ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠷᠪᠠᠨ ᠨᠢᠭᠡᠳᠦᠭᠡᠷ ᠪᠦᠯᠦᠭ᠎ᠦᠨ ᠤᠯᠤᠰ᠎ᠠᠴᠠ ᠵᠣᠬᠢᠶᠠᠨ ᠪᠠᠢᠭᠤᠯᠬᠤ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ ᠬᠡᠮᠵᠢᠶᠡᠨ᠎ᠦ ᠮᠡᠳᠡᠭᠦᠯᠦᠯᠲᠡ ᠵᠢᠩᠬᠢᠨᠢ᠎ᠪᠠᠷ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-08-07

  ᠣᠶ᠋ᠢᠷ᠎ᠠ᠎ᠳᠤ ᠂ ᠤᠯᠤᠰ᠎ᠠᠴᠠ ᠵᠣᠬᠢᠶᠠᠨ ᠪᠠᠢᠭᠤᠯᠬᠤ ᠡᠮ᠎ᠤᠨ ᠵᠦᠢᠯ᠎ᠢ ᠬᠠᠮᠲᠤᠷᠠᠨ ᠬᠤᠳᠠᠯᠳᠤᠨ ᠠᠪᠬᠤ ᠠᠯᠪᠠᠨ ᠬᠡᠷ᠎ᠠᠴᠠ 《ᠠᠷᠪᠠᠨ ᠨᠢᠭᠡᠳᠦᠭᠡᠷ ᠪᠦᠯᠦᠭ᠎ᠤᠨ ᠤᠯᠤᠰ᠎ᠠᠴᠠ ᠵᠣᠬᠢᠶᠠᠨ ᠪᠠᠢᠭᠤᠯᠬᠤ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ᠎ᠤᠨ ᠬᠡᠷᠡᠭᠴᠡᠭᠡ ᠱᠠᠭᠠᠷᠳᠠᠯᠭ᠎ᠠ᠎ᠶᠢᠨ ᠬᠡᠮᠵᠢᠶ᠎ᠡ᠎ᠶᠢ ᠮᠡᠳᠡᠭᠦᠯᠦᠨ ᠬᠦᠷᠭᠡᠬᠦ ᠲᠤᠬᠠᠶ ᠮᠡᠳᠡᠭᠳᠡᠯ》᠎ᠢ ᠨᠡᠶ᠋ᠢᠲᠡᠯᠡᠵᠦ ᠂ 8 ᠳ᠋ᠤᠭᠠᠷ ᠰᠠᠷ᠎ᠠ᠎ᠶᠢᠨ 6᠎ᠤ ᠡᠳᠦᠷ᠎ᠠᠴᠠ 25᠎ᠤ ᠡᠳᠦᠷ ᠪᠣᠯᠲᠠᠯ᠎ᠠ ᠠᠷᠪᠠᠨ ᠨᠢᠭᠡᠳᠦᠭᠡᠷ ᠪᠦᠯᠦᠭ᠎ᠤᠨ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ᠎ᠤ ᠪᠠᠶ᠋ᠢᠭᠤᠯᠤᠮᠵᠢ᠎ᠶᠢᠨ ᠬᠡᠷᠡᠭᠴᠡᠭᠡ ᠱᠠᠭᠠᠷᠳᠠᠯᠭ᠎ᠠ᠎ᠶᠢ ᠲᠠᠭᠯᠠᠨ ᠮᠡᠳᠡᠭᠦᠯᠬᠦ ᠠᠵᠢᠯ᠎ᠢ ᠥᠷᠨᠢᠭᠦᠯᠬᠦ᠎ᠪᠡᠷ ᠪᠣᠯᠪᠠ ᠃ ᠲᠣᠰ ᠤᠳᠠᠭᠠᠨ᠎ᠤ ᠲᠥᠪᠯᠡᠷᠡᠭᠦᠯᠦᠨ ᠬᠤᠳᠠᠯᠳᠤᠨ ᠠᠪᠬᠤ᠎ᠳᠤ ᠨᠡᠶ᠋ᠢᠲᠡ 55 ᠲᠥᠷᠥᠯ ᠵᠦᠢᠯ ᠬᠤᠯᠪᠣᠭᠳᠠᠵᠤ ᠂ ᠮᠡᠳᠡᠭᠦᠯᠬᠦ ᠬᠡᠮᠵᠢᠶᠡᠨ᠎ᠤ ᠠᠵᠢᠯ᠎ᠳᠤ ᠭᠤᠤᠯᠳᠠᠭᠤ ᠳᠣᠤᠷᠠᠬᠢ ᠮᠡᠲᠦ ᠣᠨᠴᠠᠯᠢᠭ᠋᠎ᠤᠳ ᠪᠣᠶ ᠄

  ᠨᠢᠭᠡ᠎ᠳᠤ ᠂ ᠡᠮᠴᠢᠯᠡᠭᠡᠨ᠎ᠤ ᠪᠠᠶ᠋ᠢᠭᠤᠯᠤᠮᠵᠢ ᠨᠢ ᠦᠢᠯᠡᠳᠪᠦᠷᠢ᠎ᠶᠢᠨ ᠫᠠᠶ᠋ᠢᠰᠠ᠎ᠪᠠᠨ ᠦᠨᠳᠦᠰᠦᠯᠡᠨ ᠬᠡᠮᠵᠢᠶ᠎ᠡ᠎ᠪᠡᠨ ᠮᠡᠳᠡᠭᠦᠯᠵᠦ ᠪᠣᠯᠤᠨ᠎ᠠ ᠃ ᠲᠣᠰ ᠤᠳᠠᠭᠠᠨ᠎ᠤ ᠲᠥᠪᠯᠡᠷᠡᠭᠦᠯᠦᠨ ᠬᠤᠳᠠᠯᠳᠤᠨ ᠠᠪᠬᠤ᠎ᠳᠤ ᠬᠡᠮᠵᠢᠶ᠎ᠡ᠎ᠪᠠᠷ ᠮᠡᠳᠡᠭᠦᠯᠬᠦ ᠲᠦᠷᠢᠮ᠎ᠢ ᠰᠢᠯᠢᠳᠡᠭᠵᠢᠭᠦᠯᠵᠦ ᠂ ᠡᠮᠴᠢᠯᠡᠭᠡᠨ᠎ᠤ ᠪᠠᠶ᠋ᠢᠭᠤᠯᠤᠮᠵᠢ᠎ᠨᠢ ᠦᠢᠯᠡᠳᠪᠦᠷᠢ᠎ᠶᠢᠨ ᠫᠠᠶ᠋ᠢᠰᠠ᠎ᠶᠢ ᠢᠯᠭᠠᠬᠤ ᠥᠬᠡᠶ ᠂ ᠨᠡᠶ᠋ᠢᠳᠡᠮ ᠬᠡᠷᠡᠭᠯᠡᠬᠦ ᠨᠡᠷ᠎ᠡ᠎ᠪᠠᠷ ᠲᠥᠷᠥᠯ ᠵᠦᠢᠯ ᠨᠢᠭᠡᠪᠦᠷᠢ᠎ᠶᠢᠨ ᠬᠡᠷᠡᠭᠴᠡᠭᠡ ᠱᠠᠭᠠᠷᠳᠠᠯᠭ᠎ᠠ᠎ᠶᠢ ᠲᠠᠭᠯᠠᠨ ᠮᠡᠳᠡᠭᠦᠯᠵᠦ ᠪᠣᠯᠬᠤ ᠪᠥᠭᠡᠳ ᠪᠠᠰᠠ ᠪᠣᠳᠠᠲᠠᠶ ᠦᠢᠯᠡᠳᠪᠦᠷᠢ᠎ᠶᠢᠨ ᠫᠠᠶ᠋ᠢᠰᠠ᠎ᠳᠤ ᠬᠦᠷᠲᠡᠯ᠎ᠡ ᠨᠠᠷᠢᠯᠢᠬ᠍ᠵᠢᠭᠤᠯᠵᠤ ᠂ ᠡᠮᠴᠢᠯᠡᠭᠡᠨ᠎ᠤ ᠪᠠᠶ᠋ᠢᠭᠤᠯᠤᠮᠵᠢ᠎ᠶᠢᠨ ᠵᠥᠪᠰᠢᠶᠡᠷᠡᠬᠦ ᠬᠡᠮᠵᠢᠶ᠎ᠡ᠎ᠪᠠᠷ ᠥᠨᠳᠥᠷ ᠠᠵᠤ ᠠᠬᠤᠶ᠋ᠢᠯᠠᠯ᠎ᠢ ᠬᠥᠲᠥᠯᠦᠨ ᠵᠢᠯᠣᠭᠤᠳᠴᠤ ᠢᠳᠡᠪᠬᠢᠲᠡᠶ ᠣᠷᠣᠯᠴᠠᠭᠤᠯᠤᠨ᠎ᠠ ᠃

  ᠬᠤᠶᠠᠷ᠎ᠲᠤ ᠂ ᠡᠮᠴᠢᠯᠡᠭᠡᠨ᠎ᠤ ᠪᠠᠶ᠋ᠢᠭᠤᠯᠤᠮᠵᠢ᠎ᠶᠢ ᠬᠡᠮᠵᠢᠶ᠎ᠡ᠎ᠪᠡᠨ ᠦᠨᠡᠨ ᠮᠥᠨ᠎ᠢᠶᠠᠷ᠎ᠨᠢ ᠣᠨᠣᠪᠴᠢᠲᠠᠶ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ ᠃ ᠮᠡᠳᠡᠭᠦᠯᠬᠦ ᠬᠡᠮᠵᠢᠶ᠎ᠡ ᠪᠣᠯ ᠬᠡᠮᠵᠢᠶ᠎ᠡ᠎ᠲᠠᠢ ᠬᠤᠳᠠᠯᠳᠤᠨ ᠠᠪᠬᠤ ᠰᠠᠭᠤᠷᠢ ᠭᠤᠭᠴᠤᠭ᠎ᠠ ᠪᠣᠯᠤᠨ᠎ᠠ ᠂ ᠲᠣᠰ ᠤᠳᠠᠭ᠎ᠠ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠵᠠᠷᠴᠢᠮ ᠳᠡᠭᠡᠷ᠎ᠡ᠎ᠪᠠᠨ ᠡᠮᠴᠢᠯᠡᠭᠡᠨ᠎ᠤ ᠪᠠᠶ᠋ᠢᠭᠤᠯᠤᠮᠵᠢ ᠨᠢᠭᠡᠪᠦᠷᠢ᠎ᠶᠢᠨ ᠲᠥᠷᠥᠯ ᠵᠦᠢᠯ ᠪᠦᠷᠢ᠎ᠶᠢᠨ ᠵᠢᠯ᠎ᠤᠨ ᠬᠡᠷᠡᠭᠴᠡᠭᠡ ᠱᠠᠭᠠᠷᠳᠠᠯᠭ᠎ᠠ᠎ᠶᠢᠨ ᠬᠡᠮᠵᠢᠶ᠎ᠡ᠎ᠶᠢ 2023 - 2024 ᠣᠨ᠎ᠤ ᠳᠤᠮᠳᠠᠴᠢ ᠬᠡᠷᠡᠭᠯᠡᠯᠲᠡ᠎ᠶᠢᠨ ᠬᠡᠮᠵᠢᠶ᠎ᠡ᠎ᠶᠢᠨ 80%᠎ᠠᠴᠠ ᠳᠣᠤᠷ᠎ᠠ ᠪᠠᠶ᠋ᠢᠯᠭᠠᠵᠤ ᠪᠣᠯᠬᠤ ᠥᠬᠡᠶ ᠭᠡᠵᠦ ᠱᠠᠭᠠᠷᠳᠠᠪᠠ ᠃ ᠡᠭᠦᠨ᠎ᠤ       ᠬᠠᠮᠲᠤ ᠂ ᠡᠮᠴᠢᠯᠡᠭᠡᠨ᠎ᠤ ᠬᠡᠷᠡᠭᠴᠡᠭᠡ ᠱᠠᠭᠠᠷᠳᠠᠯᠭ᠎ᠠ ᠢᠯᠡᠳᠲᠡ ᠪᠠᠭᠠᠰᠤᠭᠰᠠᠨ ᠂ ᠲᠤᠬᠠᠶ᠋ᠢᠯᠠᠭᠰᠠᠨ ᠠᠵᠢᠯ᠎ᠤᠨ ᠲᠣᠬᠢᠷᠠᠭᠤᠯᠤᠯᠲᠠ ᠵᠡᠷᠭᠡ ᠬᠦᠴᠦᠨ ᠵᠦᠢᠯ᠎ᠠᠴᠠ ᠪᠣᠯᠵᠣ᠌ ᠵᠢᠱ᠌ᠢᠭᠰᠡᠨ ᠬᠡᠷᠡᠭᠯᠡᠬᠦ ᠬᠡᠮᠵᠢᠶ᠎ᠡ ᠨᠢ ᠢᠯᠡᠳᠲᠡ ᠪᠠᠭᠠᠰᠤᠭᠰᠠᠨ       ᠪᠠᠶ᠋ᠢᠪᠠᠯ ᠂ ᠡᠮᠴᠢᠯᠡᠭᠡᠨ᠎ᠤ ᠪᠠᠶ᠋ᠢᠭᠤᠯᠤᠮᠵᠢ ᠪᠢᠴᠢᠭ᠎ᠤᠨ ᠲᠣᠳᠣᠷᠬᠠᠶ᠋ᠢᠯᠠᠯᠲᠠ ᠬᠢᠭᠰᠡᠨ᠎ᠤ ᠳᠠᠷᠠᠭ᠎ᠠ ᠪᠣᠳᠠᠲᠠᠶ ᠬᠡᠷᠡᠭᠴᠡᠭᠡ ᠱᠠᠭᠠᠷᠳᠠᠯᠭ᠎ᠠ᠎ᠪᠠᠷ ᠬᠡᠮᠵᠢᠶ᠎ᠡ᠎ᠪᠠᠨ ᠮᠡᠳᠡᠭᠦᠯᠵᠦ ᠪᠣᠯᠤᠨ᠎ᠠ ᠃

  ᠭᠤᠷᠪᠠ᠎ᠳᠤ ᠂ ᠦᠨᠳᠦᠰᠦᠨ ᠡᠮ ᠂ ᠬᠡᠤᠬᠡᠳ᠎ᠤᠨ ᠬᠡᠷᠡᠭᠯᠡᠬᠦ ᠡᠮ ᠵᠡᠷᠭᠡ ᠲᠥᠷᠥ᠎ᠶᠢᠨ ᠪᠣᠳᠣᠯᠭ᠎ᠠ᠎ᠲᠠᠢ ᠵᠣᠯᠭᠠᠯᠳᠤᠭᠤᠯᠬᠤ᠎ᠶᠢ ᠪᠠᠲᠤᠯᠠᠪᠠ ᠃ ᠦᠨᠳᠦᠰᠦᠨ ᠡᠮ᠎ᠤᠨ ᠵᠦᠢᠯ᠎ᠤᠨ ᠬᠡᠪ ᠬᠡᠮᠵᠢᠶ᠎ᠡ᠎ᠳᠤ ᠂ ᠮᠡᠳᠡᠭᠦᠯᠬᠦ ᠬᠡᠮᠵᠢᠶᠡᠨ᠎ᠤ ᠰᠢᠰᠲᠧᠮ᠎ᠳᠤ ᠲᠤᠰᠬᠠᠶ᠋ᠢᠯᠠᠨ ᠲᠣᠳᠣᠷᠬᠠᠶ᠋ᠢᠯᠠᠯᠲᠠ ᠬᠢᠨ᠎ᠡ ᠂ ᠬᠡᠷᠪᠡ ᠲᠤᠰ ᠬᠡᠪ ᠪᠠᠷᠢᠮᠵᠢᠶ᠎ᠠ᠎ᠨᠢ ᠶᠠᠰᠤ ᠴᠢᠨᠠᠷ ᠪᠠ ᠡᠮᠴᠢᠯᠡᠭᠡᠨ᠎ᠤ ᠠᠴᠢ ᠲᠤᠰᠠ᠎ᠶᠢᠨ ᠨᠢᠭᠡᠳᠦᠯᠲᠦ ᠴᠢᠨᠠᠷᠲᠠᠶ ᠦᠨᠡᠯᠡᠯᠲᠡ᠎ᠶᠢ ᠳᠠᠮᠵᠢᠭ᠍ᠰᠠᠨ ᠦᠭᠡᠶ ᠪᠣᠯ ᠂ ᠡᠮᠴᠢᠯᠡᠭᠡᠨ᠎ᠤ ᠪᠠᠶ᠋ᠢᠭᠤᠯᠤᠮᠵᠢ᠎ᠨᠢ ᠨᠤᠭᠤᠯᠤᠨ ᠪᠣᠳᠣᠬᠤ ᠬᠠᠷᠢᠴᠠᠯ᠎ᠢᠶᠠᠨ ᠥᠪᠡᠰᠦᠪᠡᠨ ᠲᠣᠭᠲᠠᠭᠠᠬᠤ᠎ᠶᠢᠨ ᠬᠠᠮᠲᠤ ᠂ ᠮᠡᠳᠡᠭᠦᠯᠬᠦ ᠬᠡᠮᠵᠢᠶ᠎ᠡ᠎ᠳᠤ ᠲᠣᠳᠣᠷᠬᠠᠶ᠋ᠢᠯᠠᠯᠲᠠ ᠬᠢᠵᠦ ᠪᠣᠯᠤᠨ᠎ᠠ ᠃ ᠬᠡᠦᠬᠡᠳ᠎ᠲᠦ ᠳᠣᠬᠢᠷᠠᠬᠤ ᠡᠮ᠎ᠦᠨ ᠶᠣᠰᠣ᠌ ᠳᠦᠷᠢᠮ᠎ᠳᠤ ᠂ ᠬᠡᠷᠪᠡ ᠨᠢᠭᠡᠳᠦᠯᠲᠦ ᠴᠢᠨᠠᠷᠲᠠᠢ ᠦᠨᠡᠯᠡᠯᠲᠡ᠎ᠶᠢ ᠳᠠᠮᠵᠢᠭ᠍ᠰᠠᠨ ᠦᠭᠡᠢ ᠂ ᠡᠮᠴᠢᠯᠡᠭᠡᠨ᠎ᠦ ᠪᠠᠢᠭᠤᠯᠤᠮᠵᠢ᠎ᠠᠴᠠ ᠣᠷᠣᠯᠠᠨ ᠭᠦᠢᠴᠡᠳᠬᠡᠬᠦ᠎ᠳᠤ ᠬᠦᠴᠢᠷᠲᠡᠢ ᠂ ᠮᠡᠳᠡᠭᠦᠯᠦᠭᠰᠡᠨ ᠬᠡᠮᠵᠢᠶ᠎ᠡ᠎ᠶᠢ ᠨᠤᠭᠤᠯᠤᠨ ᠪᠤᠳᠤᠬᠤ᠎ᠶᠢᠨ ᠠᠷᠭ᠎ᠠ ᠦᠭᠡᠢ ᠭᠡᠵᠦ ᠦᠵᠡᠪᠡᠯ ᠂ ᠪᠣᠳᠠᠲᠤ ᠬᠡᠷᠡᠭᠴᠡᠭᠡ᠎ᠪᠠᠨ ᠦᠨᠳᠦᠰᠦᠯᠡᠨ ᠬᠡᠮᠵᠢᠶ᠎ᠡ᠎ᠶᠢ ᠮᠡᠳᠡᠭᠦᠯᠬᠦ᠎ᠶᠢᠨ ᠬᠠᠮᠲᠤ ᠲᠣᠳᠣᠷᠬᠠᠶ᠋ᠢᠯᠠᠯᠲᠠ ᠬᠢᠵᠦ ᠪᠣᠯᠤᠨ᠎ᠠ ᠃

  ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠬᠠᠯ ᠂ ᠨᠠᠰᠤᠨ ᠲᠤᠷᠰᠢᠲᠠ᠎ᠶᠢᠨ ᠰᠠᠬᠢᠨ ᠬᠠᠮᠠᠭᠠᠯᠠᠭ᠍ᠴᠢ ! ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠠᠮᠤᠷ ᠲᠦᠪᠰᠢᠨ᠎ᠢ ᠬᠠᠮᠠᠭᠠᠯᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ! ᠳᠠᠭᠠᠳᠬᠠᠯ ᠮᠡᠬᠡᠯᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠢᠯᠡᠴᠢᠯᠡᠨ ᠮᠡᠳᠡᠭᠦᠯᠬᠦ ᠤᠲᠠᠰᠤ ᠄ 010 - 89061396 ᠂ 010 - 89061397 ; ᠢᠮᠸᠯ᠄ jubao@nhsa.gov.cn ᠃

ᠢᠷᠡᠯᠲᠡ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            