ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶ᠎ᠠ ᠪᠦᠬᠦ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠰᠦᠯᠵᠢᠶ᠎ᠡ ᠪᠠ ᠲᠤᠭ᠎ᠠ ᠪᠠᠷᠢᠮᠲᠠ᠎ᠶᠢᠨ ᠠᠮᠤᠷ ᠲᠦᠪᠰᠢᠨ᠎ᠤ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2025-07-14

  2025 ᠣᠨ᠎ᠤ 7 ᠳ᠋ᠤᠭᠠᠷ ᠰᠠᠷ᠎ᠠ᠎ᠶᠢᠨ 8᠎ᠤ ᠡᠳᠦᠷ᠎ᠠᠴᠠ 9᠎ᠤ ᠡᠳᠦᠷ ᠪᠣᠯᠲᠠᠯ᠎ᠠ ᠂ ᠪᠥᠬᠦ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠰᠦᠯᠵᠢᠶ᠎ᠡ ᠪᠠ ᠲᠤᠭ᠎ᠠ ᠪᠠᠷᠢᠮᠲᠠ᠎ᠶᠢᠨ ᠠᠮᠤᠷ ᠲᠦᠪᠰᠢᠨ᠎ᠤ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ᠎ᠶᠢ ᠱᠠᠨ ᠰᠢ ᠮᠤᠵᠢ᠎ᠶᠢᠨ ᠳ᠋ᠠᠲ᠋ᠦ᠋ᠩ ᠬᠤᠲᠠ᠎ᠳᠤ ᠠᠮᠵᠢᠯᠲᠠ᠎ᠲᠠᠢ ᠡᠷᠭᠢᠯᠡᠵᠦ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠬᠤᠸᠠᠩ ᠬᠤᠸᠠ ᠪᠥᠸᠧ ᠪᠣᠯᠪᠠᠰᠤᠷᠠᠯ ᠡᠬᠢᠯᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠳᠠᠶ᠋ᠢᠴᠢᠯᠠᠯᠲᠠ᠎ᠶᠢᠨ ᠶᠠᠷᠢᠶ᠎ᠠ ᠲᠠᠯᠪᠢᠪᠠ ᠃

 

  

  ᠪᠣᠯᠪᠠᠰᠤᠷᠠᠯ᠎ᠢᠶᠠᠷ ᠳᠠᠮᠵᠢᠨ ᠂ ᠪᠦᠬᠦ ᠰᠤᠷᠤᠭ᠍ᠴᠢᠳ ᠡᠷᠬᠡᠪᠰᠢ ᠶᠡᠷᠦᠩᠬᠡᠢ ᠱᠦᠵᠢ ᠰᠢ ᠶ᠋ᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠂ ᠣᠳᠣᠬᠠᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠰᠦᠯᠵᠢᠶ᠎ᠡ ᠪᠠ ᠲᠤᠭ᠎ᠠ ᠪᠠᠷᠢᠮᠲᠠ᠎ᠶᠢᠨ ᠠᠮᠤᠷ ᠲᠦᠪᠰᠢᠨ᠎ᠳᠤ ᠲᠤᠯᠭᠠᠷᠠᠵᠤ ᠪᠠᠶ᠋ᠢᠭ᠎ᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶ᠋ᠢᠳᠠᠯ᠎ᠢ ᠭᠦᠨᠵᠡᠭᠡᠢ ᠲᠠᠨᠢᠵᠤ ᠂ ᠠᠮᠤᠷ ᠲᠦᠪᠰᠢᠨ᠎ᠤ ᠭᠤᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ ᠂ ᠡᠮᠴᠢᠯᠡᠭᠡᠨ᠎ᠦ ᠪᠠᠲᠤᠯᠠᠭ᠎ᠠ᠎ᠶᠢᠨ ᠬᠥᠭᠵᠢᠯᠲᠡ ᠪᠣᠯᠤᠨ ᠠᠮᠤᠷ ᠲᠦᠪᠰᠢᠨ᠎ᠢ ᠨᠢᠭᠡᠳᠦᠯᠲᠡᠢ ᠲᠦᠯᠦᠪᠯᠡᠨ ᠰᠠᠶ᠋ᠢᠲᠤᠷ ᠠᠳᠬᠤᠵᠤ ᠂ ᠡᠮᠴᠢᠯᠡᠭᠡᠨ᠎ᠦ ᠪᠠᠲᠤᠯᠠᠭ᠎ᠠ᠎ᠶᠢᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠡᠷᠡᠰ ᠪᠠᠲᠤ ᠰᠠᠬᠢᠵᠤ ᠂ ᠡᠮᠴᠢᠯᠡᠭᠡᠨ᠎ᠦ ᠪᠠᠲᠤᠯᠠᠭ᠎ᠠ᠎ᠶᠢᠨ ᠦᠢᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠨᠡᠩ ᠪᠠᠲᠤ ᠪᠠᠬᠢ ᠂ ᠨᠡᠩ ᠨᠠᠶ᠋ᠢᠳᠠᠪᠤᠷᠢᠲᠠᠢ ᠠᠮᠤᠷ ᠲᠦᠪᠰᠢᠨ᠎ᠤ ᠪᠠᠲᠤᠯᠠᠭ᠎ᠠ ᠬᠠᠩᠭᠠᠬᠤ ᠬᠡᠷᠡᠭᠲᠡᠢ ᠭᠡᠳᠡᠭ᠎ᠢ ᠨᠡᠩ ᠭᠦᠨᠵᠡᠭᠡᠢ ᠲᠠᠨᠢᠵᠤ ᠤᠯᠪᠠ ᠃

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠬᠤᠯᠪᠣᠭᠳᠠᠯ ᠪᠥᠬᠦᠶ ᠵᠤᠷᠭᠠᠨ᠎ᠤ ᠲᠠᠰᠤᠭ (ᠲᠥᠪ) ᠂ ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠢ᠍ᠭᠤᠯᠤᠯᠲᠠ᠎ᠶᠢᠨ ᠪᠢᠩᠲ᠋ᠤᠸᠠᠨ᠎ᠤ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠬᠠᠮᠢᠶ᠎ᠠ ᠪᠥᠬᠦᠶ ᠠᠵᠢᠯ᠎ᠤᠨ ᠬᠠᠷᠢᠭᠤᠴᠠᠯᠭᠠᠲᠠᠳ ᠪᠣᠯᠪᠠᠰᠤᠷᠠᠯ᠎ᠳᠤ ᠣᠷᠣᠯᠴᠠᠵᠠᠶ ᠃

  ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠬᠠᠯ ᠂ ᠨᠠᠰᠤᠨ ᠲᠤᠷᠰᠢᠲᠠ᠎ᠶᠢᠨ ᠰᠠᠬᠢᠨ ᠬᠠᠮᠠᠭᠠᠯᠠᠭ᠍ᠴᠢ ! ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠠᠮᠤᠷ ᠲᠦᠪᠰᠢᠨ᠎ᠢ ᠬᠠᠮᠠᠭᠠᠯᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ! ᠳᠠᠭᠠᠳᠬᠠᠯ ᠮᠡᠬᠡᠯᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠢᠯᠡᠴᠢᠯᠡᠨ ᠮᠡᠳᠡᠭᠦᠯᠬᠦ ᠤᠲᠠᠰᠤ ᠄ 010 - 89061396 ᠂ 010 - 89061397 ; ᠢᠮᠸᠯ᠄ jubao@nhsa.gov.cn ᠃

ᠢᠷᠡᠯᠲᠡ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            