ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
CT᠎ᠶᠢᠨ ᠮᠡᠳᠡᠭᠦᠯᠦᠯᠲᠡ᠎ᠶᠢᠨ ᠳ᠋ᠦᠩ᠎ᠢ ᠪᠦᠬᠦ ᠤᠯᠤᠰ᠎ᠤᠨ ᠬᠡᠪᠴᠢᠶᠡᠨ᠎ᠳᠦ ᠬᠡᠷᠡᠭᠯᠡᠵᠦ ᠪᠣᠯᠬᠤ ᠪᠣᠯᠪᠠ
ᠨᠡᠶ᠋ᠢᠲᠡᠯᠡᠭᠰᠡᠨ ᠴᠠᠭ᠄ 2025-07-07

  ᠬᠣᠪᠧᠢ᠎ᠶᠢᠨ ᠡᠳᠦᠷ᠎ᠤᠨ ᠰᠣᠨᠢᠨ᠎ᠤ ᠮᠡᠳᠡᠭᠡ (ᠰᠣᠷᠪᠤᠯᠵᠢᠯᠠᠬ᠍ᠴᠢ ᠸᠠᠩ ᠵᠢᠩ ᠬᠤᠸᠠ ᠂ ᠴᠢᠮᠠᠭᠡᠯᠠᠭ᠍ᠴᠢ ᠬᠤᠸᠠᠩ ᠱᠠᠨ ᠂ ᠵᠧᠤ ᠶᠢᠩ)  CT᠎ᠶᠢᠨ ᠮᠡᠳᠡᠭᠦᠯᠦᠯᠲᠡ᠎ᠶᠢᠨ ᠳ᠋ᠦᠩ᠎ᠢ ᠪᠤᠢ᠍ᠭᠦ ᠤᠯᠤᠰ᠎ᠤᠨ ᠬᠡᠪᠴᠢᠶᠡᠨ᠎ᠳᠦ ᠬᠡᠷᠡᠭᠯᠡᠵᠦ ᠪᠣᠯᠬᠤ ᠪᠣᠯᠣᠭᠰᠠᠨ       ᠦᠦ ? ᠪᠤᠰᠤᠳ ᠡᠮᠨᠡᠯᠭᠡ᠎ᠶᠢᠨ ᠬᠣᠷᠢᠶᠠᠨ᠎ᠳᠤ ᠰᠢᠯᠵᠢᠭᠦᠯᠦᠨ ᠡᠮᠨᠡᠭᠦᠯᠪᠡᠯ ᠹᠢᠯᠢᠮ ᠠᠪᠬᠤ ᠦᠭᠡᠢ ᠂ CT᠎ᠶᠢ ᠪᠠᠰᠠ ᠳᠠᠬᠢᠨ ᠳᠠᠪᠲᠠᠨ ᠬᠢᠯᠭᠡᠬᠦ ᠴᠢᠬᠤᠯᠠ ᠦᠭᠡᠢ ᠂ ᠺᠣᠳ᠋ ᠰᠢᠷᠪᠢᠪᠡᠯ ᠰᠢᠢᠳᠪᠦᠷᠢᠯᠡᠵᠦ ᠳᠡᠶ᠋ᠢᠯᠦᠨ᠎ᠡ ᠦᠦ ? 6 ᠳ᠋ᠤᠭᠠᠷ ᠰᠠᠷ᠎ᠠ᠎ᠶᠢᠨ 24᠎ᠤ ᠡᠳᠦᠷ ᠂ ᠢ ᠴᠠᠩ ᠬᠣᠲᠠ᠎ᠶᠢᠨ ᠭᠠᠩ ᠶᠣᠣ ᠵᠠᠮ᠎ᠳᠤ ᠰᠠᠭᠤᠷᠢᠰᠢᠵᠤ ᠪᠠᠢᠭ᠎ᠠ ᠴᠧᠨ ᠠᠪᠤᠭᠠᠢ ᠣᠢᠷ᠎ᠠ᠎ᠳᠤ ᠡᠪᠦᠳᠦᠭ᠎ᠤᠨ ᠦᠶ᠎ᠡ᠎ᠨᠢ ᠡᠪ ᠦᠭᠡᠢ ᠪᠠᠢᠳᠠᠯ ᠭᠠᠷᠤᠭᠰᠠᠨ᠎ᠠᠴᠠ ᠬᠣᠲᠠ᠎ᠶᠢᠨ ᠭᠤᠷᠪᠠᠳᠤᠭᠠᠷ ᠠᠷᠠᠳ᠎ᠤᠨ ᠡᠮᠨᠡᠯᠭᠡ᠎ᠶᠢᠨ ᠬᠣᠷᠢᠶᠠᠨ᠎ᠳᠤ ᠰᠢᠯᠵᠢᠨ ᠳᠠᠬᠢᠨ ᠪᠠᠢᠴᠠᠭᠠᠯᠲᠠ ᠬᠢᠯᠭᠡᠪᠡ ᠂ ᠭᠡᠪᠡᠴᠦ ᠡᠮᠴᠢ᠎ᠡᠴᠡ 《ᠢ ᠵᠢᠶᠠᠨ ᠲᠦᠩ》᠎ᠡᠴᠡ ᠲᠡᠭᠦᠨ᠎ᠤ ᠭᠤᠷᠪᠠᠨ ᠡᠳᠦᠷ᠎ᠤᠨ ᠡᠮᠦᠨᠡᠬᠢ ᠰᠢ ᠯᠢᠩ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠲᠥᠪ᠎ᠲᠤ ᠬᠢᠯᠭᠡᠭᠰᠡᠨ CT᠎ᠶᠢᠨ ᠮᠡᠳᠡᠭᠦᠯᠦᠯᠲᠡ᠎ᠶᠢᠨ ᠳ᠋ᠦᠩ᠎ᠢ ᠪᠠᠢᠴᠠᠭᠠᠨ ᠦᠵᠡᠵᠦ ᠪᠣᠯᠣᠨ᠎ᠠ ᠭᠡᠰᠡᠨ᠎ᠳᠦ ᠲᠡᠷᠡ ᠭᠠᠢᠬᠠᠰᠢ       ᠠᠯᠳᠠᠪᠠ ᠃

  ᠣᠶ᠋ᠢᠯᠠᠭᠠᠭᠰᠠᠨ᠎ᠢᠶᠠᠷ ᠂ 6 ᠳ᠋ᠤᠭᠠᠷ ᠰᠠᠷ᠎ᠠ᠎ᠶᠢᠨ 18᠎ᠤ ᠡᠳᠦᠷ ᠂ ᠬᠤᠪᠸᠢ ᠮᠤᠵᠢ᠎ᠶᠢᠨ ᠡᠮᠴᠢᠯᠡᠭᠡᠨ᠎ᠦ ᠳᠠᠭᠠᠳᠬᠠᠯ᠎ᠤᠨ ᠮᠡᠳᠡᠭᠡ ᠵᠠᠩᠭᠢ᠎ᠶᠢᠨ ᠲᠠᠪᠴᠠᠩ ᠰᠦᠯᠵᠢᠶᠡᠨ᠎ᠳᠤ ᠭᠠᠷᠴᠤ 《ᠡᠮᠴᠢᠯᠡᠭᠡᠨ᠎ᠦ ᠳᠠᠭᠠᠳᠬᠠᠯ᠎ᠤᠨ ᠵᠢᠷᠤᠭ ᠳᠦᠷᠰᠦ᠎ᠶᠢᠨ ᠡᠭᠦᠯᠡᠨ ᠬᠡᠯᠬᠢᠶᠡᠰᠦ᠎ᠶᠢᠨ ᠬᠠᠮᠲᠤ᠎ᠪᠠᠷ ᠬᠦᠷᠲᠡᠬᠦ ᠬᠡᠰᠡᠭ》᠎ᠤᠨ ᠴᠢᠳᠠᠮᠵᠢ᠎ᠶᠢ ᠵᠢᠩᠬᠢᠨᠢ᠎ᠪᠠᠷ ᠨᠡᠪᠲᠡᠷᠡᠭᠦᠯᠵᠦ ᠂ ᠢ ᠴᠠᠩ ᠬᠤᠲᠠ᠎ᠶᠢᠨ ᠡᠮᠴᠢᠯᠡᠭᠡᠨ᠎ᠤ ᠵᠢᠷᠤᠭ ᠳᠦᠷᠰᠦ ᠪᠠ ᠤᠯᠤᠰ᠎ᠤᠨ ᠡᠮᠴᠢᠯᠡᠭᠡᠨ᠎ᠦ ᠳᠠᠭᠠᠳᠬᠠᠯ᠎ᠤᠨ ᠮᠡᠳᠡᠭᠡ ᠵᠠᠩᠭᠢ᠎ᠶᠢᠨ ᠲᠠᠪᠴᠠᠩ᠎ᠢ ᠵᠡᠷᠭᠡ᠎ᠪᠠᠷ ᠨᠡᠪᠲᠡᠷᠡᠭᠦᠯᠵᠦ ᠂ ᠢ ᠴᠠᠩ ᠬᠤᠲᠠ᠎ᠶᠢᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠶᠢᠨ ᠵᠢᠷᠤᠭ ᠳᠦᠷᠰᠦ᠎ᠶᠢᠨ ᠬᠡᠯᠬᠢᠶᠡᠰᠦ᠎ᠶᠢᠨ ᠲᠤᠭ᠎ᠠ ᠪᠠᠷᠢᠮᠲᠠ᠎ᠶᠢ ᠴᠠᠭ ᠲᠤᠬᠠᠶ᠎ᠳᠦ ᠨᠢ ᠴᠤᠭᠯᠠᠭᠤᠯᠬᠤ ᠪᠠ ᠳᠡᠭᠡᠭᠰᠢ ᠳᠠᠮᠵᠢᠭᠤᠯᠬᠤ᠎ᠶᠢ ᠪᠡᠶᠡᠯᠡᠭᠦᠯᠪᠡ ᠃

  ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ 《ᠵᠢᠷᠤᠭ ᠳᠦᠷᠰᠦ᠎ᠶᠢᠨ ᠡᠭᠦᠯᠡᠨ ᠬᠡᠯᠬᠢᠶᠡᠰᠦ》᠎ᠶᠢᠨ ᠲᠤᠷᠰᠢᠯᠲᠠ᠎ᠶᠢᠨ ᠮᠤᠵᠢ ᠪᠣᠯᠤᠭᠰᠠᠨ᠎ᠤ ᠬᠤᠪᠢ᠎ᠳᠤ ᠂ ᠬᠤᠪᠸᠢ ᠮᠤᠵᠢ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ 《ᠡᠮᠴᠢᠯᠡᠭᠡᠨ᠎ᠦ ᠳᠠᠭᠠᠳᠬᠠᠯ᠎ᠤᠨ ᠳᠦᠷᠰᠦ ᠰᠢᠩᠭᠡᠭᠡᠯᠲᠡ᠎ᠶᠢᠨ ᠡᠭᠦᠯᠡᠨ ᠬᠡᠯᠬᠢᠶᠡᠰᠦ》᠎ᠶᠢᠨ ᠲᠥᠰᠦᠯ᠎ᠢ ᠴᠢᠩᠭ᠎ᠠ ᠬᠡᠷᠡᠭᠵᠢᠭᠦᠯᠵᠦ ᠂ 《ᠤᠯᠤᠰ᠎ᠤᠨ ᠲᠠᠪᠴᠠᠩ + ᠮᠤᠵᠢ᠎ᠶᠢᠨ ᠱᠠᠲᠤᠨ᠎ᠤ ᠬᠠᠮᠲᠤ᠎ᠪᠠᠷ ᠬᠦᠷᠲᠡᠬᠦ ᠵᠠᠩᠭᠢᠯᠠᠭ᠎ᠠ᠎ᠶᠢᠨ ᠴᠡᠭ + N ᠬᠤᠲᠠ᠎ᠶᠢᠨ ᠲᠠᠰ᠎ᠤᠨ ᠵᠢᠷᠤᠭ ᠳᠦᠷᠰᠦ᠎ᠶᠢᠨ ᠡᠭᠦᠯᠡ》᠎ᠶᠢᠨ ᠭᠤᠷᠪᠠᠨ ᠭᠤᠷᠪᠠᠨ ᠱᠠᠲᠤᠨ᠎ᠤ ᠲᠣᠭ᠎ᠠ ᠪᠠᠷᠢᠮᠲᠠ᠎ᠶᠢᠨ ᠬᠠᠷᠢᠯᠴᠠᠨ ᠨᠡᠪᠲᠡᠷᠡᠭᠦᠯᠬᠦ ᠪᠦᠲᠦᠴᠡ᠎ᠶᠢ ᠪᠠᠶ᠋ᠢᠭᠤᠯᠪᠠ ᠃ ᠡᠨᠡ ᠬᠦ᠌ ᠪᠦᠲᠦᠴᠡ᠎ᠨᠢ ᠲᠡᠰ ᠳᠠᠪᠬᠤᠷᠭ᠎ᠠ᠎ᠶᠢᠨ ᠪᠠᠬᠢᠯᠡᠯᠲᠡ᠎ᠶᠢ ᠡᠪᠳᠡᠵᠦ ᠂ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠭ᠎ᠠ ᠪᠣᠯᠤᠨ ᠲᠤᠭ᠎ᠠ ᠪᠠᠷᠢᠮᠲᠠ᠎ᠶᠢ ᠬᠠᠷᠢᠯᠴᠠᠨ ᠨᠡᠪᠲᠡᠷᠡᠯᠴᠡᠭᠦᠯᠦᠨ ᠬᠠᠷᠰᠢ ᠰᠠᠭᠠᠳ ᠦᠭᠡᠢ ᠨᠡᠪᠲᠡᠷᠡᠭᠦᠯᠪᠡ ᠃ ᠡᠭᠦᠨ᠎ᠠᠴᠠ ᠡᠬᠢᠯᠡᠨ ᠂ ᠢ ᠴᠠᠩ ᠬᠣᠲᠠ᠎ᠶᠢᠨ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ ᠪᠥᠬᠦ ᠤᠯᠤᠰ᠎ᠤᠨ ᠠᠯᠢ ᠲᠠᠯ᠎ᠠ᠎ᠠᠴᠠ ᠨᠢᠭᠡᠨᠲᠡ ᠤᠯᠤᠰ᠎ᠤᠨ ᠡᠮᠴᠢᠯᠡᠭᠡᠨ᠎ᠦ ᠳᠠᠭᠠᠳᠬᠠᠯ᠎ᠤᠨ ᠵᠢᠷᠤᠭ ᠳᠦᠷᠰᠦ᠎ᠲᠠᠢ ᠭᠠᠵᠠᠷ ᠣᠷᠣᠨ᠎ᠳᠤ ᠬᠦᠷᠴᠦ ᠡᠮᠨᠡᠭᠦᠯᠦᠭᠰᠡᠨ ᠴᠤ᠌ ᠲᠡᠭᠦᠨ᠎ᠢ ᠭᠥᠯᠢᠶᠡᠨ ᠠᠪᠴᠤ ᠡᠮᠨᠡᠭᠦᠯᠬᠦ᠎ᠳᠤ ᠵᠥᠪᠬᠡᠨ ᠺᠣᠮᠫᠢᠦ᠋ᠲᠧᠷ᠎ᠢᠶᠠᠷ ᠦᠵᠡᠵᠦ ᠂ ᠪᠥᠬᠦ ᠤᠯᠤᠰ᠎ᠤᠨ ᠨᠢᠭᠡᠳᠦᠯᠲᠡᠶ ᠡᠮᠴᠢᠯᠡᠭᠡᠨ᠎ᠦ ᠳᠠᠭᠠᠳᠬᠠᠯ᠎ᠤᠨ ᠮᠡᠳᠡᠭᠡ ᠵᠠᠩᠭᠢ᠎ᠶᠢᠨ ᠲᠠᠪᠴᠠᠩ᠎ᠢᠶᠠᠷ ᠳᠠᠮᠵᠢᠭᠤᠯᠤᠨ ᠂ ᠡᠪᠡᠳᠴᠢᠲᠡᠨ᠎ᠢ ᠢ ᠴᠠᠩ ᠬᠣᠲᠠ᠎ᠳᠤ ᠳᠤᠷ᠎ᠠ᠎ᠪᠠᠷ᠎ᠢᠶᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠦᠯᠡᠳᠡᠭᠡᠭᠰᠡᠨ ᠲᠡᠦᠬᠡ᠎ᠶᠢᠨ ᠵᠢᠷᠤᠭ ᠳᠦᠷᠰᠦ᠎ᠶᠢᠨ ᠲᠤᠭ᠎ᠠ ᠪᠠᠷᠢᠮᠲᠠ᠎ᠶᠢ ᠲᠦᠷᠭᠡᠨ ᠰᠢᠯᠵᠢᠭᠦᠯᠦᠨ ᠠᠪᠴᠤ ᠂ 《ᠨᠢᠭᠡ ᠰᠦᠯᠵᠢᠶ᠎ᠡ》 ᠂ 《ᠵᠠᠮ᠎ᠤᠨ ᠨᠡᠪᠲᠡᠷᠡᠭᠦᠯᠭᠡ》᠎ᠶᠢ ᠦᠨᠡᠨ ᠬᠦ᠌ ᠪᠡᠶᠡᠯᠡᠭᠦᠯᠵᠦ ᠂ ᠳᠠᠪᠬᠤᠷᠳᠠᠭᠤᠯᠤᠨ ᠪᠠᠶ᠋ᠢᠴᠠᠭᠠᠬᠤ᠎ᠶᠢ ᠦᠨᠳᠦᠰᠦ ᠰᠤᠷᠪᠤᠯᠵᠢ᠎ᠠᠴᠠ᠎ᠨᠢ ᠬᠤᠷᠢᠭ᠍ᠯᠠᠵᠤ ᠂ ᠣᠯᠠᠨ ᠲᠦᠮᠡᠨ᠎ᠤ ᠴᠠᠭ᠎ᠤᠨ ᠥᠪᠡᠷ᠎ᠤᠨ ᠥᠷᠲᠡᠭ ᠪᠠ ᠠᠵᠤ ᠠᠬᠤᠶ᠎ᠶᠢᠨ ᠳᠠᠷᠤᠭᠠᠰᠤ᠎ᠶᠢ ᠶᠡᠭᠡ᠎ᠪᠠᠷ ᠪᠠᠭᠤᠷᠠᠭᠤᠯᠵᠤ ᠂ ᠣᠯᠠᠨ ᠲᠦᠮᠡᠨ᠎ᠤ ᠡᠪᠡᠳᠴᠢᠨ ᠦᠵᠡᠭᠦᠯᠬᠦ᠎ᠳᠤ ᠨᠠᠩ ᠳᠥᠭᠦᠮ ᠳᠥᠲᠡ ᠂ ᠨᠠᠩ ᠲᠠᠭᠠᠯᠠᠮᠵᠢᠲᠠᠶ ᠪᠣᠯᠭᠠᠪᠠ ᠃

  ᠬᠤᠪᠧᠢ ᠮᠣᠵᠢ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ ᠂ ᠢ ᠴᠠᠩ ᠬᠣᠲᠠ᠎ᠶᠢᠨ ᠲᠤᠷᠰᠢᠯᠲᠠ᠎ᠶᠢᠨ ᠴᠡᠭ᠎ᠦᠨ ᠡᠬᠢᠯᠡᠯᠲᠡ ᠪᠣᠯᠭᠠᠵᠤ ᠂ ᠠᠯᠬᠤᠮ ᠠᠯᠬᠤᠮ᠎ᠢᠶᠠᠷ ᠪᠦᠬᠦ ᠮᠣᠵᠢ᠎ᠳᠤ 《ᠡᠮᠴᠢᠯᠡᠭᠡᠨ᠎ᠦ ᠳᠠᠭᠠᠳᠬᠠᠯ᠎ᠤᠨ ᠵᠢᠷᠤᠭ ᠳᠦᠷᠰᠦ᠎ᠶᠢ ᠬᠠᠮᠲᠤ᠎ᠪᠠᠷ ᠬᠦᠷᠲᠡᠬᠦ ᠬᠡᠰᠡᠭ》᠎ᠢ ᠳᠡᠯᠭᠡᠷᠡᠭᠦᠯᠵᠦ ᠂ 2026 ᠣᠨ᠎ᠤ ᠡᠴᠦᠰ᠎ᠠᠴᠠ ᠡᠮᠦᠨ᠎ᠡ ᠂ ᠪᠦᠬᠦ ᠮᠣᠵᠢ᠎ᠶᠢᠨ ᠪᠣᠢ ᠪᠦᠬᠦᠢ ᠲᠤᠰᠬᠠᠢ ᠣᠷᠣᠨ ᠬᠣᠲᠠ᠎ᠶᠢ ᠤᠯᠤᠰ᠎ᠤᠨ ᠡᠮᠴᠢᠯᠡᠭᠡᠨ᠎ᠦ ᠳᠠᠭᠠᠳᠬᠠᠯ᠎ᠤᠨ ᠮᠡᠳᠡᠭᠡ ᠵᠠᠩᠭᠢ᠎ᠶᠢᠨ ᠲᠠᠪᠴᠠᠩ᠎ᠳᠤ ᠣᠷᠣᠭᠤᠯᠬᠤ᠎ᠶᠢ ᠠᠬᠢᠭᠤᠯᠤᠨ᠎ᠠ ᠭᠡᠵᠡᠢ ᠃

  ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠬᠠᠯ ᠂ ᠨᠠᠰᠤᠨ ᠲᠤᠷᠰᠢᠲᠠ᠎ᠶᠢᠨ ᠰᠠᠬᠢᠨ ᠬᠠᠮᠠᠭᠠᠯᠠᠭ᠍ᠴᠢ ! ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠠᠮᠤᠷ ᠲᠦᠪᠰᠢᠨ᠎ᠢ ᠬᠠᠮᠠᠭᠠᠯᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ! ᠳᠠᠭᠠᠳᠬᠠᠯ ᠮᠡᠬᠡᠯᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠢᠯᠡᠴᠢᠯᠡᠨ ᠮᠡᠳᠡᠭᠦᠯᠬᠦ ᠤᠲᠠᠰᠤ ᠄ 010 - 89061396 ᠂ 010 - 89061397 ; ᠢᠮᠸᠯ᠄ jubao@nhsa.gov.cn ᠃

ᠢᠷᠡᠯᠲᠡ᠄ ᠬᠤᠪᠧᠶ᠎ᠶᠢᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            