ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠣᠪᠴᠢᠶ᠎ᠠ᠎ᠡᠴᠡ ᠴᠢᠰᠤᠨ ᠰᠤᠳᠠᠯ᠂ ᠯᠢᠮᠪᠠ᠎ᠶ᠋ᠢᠨ ᠱᠢᠰᠲ᠋ᠧᠮ᠎ᠤᠨ ᠰᠡᠳᠦᠪ ᠲᠣᠭ᠍ᠲᠠᠭᠠᠬᠤ ᠵᠦᠭ᠌ᠯᠡᠭᠦᠷ᠎ᠢ ᠳᠠᠷᠤᠮᠠᠯᠯᠠᠨ ᠲᠠᠷᠬᠠᠭᠠᠪᠠ
ᠨᠡᠶ᠋ᠢᠲᠡᠯᠡᠭᠰᠡᠨ ᠴᠠᠭ᠄ 2025-11-03

  ᠴᠢᠰᠤᠨ ᠰᠤᠳᠠᠯ᠂ ᠯᠢᠮᠪᠠ᠎ᠶ᠋ᠢᠨ ᠱᠢᠰᠲ᠋ᠧᠮ᠎ᠨᠢ ᠬᠥᠮᠦᠨ᠎ᠤ ᠪᠡᠶ᠎ᠡ᠎ᠶ᠋ᠢᠨ ᠬᠡᠪ᠎ᠤᠨ ᠹᠢᠽᠢᠣᠯᠣᠭᠢ᠎ᠶ᠋ᠢᠨ ᠴᠢᠳᠠᠮᠵᠢ᠎ᠶ᠋ᠢ ᠪᠠᠲᠤᠯᠠᠬᠤ ᠴᠢᠬᠤᠯᠠ ᠠᠮᠢ ᠨᠠᠰᠤᠨ᠎ᠤ ᠡᠷᠭᠢᠯᠲᠡ᠎ᠶ᠋ᠢᠨ ᠱᠢᠰᠲ᠋ᠧᠮ ᠪᠣᠯᠤᠭ᠍ᠰᠠᠨ᠎ᠤ ᠬᠤᠪᠢ᠎ᠳᠤ᠂ ᠠᠮᠢᠳᠤᠷᠠᠯ᠎ᠤᠨ ᠠᠢᠵᠠᠮ ᠲᠦᠷᠭᠡᠳᠬᠦ᠂ ᠢᠳᠡᠭᠡᠨ ᠤᠮᠳᠠᠭᠠᠨ᠎ᠤ ᠪᠦᠲᠦᠴᠡ᠎ᠶ᠋ᠢᠨ ᠬᠤᠪᠢᠷᠠᠯᠲᠠ ᠵᠢᠴᠢ ᠬᠥᠮᠦᠨ ᠠᠮᠠ᠎ᠶ᠋ᠢᠨ ᠨᠠᠰᠤᠵᠢᠬᠤ ᠬᠤᠷᠴᠠᠳᠭᠤ᠎ᠶ᠋ᠢ ᠳᠠᠭᠠᠯᠳᠤᠨ᠂ ᠴᠢᠰᠤᠨ ᠰᠤᠳᠠᠯ᠎ᠤᠨ ᠱᠢᠰᠲ᠋ᠧᠮ᠎ᠤᠨ ᠡᠪᠡᠳᠴᠢᠨ ᠡᠮᠭᠡᠭ ᠨᠢᠭᠡᠨᠲᠡ ᠤᠯᠤᠰ ᠠᠷᠠᠳ᠎ᠤᠨ ᠡᠷᠡᠭᠦᠯ ᠮᠡᠨᠳᠦ᠍᠎ᠶ᠋ᠢᠨ ᠴᠢᠬᠤᠯᠠ ᠶᠡᠭᠡ ᠰᠦᠷᠳᠡᠭᠦᠯᠦᠯ ᠪᠣᠯᠤᠭ᠍ᠰᠠᠨ ᠪᠠᠢᠨ᠎ᠠ᠃ ᠣᠢᠷ᠎ᠠ᠎ᠳ᠋ᠤ ᠂ ᠤᠯᠤᠰ᠎ᠤ᠋ᠨ ᠡᠮᠴᠢᠯᠡᠭᠡᠨ᠎ᠦ ᠳᠠᠭᠠᠳᠭᠠᠯ᠎ᠤ᠋ᠨ ᠲᠣᠪᠴᠢᠶ᠎ᠠ《 ᠴᠢᠰᠤᠨ ᠰᠤᠳᠠᠯ᠂ ᠯᠢᠮᠪᠠ ᠰᠢᠰᠲᠸᠮ᠎ᠦ᠋ᠨ ᠡᠮ ᠡᠮᠨᠡᠯᠭᠡ᠎ᠶᠢᠨ ᠦᠢᠯᠡᠴᠢᠯᠡᠭᠡᠨ᠎ᠦ᠌ ᠦᠨ᠎ᠡ ᠬᠠᠩᠰᠢ᠎ᠶᠢᠨ ᠲᠥᠷᠥᠯ ᠵᠦᠢᠯ᠎ᠦ᠋ᠨ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ ( ᠲᠤᠷᠰᠢᠨ ᠬᠡᠷᠡᠭ᠌ᠵᠢᠭᠦᠯᠬᠦ᠌) 》 ᠎ᠢ᠋ ᠵᠢᠩᠬᠢᠨᠢ᠎ᠪᠡᠷ ᠳᠠᠷᠤᠮᠠᠯᠯᠠᠨ ᠲᠠᠷᠬᠠᠭᠠᠵᠤ᠂ ᠴᠢᠰᠤᠨ ᠰᠤᠳᠠᠯ᠎ᠤ᠋ᠨ ᠵᠥᠷᠢᠶ᠎ᠡ ᠪᠠ ᠠᠵᠢᠯᠯᠠᠭᠠᠨ᠎ᠤ᠋ ᠲᠦᠭ᠌ᠱᠢᠭᠦᠷᠢ᠎ᠶᠢ ᠭᠣᠣᠯᠳᠠᠯᠭ᠎ᠠ᠎ᠲᠠᠢ ᠠᠩᠬᠠᠷᠴᠤ᠌᠂ ᠤᠤᠯ᠎ᠤ᠋ᠨ ᠴᠢᠰᠤᠨ ᠰᠤᠳᠠᠯ᠂ ᠯᠢᠮᠪᠠ ᠰᠢᠰᠲᠸᠮ᠎ᠦ᠋ᠨ ᠦᠨ᠎ᠡ ᠬᠠᠩᠰᠢ᠎ᠶᠢᠨ ᠲᠥᠷᠥᠯ ᠵᠦᠢᠯ᠎ᠢ᠋ 116 ᠵᠦᠢᠯ ᠪᠣᠯᠭᠠᠨ ᠵᠢᠷᠤᠮᠵᠢᠭᠤᠯᠵᠤ᠂ ᠡᠭᠦᠨ᠎ᠡᠴᠡ ᠭᠠᠳᠠᠨ᠎ᠠ ᠨᠡᠮᠡᠵᠦ ᠬᠤᠷᠢᠶᠠᠭᠰᠠᠨ ᠵᠦᠢᠯ 9 ᠵᠦᠢᠯ᠂ ᠥᠷᠭᠡᠳᠬᠡᠭᠰᠡᠨ ᠵᠦᠢᠯ 1 ᠵᠦᠢᠯ ᠪᠤᠶ ᠃ 

  ᠴᠢᠰᠤᠨ ᠰᠤᠳᠠᠯ᠎ᠤᠨ ᠵᠦᠷᠢᠶ᠎ᠡ᠎ᠶ᠋ᠢ ᠦᠨᠳᠦᠰᠦᠯᠡᠨ᠂ ᠲᠦᠷᠦᠯ ᠬᠤᠪᠢᠶᠠᠨ ᠦᠨ᠎ᠡ ᠬᠠᠩᠰᠢ᠎ᠶ᠋ᠢᠨ ᠲᠦᠷᠦᠯ ᠵᠦᠢᠯ ᠭᠠᠷᠭᠠᠨ᠎ᠠ

  ᠴᠢᠰᠤᠨ ᠰᠤᠳᠠᠯ᠎ᠤᠨ ᠱᠢᠰᠲ᠋ᠧᠮ᠎ᠤᠨ ᠵᠠᠳᠠᠯᠤᠯᠳᠠ ᠪᠣᠳᠣᠯᠢᠶᠠᠨᠳᠠᠢ᠂ ᠠᠳᠠᠯᠢ ᠨᠢᠭᠡᠨ ᠠᠵᠢᠯᠯᠠᠭᠠᠨ᠎ᠤ ᠳᠤᠮᠳᠠ᠂ ᠵᠠᠳᠠᠯᠤᠯᠳᠠ᠎ᠶ᠋ᠢᠨ ᠣᠷᠣᠨ ᠪᠠᠢᠷᠢ᠂ ᠬᠤᠭᠤᠯᠠᠢ᠎ᠶ᠋ᠢᠨ ᠪᠦᠳᠦᠭᠦᠨ ᠨᠠᠷᠢᠨ᠂ ᠬᠤᠭᠤᠯᠠᠢ᠎ᠶ᠋ᠢᠨ ᠵᠤᠵᠠᠭᠠᠨ ᠵᠡᠷᠭᠡ ᠡᠯᠧᠮᠧᠨ᠋ᠲ᠎ᠤᠨ ᠨᠥᠯᠥᠭᠡ᠎ᠠᠴᠠ ᠪᠤᠯᠵᠤ᠂ ᠠᠳᠠᠯᠢ ᠪᠤᠰᠤ ᠴᠢᠰᠤᠨ ᠰᠤᠳᠠᠯ᠎ᠤᠨ ᠠᠵᠢᠯᠯᠠᠭ᠎ᠠ᠎ᠶ᠋ᠢᠨ ᠬᠦᠴᠢᠷᠳᠡᠯ᠎ᠳᠤ ᠢᠯᠡᠳᠲᠡ ᠵᠥᠷᠢᠶ᠎ᠡ ᠣᠷᠣᠱᠢᠵᠤ ᠪᠠᠢᠨ᠎ᠠ᠃ ᠡᠯ᠎ᠡ ᠭᠠᠵᠠᠷ᠎ᠤᠨ ᠤᠤᠯ᠎ᠤᠨ ᠲᠥᠷᠥᠯ ᠵᠦᠢᠯ ᠲᠣᠭ᠍ᠲᠠᠭᠠᠬᠤ ᠯᠣᠭᠢᠭ᠎ᠨᠢ ᠦᠨ᠎ᠡ ᠬᠠᠩᠰᠢ᠎ᠶ᠋ᠢᠨ ᠲᠥᠷᠥᠯ ᠵᠦᠢᠯ᠎ᠢ ᠡᠮᠬᠢᠯᠡᠨ ᠵᠢᠷᠤᠮᠵᠢᠭᠤᠯᠬᠤ᠎ᠶ᠋ᠢᠨ ᠬᠠᠮᠲᠤ᠌᠂ ᠮᠡᠷᠭᠡᠵᠢᠯ᠎ᠤᠨ ᠵᠥᠷᠢᠶ᠎ᠡ᠎ᠶ᠋ᠢ ᠢᠯᠡᠷᠡᠭᠦᠯᠵᠦ᠍᠂ ᠯᠤᠭ᠍ᠰᠢᠭᠤᠨ ᠰᠤᠳᠠᠯ᠎ᠤᠨ ᠲᠤᠯᠭᠠᠭᠤᠷᠢ᠎ᠶ᠋ᠢ ᠲᠣᠬᠢᠷᠠᠭᠤᠯᠬᠤ᠎ᠪᠠᠷ ᠵᠢᠱ᠌ᠢᠶ᠎ᠡ ᠪᠣᠯᠭᠠᠵᠤ᠂ ᠬᠡᠰᠡᠭ ᠭᠠᠵᠠᠷ ᠣᠷᠣᠨ᠎ᠳᠤ ᠠᠳᠠᠯᠢ ᠪᠤᠰᠤ ᠯᠤᠭᠰᠢᠭᠤᠨ ᠰᠤᠳᠠᠯ᠎ᠢ ᠢᠯᠭᠠᠬᠤ ᠦᠭᠡᠢ᠂ 《 ᠠᠷᠠᠰᠤᠨ᠎ᠤ ᠯᠤᠭᠰᠢᠭᠤᠨ ᠰᠤᠳᠠᠯ᠎ᠤᠨ ᠲᠤᠯᠬᠤ ᠵᠢᠶᠠᠰᠠ᠎ᠶᠢ ᠲᠠᠯᠪᠢᠬᠤ ᠵᠠᠰᠠᠯ》᠎ᠢ ᠨᠢᠭᠡᠳᠦᠯᠲᠡᠢ᠎ᠪᠡᠷ ᠲᠣᠬᠢᠷᠠᠭᠤᠯᠤᠨ᠎ᠠ᠂ ᠠᠳᠠᠯᠢ ᠪᠤᠰᠤ ᠬᠡᠰᠡᠭ ᠴᠢᠰᠤᠨ ᠰᠤᠳᠠᠯ᠎ᠤᠨ ᠬᠦᠴᠢᠷ᠎ᠤᠨ ᠵᠥᠷᠢᠶ᠎ᠡ᠎ᠶ᠋ᠢ ᠢᠯᠡᠷᠡᠭᠦᠯᠬᠦ᠌᠎ᠳᠤ ᠪᠡᠷᠬᠡ ᠪᠥᠭᠡᠳ ᠪᠠᠰᠠ ᠡᠮᠴᠢᠯᠡᠭᠡᠨ᠎ᠤ ᠱᠢᠨᠵᠢ ᠲᠡᠮᠳᠡᠭ᠎ᠢ ᠢᠯᠡᠷᠡᠭᠦᠯᠬᠦ᠌᠎ᠳᠤ ᠪᠡᠷᠬᠡ ᠪᠠᠢᠨ᠎ᠠ; ᠬᠡᠰᠡᠭ ᠭᠠᠵᠠᠷ ᠣᠷᠣᠨ᠎ᠳᠤ ᠠᠭᠤᠰᠭᠢᠨ ᠯᠤᠭ᠍ᠰᠢᠭᠤᠨ ᠰᠤᠳᠠᠯ᠂ ᠨᠡᠷ᠎ᠡ ᠥᠬᠡᠶ ᠠᠷᠲ᠋ᠧᠷᠢ᠎ᠶ᠋ᠢᠨ ᠰᠤᠳᠠᠯ᠂ ᠬᠦᠵᠦᠭᠦᠨ᠎ᠤ ᠭᠠᠳᠠᠷ ᠠᠷᠲ᠋ᠧᠷᠢ᠎ᠶ᠋ᠢᠨ ᠰᠤᠳᠠᠯ᠂ ᠬᠦᠵᠦᠭᠦᠨ᠎ᠤ ᠳᠣᠲᠣᠭᠠᠳᠤ ᠠᠷᠲ᠋ᠧᠷᠢ᠎ᠶ᠋ᠢᠨ ᠰᠤᠳᠠᠯ᠂ ᠡᠭᠡᠮ᠎ᠦᠨ ᠳᠣᠣᠷᠠᠳᠤ ᠯᠤᠭᠰᠢᠭᠤᠨ ᠰᠤᠳᠠᠯ᠂ ᠰᠡᠭᠡᠷ᠎ᠦᠨ ᠯᠤᠭᠰᠢᠭᠤᠨ ᠰᠤᠳᠠᠯ ᠵᠡᠷᠭᠡ ᠬᠡᠰᠡᠭ᠎ᠦᠨ ᠲᠤᠯᠬᠤ ᠵᠢᠶᠠᠰᠠ᠎ᠶᠢ ᠣᠷᠣᠭᠤᠯᠤᠨ᠎ᠠ᠂ ᠭᠡᠪᠡᠴᠦ ᠡᠭᠦᠨ᠎ᠦ ᠵᠡᠷᠭᠡᠴᠡᠭᠡᠪᠡᠷ ᠲᠣᠭᠠᠴᠢᠨ ᠳᠤᠷᠠᠳᠬᠤ᠎ᠳᠤ ᠪᠡᠷᠬᠡᠲᠡᠢ᠂ ᠬᠢᠯᠪᠠᠷᠬᠠᠨ᠎ᠢᠶᠠᠷ ᠣᠷᠬᠢᠭ᠍ᠳᠠᠭᠤᠯᠬᠤ ᠠᠰᠠᠭᠤᠳᠠᠯ ᠣᠷᠣᠰᠢᠵᠤ ᠪᠠᠢᠨ᠎ᠠ᠃ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ᠎ᠢ ᠲᠣᠮᠣ ᠯᠤᠭ᠍ᠰᠢᠭᠤᠨ ᠰᠤᠳᠠᠯ᠂ ᠲᠣᠯᠣᠭᠠᠶ᠎ᠶ᠋ᠢᠨ ᠨᠢᠷᠤᠭᠤᠨ᠎ᠤ ᠯᠤᠭ᠍ᠰᠢᠭᠤᠨ ᠰᠤᠳᠠᠯ᠂ ᠮᠥᠴᠢ᠎ᠶ᠋ᠢᠨ ᠯᠤᠭ᠍ᠰᠢᠭᠤᠨ ᠰᠤᠳᠠᠯ᠂ ᠳᠣᠲᠣᠷ ᠡᠷᠬᠡᠲᠡᠨ᠎ᠦ ᠯᠤᠭ᠍ᠰᠢᠭᠤᠨ ᠰᠤᠳᠠᠯ ᠭᠡᠵᠦ᠍ ᠲᠤᠰ ᠲᠤᠰ ᠲᠣᠬᠢᠷᠠᠯᠴᠠᠭ᠍ᠰᠠᠨ ᠵᠠᠷᠤᠳᠠᠯ᠎ᠤᠨ ᠦᠨ᠎ᠡ ᠬᠠᠩᠰᠢ᠎ᠶ᠋ᠢᠨ ᠲᠥᠷᠥᠯ ᠵᠦᠢᠯ ᠪᠠᠢᠭᠤᠯᠵᠤ᠂ ᠦᠨ᠎ᠡ ᠬᠠᠩᠰᠢ᠎ᠶ᠋ᠢᠨ ᠲᠥᠷᠥᠯ ᠵᠦᠢᠯ᠎ᠦᠨ ᠵᠣᠬᠢᠴᠠᠮᠠᠯ ᠴᠢᠨᠠᠷ ᠎ᠢ ᠳᠡᠭᠡᠭ᠌ᠰᠢᠯᠡᠭᠦᠯᠬᠦ᠌᠎ᠳᠦ ᠠᠱᠢᠭ᠍ᠲᠠᠶ᠂ ᠴᠢᠰᠤᠨ ᠰᠤᠳᠠᠯ᠎ᠤᠨ ᠠᠳᠠᠯᠢ ᠪᠤᠰᠤ ᠵᠥᠷᠢᠶ᠎ᠡ᠎ᠶ᠋ᠢ ᠬᠠᠷᠠᠭᠤᠯᠤᠨ᠎ᠠ ᠃

  ᠡᠮᠴᠢᠯᠡᠭᠡᠨ᠎ᠦ ᠪᠣᠳᠠᠲᠤ ᠪᠠᠢᠳᠠᠯ᠎ᠢᠶᠠᠷ ᠤᠳᠤᠷᠢᠳᠤᠮᠵᠢ ᠪᠣᠯᠭᠠᠵᠤ ᠦᠨ᠎ᠡ ᠬᠠᠩᠰᠢ ᠶ᠋ᠢ ᠳᠡᠰ ᠬᠤᠪᠢᠶᠠᠨ᠎ᠠ 

  ᠴᠢᠰᠤᠨ ᠰᠤᠳᠠᠯ᠂ ᠯᠢᠮᠪᠠ᠎ᠶ᠋ᠢᠨ ᠱᠢᠰᠲ᠋ᠧᠮ᠎ᠦᠨ ᠰᠡᠳᠦᠪ ᠲᠣᠭ᠍ᠲᠠᠭᠠᠬᠤ ᠵᠦᠭ᠌ᠯᠡᠭᠦᠷ ᠨᠢ ᠡᠮᠴᠢᠯᠡᠭᠡᠨ᠎ᠦ ᠪᠣᠳᠠᠲᠤ ᠪᠠᠢᠳᠠᠯ᠎ᠢ ᠭᠦᠢᠴᠡᠳ ᠬᠦᠨᠳᠦᠳᠭᠡᠵᠦ᠍᠂ ᠡᠩ᠎ᠦᠨ ᠪᠠᠢᠳᠠᠯ ᠪᠣᠯᠤᠨ ᠪᠤᠳᠤᠯᠢᠶᠠᠨᠲᠠᠶ ᠪᠠᠢᠳᠠᠯ᠎ᠢ ᠢᠯᠭᠠᠬᠤ᠂ ᠨᠡᠮᠡᠯᠲᠡ ᠵᠦᠢᠯ᠎ᠢ ᠪᠠᠢᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠮᠡᠰᠡ ᠵᠠᠰᠠᠯ᠎ᠤᠨ ᠮᠡᠷᠭᠡᠵᠢᠯ᠎ᠦᠨ ᠬᠦᠴᠢᠷᠳᠡᠯ᠎ᠦᠨ ᠵᠥᠷᠢᠶ᠎ᠡ᠎ᠶ᠋ᠢ ᠢᠯᠡᠷᠡᠭᠦᠯᠬᠦ᠌ ᠬᠡᠷᠡᠭ᠌ᠲᠡᠶ᠃ ᠵᠢᠱ᠌ᠢᠶᠡᠯᠡᠪᠡᠯ᠂ ᠯᠤᠭ᠍ᠱᠢᠭᠤᠨ ᠰᠤᠳᠠᠯ᠎ᠤ᠋ᠨ ᠪᠡᠲᠡᠭᠢ᠎ᠶᠢ ᠣᠭ᠍ᠲᠣᠯᠵᠤ ᠠᠪᠴᠤ᠌ ᠳᠠᠬᠢᠨ ᠪᠠᠢᠭᠤᠯᠬᠤ ᠳᠤᠮᠳᠠ᠂ ᠠᠳᠠᠯᠢ ᠪᠤᠰᠤ ᠡᠪᠡᠳᠴᠢᠲᠡᠨ᠎ᠦ᠌ ᠡᠪᠡᠳᠴᠢᠨ᠎ᠦ᠌ ᠪᠠᠢᠳᠠᠯ᠎ᠤ᠋ᠨ ᠵᠥᠷᠢᠶ᠎ᠡ ᠨᠢ ᠨᠡᠯᠢᠶᠡᠳ ᠶᠡᠬᠡ᠂ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ᠎ᠲᠦ᠍ ᠡᠩ ᠲᠡᠷᠢᠭᠦᠨ᠎ᠳ᠋ᠦ᠍ ᠡᠩ᠎ᠦ᠋ᠨ ᠪᠠ ᠪᠤᠳᠤᠯᠢᠶᠠᠨᠲᠠᠢ ᠪᠠᠢᠳᠠᠯ᠎ᠢ᠋ ᠢᠯᠭᠠᠵᠤ᠂ ᠪᠤᠰᠤᠳ ᠯᠤᠭ᠍ᠱᠢᠭᠤᠨ ᠰᠤᠳᠠᠯ᠂ ᠬᠠᠯᠳᠠᠪᠤᠷᠢᠯᠠᠯ ᠵᠢᠴᠢ ᠬᠠᠭᠤᠷᠮᠠᠭ ᠯᠤᠭ᠍ᠱᠢᠭᠤᠨ ᠰᠤᠳᠠᠯ᠎ᠤ᠋ᠨ ᠪᠡᠲᠡᠭᠢ ᠵᠡᠷᠭᠡ᠎ᠶᠢ ᠪᠤᠳᠤᠯᠢᠶᠠᠨᠲᠠᠢ ᠪᠠᠢᠳᠠᠯ ᠪᠣᠯᠭᠠᠵᠤ᠂ ᠵᠦᠷᠢᠶᠡᠴᠢᠯᠡᠭ᠌ᠰᠡᠨ ᠦᠨ᠎ᠡ ᠬᠠᠩᠰᠢ᠎ᠶᠢ ᠪᠡᠶᠡᠯᠡᠭᠦᠯᠦᠨ᠎ᠡ᠃ ᠡᠭᠦᠨ᠎ᠤ ᠬᠠᠮᠲᠤ᠌᠂ ᠬᠠᠭᠠᠷᠠᠭ᠍ᠰᠠᠨ ᠯᠤᠭ᠍ᠰᠢᠭᠤᠨ ᠰᠤᠳᠠᠯ᠎ᠤᠨ ᠬᠠᠪᠤᠳᠠᠷ᠎ᠤᠨ ᠭᠠᠳᠠᠷ ᠡᠮᠨᠡᠯᠭᠡ᠎ᠶ᠋ᠢᠨ ᠮᠡᠰᠡ ᠵᠠᠰᠠᠯ᠎ᠤᠨ ᠬᠦᠴᠢᠷᠳᠡᠯ ᠶᠡᠭᠡ᠂ ᠲᠦᠭ᠌ᠰᠢᠭᠦᠷᠢ ᠶᠡᠭᠡ ᠪᠠᠢᠬᠤ᠎ᠶ᠋ᠢ ᠪᠣᠳᠣᠯᠬᠢᠯᠠᠵᠤ᠂ ᠲᠦᠷᠦᠯ ᠵᠦᠢᠯ ᠲᠣᠭ᠍ᠲᠠᠭᠠᠬᠤ ᠵᠦᠭ᠌ᠯᠡᠭᠦᠷ᠎ᠨᠢ ᠬᠠᠭᠠᠷᠠᠭ᠍ᠰᠠᠨ ᠯᠤᠭ᠍ᠰᠢᠭᠤᠨ ᠰᠤᠳᠠᠯ᠎ᠤᠨ ᠬᠠᠪᠤᠳᠠᠷ᠎ᠢ ᠪᠤᠳᠤᠯᠢᠶᠠᠨᠲᠠᠢ ᠪᠠᠢᠳᠠᠯ ᠪᠣᠯᠭᠠᠨ ᠨᠡᠮᠡᠵᠦ᠍ ᠬᠤᠷᠢᠶᠠᠬᠤ ᠵᠦᠢᠯ ᠪᠣᠯᠭᠠᠵᠤ᠂ ᠮᠡᠷᠭᠡᠵᠢᠯ᠎ᠤᠨ ᠬᠦᠴᠢᠷᠳᠡᠯ ᠪᠠ ᠬᠥᠳᠡᠯᠮᠦᠷᠢ ᠬᠦᠴᠦ᠍ ᠎ᠶᠢ ᠤᠯᠠᠮ ᠨᠢᠭᠡ ᠠᠯᠬᠤᠮ ᠢᠯᠡᠷᠡᠭᠦᠯᠵᠦ᠍᠂ ᠴᠢᠨᠠᠷ ᠰᠠᠢᠲᠠᠢ ᠡᠮᠴᠢᠯᠡᠭᠡᠨ᠎ᠤ ᠡᠬᠢ ᠪᠠᠶᠠᠯᠢᠭ᠎ᠢ ᠬᠥᠲᠥᠯᠥᠨ ᠵᠢᠯᠤᠭᠤᠳᠴᠤ᠌ ᠪᠠᠢᠭᠠᠳ ᠪᠤᠳᠤᠯᠢᠶᠠᠨᠲᠠᠢ ᠡᠪᠡᠳᠴᠢᠨ ᠡᠮᠭᠡᠭ᠎ᠢ ᠣᠨᠣᠱᠢᠯᠠᠨ ᠡᠮᠨᠡᠬᠦ᠌᠎ᠳᠤ ᠲᠥᠪᠯᠡᠷᠡᠭᠦᠯᠦᠨ᠎ᠡ᠃

  ᠱᠢᠨ᠎ᠡ ᠦᠢᠯᠡᠳᠬᠦᠨ ᠱᠢᠨ᠎ᠡ ᠮᠡᠷᠭᠡᠵᠢᠯ᠎ᠦᠨ ᠡᠮᠴᠢᠯᠡᠭᠡ᠎ᠶ᠋ᠢᠨ ᠬᠡᠷᠡᠭ᠌ᠯᠡᠯᠲᠡ᠎ᠶ᠋ᠢ ᠳᠡᠮᠵᠢᠨ᠎ᠡ

  ᠴᠢᠰᠤᠨ ᠰᠤᠳᠠᠯ᠎ᠤᠨ ᠮᠡᠰᠡ ᠵᠠᠰᠠᠯ᠎ᠤᠨ ᠠᠶᠤᠯ ᠲᠦᠭᠰᠢᠭᠦᠷᠢ ᠨᠢ ᠴᠢᠰᠤᠨ ᠰᠢᠭᠢᠳᠦᠭᠡᠰᠦ ᠪᠤᠶᠤ ᠲᠣᠯᠪᠣ᠎ᠶᠢᠨ ᠬᠡᠮᠬᠡᠳᠡᠭ ᠬᠣᠪᠬᠣᠷᠠᠨ ᠤᠨᠠᠬᠤ᠎ᠳᠤ ᠲᠥᠪᠯᠡᠷᠡᠳᠡᠭ᠂ ᠡᠳᠡᠭᠡᠷ ᠬᠣᠪᠬᠣᠷᠠᠨ ᠤᠨᠠᠭᠰᠠᠨ ᠪᠣᠳᠠᠰ ᠨᠢ ᠴᠢᠰᠤᠨ ᠤᠷᠤᠰᠬᠠᠯ᠎ᠢ ᠳᠠᠭᠠᠯᠳᠤᠨ ᠠᠯᠤᠰ ᠦᠵᠦᠭᠦᠷ᠎ᠦᠨ ᠴᠢᠰᠤᠨ ᠰᠤᠳᠠᠯ᠎ᠢ ᠪᠥᠭᠯᠡᠬᠦ᠎ᠶᠢᠨ ᠤᠯᠠᠮ᠎ᠠᠴᠠ ᠵᠢᠷᠦᠬᠡᠨ ᠪᠤᠯᠴᠢᠩ ᠪᠢᠲᠡᠭᠦᠷᠡᠨ ᠦᠬᠦᠵᠢᠬᠦ᠂ ᠲᠠᠷᠢᠬᠢ ᠪᠢᠲᠡᠭᠦᠷᠡᠨ ᠦᠬᠦᠵᠢᠬᠦ ᠵᠡᠷᠭᠡ ᠠᠯᠢ ᠣᠯᠠᠨ ᠬᠦᠨᠳᠦ ᠨᠣᠴᠢᠲᠠᠢ ᠳᠠᠪᠬᠤᠴᠠᠭᠰᠠᠨ ᠡᠪᠡᠳᠴᠢᠨ᠎ᠢ ᠡᠭᠦᠰᠬᠡᠵᠦ ᠮᠡᠳᠡᠨ᠎ᠡ᠃ ᠡᠨᠡ ᠲᠥᠷᠥᠯ᠎ᠦ᠋ᠨ ᠮᠡᠰᠡ ᠵᠠᠰᠠᠯ᠎ᠤ᠋ᠨ ᠠᠶᠤᠯ ᠲᠦᠭ᠌ᠱᠢᠭᠦᠷᠢ᠎ᠶᠢ ᠰᠡᠷᠭᠡᠢᠯᠡᠬᠦ᠌᠎ᠶᠢᠨ ᠲᠥᠯᠥᠭᠡ᠂ ᠴᠢᠰᠤᠨ ᠰᠤᠳᠠᠯ᠎ᠤᠨ ᠬᠠᠮᠠᠭᠠᠯᠠᠯᠲᠠ᠎ᠶᠢᠨ ᠲᠥᠬᠦᠭᠡᠷᠦᠮᠵᠢ ᠡᠨᠡ ᠬᠦ᠌ ᠲᠣᠬᠢᠶᠠᠯᠳᠤᠯ᠎ᠢᠶᠠᠷ ᠪᠣᠢ ᠪᠣᠯᠵᠠᠢ᠂ ᠲᠥᠬᠥᠮ᠎ᠢᠶᠡᠷ ᠬᠡᠯᠡᠪᠡᠯ᠂ ᠴᠢᠰᠤᠨ ᠰᠤᠳᠠᠯ᠎ᠤᠨ ᠬᠠᠮᠠᠭᠠᠯᠠᠯᠲᠠ᠎ᠶᠢᠨ ᠲᠥᠬᠦᠭᠡᠷᠦᠮᠵᠢ ᠨᠢ ᠴᠢᠰᠤᠨ ᠤᠷᠤᠰᠬᠠᠯ᠎ᠤᠨ ᠳᠣᠣᠷᠠᠳᠤ ᠤᠷᠤᠰᠬᠠᠯ᠎ᠳᠤ ᠨᠢᠭᠡᠨ ᠵᠢᠵᠢᠭ ᠱᠦᠭᠦᠬᠦ ᠲᠣᠣᠷ ᠲᠠᠯᠪᠢᠵᠤ᠂ ᠮᠡᠰᠡ ᠵᠠᠰᠠᠯ᠎ᠤᠨ ᠳᠤᠮᠳᠠ ᠤᠨᠠᠭᠰᠠᠨ ᠠᠶᠤᠯᠲᠠᠢ ᠬᠡᠮᠬᠡᠳᠡᠭ᠎ᠢ ᠬᠠᠰᠢᠵᠤ ᠪᠠᠷᠢᠬᠤ᠎ᠲᠠᠢ ᠠᠳᠠᠯᠢᠪᠲᠤᠷ ᠪᠠᠢᠳᠠᠭ᠃ ᠰᠤᠳᠤᠯᠭᠠᠨ᠎ᠳᠤ ᠢᠯᠡᠷᠡᠭᠦᠯᠦᠭᠰᠡᠨ᠎ᠢᠶᠡᠷ᠂ ᠴᠢᠰᠤᠨ ᠰᠤᠳᠠᠯ᠎ᠤᠨ ᠬᠠᠮᠠᠭᠠᠯᠠᠯᠲᠠ᠎ᠶᠢᠨ ᠲᠥᠬᠦᠭᠡᠷᠦᠮᠵᠢ ᠨᠢ 70 - 80% ᠵᠢᠨ ᠬᠣᠭᠵᠢᠷᠠᠭᠰᠠᠨ ᠪᠣᠳᠠᠰ᠎ᠢ ᠪᠠᠷᠢᠵᠤ ᠳᠡᠢᠯᠳᠡᠭ ᠪᠣᠯᠬᠣᠷ ᠴᠢᠰᠤᠨ ᠰᠤᠳᠠᠯ᠎ᠤᠨ ᠲᠦᠭᠵᠢᠷᠡᠯ᠎ᠦᠨ ᠡᠭᠦᠰᠬᠦ ᠨᠣᠷᠮ᠎ᠠ᠎ᠶᠢ ᠪᠦᠲᠦᠮᠵᠢᠲᠡᠶ ᠪᠠᠭᠤᠷᠠᠭᠤᠯᠤᠭᠰᠠᠨ ᠪᠠᠢᠨ᠎ᠠ᠃ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ᠎ᠨᠢ ᠴᠢᠰᠤᠨ ᠰᠤᠳᠠᠯ᠎ᠢ ᠬᠠᠮᠠᠭᠠᠯᠠᠬᠤ ᠲᠣᠨᠣᠭ᠍ᠯᠠᠯ᠎ᠢ ᠣᠷᠣᠭᠤᠯᠬᠤ ᠪᠠ ᠭᠠᠷᠭᠠᠨ ᠠᠪᠴᠤ᠌ ᠲᠤᠰᠠᠭᠠᠷ ᠰᠡᠳᠦᠪ ᠲᠣᠭ᠍ᠲᠠᠭᠠᠵᠤ᠂ ᠡᠮᠴᠢᠯᠡᠭᠡᠨ᠎ᠤ ᠪᠠᠢᠭᠤᠯᠤᠮᠵᠢ᠎ᠶ᠋ᠢᠨ ᠮᠡᠷᠭᠡᠵᠢᠯ᠎ᠳᠤ ᠴᠢᠰᠤᠨ ᠰᠤᠳᠠᠯ᠎ᠢ ᠬᠠᠮᠠᠭᠠᠯᠠᠬᠤ ᠦᠢᠯᠡᠴᠢᠯᠡᠭᠡ ᠬᠠᠩᠭᠠᠬᠤ ᠦᠶ᠎ᠡ᠎ᠳᠤ᠂ ᠲᠣᠭᠲᠠᠭᠠᠯ ᠶᠣᠰᠣᠭᠠᠷ ᠰᠦᠢᠳᠬᠡᠯ ᠬᠤᠷᠢᠶᠠᠵᠤ ᠪᠣᠯᠣᠨ᠎ᠠ᠂ ᠡᠭᠦᠨ᠎ᠦ ᠬᠠᠮᠲᠤ ᠦᠨ᠎ᠡ ᠬᠠᠩᠰᠢ᠎ᠶᠢᠨ ᠲᠥᠷᠥᠯ ᠵᠦᠢᠯ᠎ᠢ ᠱᠦᠭᠦᠬᠦ ᠲᠣᠣᠷ᠂ ᠱᠦᠭᠦᠭᠦᠷ ᠵᠡᠷᠭᠡ ᠪᠣᠳᠠᠲᠠᠢ ᠬᠠᠮᠠᠭᠠᠯᠠᠯᠲᠠ᠎ᠶᠢᠨ ᠲᠥᠬᠦᠭᠡᠷᠦᠮᠵᠢ᠎ᠶᠢᠨ ᠲᠥᠷᠥᠯ ᠵᠦᠢᠯ᠎ᠲᠠᠢ ᠬᠣᠯᠪᠣᠬᠤ ᠦᠭᠡᠢ᠂ ᠠᠵᠤ ᠠᠬᠤᠢᠯᠠᠯ᠎ᠢ ᠬᠥᠲᠥᠯᠥᠨ ᠵᠢᠯᠣᠭᠤᠳᠴᠤ᠌ ᠪᠠᠢᠭᠠᠳ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠳᠠᠮᠵᠢᠭᠤᠯᠤᠨ᠂ ᠡᠮᠴᠢᠯᠡᠭᠡᠨ᠎ᠤ ᠬᠡᠷᠡᠭ᠌ᠴᠡᠭᠡ᠎ᠳᠤ ᠵᠣᠬᠢᠴᠠᠭ᠍ᠰᠠᠨ ᠴᠢᠰᠤᠨ ᠰᠤᠳᠠᠯ᠎ᠢ ᠬᠠᠮᠠᠭᠠᠯᠠᠬᠤ ᠨᠠᠩ ᠣᠯᠠᠨ ᠲᠣᠨᠣᠭ᠍ᠯᠠᠯ᠎ᠤᠨ ᠦᠢᠯᠡᠳᠬᠦᠨ᠎ᠢ ᠰᠤᠳᠤᠯᠤᠨ ᠨᠡᠭᠡᠭᠡᠨ᠎ᠡ᠃

  ᠳᠠᠷᠠᠭᠠᠴᠢ᠎ᠶ᠋ᠢᠨ ᠠᠯᠬᠤᠮ᠎ᠳᠤ᠂ ᠤᠯᠤᠰ᠎ᠤᠨ  ᠡᠮᠴᠢᠯᠡᠭᠡᠨ᠎ᠦ  ᠳᠠᠭᠠᠳᠭᠠᠯ᠎ᠤᠨ ᠲᠣᠪᠴᠢᠶ᠎ᠠ ᠡᠯ᠎ᠡ ᠮᠤᠵᠢ᠎ᠶ᠋ᠢ ᠱᠠᠯᠠᠪᠳᠠᠨ ᠵᠢᠯᠣᠭᠤᠳᠴᠤ᠌ ᠪᠠᠢᠭᠠᠳ ᠴᠢᠰᠤᠨ ᠰᠤᠳᠠᠯ᠂ ᠯᠢᠮᠪᠠ᠎ᠶ᠋ᠢᠨ ᠱᠢᠰᠲ᠋ᠧᠮ᠎ᠤᠨ ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ ᠲᠣᠭ᠍ᠲᠠᠭᠠᠬᠤ ᠵᠦᠭ᠌ᠯᠡᠭᠦᠷ᠎ᠢ ᠨᠠᠢᠳᠠᠪᠤᠷᠢᠵᠢᠭᠤᠯᠵᠤ᠂ ᠡᠪᠡᠳᠴᠢᠲᠡᠨ᠎ᠤ ᠡᠭᠦᠷᠭᠡᠯᠡᠵᠦ᠍ ᠪᠣᠯᠬᠤ᠂ ᠡᠮᠴᠢᠯᠡᠭᠡᠨ ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢ ᠳᠠᠭᠠᠭᠠᠵᠤ ᠳᠡᠢᠯᠬᠦ᠂ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠡᠷᠡᠭᠦᠯ᠎ᠢᠶᠠᠷ ᠬᠥᠭ᠌ᠵᠢᠬᠦ᠌ ᠵᠠᠷᠴᠢᠮ ᠶᠣᠰᠣᠭᠠᠷ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠦᠨ᠎ᠡ ᠬᠠᠩᠰᠢ᠎ᠶ᠋ᠢᠨ ᠬᠢᠷᠢ ᠲᠦᠪᠱᠢᠨ᠎ᠢ ᠵᠦᠶ ᠵᠣᠬᠢᠰᠲᠠᠶ ᠲᠣᠭ᠍ᠲᠠᠭᠠᠨ᠎ᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            