ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠵᠡᠭᠦᠨᠭ᠋ᠠᠷ ᠬᠣᠰᠢᠭᠤ᠄ ᠭᠤᠷᠪᠠᠨ ᠱᠠᠲᠤ ᠵᠢ ᠬᠠᠮᠤᠷᠤᠭᠰᠠᠨ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡ᠎ᠳᠤ 《ᠵᠠᠶ ᠥᠬᠡᠶ》
ᠨᠡᠶ᠋ᠢᠲᠡᠯᠡᠭᠰᠡᠨ ᠴᠠᠭ᠄ 2024-01-15

   ᠳᠠᠭ᠋ᠠᠳᠬᠠᠯ᠎ᠳᠤ ᠣᠷᠣᠬᠤ᠂ ᠮᠤᠵᠢ ᠠᠯᠤᠰᠯᠠᠨ ᠤᠨᠳᠤᠤ ᠭᠠᠵᠠᠷ᠎ᠲᠤ ᠡᠪᠡᠳᠴᠢᠨ ᠦᠵᠡᠭᠦᠯᠬᠦ ᠳᠠᠩᠰᠠᠯᠠᠭᠤᠯᠤᠯᠲᠠ ᠬᠢᠬᠦ᠂ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ᠎ᠤᠨ ᠲᠠᠩᠰᠠ ᠲᠠᠶ᠋ᠢᠯᠬᠤ ᠭᠠᠷ ᠭᠦᠢ᠍ᠴᠡᠳᠭᠡᠯ ᠁ ᠨᠢᠭᠡ ᠯᠡ ᠮᠡᠳᠡᠬᠦ᠎ᠳᠤ᠂ ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠤ ᠨᠤᠲᠤᠭ᠎ᠤᠨ ᠠᠬ᠎ᠠ ᠳᠡᠭᠦᠦ ᠨᠡᠷ ᠤᠯᠠᠮ᠎ᠠᠴᠠ ᠤᠯᠠᠮ ᠣᠯᠠᠨ ᠤᠴᠢᠷ᠎ᠢ 《ᠬᠡᠷ᠎ᠤᠨ ᠡᠭᠦᠳᠡᠨ》᠎ᠳᠤ ᠰᠢᠢ᠍ᠳᠪᠦᠷᠢᠯᠡᠵᠦ ᠳᠡᠶ᠋ᠢᠯᠬᠦ ᠪᠣᠯᠵᠣ᠂ ᠤᠤᠯ᠎ᠨᠢ 《ᠬᠣᠶᠠᠷ ᠭᠠᠵᠠᠷ ᠭᠦᠶᠦᠬᠦ》 ᠴᠢᠬᠤᠯᠠᠲᠠᠶ ᠪᠠᠶ᠋ᠢᠭᠰᠠᠨ ᠤᠴᠢᠷ ᠴᠤ᠌ ᠣᠷᠣᠨ ᠪᠦᠰᠡ ᠠᠯᠤᠰᠯᠠᠨ ᠰᠢᠢ᠍ᠳᠪᠦᠷᠢᠯᠡᠵᠦ ᠳᠡᠶ᠋ᠢᠯᠬᠦ ᠪᠣᠯᠤᠭᠰᠠᠨ᠎ᠢ ᠣᠯᠵᠤ ᠮᠡᠳᠡᠵᠡᠶ᠃


准格尔旗1.png


   ᠵᠡᠭᠦᠨᠭ᠋ᠠᠷ ᠬᠣᠰᠢᠭᠤᠨ᠎ᠤ ᠯᠠᠨᠲ᠋ᠢᠶᠠᠨ ᠵᠡᠭᠡᠯᠢ ᠭᠤᠳᠤᠮᠵᠢ ᠵᠢᠨ ᠪᠠᠶ ᠶᠦᠨ ᠨᠡᠶ᠋ᠢᠭᠡᠮ ᠲᠣᠭᠣᠷᠢᠭ᠎ᠲᠤ ᠰᠠᠭᠤᠵᠤ ᠪᠠᠶ᠋ᠢᠭ᠎ᠠ 75 ᠨᠠᠰᠤᠲᠠᠶ ᠨᠠᠰᠤᠲᠠᠨ ᠸᠠᠩ ᠡᠯ ᠵᠢᠶ ᠡᠭᠦᠨ᠎ᠳᠤ ᠮᠠᠰᠢ ᠭᠦᠨ ᠲᠥᠷᠥᠭᠳᠡᠯ᠎ᠲᠠᠢ ᠪᠠᠶ᠋ᠢᠵᠤ᠄ 《ᠥᠩᠭᠡᠷᠡᠭᠰᠡᠨ᠎ᠳᠤ᠂ ᠪᠢᠳᠡ ᠬᠣᠰᠢᠭᠤᠨ᠎ᠳᠤ ᠣᠴᠢᠵᠤ ᠡᠮ ᠡᠮᠨᠡᠯᠭᠡ ᠵᠢᠨ ᠳᠠᠭ᠋ᠠᠳᠬᠠᠯ ᠲᠤᠰᠢᠶᠠᠬᠤ ᠴᠢᠬᠤᠯᠠᠲᠠᠶ ᠪᠠᠶ᠋ᠢᠵᠤ᠂ ᠨᠠᠰᠢ ᠴᠠᠰᠢ ᠶᠠᠪᠤᠵᠤ ᠰᠠᠭᠤᠬᠤ᠎ᠳᠤ ᠮᠠᠰᠢ ᠳᠥᠭᠥᠮ ᠦᠭᠡᠢ ᠪᠠᠶ᠋ᠢᠵᠠᠶ᠂ ᠣᠲᠣ ᠨᠡᠶ᠋ᠢᠭᠡᠮ ᠲᠣᠭᠣᠷᠢᠭ ᠰᠢᠭᠤᠳ ᠡᠮ ᠡᠮᠨᠡᠯᠭᠡ ᠵᠢᠨ ᠳᠠᠭ᠋ᠠᠳᠬᠠᠯ ᠭᠦᠢ᠍ᠴᠡᠳᠭᠡᠵᠦ ᠪᠣᠯᠬᠤ ᠪᠣᠯᠤᠭᠰᠠᠨ ᠪᠥᠭᠡᠳ ᠬᠥᠳᠡᠯᠵᠦ ᠪᠠᠷᠢᠬᠤ᠎ᠳᠤ ᠳᠥᠭᠥᠮ ᠦᠭᠡᠢ ᠨᠠᠰᠤᠲᠠᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠣᠷᠣᠯᠠᠨ ᠭᠦᠢ᠍ᠴᠡᠳᠭᠡᠵᠦ ᠥᠭᠬᠦ ᠵᠢᠨ ᠲᠥᠯᠥᠭᠡ ᠪᠢᠳᠡ ᠳᠠᠭᠢᠵᠤ ᠭᠦᠶᠦᠬᠦ ᠬᠡᠷᠡᠭ ᠥᠬᠡᠶ ᠪᠣᠯᠵᠠᠶ!》 ᠸᠠᠩ ᠡᠯ ᠵᠢᠶ ᠵᠢᠨ ᠬᠥᠭᠰᠢᠨ᠎ᠨᠢ ᠠᠭᠤᠰᠬᠢᠨ ᠥᠮᠡᠨ᠂ ᠴᠢᠰᠤᠨ ᠳᠠᠷᠤᠯᠲᠠ ᠥᠨᠳᠥᠷ᠂ ᠴᠢᠰᠤᠨ ᠥᠭᠡᠬᠦ ᠥᠨᠳᠥᠷ ᠵᠡᠷᠭᠡ ᠣᠯᠠᠨ ᠵᠦᠢ᠍ᠯ᠎ᠤᠨ ᠡᠪᠡᠳᠴᠢᠨ᠎ᠳᠤ ᠨᠡᠷᠪᠡᠭᠳᠡᠵᠦ᠂ ᠨᠢᠭᠡ ᠵᠢᠯ᠎ᠤᠨ ᠳᠠᠪᠲᠠᠨ ᠪᠠᠶ᠋ᠢᠴᠠᠭ᠋ᠠᠯᠲᠠ ᠵᠢᠨ ᠵᠠᠷᠤᠳᠠᠯ᠂ ᠡᠮ ᠡᠮᠨᠡᠯᠭᠡ ᠵᠢᠨ ᠵᠠᠷᠤᠳᠠᠯ᠎ᠨᠢ 2 ᠲᠦᠮᠡ ᠭᠠᠷᠤᠶ ᠪᠠᠶ᠋ᠢᠵᠤ᠂ ᠡᠮ ᠡᠮᠨᠡᠯᠭᠡ ᠵᠢᠨ ᠳᠠᠭ᠋ᠠᠳᠬᠠᠯ ᠵᠶ᠋ᠠᠷ ᠲᠠᠩᠰᠠ ᠲᠠᠶ᠋ᠢᠯᠤᠭᠤᠯᠤᠭᠰᠠᠨ᠎ᠤ ᠳᠠᠷᠠᠭ᠎ᠠ᠂ ᠲᠠᠳᠠ ᠥᠪᠡᠷ ᠵᠶ᠋ᠠᠨ ᠵᠥᠪᠬᠡᠨ ᠨᠢᠭᠡ ᠬᠣᠶᠠᠷ ᠮᠢᠩᠭ᠋ᠠᠨ ᠲᠥᠭᠥᠷᠢᠭ       ᠵᠠᠷᠤᠴᠠᠭᠤᠯᠵᠠᠶ᠃ ᠪᠠᠶ ᠶᠦᠨ ᠨᠡᠶ᠋ᠢᠭᠡᠮ ᠲᠣᠭᠣᠷᠢᠭ᠎ᠤᠨ ᠦᠨᠳᠦᠰᠦᠨ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠴᠡᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠴᠣᠩᠬᠣᠪᠴᠢ ᠵᠢᠩᠬᠢᠨᠢ᠎ᠪᠠᠷ ᠨᠡᠪᠲᠡᠷᠡᠬᠦ ᠵᠢ ᠳᠠᠭ᠋ᠠᠯᠳᠤᠨ᠂ ᠸᠠᠩ ᠡᠯ ᠵᠢᠶ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ ᠭᠦᠢ᠍ᠴᠡᠳᠭᠡᠬᠦ᠎ᠳᠤ ᠨᠠᠩ ᠲᠥᠬᠥᠮ ᠪᠣᠯᠪᠠ᠃


准格尔旗2.png


  2023 ᠣᠨ᠎ᠠᠴᠠ ᠨᠠᠭ᠋ᠠᠰᠢ᠂ ᠵᠡᠭᠦᠨᠭ᠋ᠠᠷ ᠬᠣᠰᠢᠭᠤ ᠭᠤᠤᠯ ᠰᠡᠳᠦᠪᠲᠦ ᠬᠥᠮᠦᠵᠢᠯ᠎ᠲᠠᠢ ᠤᠶᠠᠯᠳᠤᠭᠤᠯᠤᠨ᠂ ᠣᠯᠠᠨ ᠲᠦᠮᠡᠨ᠎ᠤ 《ᠪᠠᠴᠢᠮ ᠬᠦᠴᠢᠷ ᠵᠣᠪᠠᠨᠢᠯ ᠬᠦᠰᠡᠯ ᠡᠷᠡᠮᠡᠯᠵᠡᠯ》᠎ᠤᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠮ ᠡᠮᠨᠡᠯᠭᠡ ᠵᠢᠨ ᠳᠠᠭ᠋ᠠᠳᠬᠠᠯ᠎ᠢ ᠰᠢᠯᠢᠳᠡᠭᠵᠢᠭᠦᠯᠦᠨ ᠠᠷᠠᠳ᠎ᠲᠤ ᠲᠥᠬᠥᠮ ᠦᠵᠡᠭᠦᠯᠬᠦ᠂ ᠬᠠᠮᠢᠶᠠᠷᠤᠯᠲᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠦᠨᠡᠨ ᠬᠦ᠌ ᠠᠳᠬᠤᠨ ᠪᠣᠳᠠᠲᠠᠶ ᠠᠵᠢᠯᠯᠠᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡ ᠵᠢ 《ᠡᠴᠦᠰ》᠎ᠳᠤᠨᠢ ᠬᠦᠷᠭᠡᠵᠦ᠂ ᠡᠮ ᠡᠮᠨᠡᠯᠭᠡ ᠵᠢᠨ ᠳᠠᠭ᠋ᠠᠳᠬᠠᠯ᠎ᠢ ᠭᠠᠷᠲᠠᠨ ᠭᠦᠢ᠍ᠴᠡᠳᠭᠡᠬᠦ ᠦᠢ᠍ᠯᠡᠴᠢᠯᠡᠭᠡ ᠵᠢ 《ᠣᠶ᠋ᠢᠷ᠎ᠠ ᠬᠠᠪᠢ᠎ᠳᠤᠨᠢ ᠭᠦᠢ᠍ᠴᠡᠳᠭᠡᠬᠦ》᠂ 《ᠬᠡᠷ ᠪᠦᠯᠢ᠎ᠠᠴᠠ᠎ᠨᠢ ᠭᠦᠢ᠍ᠴᠡᠳᠭᠡᠬᠦ》 ᠵᠢ ᠪᠡᠶᠡᠯᠡᠭᠦᠯᠵᠦ᠂ ᠦᠨᠳᠦᠰᠦᠨ ᠱᠠᠲᠤᠨ᠎ᠤ ᠣᠯᠠᠨ ᠲᠦᠮᠡᠨ᠎ᠳᠤ ᠨᠠᠩ ᠴᠢᠩᠭ᠎ᠠ ᠬᠦᠷᠲᠡᠮᠵᠢ ᠵᠢᠨ ᠲᠥᠷᠥᠭᠳᠡᠯ ᠪᠠ ᠵᠣᠯ ᠵᠢᠷᠭ᠋ᠠᠯᠲᠤ ᠲᠥᠷᠥᠭᠳᠡᠯ ᠣᠯᠭᠣᠪᠠ᠃


准格尔旗3.png


   ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠣᠷᠣᠨ ᠬᠤᠪᠢᠶᠠᠷᠢᠯᠠᠯ᠎ᠤᠨ ᠪᠡᠬᠢᠯᠡᠯᠲᠡ ᠵᠢ ᠨᠡᠪᠲᠡᠷᠡᠭᠦᠯᠬᠦ ᠵᠢᠨ ᠲᠥᠯᠥᠭᠡ᠂ ᠵᠡᠭᠦᠨᠭ᠋ᠠᠷ ᠬᠣᠰᠢᠭᠤ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠲᠤᠬᠠᠶ᠋ᠢᠯᠠᠭᠰᠠᠨ ᠠᠵᠢᠯ᠎ᠢ ᠳᠣᠷᠣᠭᠰᠢ ᠪᠠᠭᠤᠯᠭ᠋ᠠᠬᠤ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠬᠥᠨᠳᠡᠯᠡᠨ ᠵᠶ᠋ᠠᠷ ᠡᠴᠦᠰ᠎ᠲᠤᠨᠢ ᠲᠤᠯᠲᠠᠯ᠎ᠠ᠂ ᠭᠤᠯᠳᠤ᠎ᠪᠠᠷ ᠬᠥᠪᠡᠭᠡ ᠵᠠᠬ᠎ᠠ ᠬᠦᠷᠲᠡᠯ᠎ᠡ᠂ ᠪᠥᠬᠥ ᠲᠠᠯ᠎ᠠ᠎ᠪᠠᠷ ᠬᠠᠮᠤᠷᠤᠭᠰᠠᠨ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠲᠤᠤᠷ᠎ᠢ ᠪᠠᠶ᠋ᠢᠭᠤᠯᠬᠤ ᠵᠢᠨ ᠬᠠᠮᠲᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠲᠠᠩᠰᠠ ᠵᠢ ᠪᠥᠬᠥ ᠲᠠᠯ᠎ᠠ᠎ᠪᠠᠷ ᠡᠮᠬᠢᠯᠡᠵᠦ᠂ ᠥᠨᠳᠥᠷ ᠳᠠᠪᠲᠠᠮᠵᠢᠲᠤ ᠵᠦᠢ᠍ᠯᠡᠰ᠎ᠢ ᠪᠦᠬᠦᠨ᠎ᠢ ᠳᠣᠷᠣᠭᠰᠢ ᠪᠠᠭᠤᠯᠭ᠋ᠠᠪᠠ᠃ 14 ᠰᠤᠮᠤ ᠰᠢᠶᠠᠩ ᠪᠠᠯᠭ᠋ᠠᠰᠤ (ᠵᠡᠭᠡᠯᠢ       ᠭᠤᠳᠤᠮᠵᠢ)᠎ᠳᠤ ᠦᠨᠳᠦᠰᠦᠨ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠥᠷᠲᠡᠭᠡ        ᠪᠠᠶ᠋ᠢᠭᠤᠯᠵᠤ᠂ ᠡᠮᠴᠢᠯᠡᠭᠡᠨ᠎ᠤ ᠵᠠᠷᠤᠳᠠᠯ᠎ᠢ ᠭᠠᠷ ᠵᠶ᠋ᠠᠷ ᠳ᠋ᠦᠩᠨᠡᠨ ᠪᠤᠳᠤᠬᠤ᠂ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠡᠪᠡᠳᠴᠢᠨ᠎ᠢ ᠳᠠᠩᠰᠠᠯᠠᠬᠤ᠂ ᠮᠡᠳᠡᠭᠡ ᠵᠠᠩᠭᠢ ᠵᠢ ᠬᠤᠪᠢᠷᠠᠭᠤᠯᠬᠤ ᠵᠡᠷᠭᠡ 17 ᠵᠦᠢ᠍ᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠳᠣᠷᠣᠭᠰᠢ ᠪᠠᠭᠤᠯᠭ᠋ᠠᠪᠠ; 200 ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ)᠎ᠳᠤ ᠦᠨᠳᠦᠰᠦᠨ ᠱᠠᠲᠤᠨ᠎ᠤ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠴᠡᠭ ᠪᠠᠶ᠋ᠢᠭᠤᠯᠵᠤ᠂ ᠳᠠᠭ᠋ᠠᠳᠬᠠᠯ᠎ᠳᠤ ᠣᠷᠣᠯᠴᠠᠭᠰᠠᠨ᠎ᠢ ᠲᠡᠮᠳᠡᠭᠯᠡᠬᠦ᠂ ᠣᠨᠳᠣᠣ ᠭᠠᠵᠠᠷ ᠡᠮᠨᠡᠭᠦᠯᠬᠦ ᠵᠢ ᠳᠠᠩᠰᠠᠯᠠᠬᠤ᠂ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ ᠵᠡᠷᠭᠡ 7 ᠵᠦᠢ᠍ᠯ᠎ᠤᠨ ᠲᠤᠬᠠᠶ᠋ᠢᠯᠠᠭᠰᠠᠨ ᠠᠵᠢᠯ᠎ᠢ ᠳᠣᠷᠣᠭᠰᠢ ᠪᠠᠭᠤᠯᠭ᠋ᠠᠨ᠎ᠠ᠃ ᠬᠣᠰᠢᠭᠤ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ) ᠭᠤᠷᠪᠠᠨ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠢ ᠭᠠᠷᠲᠠᠨ ᠭᠦᠢ᠍ᠴᠡᠳᠭᠡᠬᠦ ᠵᠢ ᠪᠦᠷᠢᠨ ᠪᠥᠷᠬᠥᠭᠦᠯᠬᠦ ᠦᠢ᠍ᠯᠡᠴᠢᠯᠡᠭᠡᠨ᠎ᠤ ᠰᠢᠰᠲ᠋ᠧᠮ ᠨᠢᠭᠡᠨᠲᠡ ᠪᠦᠷᠢᠯᠳᠦᠪᠡ᠃

    ᠶᠢᠩᠽᠸ ᠵᠡᠭᠡᠯᠢ ᠭᠤᠳᠤᠮᠵᠢ ᠵᠢᠨ ᠦᠨᠳᠦᠰᠦᠨ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠥᠷᠲᠡᠭᠡ᠎ᠳᠤ ᠣᠷᠣᠬᠤ᠎ᠳᠤ᠂ ᠰᠠᠭᠤᠭ᠋ᠠᠯᠢ ᠠᠷᠠᠳ ᠸᠠᠩ ᠢᠦᠶ ᠮᠧᠶ ᠶᠠᠭ ᠤᠳᠠᠭ᠋ᠠᠨ ᠴᠢᠨᠠᠷᠲᠠᠶ ᠡᠪᠡᠳᠴᠢᠨ᠎ᠤ ᠵᠠᠷᠤᠳᠠᠯ᠎ᠢ ᠲᠠᠩᠰᠠ ᠲᠠᠶ᠋ᠢᠯᠬᠤ ᠭᠠᠷ ᠭᠦᠢ᠍ᠴᠡᠳᠭᠡᠯ ᠬᠢᠵᠦ ᠪᠠᠶ᠋ᠢᠨ᠎ᠠ᠂ 10 ᠮᠢᠨᠦ᠋ᠲ ᠪᠣᠯᠤᠯ ᠥᠬᠡᠶ᠎ᠪᠠᠷ ᠭᠦᠢ᠍ᠴᠡᠳᠭᠡᠵᠦ ᠳᠠᠭᠤᠰᠬᠠᠨ᠎ᠠ᠃ 《ᠥᠩᠭᠡᠷᠡᠭᠰᠡᠨ᠎ᠳᠤ ᠤᠳᠠᠭ᠋ᠠᠨ ᠴᠢᠨᠠᠷᠲᠠᠶ ᠡᠪᠡᠳᠴᠢᠨ᠎ᠤ ᠵᠠᠷᠤᠳᠠᠯ᠎ᠢ ᠲᠠᠩᠰᠠ ᠲᠠᠶ᠋ᠢᠯᠬᠤ᠎ᠳᠤ ᠴᠥᠮ ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠳᠤ ᠣᠴᠢᠵᠤ ᠮᠥᠷᠯᠡᠨ᠎ᠡ᠂ ᠬᠡᠷ᠎ᠠᠴᠠ᠎ᠪᠠᠨ ᠬᠣᠯᠠ ᠬᠥᠮᠦᠨ ᠣᠯᠠᠨ᠂ ᠣᠲᠣ ᠵᠡᠭᠡᠯᠢ ᠭᠤᠳᠤᠮᠵᠢ᠎ᠪᠠᠷ ᠴᠤ᠌ ᠰᠢᠢ᠍ᠳᠪᠦᠷᠢᠯᠡᠵᠦ ᠪᠣᠯᠤᠨ᠎ᠠ᠂ ᠪᠢᠳᠡ ᠪᠠᠰᠠ ᠬᠤᠷᠳᠤᠴᠠ᠎ᠲᠠᠢ ᠪᠥᠭᠡᠳ ᠳᠤᠯᠠᠭ᠋ᠠᠬᠠᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡ ᠭᠥᠷᠳᠡᠵᠦ ᠪᠠᠶ᠋ᠢᠨ᠎ᠠ》 ᠭᠡᠵᠤ ᠸᠠᠩ ᠢᠦᠢ ᠮᠧᠢ ᠬᠡᠯᠡᠪᠡ᠃ ᠦᠢ᠍ᠯᠡᠴᠢᠯᠡᠭᠡᠨ᠎ᠤ ᠥᠷᠲᠡᠭᠡ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠴᠣᠩᠬᠣ ᠭᠠᠷᠭ᠋ᠠᠭᠰᠠᠨ ᠪᠥᠭᠡᠳ ᠡᠮ ᠡᠮᠨᠡᠯᠭᠡ ᠵᠢᠨ ᠳᠠᠭ᠋ᠠᠳᠬᠠᠯ᠎ᠤᠨ ᠬᠣᠶᠠᠷ ᠲᠤᠰᠬᠠᠶ ᠠᠵᠢᠯᠲᠠᠨ ᠦᠢ᠍ᠯᠡᠴᠢᠯᠡᠭᠡ ᠬᠠᠩᠭ᠋ᠠᠭᠰᠠᠨ ᠪᠥᠭᠡᠳ ᠪᠠᠰᠠ ᠡᠮ ᠡᠮᠨᠡᠯᠭᠡ ᠵᠢᠨ ᠳᠠᠭ᠋ᠠᠳᠬᠠᠯ᠎ᠤᠨ ᠥᠪᠡᠰᠦᠪᠡᠨ ᠯᠠᠪᠯᠠᠬᠤ ᠮᠠᠰᠢᠨ ᠵᠡᠷᠭᠡ ᠵᠢ ᠲᠣᠬᠢᠷᠠᠭᠤᠯᠵᠤ᠂ ᠣᠯᠠᠨ ᠲᠦᠮᠡᠨ᠎ᠤ ᠲᠤᠬᠠᠶ᠋ᠢᠯᠠᠭᠰᠠᠨ ᠠᠵᠢᠯ ᠭᠦᠢ᠍ᠴᠡᠳᠭᠡᠬᠦ᠎ᠳᠤ ᠲᠥᠬᠥᠮ ᠦᠵᠡᠭᠦᠯᠪᠡ᠃

   ᠣᠳᠣᠬᠠᠨ᠎ᠳᠤ᠂ ᠪᠥᠬᠥ ᠬᠣᠰᠢᠭᠤᠨ᠎ᠤ ᠪᠣᠶ ᠪᠥᠬᠥᠶ ᠦᠨᠳᠦᠰᠦᠨ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠥᠷᠲᠡᠭᠡ᠂ ᠴᠡᠭ᠎ᠨᠢ ᠴᠥᠮ 《ᠴᠣᠩᠬᠣ᠎ᠲᠠᠢ᠂ ᠲᠤᠰᠬᠠᠶ ᠬᠥᠮᠦᠨ᠎ᠲᠠᠢ᠂ ᠲᠣᠨᠣᠭ ᠲᠥᠬᠥᠭᠡᠷᠦᠮᠵᠢ᠎ᠲᠠᠢ᠂ ᠠᠵᠢᠯ ᠶᠠᠪᠤᠳᠠᠯ ᠭᠦᠢ᠍ᠴᠡᠳᠭᠡᠵᠦ ᠳᠡᠶ᠋ᠢᠯᠬᠦ》 ᠬᠠᠷᠠᠯᠲᠠ ᠵᠢ ᠪᠡᠶᠡᠯᠡᠭᠦᠯᠪᠡ᠃ ᠵᠡᠭᠦᠨᠭ᠋ᠠᠷ ᠬᠣᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠥᠪ᠎ᠤᠨ ᠳᠡᠳ᠋ ᠡᠷᠬᠢᠯᠡᠭᠴᠢ ᠳ᠋ᠦᠩ ᠬᠣᠩ ᠲᠠᠨᠢᠯᠴᠠᠭᠤᠯᠬᠤ᠎ᠳᠠᠭᠠᠨ᠄ 《ᠴᠢᠳᠠᠪᠤᠷᠢᠲᠠᠨ᠎ᠤ ᠡᠩᠨᠡᠭᠡ ᠵᠢ ᠲᠡᠭᠦᠯᠳᠡᠷᠵᠢᠭᠦᠯᠬᠦ ᠵᠢᠨ ᠲᠥᠯᠥᠭᠡ᠂ ᠪᠥᠬᠥ ᠬᠣᠰᠢᠭᠤᠨ᠎ᠳᠤ 42 ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠢᠯᠡ᠎ᠪᠠᠷ ᠡᠯᠰᠡᠪᠡ᠃ ᠡᠭᠦᠨ᠎ᠤ ᠬᠠᠮᠲᠤ᠂ ᠪᠢᠳᠡ ᠭᠤᠷᠪᠠᠨ ᠱᠠᠲᠤᠨ᠎ᠤ ᠭᠠᠷᠲᠠᠨ ᠭᠦᠢ᠍ᠴᠡᠳᠭᠡᠬᠦ ᠠᠵᠢᠯ᠎ᠤᠨ ᠵᠢᠯᠣᠭᠣᠳᠬᠤ ᠰᠢᠰᠲ᠋ᠧᠮ᠎ᠢ ᠪᠠᠶ᠋ᠢᠭᠤᠯᠵᠤ᠂ ᠠᠵᠢᠯᠲᠠᠳ᠎ᠲᠤ ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ ᠵᠡᠷᠭᠡ ᠠᠷᠭ᠎ᠠ ᠬᠡᠯᠪᠡᠷᠢ᠎ᠪᠠᠷ ᠪᠣᠯᠪᠠᠰᠤᠷᠠᠯ ᠬᠢᠵᠦ᠂ 〈ᠲᠤᠬᠠᠶ᠋ᠢᠯᠠᠭᠰᠠᠨ ᠠᠵᠢᠯ᠎ᠳᠠᠭᠠᠨ ᠴᠠᠭ᠋ᠠᠷᠠᠭᠰᠠᠨ᠂ ᠦᠢ᠍ᠯᠡᠴᠢᠯᠡᠭᠡ᠎ᠨᠢ ᠰᠢᠯᠢᠳᠡᠭ〉 ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠡᠩᠨᠡᠭᠡ ᠵᠢ ᠬᠦᠴᠦᠯᠡᠨ ᠪᠠᠶ᠋ᠢᠭᠤᠯᠵᠤ᠂ ᠭᠦᠢ᠍ᠴᠡᠳᠭᠡᠬᠦ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ》᠃

  1 ᠳ᠋ᠦ᠍ᠭᠡᠷ ᠰᠠᠷ᠎ᠠ ᠵᠢᠨ 4᠎ᠤ ᠡᠳᠦᠷ᠂ ᠱ᠌ᠢ ᠡᠯ ᠯᠢᠶᠠᠨ ᠬᠤᠲᠠ ᠬᠦᠳᠡᠭᠡ ᠵᠢᠨ ᠡᠯ ᠳ᠋ᠤᠤ ᠭᠤᠸᠠᠶ ᠲᠣᠰᠬᠣᠨ᠎ᠳᠤ᠂ ᠬᠥᠳᠡᠭᠡ ᠲᠣᠰᠬᠣᠨ᠎ᠤ ᠡᠮᠴᠢ ᠯᠢᠦ ᠵᠧᠨ ᠴᠢᠤᠸᠠᠨ 《ᠲᠣᠰᠬᠣᠨ᠎ᠤ ᠡᠮᠴᠢ ᠵᠢ ᠨᠡᠪᠲᠡᠷᠡᠭᠦᠯᠬᠦ》 ᠣᠶᠤᠨᠴᠢ ᠦᠢ᠍ᠯᠡᠴᠢᠯᠡᠭᠡᠨ᠎ᠤ ᠦᠵᠦᠭᠦᠷ ᠲᠥᠬᠥᠭᠡᠷᠦᠮᠵᠢ ᠵᠢ ᠪᠡᠶ᠎ᠡ᠎ᠳᠡᠭᠡᠨ ᠠᠪᠴᠤ᠂ ᠠᠶ᠋ᠢᠯ ᠡᠷᠦᠬᠡ᠎ᠳᠤ ᠬᠦᠷᠴᠦ ᠬᠡᠷ᠎ᠲᠤᠨᠢ ᠬᠦᠷᠴᠦ ᠣᠨᠣᠰᠢᠯᠠᠨ ᠡᠮᠨᠡᠬᠦ ᠦᠢ᠍ᠯᠡᠴᠢᠯᠡᠭᠡ ᠬᠠᠩᠭ᠋ᠠᠬᠤ ᠴᠢᠬᠤᠯᠠᠲᠠᠶ ᠲᠣᠰᠬᠣᠨ᠎ᠤ ᠠᠷᠠᠳ᠎ᠤᠨ ᠦᠢ᠍ᠯᠡᠴᠢᠯᠡᠭᠡ ᠬᠠᠩᠭ᠋ᠠᠬᠤ ᠵᠢᠨ ᠬᠠᠮᠲᠤ ᠦᠵᠦᠭᠦᠷᠯᠢᠭ ᠵᠶ᠋ᠠᠷ ᠳᠠᠮᠵᠢᠭᠤᠯᠤᠨ ᠣᠨᠣᠰᠢᠯᠠᠨ ᠡᠮᠨᠡᠬᠦ ᠪᠠ ᠡᠮ᠎ᠤᠨ ᠵᠦᠢ᠍ᠯ᠎ᠤᠨ ᠵᠠᠷᠤᠳᠠᠯ᠎ᠢ ᠲᠡᠷᠡ ᠳᠠᠷᠤᠶ᠎ᠳᠤᠨᠢ ᠲᠠᠩᠰᠠ ᠳᠡᠶ᠋ᠢᠯᠵᠦ ᠥᠭᠪᠡ᠃ ᠲᠣᠰᠬᠣᠨ᠎ᠤ ᠠᠷᠠᠳ ᠵᠠᠩ ᠰᠠᠨ ᠪᠠᠩ᠎ᠤᠨ ᠭᠡᠷ᠎ᠲᠤ᠂ ᠯᠢᠦ ᠵᠧᠨ ᠴᠢᠤᠸᠠᠨ ᠵᠠᠩ ᠰᠠᠨ ᠪᠠᠩ ᠡᠷ᠎ᠡ ᠡᠮ᠎ᠡ ᠬᠣᠶᠠᠭᠤᠯᠠ᠎ᠳᠤ 6 ᠬᠠᠶ᠋ᠢᠷᠴᠠᠭ ᠴᠢᠰᠤᠨ ᠳᠠᠷᠤᠯᠲᠠ ᠵᠢ ᠪᠠᠭᠤᠷᠠᠭᠤᠯᠬᠤ ᠡᠮ ᠥᠭᠴᠦ᠂ ᠨᠡᠢ᠍ᠢ᠍ᠲᠡ 36 ᠲᠥᠭᠥᠷᠢᠭ᠂ 18 ᠲᠥᠭᠥᠷᠢᠭ᠎ᠤᠨ ᠳᠠᠩᠰᠠ       ᠲᠠᠶ᠋ᠢᠯᠤᠪᠠ᠃ ᠵᠠᠩ ᠰᠠᠨ ᠪᠠᠩ᠄ 《ᠥᠩᠭᠡᠷᠡᠭᠰᠡᠨ᠎ᠳᠤ ᠡᠪᠡᠳᠴᠢᠨ ᠦᠵᠡᠭᠦᠯᠬᠦ᠎ᠳᠤ ᠰᠢᠶᠠᠩ᠎ᠤᠨ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠳᠤ ᠣᠴᠢᠪᠠᠯ ᠰᠠᠶᠢ ᠲᠠᠩᠰᠠ ᠳᠡᠶ᠋ᠢᠯᠵᠦ ᠪᠣᠯᠤᠨ᠎ᠠ᠂ ᠣᠲᠣ 〈ᠲᠣᠰᠬᠣᠨ᠎ᠤ ᠡᠮᠴᠢ ᠵᠢᠨ ᠦᠢ᠍ᠯᠡᠴᠢᠯᠡᠭᠡ〉᠎ᠲᠠᠢ ᠪᠣᠯᠵᠣ᠂ ᠬᠡᠷ᠎ᠠᠴᠠ᠎ᠪᠠᠨ ᠭᠠᠷᠬᠤ ᠥᠬᠡᠶ᠎ᠪᠠᠷ ᠡᠪᠡᠳᠴᠢᠨ ᠵᠶ᠋ᠠᠨ ᠦᠵᠡᠭᠦᠯᠵᠦ ᠳᠡᠶ᠋ᠢᠯᠬᠦ ᠪᠣᠯᠤᠭᠰᠠᠨ ᠮᠥᠷᠲᠡᠭᠡᠨ ᠴᠠᠭ ᠲᠤᠬᠠᠶ᠎ᠳᠤᠨᠢ ᠲᠠᠩᠰᠠ ᠳᠡᠶ᠋ᠢᠯᠵᠦ ᠳᠡᠶ᠋ᠢᠯᠬᠦ ᠪᠣᠯᠵᠠᠶ》 ᠭᠡᠪᠡ᠃

   ᠶᠢᠩᠽᠸ ᠵᠡᠭᠡᠯᠢ ᠭᠤᠳᠤᠮᠵᠢ ᠵᠢᠨ ᠬᠤ᠌ ᠳ᠋ᠦᠩ ᠨᠡᠶ᠋ᠢᠭᠡᠮ ᠲᠣᠭᠣᠷᠢᠭ᠎ᠲᠤ᠂ ᠨᠡᠶ᠋ᠢᠭᠡᠮ ᠲᠣᠭᠣᠷᠢᠭ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠠᠵᠢᠯᠲᠠᠨ ᠯᠢ ᠰᠢᠶᠤᠤ ᠯᠢᠩ ᠬᠡᠷ᠎ᠲᠤᠨᠢ ᠬᠦᠷᠴᠦ ᠬᠥᠳᠡᠯᠵᠦ ᠪᠠᠷᠢᠬᠤ᠎ᠳᠤ ᠳᠥᠭᠥᠮ ᠦᠭᠡᠢ ᠨᠠᠰᠤᠲᠠᠨ᠎ᠳᠤ ᠡᠮ ᠡᠮᠨᠡᠯᠭᠡ ᠵᠢᠨ ᠳᠠᠭ᠋ᠠᠳᠬᠠᠯ ᠲᠤᠰᠢᠶᠠᠵᠤ᠂ ᠨᠠᠰᠤᠲᠠᠨ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ ᠵᠢ ᠠᠮᠢᠯᠠᠭᠤᠯᠵᠤ ᠥᠭᠪᠡ᠃ ᠯᠢ ᠰᠢᠶᠤᠤ ᠯᠢᠩ᠄ 《ᠪᠢᠳᠡ ᠰᠠᠨᠠᠭ᠋ᠠᠴᠢᠯᠠᠭ᠎ᠠ᠎ᠠᠴᠠ᠎ᠪᠠᠨ ᠬᠡᠷ᠎ᠲᠤᠨᠢ ᠬᠦᠷᠴᠦ ᠬᠥᠳᠡᠯᠵᠦ ᠪᠠᠷᠢᠬᠤ᠎ᠳᠤ ᠳᠥᠭᠥᠮ ᠦᠭᠡᠢ ᠨᠠᠰᠤᠲᠠᠨ᠂ ᠵᠡᠮᠳᠡᠭᠴᠦᠳ᠎ᠢ ᠬᠠᠪᠰᠤᠷᠤᠨ ᠭᠦᠢ᠍ᠴᠡᠳᠭᠡᠬᠦ ᠣᠷᠣᠯᠠᠨ ᠭᠦᠢ᠍ᠴᠡᠳᠭᠡᠬᠦ ᠦᠢ᠍ᠯᠡᠴᠢᠯᠡᠭᠡ ᠥᠷᠨᠢᠭᠦᠯᠵᠦ ᠪᠠᠶ᠋ᠢᠭ᠎ᠠ᠎ᠨᠢ ᠬᠥᠮᠦᠨ ᠪᠣᠯᠭ᠋ᠠᠨ ᠳᠠᠭ᠋ᠠᠳᠬᠠᠯ᠎ᠳᠤ ᠣᠷᠣᠯᠴᠠᠵᠤ᠂ ᠬᠥᠮᠦᠨ ᠪᠣᠯᠭ᠋ᠠᠨ ᠴᠠᠭ ᠲᠤᠬᠠᠶ᠎ᠳᠤᠨᠢ ᠡᠮ ᠡᠮᠨᠡᠯᠭᠡ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠭᠥᠷᠳᠡᠬᠦ ᠵᠢ ᠬᠦᠰᠡᠵᠦ ᠪᠠᠶ᠋ᠢᠨ᠎ᠠ》 ᠭᠡᠵᠡᠢ᠃

  《ᠵᠡᠭᠦᠨᠭ᠋ᠠᠷ ᠬᠣᠰᠢᠭᠤᠨ᠎ᠤ ᠪᠠᠶ᠋ᠢᠩᠭᠤ ᠰᠠᠭᠤᠭ᠎ᠠ ᠬᠥᠮᠦᠨ ᠠᠮᠠ 36 ᠲᠦᠮᠡ ᠰᠢᠬᠠᠮ ᠪᠠᠶ᠋ᠢᠵᠤ᠂ ᠡᠭᠦᠨ᠎ᠳᠤ 19 ᠲᠦᠮᠡ ᠰᠢᠬᠠᠮ ᠬᠥᠮᠦᠨ ᠡᠯ᠎ᠡ ᠰᠤᠮᠤ ᠰᠢᠶᠠᠩ ᠪᠠᠯᠭ᠋ᠠᠰᠤᠨ᠎ᠳᠤ ᠰᠠᠭᠤᠵᠤ᠂ ᠦᠨᠳᠦᠰᠦᠨ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡ ᠵᠢ ᠲᠡᠭᠦᠯᠳᠡᠷᠵᠢᠭᠦᠯᠬᠦ ᠡᠨᠡ ᠬᠦ᠌ ᠵᠠᠩᠭᠢᠯᠠᠭ᠎ᠠ ᠵᠢᠨ ᠭᠠᠷᠳᠠᠴᠠ᠎ᠪᠠᠷ ᠳᠠᠮᠵᠢᠭᠤᠯᠤᠨ᠂ ᠪᠣᠶ᠋ᠢᠳᠠ ᠪᠦᠭᠯᠡᠭᠦᠦ ᠣᠯᠠᠨ ᠲᠦᠮᠡᠨ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ 〈ᠳᠡᠷᠭᠡᠳᠡᠬᠢ ᠠᠵᠢᠯ〉᠎ᠢ ᠡᠳ᠋ᠯᠡᠭᠦᠯᠵᠦ᠂ ᠲᠡᠳᠡᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠎ᠢ ᠶᠡᠬᠡ᠎ᠪᠠᠷ ᠳᠡᠭᠡᠭᠰᠢᠯᠡᠭᠦᠯᠪᠡ᠃   ᠡᠭᠦᠨ᠎ᠤ ᠬᠠᠮᠲᠤ ᠦᠨᠳᠦᠰᠦᠨ ᠱᠠᠲᠤᠨ᠎ᠤ ᠥᠷᠲᠡᠭᠡ ᠴᠡᠭ᠎ᠲᠤ ᠲᠦᠰᠢᠭᠯᠡᠨ᠂ ᠡᠮ ᠡᠮᠨᠡᠯᠭᠡ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠴᠠᠭ ᠲᠤᠬᠠᠶ᠎ᠳᠤᠨᠢ ᠦᠨᠳᠦᠰᠦᠨ ᠱᠠᠲᠤᠨ᠎ᠤ ᠣᠯᠠᠨ ᠲᠦᠮᠡᠨ᠎ᠳᠤ ᠤᠯᠠᠮᠵᠢᠯᠠᠵᠤ᠂ ᠥᠷᠭᠡᠨ ᠣᠯᠠᠨ ᠲᠦᠮᠡᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮ ᠡᠮᠨᠡᠯᠭᠡ ᠵᠢᠨ ᠦᠨᠳᠦᠰᠦᠨ ᠳᠠᠭ᠋ᠠᠳᠬᠠᠯ᠎ᠢ ᠨᠡᠶ᠋ᠢᠳᠡᠮ ᠪᠥᠷᠬᠥᠭᠦᠯᠬᠦ ᠵᠢ ᠠᠬᠢᠭᠤᠯᠵᠤ ᠪᠣᠯᠤᠨ᠎ᠠ᠃ ᠨᠢᠳᠤᠨᠤᠨ ᠪᠦᠬᠦ ᠬᠣᠰᠢᠭᠤᠨ᠎ᠤ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ 95 %᠎ᠠᠴᠠ ᠳᠡᠭᠡᠭᠰᠢ ᠪᠤᠯᠵᠠᠢ》 ᠭᠡᠵᠦ ᠳ᠋ᠦᠩ ᠬᠣᠩ ᠲᠠᠨᠢᠯᠴᠠᠭᠤᠯᠤᠨ ᠬᠡᠯᠡᠪᠡ᠃

  2023 ᠣᠨ᠎ᠤ ᠡᠴᠦᠰ ᠪᠣᠯᠲᠠᠯ᠎ᠠ᠂ ᠵᠡᠭᠦᠨᠭ᠋ᠠᠷ ᠬᠣᠰᠢᠭᠤᠨ᠎ᠤ ᠦᠨᠳᠦᠰᠦᠨ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠥᠷᠲᠡᠭᠡ (ᠴᠡᠭ)᠎ᠨᠢ ᠳᠠᠭ᠋ᠠᠳᠬᠠᠯ᠎ᠳᠤ ᠣᠷᠣᠯᠴᠠᠭᠰᠠᠨ ᠳᠡᠩᠰᠡᠯᠡᠯᠲᠡ᠂ ᠳᠠᠭ᠋ᠠᠳᠬᠠᠯ᠎ᠳᠤ ᠣᠷᠣᠯᠴᠠᠭᠰᠠᠨ ᠳᠡᠩᠰᠡᠯᠡᠯᠲᠡ ᠵᠢᠨ ᠮᠡᠳᠡᠭᠡ ᠵᠠᠩᠭᠢ ᠵᠢ ᠬᠤᠪᠢᠷᠠᠭᠤᠯᠬᠤ᠂ ᠠᠰᠠᠭᠤᠨ ᠯᠠᠪᠯᠠᠬᠤ ᠲᠤᠬᠠᠶ᠋ᠢᠯᠠᠭᠰᠠᠨ ᠠᠵᠢᠯ ᠵᠡᠷᠭᠡ 4 ᠲᠦᠮᠡ ᠭᠠᠷᠤᠶ ᠵᠦᠢ᠍ᠯ᠎ᠢ ᠭᠦᠢ᠍ᠴᠡᠳᠭᠡᠵᠦ᠂ ᠪᠣᠶ ᠪᠥᠬᠥᠶ ᠡᠮ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠥᠷᠲᠡᠭᠡ (ᠴᠡᠭ)᠎ᠠᠴᠠ ᠬᠤᠷᠢᠶᠠᠬᠤ ᠲᠤᠬᠠᠶ᠋ᠢᠯᠠᠭᠰᠠᠨ ᠠᠵᠢᠯ᠂ ᠲᠤᠬᠠᠶ᠋ᠢᠯᠠᠭᠰᠠᠨ ᠠᠵᠢᠯ ᠭᠦᠢ᠍ᠴᠡᠳᠭᠡᠬᠦ 《ᠨᠢᠭᠡ ᠥᠷᠲᠡᠭᠡᠨ᠎ᠤ ᠮᠠᠶᠢᠭ》᠎ᠢ ᠪᠡᠶᠡᠯᠡᠭᠦᠯᠵᠦ᠂ ᠠᠷᠠᠳ᠎ᠲᠤ ᠲᠥᠬᠥᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠵᠢ ᠦᠨᠡᠨ ᠬᠦ᠌ ᠪᠣᠳᠠᠲᠠᠶ᠎ᠳᠤ ᠨᠠᠶ᠋ᠢᠳᠠᠪᠤᠷᠢᠵᠢᠭᠤᠯᠪᠠ᠃ (ᠾᠧ ᠷᠦᠨ)

 

ᠢᠷᠡᠯᠲᠡ᠄ ᠣᠷᠳᠣᠰ᠎ᠤᠨ ᠡᠮ ᠡᠮᠨᠡᠯᠭᠡ ᠵᠢᠨ ᠳᠠᠭ᠋ᠠᠳᠬᠠᠯ
          
ᠬᠠᠮᠢᠶ᠎ᠡ ᠪᠦᠬᠦᠢ ᠰᠣᠨᠢᠨ
ᠣᠲᠤᠭ ᠬᠤᠰᠢᠭᠤ᠄ ᠡᠮ ᠡᠮᠨᠡᠯᠭᠡ ᠵᠢᠨ ᠳᠠᠭ᠋ᠠᠳᠬᠠᠯ᠎ᠤᠨ ᠲᠤᠭ᠎ᠠ ᠪᠠᠷᠢᠮᠲᠠ ᠵᠢᠨ 《ᠨᠢᠭᠡ ᠳᠡᠯᠭᠡᠴᠡ᠎ᠪᠠᠷ ᠡᠵᠡᠮᠰᠢᠬᠦ》᠎ᠪᠠᠷ ᠮᠡᠳᠡᠭᠡ ᠵᠠᠩᠭᠢ ᠵᠢ ᠰᠠᠭ᠋ᠠᠳ ᠦᠭᠡᠢ ᠨᠡᠪᠲᠡᠷᠡᠭᠦᠯᠵᠦ ᠡᠷᠡᠭᠦᠯ ᠮᠡᠨᠳᠦ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠪᠡ
 
            