ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠨᠠᠰᠤᠲᠠᠳ᠎ᠤᠨ ᠶᠠᠪᠤᠵᠤ ᠰᠠᠭᠤᠬᠤ᠎ᠨᠢ ᠳᠥᠭᠥᠮ ᠦᠭᠡᠢ ᠦᠶ᠎ᠡ᠎ᠳᠤ ᠬᠡᠷᠬᠢᠨ ᠡᠮᠴᠢᠯᠡᠭᠡᠨ᠎ᠤ ᠳᠠᠭ᠋ᠠᠳᠬᠠᠯ᠎ᠤᠨ ᠺᠣᠳ᠋ (ᠨᠡᠢ᠌ᠭᠡᠮ᠎ᠤᠨ ᠳᠠᠭ᠋ᠠᠳᠬᠠᠯ᠎ᠤᠨ ᠺᠠᠷᠲ) ᠵᠶ᠋ᠠᠷ ᠡᠮ ᠵᠠᠯᠠᠵᠤ ᠥᠭᠬᠦ ᠪᠣᠶ?
ᠨᠡᠶ᠋ᠢᠲᠡᠯᠡᠭᠰᠡᠨ ᠴᠠᠭ᠄ 2025-06-09

   ᠶᠠᠪᠤᠵᠤ ᠰᠠᠭᠤᠬᠤ᠎ᠳᠤ ᠳᠥᠭᠥᠮ ᠦᠭᠡᠢ ᠨᠠᠰᠤᠲᠠᠨ᠎ᠳᠤ᠎ᠪᠠᠨ  ᠡᠮ ᠵᠠᠯᠠᠵᠤ  ᠥᠭᠬᠦ᠎ᠳᠤ᠂ ᠦᠷ᠎ᠡ ᠬᠡᠦᠬᠡᠳ᠎ᠨᠢ ᠬᠡᠨ᠎ᠤ ᠡᠮᠴᠢᠯᠡᠭᠡᠨ᠎ᠤ ᠳᠠᠭ᠋ᠠᠳᠬᠠᠯ᠎ᠤᠨ  ᠺᠣᠳ᠋ / ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠢ ᠬᠡᠷᠡᠭᠯᠡᠬᠦ ᠪᠤᠢ ?

  《  ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ  ᠳᠦᠷᠢᠮ 》᠎ᠤᠨ ᠠᠷᠪᠠᠨ ᠳᠣᠯᠣᠳᠤᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ᠎ᠲᠤ ᠄ 《ᠣᠨᠴᠠᠭ᠋ᠠᠶ ᠰᠢᠯᠲᠠᠭ᠋ᠠᠨ᠎ᠠᠴᠠ ᠪᠣᠯᠵᠤ ᠪᠤᠰᠤᠳ ᠬᠥᠮᠥᠨ᠎ᠢ ᠨᠠᠢ᠌ᠳᠠᠵᠤ ᠡᠮ  ᠬᠤᠳᠠᠯᠳᠤᠨ ᠠᠪᠤᠭᠤᠯᠬᠤ ᠴᠢᠬᠤᠯᠠᠲᠠᠢ ᠪᠠᠢ᠌ᠪᠠᠯ᠂ ᠨᠠᠢ᠌ᠳᠠᠭᠴᠢ ᠪᠠ ᠨᠠᠶ᠋ᠢᠳᠠᠯᠭ᠎ᠠ ᠬᠦᠯᠢᠶᠡᠭᠴᠢ ᠵᠢᠨ ᠪᠡᠶ᠎ᠡ ᠵᠢᠨ ᠦᠨᠡᠮᠯᠡᠯ᠎ᠢ ᠬᠠᠩᠭ᠋ᠠᠬᠤ ᠬᠡᠷᠡᠭᠲᠡᠢ 》 ᠭᠡᠵᠦ ᠲᠣᠳᠣᠷᠬᠠᠢ ᠲᠣᠭᠲᠠᠭ᠋ᠠᠵᠠᠢ᠃ ᠡᠢ᠌ᠮᠦ᠎ᠠᠴᠠ ᠨᠠᠰᠤᠲᠠᠨ᠎ᠤ ᠬᠥᠳᠡᠯᠵᠦ ᠪᠠᠷᠢᠬᠤ᠎ᠳᠤ ᠳᠥᠭᠥᠮ ᠦᠭᠡᠢ ᠵᠡᠷᠭᠡ ᠣᠨᠴᠠᠭ᠋ᠠᠶ ᠪᠠᠢ᠌ᠳᠠᠯ ᠳᠣᠣᠷ᠎ᠠ᠂ ᠦᠷ᠎ᠡ ᠬᠡᠦᠬᠡᠳ᠎ᠨᠢ ᠲᠡᠭᠦᠨ᠎ᠢ ᠣᠷᠣᠯᠠᠨ ᠡᠮ ᠬᠤᠳᠠᠯᠳᠤᠨ ᠠᠪᠴᠤ ᠪᠣᠯᠣᠨ᠎ᠠ᠃

   ᠡᠮᠴᠢᠯᠡᠭᠡᠨ᠎ᠤ ᠳᠠᠭ᠋ᠠᠳᠬᠠᠯ᠎ᠤᠨ ᠡᠯᠧᠺᠲᠷᠣᠨ  ᠺᠣᠳ᠋᠎ᠢ  ᠬᠡᠷᠡᠭᠯᠡᠬᠦ᠎ᠳᠤ ᠬᠦᠷᠪᠡᠯ᠂ 《ᠲᠥᠷᠥᠯ ᠰᠠᠳᠤᠨ᠎ᠤ  ᠳᠠᠩᠰᠠᠨ ᠡᠷᠦᠬᠡ (亲情账户 )》᠎ᠳᠤ᠎ᠪᠠᠨ  ᠨᠠᠰᠤᠲᠠᠨ᠎ᠤ ᠡᠮᠴᠢᠯᠡᠭᠡᠨ᠎ᠤ ᠳᠠᠭ᠋ᠠᠳᠬᠠᠯ᠎ᠤᠨ  ᠺᠣᠳ᠋᠎ᠢ ᠬᠣᠯᠪᠣᠵᠤ᠂ ᠳ᠋ᠤᠭ᠋ᠠᠷᠯᠠᠬᠤ ᠦᠶ᠎ᠡ᠎ᠳᠤ ᠨᠠᠰᠤᠲᠠᠨ᠎ᠤ ᠡᠮᠴᠢᠯᠡᠭᠡᠨ᠎ᠤ ᠳᠠᠭ᠋ᠠᠳᠬᠠᠯ᠎ᠤᠨ  ᠺᠣᠳ᠋᠎ᠢ ᠭᠠᠷᠭ᠋ᠠᠵᠤ ᠦᠵᠡᠭᠦᠯᠪᠡᠯ ᠪᠣᠯᠴᠢᠬᠠᠨ᠎ᠠ᠃


亲情账户.jpg


   ᠬᠡᠷᠪᠡ ᠪᠣᠳᠠᠲᠤ  ᠺᠠᠷᠲ ᠬᠡᠷᠡᠭᠯᠡᠬᠦ ᠭᠡᠪᠡᠯ ᠂ ᠨᠠᠰᠤᠲᠠᠨ᠎ᠤ ᠨᠡᠢ᠌ᠭᠡᠮ᠎ᠤᠨ ᠳᠠᠭ᠋ᠠᠳᠬᠠᠯ᠎ᠤᠨ ᠺᠠᠷᠲ᠎ᠢ ᠠᠪᠴᠤ  ᠨᠠᠰᠤᠲᠠᠨ᠎ᠤ ᠨᠡᠷ᠎ᠡ᠎ᠪᠠᠷ ᠳ᠋ᠤᠭ᠋ᠠᠷᠯᠠᠬᠤ ᠵᠢᠨ ᠬᠠᠮᠲᠤ ᠥᠪᠡᠷ᠎ᠤᠨ ᠵᠶ᠋ᠡᠨ ᠪᠡᠶ᠎ᠡ ᠵᠢᠨ ᠦᠨᠡᠮᠯᠡᠯ /  ᠨᠡᠢ᠌ᠭᠡᠮ᠎ᠤᠨ ᠳᠠᠭ᠋ᠠᠳᠬᠠᠯ᠎ᠤᠨ ᠺᠠᠷᠲ ᠵᠡᠷᠭᠡ ᠪᠡᠶ᠎ᠡ ᠭᠠᠷᠤᠯ᠎ᠤᠨ ᠭᠡᠷᠡᠴᠢᠯᠡᠭᠡ ᠪᠣᠯᠬᠤ  ᠮᠠᠲ᠋ᠧᠷᠢᠶᠠᠯ ᠵᠶ᠋ᠠᠨ ᠠᠪᠬᠤ  ᠬᠡᠷᠡᠭᠲᠡᠢ᠃

   ᠬᠤᠪᠢ ᠬᠥᠮᠥᠨ᠎ᠤ ᠡᠮᠴᠢᠯᠡᠭᠡᠨ᠎ᠤ  ᠳᠠᠭ᠋ᠠᠳᠬᠠᠯ᠎ᠳᠠᠬᠢ ᠵᠣᠭᠣᠰ᠎ᠢ ᠭᠡᠷ᠎ᠤᠨ ᠵᠶ᠋ᠡᠨ ᠨᠠᠰᠤᠲᠠᠨ᠎ᠳᠤ  ᠬᠡᠷᠡᠭᠯᠡᠭᠦᠯᠵᠦ ᠪᠣᠯᠣᠨ᠎ᠠ ᠦᠦ ?

   ᠠᠵᠢᠯᠲᠠᠨ ᠠᠵᠢᠯᠴᠢᠨ᠎ᠤ ᠡᠮᠴᠢᠯᠡᠭᠡᠨ᠎ᠤ  ᠳᠠᠭ᠋ᠠᠳᠬᠠᠯ᠎ᠤᠨ ᠬᠤᠪᠢ ᠬᠥᠮᠥᠨ᠎ᠤ ᠲᠠᠩᠰᠠᠨ ᠡᠷᠦᠬᠡ᠎ᠳᠠᠬᠢ ᠦᠯᠡᠳᠡᠪᠦᠷᠢ ᠵᠢ ᠭᠡᠷ ᠪᠦᠯᠢ ᠵᠢᠨ ᠳᠣᠲᠣᠭ᠋ᠠᠳᠤ᠎ᠳᠤ᠎ᠪᠠᠨ ᠲᠤᠰᠠᠯᠠᠯᠴᠠᠬᠤ  ᠠᠷᠭ᠎ᠠ᠎ᠪᠠᠷ  ᠭᠡᠷ᠎ᠤᠨ ᠬᠥᠮᠥᠰ᠎ᠲᠤ᠎ᠪᠠᠨ  ᠬᠡᠷᠡᠭᠯᠡᠭᠦᠯᠵᠦ ᠪᠣᠯᠣᠨ᠎ᠠ᠂ ᠭᠡᠪᠡᠴᠦ ᠬᠤᠪᠢ ᠬᠥᠮᠥᠨ᠎ᠤ ᠳᠠᠩᠰᠠᠨ ᠡᠷᠦᠬᠡ᠎ᠳᠠᠬᠢ ᠨᠢᠭᠡᠳᠦᠯᠲᠡᠢ ᠲᠥᠯᠥᠪᠯᠡᠭᠡᠨ᠎ᠤ  ᠰᠠᠭᠤᠷᠢ ᠮᠥᠩᠭᠥ ᠵᠢ ᠳᠣᠲᠣᠭ᠋ᠠᠳᠤ᠎ᠳᠤ᠎ᠪᠠᠨ ᠲᠤᠰᠠᠯᠠᠯᠴᠠᠬᠤ᠎ᠪᠠᠷ ᠬᠡᠷᠡᠭᠯᠡᠵᠦ  ᠪᠣᠯᠬᠤ ᠦᠭᠡᠢ᠃

   ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠲᠣᠰ ᠬᠥᠮᠥᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠥᠨ᠎ᠤ ᠲᠠᠩᠰᠠᠨ ᠡᠷᠦᠬᠡ ᠵᠢᠨ ᠦᠯᠡᠳᠡᠪᠦᠷᠢ ᠵᠢ ᠡᠴᠢᠭᠡ ᠡᠬᠡ᠂ ᠬᠠᠨᠢ ᠨᠥᠬᠥᠷ ᠂ ᠦᠷ᠎ᠡ ᠬᠡᠦᠬᠡᠳ᠂ ᠠᠬ᠎ᠠ ᠳᠡᠭᠦᠦ ᠡᠭᠡᠴᠢ ᠥᠬᠢᠨ ᠳᠡᠭᠦᠦ᠂ ᠡᠪᠦᠭᠡ ᠡᠮᠡᠭᠡ᠂ ᠨᠠᠭ᠋ᠠᠴᠤ ᠡᠪᠦᠭᠡ ᠡᠮᠡᠭᠡ᠂ ᠣᠮᠪᠣᠯᠣ ᠬᠦᠦ ᠥᠬᠢᠨ᠂ ᠵᠢᠭᠡ ᠣᠮᠪᠣᠯᠣ ᠬᠦᠦ ᠥᠬᠢᠨ ᠵᠡᠷᠭᠡ ᠣᠢ᠌ᠷ᠎ᠠ ᠲᠥᠷᠥᠯ ᠰᠠᠳᠤᠨ᠎ᠳᠤ᠎ᠪᠠᠨ  ᠬᠡᠷᠡᠭᠯᠡᠭᠦᠯᠵᠦ ᠪᠣᠯᠣᠨ᠎ᠠ᠂ ᠭᠡᠬᠦ᠎ᠳᠤ᠎ᠪᠠᠨ  ᠡᠷᠬᠡᠪᠰᠢ ᠳᠣᠣᠷᠠᠬᠢ ᠮᠡᠲᠦ ᠵᠢᠨ ᠬᠣᠶᠠᠷ ᠤᠷᠢᠲᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠄

   ᠣᠢ᠌ᠷ᠎ᠠ ᠲᠥᠷᠥᠯ ᠰᠠᠳᠤᠨ᠎ᠨᠢ ᠪᠠᠰᠠ ᠡᠮᠴᠢᠯᠡᠭᠡᠨ᠎ᠤ ᠦᠨᠳᠦᠰᠦᠨ ᠳᠠᠭ᠋ᠠᠳᠬᠠᠯ (ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ ᠪᠠ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ ᠪᠠᠭᠲᠠᠨ᠎ᠠ)᠎ᠳᠤ ᠣᠷᠣᠯᠴᠠᠭᠰᠠᠨ ᠪᠠᠢ᠌ᠬᠤ ;

   ᠠᠵᠢᠯᠲᠠᠨ ᠠᠵᠢᠯᠴᠢᠨ᠎ᠤ ᠲᠣᠰ ᠬᠥᠮᠥᠨ᠎ᠨᠢ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠥᠨ᠎ᠤ ᠲᠠᠩᠰᠠᠨ ᠡᠷᠦᠬᠡ ᠵᠢᠨ ᠭᠡᠷ ᠪᠦᠯᠢ ᠵᠢᠨ ᠳᠣᠲᠣᠭ᠋ᠠᠳᠤ᠎ᠳᠤ᠎ᠪᠠᠨ ᠲᠤᠰᠠᠯᠠᠯᠴᠠᠬᠤ ᠵᠦᠢ᠍ᠯ᠎ᠢ ᠭᠦᠢ᠍ᠴᠡᠳᠬᠡᠭᠰᠡᠨ ᠪᠠᠢ᠌ᠬᠤ᠃

   ᠠᠩᠬᠠᠷᠬᠤ᠎ᠨᠢ᠄ ᠭᠡᠷ ᠪᠦᠯᠢ ᠵᠢᠨ ᠳᠣᠲᠣᠭ᠋ᠠᠳᠤ᠎ᠳᠤ᠎ᠪᠠᠨ  ᠲᠤᠰᠠᠯᠠᠯᠴᠠᠬᠤ᠎ᠳᠤ ᠠᠵᠢᠯᠲᠠᠨ ᠠᠵᠢᠯᠴᠢᠨ᠎ᠤ ᠲᠣᠰ ᠬᠥᠮᠥᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠥᠨ᠎ᠤ ᠲᠠᠩᠰᠠᠨ ᠡᠷᠦᠬᠡ ᠵᠢᠨ ᠦᠯᠡᠳᠡᠪᠦᠷᠢ ᠵᠢ ᠬᠡᠷᠡᠭᠯᠡᠨ᠎ᠡ ᠂ ᠬᠠᠷᠢᠨ  ᠬᠤᠪᠢ ᠬᠥᠮᠥᠨ᠎ᠤ ᠳᠠᠩᠰᠠᠨ ᠡᠷᠦᠬᠡ᠎ᠳᠠᠬᠢ ᠨᠢᠭᠡᠳᠦᠯᠲᠡᠢ ᠲᠥᠯᠥᠪᠯᠡᠭᠡᠨ᠎ᠤ ᠰᠠᠭᠤᠷᠢ ᠮᠥᠩᠭᠥ ᠪᠢᠰᠢ᠃


医保2.jpg


  《ᠭᠡᠷ ᠪᠦᠯᠢ ᠵᠢᠨ ᠳᠣᠲᠣᠭ᠋ᠠᠳᠤ᠎ᠳᠤ᠎ᠪᠠᠨ ᠲᠤᠰᠠᠯᠠᠯᠴᠠᠬᠤ 》 ᠭᠠᠷ ᠭᠦᠢ᠍ᠴᠡᠳᠬᠡᠯ ᠬᠢᠭᠰᠡᠨ᠎ᠤ ᠳᠠᠷᠠᠭ᠎ᠠ ᠡᠮᠴᠢᠯᠡᠭᠦᠯᠵᠦ ᠡᠮ ᠬᠤᠳᠠᠯᠳᠤᠨ ᠠᠪᠬᠤ᠎ᠳᠤ ᠬᠡᠨ᠎ᠤ ᠺᠣᠳ᠋ /  ᠺᠠᠷᠲ᠎ᠢ ᠬᠡᠷᠡᠭᠯᠡᠬᠦ ᠪᠣᠶ?

   ᠵᠣᠭᠣᠰ᠎ᠢ᠎ᠨᠢ ᠳᠣᠲᠣᠭ᠋ᠠᠳᠤ᠎ᠳᠤ᠎ᠪᠠᠨ ᠲᠤᠰᠠᠯᠠᠯᠴᠠᠵᠤ  ᠪᠣᠯᠣᠨ᠎ᠠ᠂ ᠬᠠᠷᠢᠨ ᠺᠣᠳ᠋ (ᠺᠠᠷᠲ)᠎ᠢ ᠪᠣᠯ ᠬᠠᠮᠲᠤ᠎ᠪᠠᠷ ᠬᠡᠷᠡᠭᠯᠡᠵᠦ  ᠪᠣᠯᠬᠤ ᠦᠭᠡᠢ

   ᠶᠠᠮᠠᠷᠪᠠ ᠪᠠᠢ᠌ᠳᠠᠯ ᠳᠣᠣᠷ᠎ᠠ ᠴᠤ᠌ ᠭᠡᠰᠡᠨ ᠡᠮᠨᠡᠯᠭᠡ᠎ᠳᠤ ᠦᠵᠡᠭᠦᠯᠵᠦ ᠡᠮ ᠬᠤᠳᠠᠯᠳᠤᠨ ᠠᠪᠬᠤ᠎ᠳᠤ ᠡᠷᠬᠡᠪᠰᠢ ᠡᠪᠡᠳᠴᠢᠲᠡᠨ᠎ᠤ ᠥᠪᠡᠷ᠎ᠤᠨ ᠬᠢᠨᠢ  ᠺᠣᠳ᠋ (ᠺᠠᠷᠲ)᠎ᠢ ᠬᠡᠷᠡᠭᠯᠡᠬᠦ ᠬᠡᠷᠡᠭᠲᠡᠢ᠃ ᠭᠡᠷ ᠪᠦᠯᠢ ᠵᠢᠨ ᠳᠣᠲᠣᠭ᠋ᠠᠳᠤ᠎ᠳᠤ᠎ᠪᠠᠨ ᠲᠤᠰᠠᠯᠠᠯᠴᠠᠬᠤ  ᠲᠥᠷᠥ ᠵᠢᠨ ᠪᠣᠳᠣᠯᠭ᠎ᠠ᠎ᠪᠠᠷ 《ᠲᠤᠰᠠᠯᠠᠯᠴᠠᠳᠠᠭ 》᠎ᠨᠢ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠥᠨ᠎ᠤ ᠲᠠᠩᠰᠠᠨ ᠡᠷᠦᠬᠡ᠎ᠳᠠᠬᠢ ᠵᠣᠭᠣᠰ ᠪᠣᠯᠬᠤ᠎ᠠᠴᠠ ᠪᠢᠰᠢ᠂ ᠺᠣᠳ᠋ (ᠺᠠᠷᠲ)᠎ᠨᠢ  ᠪᠢᠰᠢ ᠶᠤᠮ᠃

   ᠡᠮᠴᠢᠯᠡᠭᠡᠨ᠎ᠤ ᠳᠠᠭ᠋ᠠᠳᠬᠠᠯ᠎ᠤᠨ ᠵᠢᠷᠤᠮᠯᠠᠬᠤ ᠵᠠᠷᠴᠢᠮ ᠪᠣᠯ 《ᠲᠣᠰ ᠬᠥᠮᠥᠨ᠎ᠨᠢ ᠳᠠᠭ᠋ᠠᠳᠬᠠᠯ᠎ᠳᠤ       ᠣᠷᠣᠯᠴᠠᠵᠤ᠂ ᠲᠡᠷᠡ  ᠬᠥᠮᠥᠨ᠎ᠨᠢ ᠬᠠᠷᠠᠭ᠋ᠠᠯᠵᠠᠯ ᠭᠥᠷᠳᠡᠨ᠎ᠡ》᠃ ᠭᠡᠷ ᠪᠦᠯᠢ ᠵᠢᠨ ᠳᠣᠲᠣᠭ᠋ᠠᠳᠤ᠎ᠳᠤ᠎ᠪᠠᠨ  ᠲᠤᠰᠠᠯᠠᠯᠴᠠᠭᠰᠠᠨ᠎ᠤ ᠳᠠᠷᠠᠭ᠎ᠠ ᠲᠣᠰ ᠵᠠᠷᠴᠢᠮ ᠬᠤᠪᠢᠷᠠᠬᠤ  ᠦᠭᠡᠢ᠂ ᠳᠠᠭ᠋ᠠᠳᠬᠠᠯ᠎ᠳᠤ ᠣᠷᠣᠯᠴᠠᠭᠴᠢ᠎ᠨᠢ ᠮᠥᠨ ᠯᠡ ᠥᠪᠡᠷ᠎ᠤᠨ ᠡᠮᠴᠢᠯᠡᠭᠡᠨ᠎ᠤ ᠳᠠᠭ᠋ᠠᠳᠬᠠᠯ ᠵᠶ᠋ᠠᠷ ᠵᠶ᠋ᠠᠨ ᠡᠪᠡᠳᠴᠢᠨ ᠦᠵᠡᠭᠦᠯᠵᠦ ᠡᠮᠴᠢᠯᠡᠭᠦᠯᠦᠨ᠎ᠡ᠂  ᠲᠣᠰ ᠬᠥᠮᠥᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ᠎ᠢ ᠲᠣᠭᠲᠠᠭ᠋ᠠᠯ ᠶᠣᠰᠣᠭ᠋ᠠᠷ  ᠭᠥᠷᠳᠡᠨ᠎ᠡ᠃

   ᠲᠣᠰ ᠬᠥᠮᠥᠨ᠎ᠤ ᠡᠮᠴᠢᠯᠡᠭᠡᠨ᠎ᠤ ᠳᠠᠭ᠋ᠠᠳᠬᠠᠯ ᠵᠶ᠋ᠠᠨ ᠬᠡᠷᠡᠭᠯᠡᠬᠦ ᠦᠭᠡᠢ᠎ᠪᠠᠷ ᠡᠮᠴᠢᠯᠡᠭᠦᠯᠪᠡᠯ  ᠶᠠᠮᠠᠷ ᠦᠷ᠎ᠡ ᠳ᠋ᠦᠩ᠎ᠲᠠᠢ ᠪᠣᠯᠬᠤ ᠪᠣᠶ?

   ᠲᠣᠰ ᠬᠥᠮᠥᠨ᠎ᠤ ᠡᠮᠴᠢᠯᠡᠭᠡᠨ᠎ᠤ ᠳᠠᠭ᠋ᠠᠳᠬᠠᠯ ᠵᠶ᠋ᠠᠨ ᠬᠡᠷᠡᠭᠯᠡᠬᠦ ᠦᠭᠡᠢ᠎ᠪᠠᠷ ᠳ᠋ᠤᠭ᠋ᠠᠷᠯᠠᠵᠤ  ᠡᠮᠴᠢᠯᠡᠭᠦᠯᠬᠦ  ᠪᠤᠶᠤ ᠡᠮ ᠬᠤᠳᠠᠯᠳᠤᠨ ᠠᠪᠬᠤ᠎ᠳᠤ ᠬᠥᠷᠪᠡᠯ 《ᠪᠤᠰᠤᠳ᠎ᠤᠨ ᠨᠡᠷ᠎ᠡ᠎ᠪᠠᠷ ᠬᠠᠭᠤᠷᠮᠠᠭᠯᠠᠵᠤ  ᠡᠮᠴᠢᠯᠡᠭᠦᠯᠦᠭᠰᠡᠨ 》 ᠶᠠᠪᠤᠳᠠᠯ ᠪᠣᠯᠣᠨ᠎ᠠ ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ᠂ ᠬᠥᠩᠭᠡᠨ᠎ᠳᠤ᠎ᠪᠠᠨ  ᠲᠣᠰ ᠬᠥᠮᠥᠨ᠎ᠤ ᠡᠮᠴᠢᠯᠡᠭᠡᠨ᠎ᠤ ᠵᠠᠷᠤᠳᠠᠯ᠎ᠤᠨ ᠰᠦᠯᠵᠢᠶ᠎ᠡ᠎ᠪᠠᠷ  ᠲᠡᠰᠦᠯᠦᠨ ᠪᠤᠳᠤᠬᠤ ᠵᠢ᠎ᠨᠢ ᠲᠦᠷ ᠵᠣᠭᠰᠣᠭ᠋ᠠᠨ᠎ᠠ ᠂ ᠬᠦᠨᠳᠦ᠎ᠳᠤ᠎ᠪᠠᠨ  ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠲᠣᠭ᠋ᠠᠴᠢᠭᠳᠠᠬᠤ ᠪᠣᠯᠣᠨ᠎ᠠ ᠃ ᠡᠭᠦᠨ᠎ᠤ       ᠬᠠᠮᠲᠤ᠂ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠳᠤ ᠲᠠᠨ᠎ᠤ ᠡᠪᠡᠳᠴᠢᠨ᠎ᠤ  ᠲᠡᠦᠬᠡ ᠵᠢ ᠴᠠᠭ ᠲᠤᠬᠠᠢ᠎ᠳᠤ᠎ᠨᠢ ᠲᠡᠮᠳᠡᠭᠯᠡᠳᠡᠭ ᠪᠣᠯᠬᠣᠷ ᠂ ᠲᠠᠨ᠎ᠤ ᠬᠣᠢ᠌ᠰᠢᠳᠠ ᠵᠢᠨ ᠬᠣᠯᠪᠣᠭᠳᠠᠯ ᠪᠦᠬᠦᠢ ᠡᠪᠡᠳᠴᠢᠨ ᠡᠮᠭᠡᠭ᠎ᠢ ᠣᠨᠣᠰᠢᠯᠠᠬᠤ ᠪᠠ ᠡᠷᠡᠭᠦᠯᠵᠢᠭᠦᠯᠬᠦ ᠵᠢ ᠨᠥᠯᠥᠭᠡᠯᠡᠨ᠎ᠡ ᠃

   ᠡᠷᠬᠡᠪᠰᠢ ᠠᠩᠬᠠᠷᠬᠤ᠎ᠨᠢ ᠄ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠥᠨ᠎ᠤ ᠲᠠᠩᠰᠠᠨ ᠡᠷᠦᠬᠡ᠎ᠳᠠᠬᠢ ᠵᠣᠭᠣᠰ᠎ᠢ ᠳᠣᠲᠣᠭ᠋ᠠᠳᠤ᠎ᠳᠤ᠎ᠪᠠᠨ ᠲᠤᠰᠠᠯᠠᠯᠴᠠᠵᠤ  ᠪᠣᠯᠣᠨ᠎ᠠ᠂ ᠭᠡᠪᠡᠴᠦ ᠶᠠᠮᠠᠷᠪᠠ ᠬᠥᠮᠥᠨ᠎ᠤ ᠡᠮᠴᠢᠯᠡᠭᠡᠨ᠎ᠤ ᠳᠠᠭ᠋ᠠᠳᠬᠠᠯ᠎ᠤᠨ ᠺᠣᠳ᠋ (ᠨᠡᠢ᠌ᠭᠡᠮ᠎ᠤᠨ ᠳᠠᠭ᠋ᠠᠳᠬᠠᠯ᠎ᠤᠨ ᠺᠠᠷᠲ)᠎ᠢ ᠴᠥᠮ ᠬᠠᠮᠲᠤ᠎ᠪᠠᠷ ᠬᠡᠷᠡᠭᠯᠡᠵᠦ ᠪᠣᠯᠬᠤ ᠦᠭᠡᠢ!

 

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            