ᠰᠠᠶᠢ ᠲᠥᠷᠥᠭᠰᠡᠨ ᠬᠡᠦᠬᠡᠳ ᠪᠣᠯ ᠨᠡᠢᠭᠡᠮ᠎ᠦᠨ ᠢᠷᠡᠭᠡᠳᠦᠢ ᠪᠠ ᠬᠦᠰᠡᠯ ᠡᠷᠡᠮᠡᠯᠵᠡᠯ ᠮᠥᠨ ᠃ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠰᠠᠶᠢ ᠲᠦᠷᠦᠭᠰᠡᠨ ᠬᠡᠦᠬᠡᠳ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ 《ᠪᠠᠭ᠎ᠠ》᠎ᠶᠢ ᠢᠳᠡᠪᠬᠢᠲᠡᠢ ᠬᠠᠶ᠋ᠢᠷᠠᠯᠠᠨ ᠬᠠᠮᠠᠭᠠᠯᠠᠵᠤ ᠂ ᠰᠠᠶᠢ ᠲᠦᠷᠦᠭᠰᠡᠨ ᠬᠡᠦᠬᠡᠳ᠎ᠤᠨ ᠳᠠᠭᠠᠳᠬᠠᠯ᠎ᠳᠤ ᠣᠷᠣᠯᠴᠠᠬᠤ ᠲᠦᠷᠦ᠎ᠶᠢᠨ ᠪᠤᠳᠤᠯᠭ᠎ᠠ᠎ᠶᠢ ᠰᠢᠯᠢᠳᠡᠭᠵᠢᠭᠦᠯᠵᠦ ᠂ ᠰᠠᠶᠢ ᠲᠦᠷᠦᠭᠰᠡᠨ ᠬᠡᠦᠬᠡᠳ᠎ᠤᠨ 《ᠲᠦᠷᠦᠭᠰᠡᠨᠦ ᠳᠠᠷᠠᠭᠠᠬᠢ ᠨᠢᠭᠡ ᠶᠠᠪᠤᠳᠠᠯ》᠎ᠢ ᠶᠡᠬᠡᠪᠡᠷ ᠠᠬᠢᠭᠤᠯᠵᠤ ᠂ ᠰᠠᠶᠢ ᠲᠦᠷᠦᠭᠰᠡᠨ ᠬᠡᠦᠬᠡᠳ᠎ᠤᠨ ᠳᠠᠭᠠᠳᠬᠠᠯ᠎ᠳᠤ ᠣᠷᠣᠯᠴᠠᠬᠤ ᠨᠤᠷᠮ᠎ᠠ᠎ᠶᠢ ᠢᠯᠡᠳᠲᠡ ᠳᠡᠭᠡᠭᠰᠢᠯᠡᠭᠦᠯᠪᠡ ᠃ ᠲᠡᠭᠡᠪᠡᠯ ᠠᠪᠤ ᠡᠵᠢ ᠪᠣᠯᠣᠭᠰᠠᠳ ᠰᠠᠶᠢ ᠲᠦᠷᠦᠭᠰᠡᠨ ᠬᠡᠦᠬᠡᠳ ᠴᠢᠨᠢ ᠳᠠᠭᠠᠳᠬᠠᠯ᠎ᠳᠤ ᠣᠷᠣᠯᠴᠠᠬᠤ᠎ᠳᠤ ᠶᠠᠮᠠᠷ ᠶᠠᠮᠠᠷ ᠣᠨᠴᠠᠭᠠᠢ ᠬᠠᠷᠠᠭᠠᠯᠵᠠᠯ᠎ᠲᠠᠢ ᠪᠠᠶ᠋ᠢᠬᠤ᠎ᠶᠢ ᠮᠡᠳᠡᠨ᠎ᠡ ᠦᠦ ?
ᠬᠠᠷᠠᠭᠠᠯᠵᠠᠯ ᠨᠢᠭᠡ ᠄ ᠣᠷᠣ᠌᠎ᠶᠢᠨ ᠬᠠᠵᠠᠭᠤ᠎ᠳᠤ ᠭᠦᠢᠴᠡᠳᠬᠡᠵᠦ ᠪᠣᠯᠤᠨ᠎ᠠ ᠂ ᠲᠦᠷᠦᠮᠡᠭᠴᠡ ᠳᠠᠭᠠᠳᠬᠠᠯ᠎ᠳᠤ ᠣᠷᠣᠯᠴᠠᠵᠤ ᠪᠣᠯᠤᠨ᠎ᠠ
ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠦᠷᠡᠵᠢᠯ᠎ᠤᠨ ᠨᠥᠬᠦᠷᠰᠡᠭ ᠬᠡᠯᠪᠡᠷᠢ᠎ᠶᠢᠨ ᠨᠡᠶ᠋ᠢᠭᠡᠮ᠎ᠢ ᠪᠠᠶ᠋ᠢᠭᠤᠯᠬᠤ᠎ᠶᠢ ᠢᠳᠡᠪᠬᠢᠲᠡᠶ ᠠᠬᠢᠭᠤᠯᠵᠤ ᠂ ᠰᠠᠶᠢ ᠲᠦᠷᠦᠭᠰᠡᠨ ᠬᠡᠦᠬᠡᠳ᠎ᠲᠦ 《ᠲᠦᠷᠦᠭᠰᠡᠨᠦ ᠳᠠᠷᠠᠭᠠᠬᠢ ᠨᠢᠭᠡ ᠶᠠᠪᠤᠳᠠᠯ》᠎ᠢ ᠬᠠᠮᠲᠤᠷᠠᠨ ᠭᠦᠢᠴᠡᠳᠭᠡᠬᠦ᠎ᠶᠢ ᠶᠡᠬᠡ᠎ᠪᠠᠷ ᠠᠬᠢᠭᠤᠯᠪᠠ ᠃ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠂ ᠮᠡᠳᠡᠭᠡ ᠵᠠᠩᠭᠢ᠎ᠶᠢ ᠬᠠᠮᠲᠤ᠎ᠪᠠᠷ ᠬᠦᠷᠲᠡᠬᠦ᠎ᠪᠡᠷ ᠳᠠᠮᠵᠢᠭᠤᠯᠤᠨ ᠂ ᠥᠩᠭᠡᠷᠡᠭᠰᠡᠨ᠎ᠳᠤ ᠡᠯ᠎ᠡ ᠰᠠᠯᠠᠭ᠎ᠠ ᠮᠥᠴᠢᠷ᠎ᠲᠤ ᠲᠠᠷᠬᠠᠵᠤ ᠪᠠᠶ᠋ᠢᠭ᠍ᠰᠠᠨ ᠲᠥᠷᠥᠭᠰᠡᠨ ᠠᠨᠠᠭᠠᠬᠤ ᠤᠬᠠᠭᠠᠨ᠎ᠤ ᠭᠡᠷᠡᠴᠢ ᠂ ᠡᠷᠦᠬᠡ ᠠᠮᠠ᠎ᠶᠢᠨ ᠲᠠᠩᠰᠠ ᠪᠠ ᠡᠮᠴᠢᠯᠡᠭᠡᠨ᠎ᠦ ᠳᠠᠭᠠᠳᠬᠠᠯ᠎ᠤᠨ ᠳᠠᠭᠠᠳᠬᠠᠯ᠎ᠳᠤ ᠣᠷᠣᠯᠴᠠᠬᠤ ᠵᠡᠷᠭᠡ ᠵᠦᠢᠯ᠎ᠢ ᠲᠥᠪᠯᠡᠷᠡᠭᠦᠯᠦᠨ ᠭᠦᠢᠴᠡᠳᠬᠡᠵᠦ ᠂ ᠨᠢᠭᠡ ᠳᠠᠷᠤᠪᠴᠢ᠎ᠪᠠᠷ ᠭᠤᠶᠤᠴᠢᠯᠠᠨ ᠂ ᠪᠥᠬᠦ ᠶᠠᠪᠤᠴᠠ᠎ᠳᠤ ᠰᠠᠨᠠᠭᠠᠰᠢᠷᠠᠯ ᠥᠬᠡᠶ᠎ᠪᠠᠷ 《ᠮᠡᠳᠡᠭᠡ ᠵᠠᠩᠭᠢ᠎ᠶᠢ ᠢᠯᠡᠭᠦᠬᠡᠨ ᠭᠦᠶᠦᠯᠭᠡᠬᠦ》 ᠂ ᠣᠯᠠᠨ ᠲᠦᠮᠡᠨ᠎ᠢ 《ᠳᠤᠲᠠᠭᠤ ᠭᠦᠶᠦᠯᠭᠡᠬᠦ》 ᠪᠣᠯᠭᠠᠪᠠ ᠃ ᠡᠭᠦᠨ᠎ᠤ ᠬᠠᠮᠲᠤ ᠂ ᠰᠠᠶᠢ ᠲᠦᠷᠦᠭᠰᠡᠨ ᠬᠡᠦᠬᠡᠳ᠎ᠢ ᠡᠷᠦᠬᠡ ᠠᠮᠠ ᠣᠷᠣᠭᠤᠯᠵᠤ ᠳᠠᠭᠠᠳᠬᠠᠯ᠎ᠳᠤ ᠣᠷᠤᠯᠴᠠᠭᠤᠯᠤᠭᠰᠠᠨ ᠰᠠᠭᠤᠷᠢᠨ ᠳᠡᠭᠡᠷ᠎ᠡ ᠂ ᠣᠷᠣᠨ ᠨᠤᠲᠤᠭ᠎ᠤᠨ ᠰᠠᠶᠢ ᠲᠦᠷᠦᠭᠰᠡᠨ ᠬᠡᠦᠬᠡᠳ᠎ᠤᠨ ᠲᠦᠷᠦᠭᠰᠡᠨ ᠠᠨᠠᠭᠠᠬᠤ ᠤᠬᠠᠭᠠᠨ᠎ᠤ ᠭᠡᠷᠡᠴᠢ᠎ᠪᠠᠷ ᠳᠠᠭᠠᠳᠬᠠᠯ᠎ᠳᠤ ᠣᠷᠣᠯᠴᠠᠭᠤᠯᠬᠤ᠎ᠶᠢ ᠵᠣᠷᠢᠭ᠍ᠵᠢᠭᠤᠯᠵᠤ ᠂ ᠰᠠᠶᠢ ᠲᠦᠷᠦᠭᠰᠡᠨ ᠬᠡᠦᠬᠡᠳ᠎ᠲᠤ 《ᠲᠦᠷᠦᠮᠡᠭᠴᠡ ᠣᠷᠣᠯᠴᠠᠵᠤ ᠪᠣᠯᠬᠤ》 《ᠣᠷᠣ᠌᠎ᠶᠢᠨ ᠬᠠᠵᠠᠭᠤ᠎ᠳᠤ ᠭᠦᠢᠴᠡᠳᠬᠡᠵᠦ ᠪᠣᠯᠬᠤ》᠎ᠶᠢ ᠦᠨᠡᠨ ᠬᠦ᠌ ᠪᠡᠶᠡᠯᠡᠭᠦᠯᠪᠡ ᠃
ᠬᠠᠷᠠᠭᠠᠯᠵᠠᠯ ᠬᠤᠶᠠᠷ ᠄ ᠳᠠᠭᠠᠳᠬᠠᠯ᠎ᠳᠤ ᠣᠷᠣᠯᠴᠠᠮᠠᠭᠴᠠ ᠳᠠᠩᠰᠠ ᠲᠠᠢᠯᠵᠤ ᠪᠣᠯᠣᠨ᠎ᠠ ᠄ ᠬᠠᠷᠠᠭᠠᠯᠵᠠᠯ ᠬᠦᠷᠲᠡᠬᠦ ᠬᠦᠯᠢᠶᠡᠬᠦ ᠬᠤᠭᠤᠴᠠᠭᠠᠳᠦ ᠬᠢᠵᠠᠭᠠᠷᠯᠠᠭᠳᠠᠬᠤ ᠦᠭᠡᠢ
《ᠦᠨᠳᠦᠰᠦᠨ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠬᠤ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠬᠦᠯᠬᠦ ᠲᠤᠬᠠᠶ ᠲᠥᠷᠥ᠎ᠶᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠵᠢᠯᠣᠭᠤᠳᠬᠤ ᠰᠠᠨᠠᠯ》᠎ᠳᠤ ᠂ 《ᠰᠠᠶᠢ ᠲᠦᠷᠦᠭᠰᠡᠨ ᠬᠡᠤᠬᠡᠳ ᠵᠡᠷᠭᠡ ᠣᠨᠴᠠᠭᠠᠶ ᠬᠦᠮᠦᠰ᠎ᠡᠴᠡ ᠭᠠᠳᠠᠨ᠎ᠠ ᠂ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠬᠠᠯ᠎ᠢ ᠲᠥᠪᠯᠡᠷᠡᠭᠦᠯᠦᠨ ᠳᠠᠭᠠᠳᠬᠠᠯ᠎ᠳᠤ ᠣᠷᠣᠯᠴᠠᠭᠰᠠᠨ ᠥᠬᠡᠶ ᠪᠤᠶᠤ ᠦᠷᠭᠦᠯᠵᠢᠯᠡᠨ ᠳᠠᠭᠠᠳᠬᠠᠯ᠎ᠳᠤ ᠣᠷᠣᠯᠴᠠᠭᠰᠠᠨ ᠥᠬᠡᠶ ᠬᠥᠮᠦᠰ᠎ᠲᠤ ᠳᠠᠭᠠᠳᠬᠠᠯ᠎ᠳᠤ ᠣᠷᠣᠯᠴᠠᠭᠰᠠᠨ᠎ᠤ ᠳᠠᠷᠠᠭᠠᠬᠢ ᠲᠣᠭᠲᠠᠮᠠᠯ ᠬᠠᠷᠠᠭᠠᠯᠵᠠᠯ ᠬᠦᠷᠲᠡᠬᠦ ᠬᠦᠯᠢᠶᠡᠬᠦ ᠬᠤᠭᠤᠴᠠᠭ᠎ᠠ᠎ᠶᠢ 3 ᠰᠠᠷ᠎ᠠ ᠪᠣᠯᠭᠠᠨ ᠲᠣᠭᠲᠠᠭᠠᠨ᠎ᠠ》 ᠭᠡᠵᠦ ᠲᠣᠳᠣᠷᠬᠠᠶ ᠲᠣᠭᠲᠠᠭᠠᠵᠠᠶ ᠂ ᠡᠶ᠋ᠢᠮᠦ᠎ᠠᠴᠠ ᠰᠠᠶᠢ ᠲᠦᠷᠦᠭᠰᠡᠨ ᠬᠡᠤᠬᠡᠳ ᠲᠥᠷᠥᠭᠰᠡᠨᠤ ᠳᠠᠷᠠᠭᠠᠬᠢ ᠲᠣᠭᠲᠠᠭᠰᠠᠨ ᠬᠤᠭᠤᠴᠠᠭᠠᠨ᠎ᠳᠤ ᠳᠠᠭᠠᠳᠬᠠᠯ᠎ᠳᠤ ᠣᠷᠣᠯᠴᠠᠵᠤ ᠂ ᠬᠠᠷᠠᠭᠠᠯᠵᠠᠯ ᠬᠦᠷᠲᠡᠬᠦ ᠬᠦᠯᠢᠶᠡᠬᠦ ᠬᠤᠭᠤᠴᠠᠭᠠᠨ᠎ᠳᠤ ᠬᠢᠵᠠᠭᠠᠷᠯᠠᠭᠳᠠᠬᠤ ᠥᠬᠡᠶ ᠃
ᠬᠠᠷᠠᠭᠠᠯᠵᠠᠯ ᠭᠤᠷᠪᠠ ᠄ ᠲᠣᠭᠲᠠᠭᠰᠠᠨ ᠴᠠᠭ᠎ᠲᠤ ᠳᠠᠭᠠᠳᠬᠠᠯ᠎ᠳᠤ ᠣᠷᠣᠯᠴᠠᠪᠠᠯ ᠡᠮᠴᠢᠯᠡᠭᠡᠨ᠎ᠤ ᠵᠠᠷᠤᠳᠠᠯ᠎ᠢ ᠮᠥᠷᠳᠡᠵᠦ ᠪᠠᠶ᠋ᠢᠭᠠᠳ ᠳᠠᠩᠰᠠ ᠲᠠᠢᠯᠵᠤ ᠪᠣᠯᠤᠨ᠎ᠠ
2024 ᠣᠨ᠎ᠳᠤ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ ᠰᠤᠷᠭᠠᠨ ᠬᠥᠮᠦᠵᠢᠯ᠎ᠤᠨ ᠶᠠᠮᠤᠨ ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠂ ᠲᠥᠷᠥ᠎ᠶᠢᠨ ᠶᠠᠪᠤᠳᠠᠯ᠎ᠤᠨ ᠬᠤᠷᠢᠶᠠᠨ᠎ᠤ ᠡᠮᠡᠭᠲᠡᠶ᠋ᠢᠴᠦᠳ ᠬᠡᠦᠬᠡᠳ᠎ᠤᠨ ᠠᠵᠢᠯ᠎ᠤᠨ ᠵᠥᠪᠯᠡᠯ ᠂ ᠪᠥᠬᠦ ᠤᠯᠤᠰ᠎ᠤᠨ ᠡᠮᠡᠭᠲᠡᠶ᠋ᠢᠴᠦᠳ᠎ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《ᠬᠡᠤᠬᠡᠳ ᠪᠠᠭᠠᠴᠤᠳ᠎ᠤᠨ ᠦᠨᠳᠦᠰᠦᠨ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠬᠤ ᠲᠤᠰᠬᠠᠶ ᠠᠵᠢᠯᠯᠠᠭ᠎ᠠ᠎ᠶᠢ ᠥᠷᠨᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ ᠂ 《ᠰᠠᠶᠢ ᠲᠦᠷᠦᠭᠰᠡᠨ ᠬᠡᠤᠬᠡᠳ᠎ᠢ ᠵᠠᠷᠴᠢᠮ ᠳᠡᠭᠡᠷ᠎ᠡ᠎ᠪᠠᠨ ᠲᠥᠷᠥᠭᠰᠡᠨ ᠡᠳᠦᠷ᠎ᠠᠴᠠ ᠡᠬᠢᠯᠡᠨ 90 ᠡᠳᠦᠷ᠎ᠤᠨ ᠳᠣᠲᠣᠷ᠎ᠠ ᠲᠣᠭᠲᠠᠭᠠᠯ ᠶᠣᠰᠣᠭᠠᠷ ᠳᠠᠭᠠᠳᠬᠠᠯ᠎ᠳᠤ ᠣᠷᠣᠯᠴᠠᠭᠤᠯᠵᠤ ᠂ ᠲᠥᠷᠥᠭᠰᠡᠨ ᠡᠳᠦᠷ᠎ᠠᠴᠠ ᠡᠬᠢᠯᠡᠨ ᠡᠭᠦᠰᠦᠭᠰᠡᠨ ᠲᠣᠭᠲᠠᠭᠠᠯ᠎ᠳᠤ ᠨᠡᠶ᠋ᠢᠴᠡᠬᠦ ᠡᠮᠴᠢᠯᠡᠭᠡᠨ᠎ᠦ ᠵᠠᠷᠤᠳᠠᠯ᠎ᠢ ᠴᠥᠮ ᠡᠮᠴᠢᠯᠡᠭᠡᠨ᠎ᠦ ᠳᠠᠭᠠᠳᠬᠠᠯ᠎ᠤᠨ ᠲᠠᠩᠰᠠ ᠲᠠᠶ᠋ᠢᠯᠬᠤ ᠬᠡᠪᠴᠢᠶᠡᠨ᠎ᠳᠤ ᠣᠷᠣᠭᠤᠯᠵᠤ ᠪᠣᠯᠤᠨ᠎ᠠ》 ᠭᠡᠵᠦ ᠲᠣᠳᠣᠷᠬᠠᠶ᠋ᠢᠯᠠᠪᠠ ᠂ ᠥᠭᠡᠷ᠎ᠡ᠎ᠪᠠᠷ ᠬᠡᠯᠡᠪᠡᠯ ᠬᠡᠤᠬᠡᠳ ᠰᠠᠶᠢ ᠳᠦᠷᠦᠭᠰᠡᠨᠤ ᠳᠠᠷᠠᠭ᠎ᠠ 90 ᠡᠳᠦᠷ᠎ᠤᠨ ᠳᠣᠲᠣᠷ᠎ᠠ ᠳᠠᠭᠠᠳᠬᠠᠯ᠎ᠳᠤ ᠣᠷᠣᠯᠴᠠᠭᠤᠯᠵᠤ ᠂ ᠲᠥᠷᠥᠭᠰᠡᠨ ᠡᠳᠦᠷ᠎ᠠᠴᠠ ᠡᠬᠢᠯᠡᠭᠰᠡᠨ ᠡᠮᠴᠢᠯᠡᠭᠡᠨ᠎ᠦ ᠵᠠᠷᠤᠳᠠᠯ᠎ᠢ ᠲᠣᠭᠲᠠᠭᠠᠯ ᠶᠣᠰᠣᠭᠠᠷ ᠮᠦᠷᠳᠡᠵᠦ ᠪᠠᠢᠭᠠᠳ ᠳᠠᠩᠰᠠ ᠲᠠᠢᠯᠵᠤ ᠂ ᠰᠠᠶᠢ ᠲᠦᠷᠦᠭᠰᠡᠨ ᠬᠡᠦᠬᠡᠳ᠎ᠦᠨ ᠠᠪᠤ ᠡᠵᠢ᠎ᠶᠢᠨ ᠡᠮᠴᠢᠯᠡᠭᠡᠨ᠎ᠦ ᠵᠠᠷᠤᠳᠠᠯ᠎ᠤᠨ ᠳᠠᠷᠤᠭᠠᠰᠤ᠎ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ ᠃
ᠨᠢᠯᠬ᠎ᠠ ᠬᠡᠦᠬᠡᠳ᠎ᠤᠨ ᠡᠷᠡᠭᠦᠯ ᠮᠡᠨᠳᠦ᠎ᠶᠢᠨ ᠪᠠᠲᠤᠯᠠᠭ᠎ᠠ᠎ᠶᠢ ᠬᠦᠯᠢᠶᠡᠵᠦ ᠪᠣᠯᠬᠤ ᠦᠭᠡᠢ ᠃ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ ᠥᠷᠭᠡᠨ ᠣᠯᠠᠨ ᠠᠪᠤ ᠡᠵᠢ ᠨᠠᠷ᠎ᠲᠤ ᠂ ᠰᠠᠶᠢ ᠲᠥᠷᠥᠭᠰᠡᠨ ᠬᠡᠦᠬᠡᠳ᠎ᠤᠨ ᠳᠠᠭᠠᠳᠬᠠᠯ᠎ᠳᠤ ᠣᠷᠣᠯᠴᠠᠬᠤ 《ᠰᠢᠵᠢᠷ ᠠᠯᠲᠠᠨ ᠦᠶ᠎ᠡ》᠎ᠶᠢ ᠠᠳᠬᠤᠨ ᠂ ᠬᠡᠦᠬᠡᠳ᠎ᠲᠤ ᠡᠷᠲᠡᠬᠡᠨ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠬᠤ ᠭᠠᠷᠳᠠᠮ᠎ᠢ ᠭᠦᠢᠴᠡᠳᠬᠡᠨ ᠥᠭᠴᠦ ᠂ ᠬᠡᠦᠬᠡᠳ᠎ᠢ ᠲᠦᠷᠦᠮᠡᠭᠴᠡ ᠡᠮᠴᠢᠯᠡᠭᠡᠨ᠎ᠦ ᠪᠠᠲᠤᠯᠠᠭ᠎ᠠ᠎ᠶᠢᠨ ᠬᠠᠷᠠᠭᠠᠯᠵᠠᠯ᠎ᠢ ᠬᠦᠷᠲᠡᠭᠡᠨ᠎ᠡ ᠭᠡᠵᠦ ᠰᠠᠨᠠᠭᠤᠯᠪᠠ ᠃
ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠬᠠᠯ ᠂ ᠨᠠᠰᠤᠨ ᠲᠤᠷᠰᠢᠲᠠ᠎ᠶᠢᠨ ᠰᠠᠬᠢᠨ ᠬᠠᠮᠠᠭᠠᠯᠠᠭ᠍ᠴᠢ ! ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠠᠮᠤᠷ ᠲᠦᠪᠰᠢᠨ᠎ᠢ ᠬᠠᠮᠠᠭᠠᠯᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ! ᠳᠠᠭᠠᠳᠬᠠᠯ ᠮᠡᠬᠡᠯᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠢᠯᠡᠴᠢᠯᠡᠨ ᠮᠡᠳᠡᠭᠦᠯᠬᠦ ᠤᠲᠠᠰᠤ ᠄ 010 - 89061396 ᠂ 010 - 89061397 ; ᠢᠮᠸᠯ᠄ jubao@nhsa.gov.cn ᠃