ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠵᠤᠭᠤᠰ ᠪᠤᠴᠠᠭᠠᠬᠤ ᠬᠤᠷᠳᠤᠴᠠ᠎ᠶᠢ ᠲᠦᠷᠭᠡᠰᠬᠡᠪᠡ ᠄ ᠠᠵᠤ ᠠᠬᠤᠶ᠋ᠢᠯᠠᠯ᠎ᠤᠨ ᠪᠡᠯᠡ ᠮᠦᠩᠭᠦ᠎ᠶᠢᠨ ᠡᠷᠭᠢᠯᠲᠡ᠎ᠳᠤ ᠲᠦᠷᠭᠡᠨ ᠤᠷᠤᠭᠰᠢᠯᠠᠬᠤ ᠳᠠᠷᠤᠪᠴᠢ᠎ᠶᠢ ᠳᠠᠷᠤᠪᠠ
ᠨᠡᠶ᠋ᠢᠲᠡᠯᠡᠭᠰᠡᠨ ᠴᠠᠭ᠄ 2025-07-10

  《ᠡᠨᠡ ᠰᠠᠷ᠎ᠠ᠎ᠶᠢᠨ ᠪᠠᠷᠠᠭᠠᠨ᠎ᠤ ᠵᠣᠭᠣᠰ᠎ᠤᠨ ᠳᠠᠩᠰᠠᠨ᠎ᠳᠤ ᠣᠷᠤᠬᠤ ᠬᠤᠷᠳᠤᠴᠠ ᠨᠢ ᠥᠩᠭᠡᠷᠡᠭᠰᠡᠨ᠎ᠠᠴᠠ᠎ᠪᠡᠨ ᠪᠠᠰᠠ ᠨᠢᠭᠡ ᠠᠯᠬᠤᠮ ᠲᠦᠷᠭᠡᠰᠴᠡᠢ ! ᠦᠨᠡᠬᠡᠷ ᠰᠠᠨᠠᠭ᠎ᠠ ᠠᠮᠤᠷ ᠪᠣᠯᠪᠠ》 ᠭᠡᠵᠦ ᠬᠠᠩᠵᠸᠦ ᠬᠣᠲᠠ᠎ᠶᠢᠨ ᠡᠮ᠎ᠤᠨ ᠵᠦᠢᠯ ᠲᠣᠬᠢᠷᠠᠭᠤᠯᠤᠨ ᠬᠦᠷᠭᠡᠬᠦ ᠨᠢᠭᠡ ᠠᠵᠤ ᠠᠬᠤᠶ᠋ᠢᠯᠠᠯ᠎ᠤᠨ ᠪᠣᠷᠣᠯᠠᠭᠤᠯᠤᠭ᠍ᠴᠢ ᠬᠡᠯᠡᠨ᠎ᠡ ᠃ ᠡᠨᠠ ᠪᠤᠯ ᠮᠠᠰᠢ ᠣᠯᠠᠨ ᠡᠮ ᠡᠮᠨᠠᠯᠭᠡ᠎ᠶᠢᠨ ᠠᠵᠤ ᠠᠬᠣᠢ᠍ᠢᠯᠠᠯ᠎ᠤᠨ ᠵᠧᠵᠢᠶᠠᠩ ᠮᠣᠵᠢ᠎ᠶᠢᠨ ᠲᠠᠪᠴᠠᠩ᠎ᠤᠨ ᠡᠮ ᠡᠮᠨᠠᠯᠭᠡ᠎ᠶᠢᠨ ᠪᠠᠷᠠᠭᠠᠨ᠎ᠤ ᠵᠤᠭᠤᠰ᠎ᠢ ᠰᠢᠭᠣᠣᠠ ᠪᠤᠲᠣᠯᠭᠢᠯᠠᠬᠤ ᠣᠢ᠍ᠷ᠎ᠠ ᠪᠤᠢ᠍ᠲᠣᠮᠵᠢ᠎ᠶᠢ ᠲᠠᠰᠣᠷᠠᠯᠲᠠ ᠣᠢ᠍ᠭᠡᠢ ᠳᠡᠭᠡᠭᠰᠢᠯᠡᠭᠦᠯᠦᠭᠰᠡᠨ ᠣᠢ᠍ᠭᠡᠷᠠᠴᠢᠯᠠᠯᠲᠠ ᠮᠣᠢ᠍ᠠ ᠃ 5 ᠳ᠋ᠤᠭᠠᠷ ᠰᠠᠷ᠎ᠠ᠎ᠠᠴᠠ ᠨᠠᠭᠠᠰᠢ ᠂ ᠵᠧᠵᠢᠶᠠᠩ ᠮᠤᠵᠢ᠎ᠶᠢᠨ ᠡᠮ᠎ᠤᠨ ᠪᠠᠭᠠᠵᠢ ᠬᠡᠷᠡᠭᠰᠡᠯ ᠬᠤᠳᠠᠯᠳᠤᠨ ᠠᠪᠬᠤ ᠲᠠᠪᠴᠠᠩ ᠳᠡᠭᠡᠷ᠎ᠡ ᠬᠤᠳᠠᠯᠳᠤᠨ ᠠᠪᠬᠤ ᠲᠥᠷᠥᠯ ᠵᠦᠢᠯ ᠪᠠ ᠤᠯᠤᠰ᠎ᠤᠨ ᠡᠮ᠎ᠤᠨ ᠵᠦᠢᠯ᠎ᠢ ᠳ᠋ᠦᠩᠨᠡᠨ ᠪᠣᠳᠣᠬᠤ ᠲᠤᠰᠬᠠᠶ ᠲᠤᠭᠤᠷᠢᠭ᠋᠎ᠢ ᠪᠠᠶ᠋ᠢᠭᠤᠯᠵᠤ ᠂ 6 ᠳ᠋ᠤᠭᠠᠷ ᠰᠠᠷ᠎ᠠ᠎ᠶᠢᠨ 30᠎ᠤ ᠡᠳᠦᠷ ᠪᠣᠯᠲᠠᠯ᠎ᠠ ᠡᠮᠴᠢᠯᠡᠭᠡᠨ᠎ᠦ ᠳᠠᠭᠠᠳᠬᠠᠯ᠎ᠤᠨ ᠲᠣᠭᠲᠠᠭᠰᠠᠨ ᠴᠡᠭ᠎ᠦᠨ 1182 ᠪᠠᠶ᠋ᠢᠭᠤᠯᠤᠮᠵᠢ᠎ᠶᠢᠨ ᠳ᠋ᠦᠩᠨᠡᠨ ᠪᠣᠳᠣᠭᠰᠠᠨ ᠲᠣᠭ᠎ᠠ᠎ᠨᠢ 58 ᠳ᠋ᠦᠩᠰᠢᠭᠤᠷ ᠲᠦᠭᠦᠷᠢᠭ᠎ᠲᠤ ᠬᠦᠷᠴᠦ ᠂ ᠴᠠᠭ᠎ᠲᠤ᠎ᠪᠠᠨ ᠳ᠋ᠦᠩᠨᠡᠨ ᠪᠣᠳᠣᠭᠰᠠᠨ ᠨᠣᠷᠮ᠎ᠠ᠎ᠨᠢ 99.90%᠎ᠳᠤ ᠬᠦᠷᠴᠦ ᠂ ᠡᠭᠦᠨ᠎ᠳᠤ 1136 ᠡᠷᠦᠬᠡ᠎ᠨᠢ 100%᠎ᠪᠠᠷ ᠴᠠᠭ ᠲᠤᠬᠠᠶ᠎ᠳᠤ ᠨᠢ ᠳ᠋ᠦᠩᠨᠡᠨ ᠪᠣᠳᠣᠬᠤ᠎ᠶᠢ ᠪᠡᠶᠡᠯᠡᠭᠦᠯᠵᠡᠶ ᠃

  ᠳ᠋ᠦᠩᠨᠡᠨ ᠪᠤᠳᠤᠬᠤ 《ᠦᠷ᠎ᠡ ᠪᠦᠲᠦᠮᠵᠢ᠎ᠶᠢ ᠳᠡᠭᠡᠭᠰᠢᠯᠡᠭᠦᠯᠬᠦ》 ᠄ ᠠᠵᠤ ᠠᠬᠤᠶ᠋ᠢᠯᠠᠯ᠎ᠤᠨ ᠪᠠᠯᠠ ᠮᠥᠩᠭᠦ᠎ᠶᠢᠨ ᠡᠷᠭᠢᠯᠲᠡ᠎ᠶᠢᠨ ᠳᠠᠷᠤᠭᠠᠰᠤ᠎ᠶᠢ ᠬᠥᠩᠭᠡᠯᠡᠪᠡ

  ᠡᠮ ᠡᠮᠨᠡᠯᠭᠡ᠎ᠶᠢᠨ ᠠᠵᠤ ᠠᠬᠤᠶ᠋ᠢᠯᠠᠯ᠎ᠳᠤ ᠠᠪᠴᠤ ᠬᠡᠯᠡᠪᠡᠯ ᠪᠠᠷᠠᠭᠠᠨ᠎ᠤ ᠵᠤᠭᠤᠰ᠎ᠢ ᠴᠠᠭ ᠲᠤᠬᠠᠢ᠎ᠳᠤ᠎ᠨᠢ ᠪᠤᠴᠠᠭᠠᠨ ᠥᠭᠬᠦ ᠨᠢ ᠠᠮᠢᠨ ᠰᠤᠳᠠᠰᠤ ᠪᠣᠯᠤᠨ᠎ᠠ ᠃ ᠬᠡᠷᠪᠡ ᠠᠷᠪᠠᠨ ᠵᠢᠯ᠎ᠤᠨ ᠡᠮᠦᠨ᠎ᠡ ᠂ ᠵᠧᠵᠢᠶᠠᠩ ᠮᠤᠵᠢ᠎ᠶᠢᠨ ᠡᠮ᠎ᠤᠨ ᠵᠦᠢᠯ ᠪᠠ ᠪᠠᠭᠠᠵᠢ ᠬᠡᠷᠡᠭᠰᠡᠯ ᠬᠤᠳᠠᠯᠳᠤᠨ ᠠᠪᠬᠤ ᠲᠠᠪᠴᠠᠩ᠎ᠤᠨ ᠬᠤᠳᠠᠯᠳᠤᠨ ᠠᠪᠴᠤ ᠳ᠋ᠦᠩᠨᠡᠨ ᠪᠣᠳᠣᠭᠰᠠᠨ ᠪᠡᠯᠡ ᠮᠥᠩᠭᠥᠨ᠎ᠤ ᠭᠦᠢᠯᠭᠡᠭᠡ ᠪᠣᠯᠣᠨ ᠬᠤᠳᠠᠯᠳᠤᠭᠠᠨ᠎ᠤ ᠤᠷᠤᠰᠬᠠᠯ ᠂ ᠮᠡᠳᠡᠭᠡ ᠵᠠᠩᠭᠢ᠎ᠶᠢᠨ ᠭᠦᠢᠯᠭᠡᠭᠡ ᠵᠡᠷᠭᠡ 《ᠭᠤᠷᠪᠠᠨ ᠭᠦᠢᠯᠭᠡᠭᠡ᠎ᠶᠢ ᠨᠢᠭᠡᠳᠬᠡᠭᠰᠡᠨ》 ᠪᠥᠲᠥᠭᠡᠨ ᠪᠠᠶ᠋ᠢᠭᠤᠯᠤᠯᠲᠠ᠎ᠨᠢ ᠪᠤᠴᠠᠭᠠᠬᠤ ᠵᠣᠭᠣᠰ᠎ᠢ ᠦᠵᠡᠬᠦ᠎ᠶᠢᠨ ᠲᠥᠯᠥᠭᠡ ᠶᠤᠮ ᠪᠣᠯ ᠡᠳᠦᠭᠡ ᠡᠮ᠎ᠤᠨ ᠵᠦᠢᠯ ᠪᠠ ᠪᠠᠭᠠᠵᠢ ᠬᠡᠷᠡᠭᠰᠡᠯ ᠬᠤᠳᠠᠯᠳᠤᠨ ᠠᠪᠬᠤ ᠲᠠᠪᠴᠠᠩ᠎ᠤᠨ ᠰᠢᠭᠤᠳ ᠳ᠋ᠦᠩᠨᠡᠨ ᠪᠣᠳᠣᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠥᠭᠡᠷᠡᠴᠢᠯᠡᠯᠲᠡ᠎ᠨᠢ ᠡᠮᠨᠡᠯᠭᠡ᠎ᠶᠢᠨ ᠬᠣᠷᠢᠶᠠᠨ᠎ᠤ ᠵᠣᠭᠣᠰ ᠪᠤᠴᠠᠭᠠᠬᠤ ᠳᠡᠰ ᠳᠠᠪᠰᠢᠯᠲᠠ᠎ᠶᠢ ᠲᠦᠷᠭᠡᠳᠬᠡᠵᠦ ᠂ ᠠᠵᠤ ᠠᠬᠤᠶ᠋ᠢᠯᠠᠯ᠎ᠤᠨ ᠪᠡᠯᠡ ᠮᠥᠩᠭᠥᠨ᠎ᠤ ᠡᠷᠭᠢᠯᠲᠡ᠎ᠶᠢᠨ ᠳᠠᠷᠤᠯᠲᠠ᠎ᠶᠢ ᠪᠠᠭᠠᠰᠬᠠᠬᠤ᠎ᠶᠢᠨ ᠲᠦᠯᠦᠭᠡ ᠶᠤᠮ ᠃

  ᠵᠧᠵᠢᠶᠠᠩ᠎ᠤᠨ ᠥᠭᠡᠷᠡᠴᠢᠯᠡᠯᠲᠡ ᠨᠢ ᠡᠮᠵᠡᠭ ᠴᠡᠭ᠎ᠢ ᠰᠢᠭᠤᠳ ᠳᠠᠭᠠᠷᠢᠪᠠ ᠄ ᠤᠤᠯ᠎ᠤᠨ ᠳ᠋ᠦᠩᠨᠡᠨ ᠪᠣᠳᠣᠬᠤ ᠶᠠᠪᠤᠴᠠ᠎ᠶᠢ ᠦᠯᠡᠳᠡᠭᠡᠭᠰᠡᠨ ᠰᠠᠭᠤᠷᠢᠨ ᠳᠡᠭᠡᠷ᠎ᠡ ᠂ ᠰᠢᠨ᠎ᠡ᠎ᠪᠠᠷ ᠨᠡᠮᠡᠭᠳᠡᠭᠰᠡᠨ ᠰᠠᠷ᠎ᠠ᠎ᠶᠢᠨ ᠰᠡᠭᠦᠯᠴᠢ᠎ᠳᠤ ᠰᠢᠰᠲᠧᠮ᠎ᠠᠴᠠ ᠨᠢᠭᠡᠳᠦᠯᠲᠡᠢ ᠵᠣᠭᠤᠰ ᠰᠠᠭᠤᠯᠭᠠᠨ ᠠᠪᠬᠤ ᠴᠢᠳᠠᠮᠵᠢ - ᠰᠠᠷ᠎ᠠ ᠪᠦᠷᠢ᠎ᠶᠢᠨ 25᠎ᠤ ᠡᠳᠦᠷ᠎ᠠᠴᠠ ᠡᠮᠦᠨ᠎ᠡ ᠡᠮᠴᠢᠯᠡᠭᠡᠨ᠎ᠤ ᠪᠠᠶ᠋ᠢᠭᠤᠯᠤᠮᠵᠢ᠎ᠠᠴᠠ ᠰᠠᠨᠠᠭᠠᠴᠢᠯᠠᠭ᠎ᠠ᠎ᠠᠴᠠ᠎ᠪᠠᠨ ᠰᠦᠯᠵᠢᠶᠡᠨ ᠳᠡᠭᠡᠷ᠎ᠡ ᠳ᠋ᠦᠩᠨᠡᠨ ᠪᠣᠳᠣᠵᠤ ᠂ 26᠎ᠤ ᠡᠳᠦᠷ᠎ᠠᠴᠠ 31᠎ᠤ ᠡᠳᠦᠷ ᠪᠣᠯᠲᠠᠯ᠎ᠠ ᠰᠢᠰᠲᠧᠮ᠎ᠠᠴᠠ ᠡᠳᠦᠷ ᠪᠦᠷᠢ ᠲᠤᠰᠢᠶᠠᠬᠤ ᠶᠤᠰᠤᠲᠠᠢ ᠪᠠ ᠲᠤᠰᠢᠶᠠᠭ᠎ᠠ ᠦᠭᠡᠢ ᠪᠠᠷᠠᠭᠠᠨ᠎ᠤ ᠵᠣᠭᠤᠰ᠎ᠢ ᠨᠢᠭᠡᠳᠦᠯᠲᠡᠶ ᠰᠠᠭᠤᠯᠭᠠᠨ ᠠᠪᠬᠤ ᠪᠣᠯᠤᠨ᠎ᠠ ᠃ ᠡᠨᠡ ᠬᠦ᠌ 《ᠬᠤᠣᠰ ᠪᠠᠲᠤᠯᠠᠭ᠎ᠠ》᠎ᠶᠢᠨ ᠲᠣᠭᠲᠠᠴᠠ ᠨᠢ ᠂ ᠪᠠᠷᠠᠭᠠᠨ᠎ᠤ ᠵᠣᠭᠤᠰ᠎ᠤᠨ ᠰᠢᠭᠤᠳ ᠳ᠋ᠦᠩᠨᠡᠨ ᠪᠣᠳᠣᠬᠣ᠌ ᠦᠷ᠎ᠡ ᠪᠦᠲᠦᠮᠵᠢ᠎ᠶᠢ ᠰᠢᠭᠤᠳ ᠦᠵᠦᠭᠦᠷ᠎ᠲᠦ ᠬᠦᠷᠭᠡᠭᠰᠡᠨ ᠪᠠᠶ᠋ᠢᠨ᠎ᠠ ᠃

  《ᠵᠧᠵᠢᠶᠠᠩ᠎ᠳᠤ ᠬᠠᠮᠤᠭ᠎ᠤᠨ ᠡᠷᠲᠡ ᠦᠶ᠎ᠡ᠎ᠳᠤ ᠲᠤᠰᠬᠠᠶ ᠬᠥᠮᠦᠨ ᠲᠣᠬᠢᠷᠠᠭᠤᠯᠤᠨ ᠵᠣᠭᠤᠰ ᠪᠤᠴᠠᠭᠠᠬᠤ ᠠᠬᠢᠴᠠ᠎ᠶᠢ ᠰᠤᠷᠠᠭᠯᠠᠭᠤᠯᠵᠤ ᠂ ᠬᠤᠵᠢᠮ᠎ᠨᠢ ᠲᠠᠪᠴᠠᠩ᠎ᠳᠤ ᠭᠠᠷᠤᠮᠠᠭᠴᠠ ᠪᠠᠷᠠᠭᠠᠨ᠎ᠤ ᠵᠣᠭᠤᠰ᠎ᠢ ᠳ᠋ᠦᠩᠨᠡᠨ ᠪᠤᠳᠤᠬᠤ ᠡᠳᠦᠷ᠎ᠤᠨ ᠳᠠᠷᠠᠭᠠᠯᠠᠯ᠎ᠢ ᠮᠥᠷᠳᠡᠭᠦᠯᠵᠦ ᠂ ᠣᠳᠣᠬᠠᠨ᠎ᠳᠤ ᠲᠠᠪᠴᠠᠩ ᠥᠪᠡᠷᠲᠡᠭᠡᠨ ᠵᠣᠭᠤᠰ᠎ᠢ ᠰᠠᠭᠤᠯᠭᠠᠨ ᠠᠪᠳᠠᠭ ᠪᠣᠯᠪᠠ ᠂ ᠵᠣᠭᠤᠰ ᠪᠤᠴᠠᠭᠠᠬᠤ ᠬᠤᠷᠳᠤᠴᠠ᠎ᠨᠢ ᠥᠩᠭᠡᠷᠡᠭᠰᠡᠨ᠎ᠤ᠎ᠬᠢ᠎ᠠᠴᠠ ᠨᠡᠩ ᠲᠦᠷᠭᠡᠰᠴᠦ ᠂ ᠰᠡᠳᠬᠢᠯ ᠠᠮᠤᠷ ᠮᠥᠷᠲᠡᠭᠡᠨ ᠬᠦᠴᠦ ᠠᠷᠪᠢᠯᠠᠬᠤ ᠪᠣᠯᠪᠠ》 ᠭᠡᠵᠦ ᠡᠮ᠎ᠤᠨ ᠵᠦᠢᠯ ᠲᠣᠬᠢᠷᠠᠭᠤᠯᠤᠨ ᠬᠦᠷᠭᠡᠬᠦ ᠨᠢᠭᠡ ᠠᠵᠤ ᠠᠬᠤᠶ᠋ᠢᠯᠠᠯ᠎ᠤᠨ ᠡᠳ᠋᠎ᠤᠨ ᠶᠠᠪᠤᠳᠠᠯ᠎ᠤᠨ ᠠᠵᠢᠯᠲᠠᠨ ᠨᠠᠷᠢᠨ ᠲᠠᠩᠰᠠ ᠪᠣᠳᠣᠨ᠎ᠠ ᠂ ᠡᠢᠮᠦᠷᠬᠦᠦ ᠵᠣᠭᠤᠰ ᠪᠤᠴᠠᠭᠠᠬᠤ ᠦᠷ᠎ᠡ ᠪᠦᠲᠦᠮᠵᠢ᠎ᠨᠢ ᠦᠨᠡᠬᠡᠷ ᠴᠥᠭᠡᠨ ᠪᠤᠰᠤ ᠠᠵᠤ ᠠᠬᠤᠶ᠋ᠢᠯᠠᠯ᠎ᠳᠤ ᠠᠰᠢᠭ᠋ ᠬᠦᠷᠲᠡᠭᠡᠵᠦ ᠪᠣᠢ ᠃

  ᠶᠠᠪᠤᠴᠠ᠎ᠶᠢᠨ 《ᠳᠠᠷᠤᠭᠠᠰᠤ᠎ᠶᠢ ᠬᠥᠩᠭᠡᠯᠡᠬᠦ》 ᠄ ᠰᠢᠰᠲᠧᠮ᠎ᠤᠨ ᠲᠠᠰ ᠳᠡᠪᠰᠢᠯᠲᠡ ᠨᠢ ᠠᠵᠤ ᠠᠬᠤᠶ᠋ᠢᠯᠠᠯ᠎ᠢ ᠳᠤᠲᠠᠭᠤ ᠭᠦᠶᠦᠯᠭᠡᠵᠦ ᠂ ᠠᠵᠢᠯ ᠶᠠᠪᠤᠳᠠᠯ ᠭᠦᠢᠴᠡᠳᠭᠡᠬᠦ᠎ᠳᠤ ᠳᠦᠭᠦᠮ ᠪᠣᠯᠭᠠᠪᠠ

  ᠳ᠋ᠦᠩᠨᠡᠨ ᠪᠣᠳᠤᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠭᠰᠡᠨ ᠨᠢ ᠬᠤᠷᠳᠤᠴᠠ᠎ᠶᠢᠨ ᠲᠠᠯ᠎ᠠ᠎ᠪᠠᠷ ᠢᠯᠡᠷᠡᠵᠦ ᠪᠠᠶ᠋ᠢᠬᠤ᠎ᠪᠠᠷ ᠪᠠᠷᠠᠬᠤ ᠦᠭᠡᠢ ᠶᠠᠪᠤᠴᠠ᠎ᠶᠢᠨ ᠰᠢᠯᠢᠳᠡᠭᠵᠢᠯ ᠳᠤᠮᠳᠠ ᠨᠡᠩ ᠴᠤ᠌ ᠨᠢᠭᠤᠭᠳᠠᠵᠤ ᠪᠣᠢ ᠃ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠪᠠ ᠤᠯᠤᠰ᠎ᠠᠴᠠ ᠡᠮ᠎ᠤᠨ ᠵᠦᠢᠯ᠎ᠢ ᠳ᠋ᠦᠩᠨᠡᠨ ᠪᠤᠳᠤᠬᠤ ᠲᠤᠰᠬᠠᠶ ᠲᠣᠭᠤᠷᠢᠭ᠋᠎ᠢ ᠳᠣᠭᠢᠷᠠᠭᠤᠯᠬᠤ᠎ᠶᠢᠨ ᠬᠠᠮᠲᠤ ᠂ ᠡᠮᠨᠡᠯᠭᠡ᠎ᠶᠢᠨ ᠬᠤᠷᠢᠶ᠎ᠠ᠎ᠠᠴᠠ ᠵᠠᠬᠢᠶᠠᠯᠠᠭ᠎ᠠ ᠪᠠᠭᠤᠯᠭᠠᠬᠤ ᠂ ᠪᠠᠷᠠᠭ᠎ᠠ ᠭᠥᠯᠢᠶᠡᠨ ᠠᠪᠬᠤ᠎ᠶᠢ ᠨᠤᠲᠠᠯᠠᠬᠤ ᠂ ᠳ᠋ᠦᠩᠨᠡᠨ ᠪᠤᠳᠤᠬᠤ ᠵᠡᠷᠭᠡ ᠭᠤᠭᠴᠤᠭ᠎ᠠ᠎ᠳᠤ ᠲᠥᠪᠯᠡᠷᠡᠭᠦᠯᠦᠨ ᠬᠤᠳᠠᠯᠳᠤᠨ ᠠᠪᠬᠤ ᠤᠯᠤᠰ᠎ᠤᠨ ᠡᠮ᠎ᠤᠨ ᠵᠦᠢᠯ᠎ᠢ ᠴᠠᠭ ᠲᠤᠬᠠᠶ᠎ᠳᠤ ᠨᠢ ᠳ᠋ᠦᠩᠨᠡᠨ ᠪᠤᠳᠤᠵᠤ ᠰᠠᠨᠠᠭᠤᠯᠬᠤ ᠂ ᠰᠠᠨᠠᠭᠤᠯᠤᠮᠵᠢ ᠭᠠᠷᠭᠠᠬᠤ ᠵᠢᠴᠢ ᠠᠵᠢᠯᠯᠠᠭᠠᠨ᠎ᠤ ᠵᠢᠯᠣᠭᠤᠳᠣᠯᠭ᠎ᠠ ᠵᠡᠷᠭᠡ ᠴᠢᠳᠠᠮᠵᠢ᠎ᠶᠢ ᠨᠡᠮᠡᠭᠳᠡᠭᠦᠯᠵᠦ ᠂ ᠡᠮᠴᠢᠯᠡᠭᠡᠨ᠎ᠤ ᠪᠠᠶ᠋ᠢᠭᠤᠯᠤᠮᠵᠢ᠎ᠶᠢᠨ ᠲᠣᠰ ᠨᠢᠭᠡᠴᠢ᠎ᠶᠢᠨ᠎ᠢᠶᠡᠨ ᠲᠥᠪᠯᠡᠷᠡᠭᠦᠯᠦᠨ ᠬᠤᠳᠠᠯᠳᠤᠨ ᠠᠪᠬᠤ ᠤᠯᠤᠰ᠎ᠤᠨ ᠡᠮ ᠬᠤᠳᠠᠯᠳᠤᠨ ᠠᠪᠬᠤ᠎ᠶᠢᠨ ᠳ᠋ᠦᠩᠨᠡᠨ ᠪᠤᠳᠤᠬᠤ ᠠᠬᠢᠴᠠ᠎ᠶᠢ ᠴᠠᠭ ᠲᠤᠬᠠᠶ᠎ᠳᠦ ᠨᠢ ᠣᠶ᠋ᠢᠯᠠᠭᠠᠬᠤ᠎ᠳᠤ ᠲᠥᠬᠦᠮ ᠦᠵᠡᠭᠦᠯᠪᠡ ᠃

  ᠵᠧᠵᠢᠶᠠᠩ ᠮᠤᠵᠢ᠎ᠶᠢᠨ ᠡᠮ᠎ᠤᠨ ᠵᠦᠢᠯ ᠪᠠ ᠪᠠᠭᠠᠵᠢ ᠬᠡᠷᠡᠭᠰᠡᠯ ᠬᠤᠳᠠᠯᠳᠤᠨ ᠠᠪᠬᠤ ᠲᠠᠪᠴᠠᠩ᠎ᠤᠨ ᠳᠡᠰ ᠳᠡᠪᠰᠢᠯᠲᠡ᠎ᠨᠢ ᠡᠮᠴᠢᠯᠡᠭᠡᠨ᠎ᠤ ᠪᠠᠶ᠋ᠢᠭᠤᠯᠤᠮᠵᠢ ᠪᠣᠯᠤᠨ ᠡᠮ ᠡᠮᠨᠡᠯᠭᠡ᠎ᠶᠢᠨ ᠠᠵᠤ ᠠᠬᠤᠶ᠋ᠢᠯᠠᠯ᠎ᠳᠤ 《ᠳᠣᠲᠣᠨᠣ᠌ ᠦᠢᠯᠡᠴᠢᠯᠡᠭᠡᠨ᠎ᠤ ᠪᠤᠭᠤᠳᠠᠯ》᠎ᠢ ᠬᠦᠷᠭᠡᠪᠡ ᠃ ᠡᠮᠨᠡᠯᠭᠡ᠎ᠶᠢᠨ ᠬᠣᠷᠢᠶ᠎ᠠ ᠨᠢ ᠲᠠᠪᠴᠠᠩ᠎ᠤᠨ ᠡᠷᠬᠡ ᠣᠯᠭᠤᠨ ᠵᠣᠭᠤᠰ ᠰᠠᠭᠤᠯᠭᠠᠨ ᠠᠪᠬᠤ ᠮᠡᠳᠡᠭᠳᠡᠯ᠎ᠤᠨ ᠪᠢᠴᠢᠭ ᠂ ᠪᠠᠩᠬᠢ᠎ᠶᠢᠨ ᠰᠢᠰᠲᠧᠮ᠎ᠳᠤ ᠨᠠᠶ᠋ᠢᠳᠠᠵᠤ ᠵᠣᠭᠤᠰ ᠰᠠᠭᠤᠯᠭᠠᠨ ᠠᠪᠬᠤ ᠬᠡᠯᠡᠯᠴᠡᠭᠡᠷ ᠂ ᠠᠵᠤ ᠠᠬᠤᠶ᠋ᠢᠯᠠᠯ᠎ᠤᠨ ᠬᠢᠵᠦ ᠥᠭᠭᠦᠭᠰᠡᠨ ᠪᠠᠷᠢᠮᠲᠠ ᠵᠡᠷᠭᠡ᠎ᠶᠢ ᠡᠷᠬᠡ ᠣᠯᠭᠣᠵᠣ᠌ ᠂ ᠳᠣᠶᠢᠮᠠᠭᠴᠠ ᠪᠠᠶ᠋ᠢᠴᠠᠭᠠᠨ ᠣᠯᠵᠤ ᠪᠣᠯᠤᠨ᠎ᠠ ᠂ ᠡᠨᠡ ᠨᠢ ᠠᠵᠢᠯᠯᠠᠭᠠᠨ᠎ᠤ ᠶᠠᠪᠤᠴᠠ᠎ᠶᠢ ᠬᠠᠭᠠᠰ᠎ᠢᠶᠠᠷ ᠳᠥᠭᠦᠮᠴᠢᠯᠡᠪᠡ ᠃ ᠨᠠᠩ ᠲᠥᠬᠦᠮ ᠪᠣᠯᠣᠭᠰᠠᠨ ᠵᠦᠢᠯ ᠭᠡᠪᠡᠯ ᠂ ᠰᠠᠷ᠎ᠠ ᠪᠦᠷᠢ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠪᠠ ᠤᠯᠤᠰ᠎ᠤᠨ ᠬᠡᠯᠡᠯᠴᠡᠭᠡᠷ᠎ᠦᠨ ᠡᠮ᠎ᠤᠨ ᠵᠦᠢᠯ᠎ᠤᠨ ᠪᠤᠴᠠᠭᠠᠭᠰᠠᠨ ᠦᠷ᠎ᠡ ᠳ᠋ᠦᠩ᠎ᠨᠢ ᠡᠮᠴᠢᠯᠡᠭᠡᠨ᠎ᠤ ᠳᠠᠭᠠᠳᠬᠠᠯ᠎ᠤᠨ ᠭᠠᠷᠲᠠᠨ ᠭᠦᠢᠴᠡᠳᠭᠡᠬᠦ ᠦᠢᠯᠡᠴᠢᠯᠡᠭᠡᠨ᠎ᠤ ᠰᠢᠰᠲᠧᠮ᠎ᠲᠠᠢ ᠠᠶᠠᠨᠳᠠᠭᠠᠨ ᠵᠡᠷᠭᠡᠴᠡᠭᠦᠯᠵᠦ ᠂ ᠡᠮᠴᠢᠯᠡᠭᠡᠨ᠎ᠤ ᠳᠠᠭᠠᠳᠬᠠᠯ᠎ᠤᠨ ᠴᠠᠭ ᠲᠤᠬᠠᠶ᠎ᠳᠤ᠎ᠨᠢ ᠳ᠋ᠦᠩᠨᠡᠨ ᠪᠤᠳᠤᠬᠤ ᠬᠢᠨᠠᠨ ᠬᠠᠷᠭᠤᠭᠤᠯᠬᠤ ᠪᠠ ᠵᠣᠭᠤᠰ ᠰᠠᠯᠭᠠᠨ ᠥᠭᠬᠦ᠎ᠶᠢ ᠰᠢᠭᠤᠳ ᠨᠡᠪᠲᠡᠷᠡᠭᠦᠯᠪᠡ ᠃

  ᠣᠷᠴᠢᠨ ᠲᠣᠭᠤᠷᠢᠨ᠎ᠤ 《ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ》 ᠄ ᠢᠲᠡᠭᠡᠮᠵᠢᠲᠦ ᠳ᠋ᠦᠩᠨᠡᠨ ᠪᠣᠳᠤᠯᠲᠠ᠎ᠪᠠᠷ ᠠᠵᠤ ᠠᠬᠤᠶ᠋ᠢᠯᠠᠯ᠎ᠤᠨ ᠬᠥᠭᠵᠢᠯᠲᠡ᠎ᠶᠢᠨ ᠢᠲᠡᠭᠡᠯ ᠵᠣᠷᠢᠭ᠋᠎ᠢ ᠬᠥᠪᠴᠢᠯᠡᠪᠡ

  ᠴᠠᠭ ᠲᠤᠬᠠᠶ᠎ᠳᠦ ᠨᠢ ᠳ᠋ᠦᠩᠨᠡᠨ ᠪᠤᠳᠤᠬᠤ 《ᠬᠠᠲᠠᠭᠤ ᠬᠢᠵᠠᠭᠠᠷᠯᠠᠯ》᠎ᠨᠢ ᠵᠠᠰᠠᠭ ᠠᠵᠤ ᠠᠬᠤᠶ᠋ᠢᠯᠠᠯ᠎ᠤᠨ ᠬᠠᠷᠢᠯᠴᠠᠨ ᠢᠲᠡᠭᠡᠯᠴᠡᠬᠦ ᠬᠤᠳᠠᠯᠳᠤᠭ᠎ᠠ ᠡᠵᠡᠩᠨᠡᠬᠦ ᠠᠮᠢ ᠠᠬᠤᠶ᠎ᠶᠢ ᠰᠢᠯᠢᠳᠡᠭᠵᠢᠭᠦᠯᠬᠦ᠎ᠶᠢᠨ ᠲᠥᠯᠥᠭᠡ ᠶᠤᠮ ᠃ ᠵᠧᠵᠢᠶᠠᠩ ᠬᠣᠲᠠ ᠨᠢ ᠡᠮᠴᠢᠯᠡᠭᠡᠨ᠎ᠤ ᠪᠠᠶ᠋ᠢᠭᠤᠯᠤᠮᠵᠢ᠎ᠶᠢᠨ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠪᠣᠯᠤᠨ ᠤᠯᠤᠰ᠎ᠤᠨ ᠬᠡᠯᠡᠯᠴᠡᠭᠡᠷ᠎ᠦᠨ ᠡᠮ᠎ᠤᠨ ᠵᠦᠢᠯ᠎ᠢ ᠴᠠᠭ ᠲᠤᠬᠠᠶ᠎ᠳᠦ ᠨᠢ ᠳ᠋ᠦᠩᠨᠡᠨ ᠪᠤᠳᠤᠬᠤ᠎ᠶᠢ ᠰᠢᠯᠭᠠᠨ ᠦᠨᠡᠯᠡᠬᠦ᠎ᠳᠤ ᠣᠷᠣᠭᠤᠯᠵᠤ ᠂ ᠰᠠᠨᠠᠭᠠᠴᠢᠯᠠᠭ᠎ᠠ᠎ᠠᠴᠠ᠎ᠪᠠᠨ ᠭᠡᠷ᠎ᠡ ᠭᠦᠢᠴᠡᠳᠬᠡᠭᠰᠡᠨ ᠡᠮᠨᠡᠯᠭᠡ᠎ᠶᠢᠨ ᠬᠤᠷᠢᠶ᠎ᠠ᠎ᠳᠤ ᠡᠮᠴᠢᠯᠡᠭᠡᠨ᠎ᠤ ᠳᠠᠭᠠᠳᠬᠠᠯ᠎ᠤᠨ ᠤᠷᠢᠳᠴᠢᠯᠠᠨ ᠥᠭᠬᠦ ᠮᠥᠩᠭᠦ ᠂ ᠡᠷᠭᠢᠯᠲᠡ᠎ᠶᠢᠨ ᠪᠡᠯᠡ ᠮᠥᠩᠭᠦ᠎ᠶᠢᠨ ᠳᠡᠮᠵᠢᠯᠭᠡ᠎ᠶᠢ ᠨᠡᠮᠡᠭᠳᠡᠭᠦᠯᠵᠡᠶ ᠃

  ᠡᠮ᠎ᠤᠨ ᠵᠦᠢᠯ᠎ᠢ ᠳᠣᠭᠢᠷᠠᠭᠤᠯᠤᠨ ᠬᠦᠷᠭᠡᠬᠦ ᠨᠢᠭᠡ ᠠᠵᠤ ᠠᠬᠤᠶ᠋ᠢᠯᠠᠯ᠎ᠤᠨ ᠬᠠᠷᠢᠭᠤᠴᠠᠯᠭᠠᠲᠠᠨ᠎ᠡᠴᠡ ᠳ᠋ᠦᠩᠨᠡᠨ ᠪᠣᠳᠤᠯᠲᠠ ᠪᠠᠲᠤᠯᠠᠭ᠎ᠠ᠎ᠲᠠᠢ ᠪᠣᠯᠤᠭᠰᠠᠨ᠎ᠤ ᠳᠠᠷᠠᠭ᠎ᠠ ᠂ ᠠᠵᠤ ᠠᠬᠤᠶ᠋ᠢᠯᠠᠯ᠎ᠨᠢ ᠡᠵᠡᠩᠨᠡᠯᠲᠡ᠎ᠶᠢᠨ ᠰᠢᠢᠳᠪᠦᠷᠢᠲᠦ ᠪᠣᠳᠣᠯᠭ᠎ᠠ ᠵᠢᠴᠢ ᠪᠡᠯᠡ ᠮᠥᠩᠭᠦ᠎ᠶᠢᠨ ᠲᠣᠬᠢᠷᠠᠭᠤᠯᠤᠯᠲᠠ᠎ᠶᠢ ᠵᠣᠷᠢᠭ᠍ᠲᠠᠢ᠎ᠪᠠᠷ ᠬᠢᠵᠦ ᠪᠣᠯᠣᠨ᠎ᠠ ᠂ ᠪᠠᠷᠠᠭᠠᠨ᠎ᠤ ᠵᠣᠭᠤᠰ᠎ᠢ ᠥᠷᠢᠲᠦᠭᠰᠡᠨ᠎ᠠᠴᠠ ᠪᠣᠯᠵᠤ ᠪᠡᠯᠡ ᠮᠥᠩᠭᠦ᠎ᠶᠢᠨ ᠬᠡᠯᠬᠢᠶ᠎ᠡ ᠲᠠᠰᠤᠷᠠᠬᠤ᠎ᠠᠴᠠ ᠠᠶᠤᠬᠤ ᠴᠢᠬᠤᠯᠠ ᠦᠭᠡᠢ ᠪᠣᠯᠵᠠᠢ ᠃ ᠣᠢ᠍ᠭᠡᠷᠠᠴᠢᠯᠠᠯᠲᠠ᠎ᠶᠢ ᠬᠡᠷᠡᠭᠵᠢᠭᠦᠯᠦᠭᠰᠡᠨ᠎ᠦ ᠲᠠᠷᠠᠭ᠎ᠠ ᠂ ᠪᠤᠢ᠍ᠭᠦ ᠮᠣᠵᠢ᠎ᠶᠢᠨ ᠡᠮ ᠡᠮᠨᠠᠯᠭᠡ᠎ᠶᠢᠨ ᠠᠵᠤ ᠠᠬᠣᠢ᠍ᠢᠯᠠᠯ᠎ᠤᠳ 《ᠪᠠᠷᠠᠭᠠᠨ᠎ᠤ ᠵᠣᠭᠣᠰ᠎ᠢ ᠬᠣᠷᠢᠶᠠᠨ ᠠᠪᠬᠤ ᠴᠠᠭ ᠲᠤᠬᠠᠢᠴᠢ ᠴᠢᠨᠠᠷ》᠎ᠲᠠᠬᠢ ᠬᠠᠨᠤᠮᠵᠢ᠎ᠶᠢᠨ ᠬᠡᠮᠵᠢᠶ᠎ᠡ᠎ᠨᠢ ᠨᠢᠲᠣᠨᠣᠠ᠎ᠤ ᠠᠲᠠᠯᠢ ᠬᠣᠭᠣᠴᠠᠭᠠᠨ᠎ᠤ ᠬᠢ᠎ᠠᠴᠠ ᠶᠠᠭᠡ᠎ᠪᠠᠷ ᠲᠠᠭᠡᠭ᠌ᠰᠢᠯᠠᠵᠤ ᠂ ᠴᠥᠬᠡᠨ ᠪᠤᠰᠤ ᠠᠵᠤ ᠠᠬᠣᠢ᠍ᠢᠯᠠᠯ᠎ᠦᠳ 《ᠵᠧᠵᠢᠶᠠᠩ᠎ᠳᠠᠬᠢ ᠪᠠᠯᠠ ᠣᠷᠣᠭᠣᠯᠣᠯᠲᠠ᠎ᠪᠠᠨ ᠥᠷᠭᠡᠳᠬᠡᠵᠦ ᠂ ᠵᠠᠬ᠎ᠠ ᠲᠠᠯᠭᠡᠭᠦᠷ᠎ᠢ ᠭᠦᠨ ᠠᠭᠤᠳᠠᠯᠬᠤ ᠳᠣᠷᠠᠲᠠᠢ ᠪᠠᠢ᠍ᠢᠨ᠎ᠠ》 ᠬᠡᠵᠠᠢ ᠃

  ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠬᠠᠯ ᠂ ᠨᠠᠰᠤᠨ ᠲᠤᠷᠰᠢᠲᠠ᠎ᠶᠢᠨ ᠰᠠᠬᠢᠨ ᠬᠠᠮᠠᠭᠠᠯᠠᠭ᠍ᠴᠢ ! ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠠᠮᠤᠷ ᠲᠦᠪᠰᠢᠨ᠎ᠢ ᠬᠠᠮᠠᠭᠠᠯᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ! ᠳᠠᠭᠠᠳᠬᠠᠯ ᠮᠡᠬᠡᠯᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠢᠯᠡᠴᠢᠯᠡᠨ ᠮᠡᠳᠡᠭᠦᠯᠬᠦ ᠤᠲᠠᠰᠤ ᠄ 010 - 89061396 ᠂ 010 - 89061397 ; ᠢᠮᠸᠯ᠄ jubao@nhsa.gov.cn ᠃

ᠢᠷᠡᠯᠲᠡ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            