᠤᠯᠤᠯᠲᠠ ᠪᠣᠯᠤᠨ᠎ᠠ᠃
ᠡᠮ ᠡᠮᠨᠡᠯᠭᠡ ᠵᠢᠨ ᠳᠠᠭ᠋ᠠᠳᠬᠠᠯ᠎ᠤᠨ ᠬᠤᠳᠠᠯᠳᠤᠭ᠎ᠠ ᠡᠵᠡᠩᠨᠡᠬᠦ ᠣᠷᠴᠢᠨ᠎ᠤ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠲᠥᠬᠦᠮ ᠴᠢᠨᠠᠷ᠎ᠢ ᠳᠡᠭᠡᠭᠰᠢᠯᠡᠭᠦᠯᠬᠦ ᠵᠢᠨ ᠲᠤᠰᠠᠳᠠ᠂ ᠣᠲᠤᠭ ᠬᠤᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ 《ᠲᠠᠪᠤᠨ ᠱᠠᠲᠤ》 ᠵᠢᠨ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠰᠢᠰᠲᠸᠮᠵᠢ ᠵᠢ ᠪᠠᠶ᠋ᠢᠭᠤᠯᠵᠤ᠂ ᠪᠠᠩᠬᠢ᠂ ᠠᠵᠤ ᠠᠬᠤᠶ᠋ᠢᠯᠠᠯ᠎ᠲᠠᠢ ᠬᠠᠮᠲᠤᠷᠠᠯᠴᠠᠨ᠂ 37 ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠥᠷᠲᠡᠭᠡ ᠵᠢ ᠪᠠᠶ᠋ᠢᠭᠤᠯᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠥᠪᠡᠷᠲᠡᠭᠡᠨ ᠭᠦᠢ᠍ᠴᠡᠳᠭᠡᠬᠦ᠂ ᠴᠠᠭ ᠲᠤᠬᠠᠶ᠎ᠳᠤᠨᠢ ᠭᠦᠢ᠍ᠴᠡᠳᠭᠡᠬᠦ᠂ ᠣᠶ᠋ᠢᠷ᠎ᠠ ᠬᠠᠪᠢ᠎ᠳᠤᠨᠢ ᠭᠦᠢ᠍ᠴᠡᠳᠭᠡᠬᠦ ᠵᠢ ᠪᠡᠶᠡᠯᠡᠭᠦᠯᠪᠡ᠃ ᠡᠭᠦᠨ᠎ᠤ ᠬᠠᠮᠲᠤ ᠡᠯ᠎ᠡ ᠡᠮᠨᠡᠯᠭᠡ ᠵᠢᠨ ᠬᠤᠷᠢᠶᠠᠨ᠎ᠤ ᠰᠦᠯᠵᠢᠶᠡᠨ ᠳᠡᠭᠡᠷᠡᠬᠢ ᠡᠮ ᠡᠮᠨᠡᠯᠭᠡ ᠵᠢᠨ ᠳᠠᠭ᠋ᠠᠳᠬᠠᠯ᠎ᠤᠨ ᠰᠢᠯᠵᠢᠮᠡᠯ ᠲᠣᠭ᠋ᠠᠴᠠᠭ᠎ᠠ ᠬᠢᠵᠦ᠂ ᠰᠦᠢ᠍ᠳᠬᠡᠯ ᠲᠤᠰᠢᠶᠠᠬᠤ ᠴᠣᠩᠬᠤᠪᠴᠢ ᠵᠢ ᠭᠠᠷ ᠤᠲᠠᠰᠤᠨ᠎ᠳᠤ 《ᠨᠡᠭᠦᠯᠭᠡᠨ ᠣᠷᠤᠭᠤᠯᠵᠤ》᠂ ᠣᠯᠠᠨ ᠲᠦᠮᠡᠨ᠎ᠢ ᠭᠦᠶᠦᠯᠭᠡᠬᠦ ᠥᠬᠡᠶ᠂ ᠣᠶ᠋ᠢᠷᠠᠲᠤᠭᠤᠯᠬᠤ ᠥᠬᠡᠶ᠂ ᠳᠠᠷᠤᠢ᠌ᠬᠠᠨ ᠲᠣᠭ᠋ᠠᠴᠠᠭ᠎ᠠ ᠬᠢᠯᠭᠡᠨ᠎ᠡ᠃
2023 ᠣᠨ᠎ᠳᠤ᠂ ᠣᠲᠤᠭ ᠬᠤᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠡᠮ ᠡᠮᠨᠡᠯᠭᠡ ᠵᠢᠨ ᠳᠠᠭ᠋ᠠᠳᠬᠠᠯ᠎ᠤᠨ ᠲᠠᠯ᠎ᠠ᠎ᠳᠤ POS ᠦᠵᠦᠭᠦᠷ᠎ᠢ ᠭᠠᠷᠭ᠋ᠠᠬᠤ ᠵᠢᠨ ᠬᠠᠮᠲᠤ ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)᠎ᠤ 97 ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠴᠡᠭ᠎ᠲᠤ ᠲᠠᠷᠬᠠᠭ᠋ᠠᠵᠤ᠂ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠡᠯᠸᠺᠲᠷᠣᠨ ᠭᠡᠷᠡᠴᠢ ᠪᠠᠷᠢᠮᠲᠠ ᠵᠢ ᠠᠮᠢᠯᠠᠭᠤᠯᠵᠤ᠂ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ᠂ ᠪᠠᠶ᠋ᠢᠴᠠᠭ᠋ᠠᠨ ᠯᠠᠪᠯᠠᠬᠤ ᠵᠡᠷᠭᠡ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠵᠦ᠂ ᠲᠣᠰᠬᠤᠨ᠎ᠤ ᠱᠠᠲᠤᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠵᠢ ᠪᠡᠶᠡᠯᠡᠭᠦᠯᠵᠦ᠂ ᠡᠮ ᠡᠮᠨᠡᠯᠭᠡ ᠵᠢᠨ ᠳᠠᠭ᠋ᠠᠳᠬᠠᠯ᠎ᠤᠨ ᠣᠯᠠᠨ ᠲᠦᠮᠡᠨ᠎ᠳᠤ ᠦᠢ᠍ᠯᠡᠴᠢᠯᠡᠬᠦ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠪᠡ᠃
ᠥᠪᠡᠷᠲᠡᠭᠡᠨ ᠦᠢ᠍ᠯᠡᠴᠢᠯᠡᠬᠦ᠎ᠨᠢ ᠣᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠠᠷᠠᠳ᠎ᠲᠤ ᠳᠦᠭᠦᠮ ᠦᠵᠡᠭᠦᠯᠭᠦ ᠦᠢ᠍ᠯᠡᠴᠢᠯᠡᠭᠡ ᠵᠢ ᠳᠠᠬᠢᠨ ᠳᠡᠰ ᠳᠡᠪᠰᠢᠭᠦᠯᠪᠡ
《ᠡᠨᠡ ᠬᠦ᠌ ᠣᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠡᠷᠡᠭᠦᠯ ᠮᠡᠨᠳᠦ ᠵᠢᠨ ᠥᠷᠲᠡᠭᠡ᠎ᠨᠢ ᠮᠠᠨ᠎ᠤ ᠬᠡᠷ᠎ᠤᠨ ᠣᠶ᠋ᠢᠷ᠎ᠠ ᠬᠠᠪᠢ᠎ᠳᠤ ᠪᠠᠶ᠋ᠢᠨ᠎ᠠ᠂ ᠡᠮ ᠡᠮᠨᠡᠯᠭᠡ ᠵᠢᠨ ᠳᠠᠭ᠋ᠠᠳᠬᠠᠯ ᠵᠶ᠋ᠠᠷ ᠡᠮ ᠬᠤᠳᠠᠯᠳᠤᠨ ᠠᠪᠴᠤ ᠴᠢᠳᠠᠬᠤ᠎ᠪᠠᠷ ᠪᠠᠷᠠᠬᠤ ᠥᠬᠡᠶ᠂ ᠪᠠᠰᠠ ᠵᠠᠷᠢᠮ ᠬᠤᠯᠪᠣᠭᠳᠠᠯ ᠪᠥᠬᠦᠶ ᠡᠮ ᠡᠮᠨᠡᠯᠭᠡ ᠵᠢᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠵᠦ ᠪᠣᠯᠤᠨ᠎ᠠ》 ᠭᠡᠵᠦ ᠡᠮ ᠬᠤᠳᠠᠯᠳᠤᠨ ᠠᠪᠬᠤ᠎ᠪᠠᠷ ᠢᠷᠡᠭᠰᠡᠨ ᠵᠢᠨ ᠰᠢᠨ ᠢᠦᠢ ᠬᠡᠯᠡᠪᠡ᠃
ᠵᠢᠨ ᠰᠢᠨ ᠢᠦᠢ ᠵᠢᠨ ᠬᠡᠯᠡᠵᠦ ᠪᠠᠢ᠌ᠭ᠎ᠠ ᠣᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠡᠷᠡᠭᠦᠯ ᠮᠡᠨᠳᠦ ᠵᠢᠨ ᠥᠷᠲᠡᠭᠡ ᠪᠣᠯ ᠣᠲᠤᠭ ᠬᠤᠰᠢᠭᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 2023 ᠣᠨ᠎ᠤ 3 ᠳ᠋ᠤᠭ᠋ᠠᠷ ᠰᠠᠷ᠎ᠠ᠎ᠳᠤ ᠪᠠᠶ᠋ᠢᠭᠤᠯᠤᠭᠰᠠᠨ ᠠᠩᠬᠠᠳᠠᠭᠴᠢ ᠣᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠡᠷᠡᠭᠦᠯ ᠮᠡᠨᠳᠦ ᠵᠢᠨ ᠥᠷᠲᠡᠭᠡ ᠪᠣᠯᠤᠨ᠎ᠠ᠂ ᠡᠮ ᠡᠮᠨᠡᠯᠭᠡ ᠵᠢᠨ ᠳᠠᠭ᠋ᠠᠳᠬᠠᠯ᠎ᠤᠨ ᠡᠮ ᠬᠤᠳᠠᠯᠳᠤᠨ ᠠᠪᠬᠤ ᠪᠠ ᠡᠮ ᠡᠮᠨᠡᠯᠭᠡ ᠵᠢᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠬᠤᠶᠠᠷ ᠲᠥᠷᠥᠯ᠎ᠤᠨ ᠴᠢᠳᠠᠮᠵᠢ ᠵᠢ ᠲᠥᠪᠯᠡᠷᠡᠭᠦᠯᠦᠨ᠂ ᠪᠥᠬᠦ ᠤᠯᠤᠰ᠎ᠤᠨ ᠠᠩᠬᠠᠳᠠᠭᠴᠢ ᠡᠮ ᠡᠮᠨᠡᠯᠭᠡ ᠵᠢᠨ ᠳᠠᠭ᠋ᠠᠳᠬᠠᠯ᠎ᠤᠨ ᠥᠪᠡᠷᠲᠡᠭᠡᠨ ᠦᠢ᠍ᠯᠡᠴᠢᠯᠡᠬᠦ ᠡᠮ᠎ᠤᠨ ᠬᠤᠷᠭᠤ ᠵᠢ ᠳᠣᠭᠢᠷᠠᠭᠤᠯᠵᠤ᠂ ᠣᠯᠠᠨ ᠲᠦᠮᠡᠨ᠎ᠳᠤ 24 ᠴᠠᠭ᠎ᠤᠨ ᠦᠢ᠍ᠯᠡᠴᠢᠯᠡᠭᠡ ᠬᠠᠩᠭ᠋ᠠᠵᠤ᠂ ᠡᠮ ᠬᠡᠷᠡᠭᠯᠡᠬᠦ ᠲᠤᠬᠠᠶ ᠠᠰᠠᠭᠤᠨ ᠯᠠᠪᠯᠠᠬᠤ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠡᠮ᠎ᠤᠨ ᠵᠣᠷ ᠵᠶ᠋ᠠᠷ ᠡᠮ ᠬᠤᠳᠠᠯᠳᠤᠨ ᠠᠪᠴᠤ ᠪᠣᠯᠬᠤ᠎ᠪᠠᠷ ᠪᠠᠷᠠᠬᠤ ᠥᠬᠡᠶ᠂ ᠪᠠᠰᠠ ᠬᠥᠮᠦᠨ᠎ᠤ ᠵᠢᠰᠦ᠎ᠪᠠᠷ ᠢᠯᠭ᠋ᠠᠨ ᠲᠠᠨᠢᠬᠤ᠎ᠪᠠᠷ ᠳᠠᠮᠵᠢᠭᠤᠯᠤᠨ ᠡᠮ ᠡᠮᠨᠡᠯᠭᠡ ᠵᠢᠨ ᠳᠠᠭ᠋ᠠᠳᠬᠠᠯ᠎ᠤᠨ ᠡᠯᠸᠺᠲᠷᠣᠨ ᠭᠡᠷᠡᠴᠢ ᠪᠠᠷᠢᠮᠲᠠ ᠵᠢ ᠰᠢᠷᠪᠢᠵᠦ ᠡᠮ ᠬᠤᠳᠠᠯᠳᠤᠨ ᠠᠪᠴᠤ ᠳ᠋ᠦᠩᠨᠡᠨ ᠪᠤᠳᠤᠬᠤ᠂ ᠤᠳᠠᠭ᠋ᠠᠨ ᠴᠢᠨᠠᠷᠲᠠᠶ ᠡᠪᠡᠳᠴᠢᠨ᠎ᠤ ᠣᠨᠴᠠ ᠡᠪᠡᠳᠴᠢᠨ᠎ᠤ ᠡᠮᠴᠢᠯᠡᠭᠡᠨ᠎ᠤ ᠳᠠᠭ᠋ᠠᠳᠬᠠᠯ᠎ᠢ ᠴᠠᠭ ᠲᠤᠬᠠᠶ᠎ᠳᠤᠨᠢ ᠳ᠋ᠦᠩᠨᠡᠨ ᠪᠤᠳᠤᠬᠤ ᠵᠡᠷᠭᠡ ᠣᠯᠠᠨ ᠡᠰᠢᠵᠢᠭᠰᠡᠨ ᠬᠤᠯᠢᠮᠠᠭ ᠳ᠋ᠦᠩᠨᠡᠨ ᠪᠣᠳᠤᠯᠲᠠ ᠬᠢᠵᠦ ᠪᠣᠯᠤᠨ᠎ᠠ᠃
ᠲᠤᠰ ᠵᠢᠯ᠎ᠤᠨ 5 ᠳ᠋ᠤᠭ᠋ᠠᠷ ᠰᠠᠷ᠎ᠠ᠎ᠳᠤ᠂ ᠣᠲᠤᠭ ᠬᠤᠰᠢᠭᠤᠨ᠎ᠤ ᠬᠤᠶᠠᠳᠤᠭ᠋ᠠᠷ ᠣᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠡᠷᠡᠭᠦᠯ ᠮᠡᠨᠳᠦ ᠵᠢᠨ ᠥᠷᠲᠡᠭᠡ ᠠᠰᠢᠭᠯᠠᠯᠲᠠ᠎ᠳᠤ ᠣᠷᠣᠪᠠ᠃ ᠣᠳᠣᠬᠠᠨ ᠪᠣᠯᠲᠠᠯ᠎ᠠ᠂ ᠬᠤᠶᠠᠷ ᠣᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠡᠷᠡᠭᠦᠯ ᠮᠡᠨᠳᠦ ᠵᠢᠨ ᠥᠷᠲᠡᠭᠡ᠎ᠨᠢ 586 ᠬᠥᠮᠦᠨ ᠤᠳᠠᠭ᠎ᠠ ᠡᠮ ᠬᠤᠳᠠᠯᠳᠤᠨ ᠠᠪᠴᠤ ᠳ᠋ᠦᠩᠨᠡᠨ ᠪᠤᠳᠤᠬᠤ ᠵᠢ ᠪᠡᠶᠡᠯᠡᠭᠦᠯᠵᠦ᠂ ᠲᠦᠯᠦᠭᠰᠡᠨ ᠵᠣᠭᠤᠰ᠎ᠤᠨ ᠲᠤᠭ᠎ᠠ 3.75 ᠲᠦᠮᠡᠨ ᠲᠥᠭᠦᠷᠢᠭ ᠪᠠᠶ᠋ᠢᠵᠤ᠂ ᠡᠭᠦᠨ᠎ᠳᠤ ᠥᠪᠡᠷ᠎ᠤᠨ ᠵᠠᠷᠤᠳᠠᠯ᠎ᠤᠨ ᠵᠠᠷᠤᠴᠠᠭᠤᠯᠤᠭᠰᠠᠨ ᠶᠡᠷᠦᠩᠬᠡᠶ ᠲᠤᠭ᠎ᠠ 2.1 ᠲᠦᠮᠡᠨ ᠲᠥᠭᠦᠷᠢᠭ᠂ ᠡᠮ ᠡᠮᠨᠡᠯᠭᠡ ᠵᠢᠨ ᠳᠠᠭ᠋ᠠᠳᠬᠠᠯ᠎ᠤᠨ ᠳ᠋ᠦᠩᠨᠡᠨ ᠪᠤᠳᠤᠭᠰᠠᠨ ᠶᠡᠷᠦᠩᠬᠡᠶ ᠲᠤᠭ᠎ᠠ 1.65 ᠲᠦᠮᠡᠨ ᠲᠥᠭᠦᠷᠢᠭ ᠪᠠᠢ᠌ᠪᠠ᠃
ᠲᠤᠭ᠎ᠠ ᠪᠠᠷᠢᠮᠲᠠ ᠵᠢᠨ ᠵᠠᠳᠠᠯᠤᠯᠲᠠ᠎ᠨᠢ ᠣᠶᠤᠨᠴᠢ ᠡᠮ ᠡᠮᠨᠡᠯᠭᠡ ᠵᠢᠨ ᠳᠠᠭ᠋ᠠᠳᠬᠠᠯ᠎ᠤᠨ ᠡᠮᠴᠢᠯᠡᠭᠡᠨ᠎ᠤ ᠪᠠᠲᠤᠯᠠᠭ᠎ᠠ ᠵᠢ ᠨᠠᠩ ᠣᠨᠣᠪᠴᠢᠲᠠᠶ ᠪᠣᠯᠭ᠋ᠠᠪᠠ
ᠡᠨᠡ ᠬᠦ᠌ ᠦᠵᠡᠬᠦᠯᠭᠡ ᠵᠢᠨ ᠵᠢᠷᠤᠭ᠎ᠠᠴᠠ ᠮᠠᠨ᠎ᠤ ᠬᠤᠰᠢᠭᠤᠨ᠎ᠤ ᠡᠪᠡᠳᠴᠢᠲᠡᠨ᠎ᠤ ᠬᠠᠮᠤᠭ᠎ᠤᠨ ᠣᠯᠠᠨ ᠤᠷᠤᠰᠬᠠᠯ᠎ᠤᠨ ᠭᠠᠵᠠᠷ᠎ᠨᠢ ᠦᠬᠠᠶ ᠬᠤᠲᠠ ᠪᠠᠶ᠋ᠢᠵᠤ᠂ ᠣᠷᠤᠰᠬᠠᠯ᠎ᠤᠨ ᠡᠪᠡᠳᠴᠢᠨ᠎ᠤ ᠲᠦᠷᠦᠯ ᠨᠡᠯᠢᠶᠡᠳ ᠥᠨᠳᠥᠷ ᠪᠠᠶ᠋ᠢᠬᠤ ᠵᠢᠨ ᠡᠵᠡᠯᠡᠬᠦ ᠬᠠᠷᠢᠴᠠᠯ᠎ᠨᠢ ᠲᠦᠷᠭᠡᠨ ᠴᠢᠨᠠᠷᠲᠠᠶ ᠠᠮᠢᠰᠬᠤᠯ᠎ᠤᠨ ᠵᠠᠮ᠎ᠤᠨ ᠬᠠᠯᠳᠠᠪᠤᠷᠢᠯᠠᠯ ᠪᠣᠯᠣᠨ᠎ᠠ ᠁》 ᠤᠨᠳᠤᠤ ᠭᠠᠵᠠᠷ᠎ᠲᠤ ᠡᠪᠡᠳᠴᠢᠨ ᠦᠵᠡᠬᠦᠯᠬᠦ ᠵᠠᠳᠠᠯᠤᠯᠲᠠ ᠵᠢᠨ ᠵᠢᠷᠤᠭ᠎ᠤᠨ ᠦᠵᠡᠬᠦᠯᠭᠡ ᠵᠢᠨ ᠲᠡᠯᠭᠡᠴᠡ ᠵᠢᠨ ᠡᠮᠦᠨ᠎ᠡ᠂ ᠤᠲᠤᠭ ᠬᠤᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠤᠪᠴᠢᠶᠠᠨ᠎ᠤ ᠲᠣᠪᠴᠢᠶᠠᠨ ᠳᠡᠳ᠋ ᠳᠠᠷᠤᠭ᠎ᠠ ᠶᠡᠷᠡᠨᠪᠠᠶᠠᠷ ᠤᠶ᠋ᠢᠷᠡ ᠵᠢᠨ ᠬᠤᠭᠤᠴᠠᠭ᠋ᠠᠨ᠎ᠤ ᠤᠲᠤᠭ ᠬᠤᠰᠢᠭᠤᠨ᠎ᠤ ᠡᠪᠡᠳᠴᠢᠲᠡᠨ ᠭᠠᠳᠠᠭᠰᠢ ᠭᠠᠷᠴᠤ ᠡᠮᠨᠡᠭᠦᠯᠵᠦ ᠪᠠᠶ᠋ᠢᠭ᠎ᠠ ᠪᠠᠶ᠋ᠢᠳᠠᠯ᠎ᠢ ᠵᠠᠳᠠᠯᠵᠤ ᠪᠠᠢ᠌ᠪᠠ᠃
《ᠡᠪᠡᠳᠴᠢᠲᠡᠨ᠎ᠤ ᠭᠠᠳᠠᠭᠰᠢ ᠭᠠᠷᠴᠤ ᠡᠮᠨᠡᠭᠦᠯᠦᠭᠰᠡᠨ ᠪᠠᠶ᠋ᠢᠳᠠᠯ᠎ᠳᠤ ᠵᠠᠳᠠᠯᠤᠯᠲᠠ ᠬᠢᠬᠦ᠎ᠪᠠᠷ ᠳᠡᠮᠵᠢᠨ᠂ ᠡᠪᠡᠳᠴᠢᠲᠡᠨ᠎ᠤ ᠡᠪᠡᠳᠴᠢᠨ᠎ᠤ ᠲᠥᠷᠥᠯ᠎ᠢ ᠲᠣᠳᠣᠷᠬᠠᠶ ᠣᠶ᠋ᠢᠯᠠᠭ᠋ᠠᠵᠤ᠂ ᠲᠠᠷᠠᠭ᠋ᠠᠴᠢ ᠵᠢᠨ ᠠᠯᠬᠤᠮ᠎ᠳᠤ ᠪᠢᠳᠡ ᠪᠠᠰᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ ᠵᠣᠯᠭ᠋ᠠᠭᠤᠯᠵᠤ᠂ ᠡᠪᠡᠳᠴᠢᠨ ᠡᠮᠭᠡᠭ᠎ᠢ ᠬᠠᠨᠳᠤᠯᠭ᠋ᠠᠲᠤ ᠴᠢᠨᠠᠷᠲᠠᠶ᠎ᠪᠠᠷ ᠬᠣᠯᠪᠤᠭᠳᠠᠯ ᠪᠥᠬᠦᠶ ᠲᠤᠰᠬᠠᠶ ᠮᠡᠷᠭᠡᠵᠢᠯᠲᠡᠨ᠎ᠢ ᠤᠷᠢᠵᠤ ᠮᠠᠨ᠎ᠤ ᠬᠤᠰᠢᠭᠤᠨ᠎ᠳᠤ ᠰᠠᠭᠤᠯᠭ᠋ᠠᠨ᠂ ᠣᠯᠠᠨ ᠲᠦᠮᠡᠨ᠎ᠤ ᠭᠠᠳᠠᠭᠰᠢ ᠭᠠᠷᠴᠤ ᠡᠮᠨᠡᠭᠦᠯᠬᠦ᠎ᠠᠴᠠ ᠪᠣᠯᠤᠭᠰᠠᠨ ᠳᠥᠭᠦᠮ ᠦᠭᠡᠢ ᠪᠠᠶ᠋ᠢᠳᠠᠯ᠎ᠢ ᠪᠠᠭ᠋ᠠᠰᠬᠠᠵᠤ᠂ ᠥᠷᠭᠡᠨ ᠣᠯᠠᠨ ᠠᠷᠠᠳ ᠲᠦᠮᠡᠨ᠎ᠤ ᠨᠠᠩ ᠴᠢᠨᠠᠷ ᠰᠠᠶ᠋ᠢᠲᠠᠶ᠂ ᠳᠥᠭᠦᠮ ᠳᠥᠲᠡ ᠡᠮᠴᠢᠯᠡᠭᠡᠨ᠎ᠤ ᠦᠢ᠍ᠯᠡᠴᠢᠯᠡᠭᠡᠨ᠎ᠤ ᠬᠡᠷᠡᠭᠴᠡᠭᠡ ᠵᠢ ᠨᠠᠩ ᠰᠠᠶ᠋ᠢᠨ ᠬᠠᠩᠭ᠋ᠠᠨ᠎ᠠ》 ᠭᠡᠵᠦ ᠣᠲᠤᠭ ᠬᠣᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶᠠᠨ᠎ᠤ ᠲᠣᠪᠴᠢᠶᠠᠨ ᠳᠡᠳ᠋ ᠳᠠᠷᠤᠭ᠎ᠠ ᠶᠡᠷᠡᠨᠪᠠᠶᠠᠷ ᠬᠡᠯᠡᠪᠡ᠃
ᠠᠷᠠᠳ᠎ᠲᠤ ᠲᠥᠬᠦᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠠᠯᠢ ᠣᠯᠠᠨ ᠠᠷᠭ᠎ᠠ ᠬᠡᠮᠵᠢᠶ᠎ᠡ ᠵᠢᠨ ᠠᠰᠢᠭᠲᠠᠶ ᠰᠦᠪᠡᠭᠴᠢᠯᠡᠯᠲᠡ᠎ᠨᠢ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ ᠪᠠ ᠵᠣᠯ ᠵᠢᠷᠭ᠋ᠠᠯᠲᠤ ᠲᠥᠷᠥᠭᠳᠡᠯ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ᠃
《ᠣᠲᠤᠭ ᠬᠤᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠡᠮ ᠡᠮᠨᠡᠯᠭᠡ ᠵᠢᠨ ᠦᠢ᠍ᠯᠡᠴᠢᠯᠡᠭᠡ ᠪᠠ ᠡᠮ ᠡᠮᠨᠡᠯᠭᠡ ᠵᠢᠨ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ᠎ᠳᠠᠬᠢ ᠲᠤᠭ᠎ᠠ ᠪᠠᠷᠢᠮᠲᠠ ᠵᠢᠨ ᠬᠦᠴᠦᠨ ᠵᠦᠢ᠍ᠯ᠎ᠤᠨ ᠦᠢ᠍ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠲᠤᠭ᠎ᠠ ᠪᠠᠷᠢᠮᠲᠠ ᠵᠢᠨ ᠬᠦᠴᠦᠨ ᠵᠦᠢ᠍ᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠬᠦᠷᠢᠶᠡᠨ᠎ᠳᠠᠬᠢ ᠠᠭᠤᠰᠤᠯᠴᠠᠨ ᠬᠡᠷᠡᠭᠯᠡᠬᠦ ᠵᠢ ᠲᠠᠰᠤᠷᠠᠯᠲᠠ ᠥᠬᠡᠶ ᠥᠷᠭᠡᠳᠬᠡᠵᠦ᠂ ᠣᠯᠠᠨ ᠲᠦᠮᠡᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ᠎ᠳᠤ ᠲᠥᠬᠦᠮ ᠦᠵᠡᠭᠦᠯᠬᠦ ᠬᠡᠮᠵᠢᠶ᠎ᠡ ᠪᠠ ᠪᠡᠶᠡᠴᠢᠯᠡᠨ ᠣᠶ᠋ᠢᠯᠠᠭ᠋ᠠᠬᠤ ᠲᠥᠷᠥᠭᠳᠡᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ》 ᠭᠡᠵᠦ ᠣᠲᠤᠭ ᠬᠤᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠺᠦᠩ ᠴᠦᠢ ᠵᠢᠶᠦ᠋ᠨ ᠬᠡᠯᠡᠪᠡ᠃