ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠡᠮᠨᠡᠯᠭᠡ᠎ᠶᠢᠨ ᠬᠤᠷᠢᠶᠠᠨ᠎ᠤ ᠭᠠᠳᠠᠨ᠎ᠠ ᠲᠣᠬᠢᠷᠠᠭᠤᠯᠤᠭᠰᠠᠨ ᠵᠣᠷ᠎ᠢ ᠬᠡᠷᠬᠢᠨ ᠡᠮ᠎ᠤᠨ ᠳᠡᠯᠭᠡᠭᠦᠷ᠎ᠲᠤ ᠰᠢᠯᠵᠢᠭᠦᠯᠦᠨ ᠣᠷᠣᠭᠤᠯᠬᠤ ᠪᠣᠶ ?
ᠨᠡᠶ᠋ᠢᠲᠡᠯᠡᠭᠰᠡᠨ ᠴᠠᠭ᠄ 2025-07-14

  《ᠥᠩᠭᠡᠷᠡᠭᠰᠡᠨ᠎ᠳᠤ ᠡᠮᠨᠡᠯᠭᠡ᠎ᠶᠢᠨ ᠬᠣᠷᠢᠶᠠᠨ᠎ᠳᠤ ᠣᠴᠢᠵᠤ ᠵᠣᠷ ᠨᠡᠬᠡᠭᠡᠯᠭᠡᠵᠦ ᠳᠠᠬᠢᠭᠠᠳ ᠡᠮ᠎ᠤᠨ ᠳᠡᠯᠭᠡᠭᠦᠷ᠎ᠲᠤ ᠣᠴᠢᠵᠤ ᠳᠠᠩᠰᠠ ᠳᠠᠢᠯᠠᠭᠤᠯᠳᠠᠭ ᠂ ᠨᠠᠭᠠᠰᠢ ᠴᠠᠭᠠᠰᠢ ᠭᠦᠶᠦᠭᠡᠳ ᠬᠠᠭᠠᠰ ᠡᠳᠦᠷ ᠪᠣᠯᠳᠠᠭ ᠪᠠᠢᠵᠠᠢ ᠃ ᠣᠳᠣ᠌ ᠣᠢᠷ᠎ᠠ ᠬᠠᠪᠢ᠎ᠶᠢᠨ᠎ᠢᠶᠡᠨ ᠡᠮ᠎ᠤᠨ ᠳᠡᠯᠭᠡᠭᠦᠷ᠎ᠲᠤ ᠨᠢᠭᠡ ᠯᠡ ᠤᠳᠠᠭ᠎ᠠ᠎ᠳᠤ ᠭᠦᠢᠴᠡᠳᠬᠡᠴᠢᠬᠡᠳᠡᠭ ᠂ ᠦᠨᠡᠬᠡᠷ ᠰᠠᠨᠠᠭ᠎ᠠ ᠠᠮᠤᠷ       ᠪᠣᠯᠵᠠᠢ !》 ᠭᠡᠪᠡ ᠃ 5 ᠳ᠋ᠤᠭᠠᠷ ᠰᠠᠷ᠎ᠠ᠎ᠶᠢᠨ 12᠎ᠤ ᠡᠳᠦᠷ ᠂ ᠴᠠᠩᠵᠸᠦ ᠬᠣᠲᠠ᠎ᠶᠢᠨ ᠲᠢᠶᠠᠨ ᠨᠢᠩ ᠲᠣᠭᠣᠷᠢᠭ᠋᠎ᠲᠤ ᠰᠠᠭᠤᠭ᠎ᠠ ᠵᠠᠩ ᠨᠠᠰᠤᠲᠠᠨ ᠨᠡᠢᠭᠡᠮ ᠲᠣᠭᠣᠷᠢᠭ᠋᠎ᠤᠨ ᠡᠮ᠎ᠤᠨ ᠳᠡᠯᠭᠡᠭᠦᠷ᠎ᠲᠤ 《ᠡᠮᠨᠡᠯᠭᠡ᠎ᠶᠢᠨ ᠬᠣᠷᠢᠶ᠎ᠠ ᠪᠠ ᠡᠮ᠎ᠦᠨ ᠳᠡᠯᠭᠡᠭᠦᠷ᠎ᠢ ᠨᠡᠪᠲᠡᠷᠡᠭᠦᠯᠬᠦ》 ᠦᠢᠯᠡᠴᠢᠯᠡᠭᠡ᠎ᠶᠢᠨ ᠳᠥᠭᠥᠮ ᠲᠦᠳᠡ ᠪᠠᠢᠳᠠᠯ᠎ᠢ ᠪᠡᠶᠡᠴᠢᠯᠡᠨ ᠣᠢᠯᠠᠭᠠᠪᠠ ᠃ ᠰᠦᠯᠵᠢᠶᠡᠨ ᠳᠡᠭᠡᠷ᠎ᠡ᠎ᠡᠴᠡ ᠡᠮᠴᠢᠯᠡᠭᠡ ᠬᠢᠬᠦ᠎ᠠᠴᠠ ᠡᠮᠴᠢᠯᠡᠭᠡᠨ᠎ᠦ ᠳᠠᠭᠠᠳᠬᠠᠯ᠎ᠢᠶᠠᠷ ᠳ᠋ᠦᠩᠨᠡᠨ ᠪᠤᠳᠤᠬᠤ ᠬᠦᠷᠲᠡᠯ᠎ᠡ ᠂ ᠡᠮ ᠬᠤᠳᠠᠯᠳᠤᠨ ᠠᠪᠬᠤ ᠪᠦᠬᠦ ᠶᠠᠪᠤᠴᠠ᠎ᠶᠢᠨ ᠬᠡᠷᠡᠭᠰᠡᠬᠦ ᠴᠠᠭ ᠨᠢ 5 ᠮᠢᠨᠦ᠋ᠲ᠎ᠲᠤ ᠴᠤ᠌ ᠬᠦᠷᠬᠦ ᠦᠭᠡᠢ ᠪᠣᠯᠵᠠᠢ ᠃

 

 

  ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠤ ᠭᠠᠳᠠᠨ᠎ᠠ ᠳᠣᠬᠢᠷᠠᠭᠤᠯᠤᠭᠰᠠᠨ ᠵᠣᠷ᠎ᠢᠶᠠᠷ ᠡᠮ ᠬᠤᠳᠠᠯᠳᠤᠨ ᠠᠪᠬᠤ᠎ᠳᠤ ᠳᠥᠭᠦᠮ ᠦᠭᠡᠢ ᠪᠠᠶ᠋ᠢᠬᠤ ᠵᠢᠴᠢ ᠡᠮᠴᠢᠯᠡᠭᠡᠨ᠎ᠦ ᠳᠠᠭᠠᠳᠬᠠᠯ᠎ᠢᠶᠠᠷ ᠲᠣᠭᠠᠴᠠᠭ᠎ᠠ ᠬᠢᠬᠦ᠎ᠳᠤ ᠬᠦᠴᠢᠷ ᠪᠠᠢᠬᠤ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ ᠂ ᠴᠠᠩᠵᠸᠤ ᠬᠤᠲᠠ ᠨᠢ 《ᠡᠮᠨᠡᠯᠭᠡ᠎ᠶᠢᠨ ᠬᠣᠷᠢᠶ᠎ᠠ ᠪᠠ ᠡᠮ᠎ᠦᠨ ᠳᠡᠯᠭᠡᠭᠦᠷ᠎ᠢ᠎ᠨᠡᠪᠲᠡᠷᠡᠭᠦᠯᠬᠦ》 ᠦᠢᠯᠡᠴᠢᠯᠡᠭᠡᠨ᠎ᠤ ᠲᠠᠪᠴᠠᠩ᠎ᠢ ᠰᠢᠨ᠎ᠡ᠎ᠪᠠᠷ ᠡᠭᠦᠳᠦᠨ ᠰᠤᠳᠤᠯᠤᠨ ᠨᠡᠭᠡᠭᠡᠭᠰᠡᠨ ᠪᠥᠭᠡᠳ ᠳᠡᠯᠭᠡᠷᠡᠭᠦᠯᠦᠨ ᠬᠡᠷᠡᠭᠯᠡᠵᠦ ᠂ ᠲᠠᠪᠴᠠᠩ᠎ᠨᠢ ᠢᠨᠲᠧᠷ ᠰᠦᠯᠵᠢᠶᠡᠨ᠎ᠤ ᠡᠮᠨᠡᠯᠭᠡ᠎ᠶᠢᠨ ᠬᠤᠷᠢᠶᠠᠨ᠎ᠤ ᠡᠬᠢ ᠪᠠᠶᠠᠯᠢᠭ᠋᠎ᠢ ᠡᠮᠬᠢᠯᠡᠨ ᠨᠡᠶ᠋ᠢᠯᠡᠭᠦᠯᠬᠦ ᠂ ᠡᠮᠴᠢᠯᠡᠭᠡᠨ᠎ᠦ ᠳᠠᠭᠠᠳᠬᠠᠯ᠎ᠢᠶᠠᠷ ᠳ᠋ᠦᠩᠨᠡᠨ ᠪᠤᠳᠤᠬᠤ ᠶᠠᠪᠤᠴᠠ᠎ᠶᠢ ᠰᠢᠯᠢᠳᠡᠭᠵᠢᠭᠦᠯᠬᠦ ᠂ ᠵᠣᠷ᠎ᠤᠨ ᠡᠷᠭᠢᠯᠲᠡ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠷᠠᠭᠤᠯᠬᠤ᠎ᠪᠠᠷ ᠳᠠᠮᠵᠢᠭᠤᠯᠤᠨ ᠂ ᠡᠮᠴᠢᠯᠡᠭᠡᠨ᠎ᠦ ᠳᠠᠭᠠᠳᠬᠠᠯ᠎ᠤᠨ ᠡᠮ᠎ᠤᠨ ᠵᠦᠢᠯ᠎ᠤᠨ ᠭᠠᠳᠠᠨ᠎ᠠ ᠲᠣᠬᠢᠷᠠᠭᠤᠯᠤᠭᠰᠠᠨ ᠵᠣᠷ᠎ᠤᠨ ᠡᠯᠸᠺᠲᠷᠣᠨᠴᠢᠯᠡᠭᠰᠡᠨ ᠂ ᠳᠥᠭᠦᠮ ᠲᠦᠳᠡᠴᠢᠯᠡᠭᠰᠡᠨ ᠂ ᠵᠢᠷᠤᠮᠵᠢᠭ᠍ᠰᠠᠨ ᠬᠠᠮᠢᠶᠠᠷᠤᠯᠲᠠ᠎ᠶᠢ ᠪᠡᠶᠡᠯᠡᠭᠦᠯᠵᠦ ᠂ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠪᠣᠯᠤᠮᠵᠢᠲᠤ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠦᠭᠰᠡᠨ᠎ᠤ ᠬᠠᠮᠲᠤ ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠬᠢᠨᠠᠯᠲᠠ ᠬᠠᠮᠢᠶᠠᠷᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠪᠠ ᠃ ᠲᠠᠪᠴᠠᠩ᠎ᠨᠢ 2025 ᠣᠨ᠎ᠤ 1 ᠳ᠋ᠦ᠍ᠭᠡᠷ ᠰᠠᠷ᠎ᠠ᠎ᠳᠤ ᠠᠰᠢᠭ᠍ᠯᠠᠯᠲᠠ᠎ᠳᠤ ᠤᠷᠤᠭᠰᠠᠨ᠎ᠠᠴᠠ ᠨᠠᠭᠠᠰᠢ ᠂ ᠦᠢᠯᠡᠴᠢᠯᠡᠭᠡ᠎ᠨᠢ ᠨᠢᠭᠡᠨᠲᠡ ᠪᠥᠬᠦ ᠬᠤᠲᠠ᠎ᠶᠢ ᠬᠠᠮᠤᠷᠴᠤ ᠂ ᠡᠳᠦᠷ ᠪᠦᠷᠢ᠎ᠶᠢᠨ ᠵᠣᠷ ᠪᠢᠴᠢᠭᠰᠡᠨ ᠲᠡᠭᠰᠢᠳᠬᠡᠭᠰᠡᠨ ᠬᠡᠮᠵᠢᠶ᠎ᠡ 1.5 ᠲᠦᠮᠡ ᠭᠠᠷᠤᠶ ᠬᠤᠪᠢ᠎ᠳᠦ ᠲᠣᠭᠲᠠᠪᠤᠷᠢᠵᠢᠵᠤ ᠂ ᠨᠡᠶ᠋ᠢᠲᠡ 61 ᠲᠦᠮᠡᠨ ᠬᠥᠮᠦᠨ ᠤᠳᠠᠭ᠎ᠠ᠎ᠳᠤ ᠦᠢᠯᠡᠴᠢᠯᠡᠪᠡ ᠃

  ᠲᠤᠷᠰᠢᠯᠲᠠ᠎ᠶᠢᠨ ᠴᠡᠭ᠎ᠲᠦ ᠤᠷᠢᠳ᠎ᠢᠶᠠᠷ ᠦᠢᠯᠡᠳᠦᠯᠭᠡᠵᠢᠭᠦᠯᠵᠦ ᠂ ᠦᠨᠳᠦᠷ ᠪᠦᠲᠦᠮᠵᠢᠲᠡᠢ ᠦᠢᠯᠡᠴᠢᠯᠡᠭᠡᠨ᠎ᠤ ᠰᠦᠯᠵᠢᠶ᠎ᠡ᠎ᠶᠢ ᠪᠠᠢᠭᠤᠯᠪᠠ

  《ᠡᠮᠨᠡᠯᠭᠡ᠎ᠶᠢᠨ ᠬᠣᠷᠢᠶ᠎ᠠ ᠪᠠ ᠡᠮ᠎ᠦᠨ ᠳᠡᠯᠭᠡᠭᠦᠷ᠎ᠢ ᠨᠡᠪᠲᠡᠷᠡᠭᠦᠯᠬᠦ》 ᠦᠢᠯᠡᠴᠢᠯᠡᠭᠡᠨ᠎ᠤ ᠲᠠᠪᠴᠠᠩ ᠨᠢ ᠠᠯᠬᠤᠮ ᠬᠤᠪᠢᠶᠠᠨ ᠠᠬᠢᠭᠤᠯᠬᠤ ᠠᠷᠭ᠎ᠠ ᠪᠣᠳᠣᠯᠭ᠎ᠠ ᠠᠪᠴᠤ ᠂ ᠤᠷᠢᠳ᠎ᠢᠶᠠᠷ ᠴᠠᠩᠵᠸᠦ ᠬᠤᠳᠠ᠎ᠶᠢᠨ ᠳᠣᠯᠣᠳᠤᠭᠠᠷ ᠠᠷᠠᠳ᠎ᠤᠨ ᠡᠮᠨᠡᠯᠭᠡ᠎ᠶᠢᠨ ᠬᠤᠷᠢᠶ᠎ᠠ᠎ᠪᠠᠷ ᠲᠤᠷᠰᠢᠯᠲᠠ᠎ᠶᠢᠨ ᠴᠡᠭ ᠪᠣᠯᠭᠠᠨ ᠰᠢᠯᠭᠠᠨ ᠭᠡᠷᠡᠴᠢᠯᠡᠵᠦ ᠂ ᠰᠡᠭᠦᠯᠡᠷ᠎ᠨᠢ ᠯᠢ ᠶᠠᠩ ᠬᠤᠳᠠ᠎ᠶᠢᠨ ᠠᠷᠠᠳ᠎ᠤᠨ ᠡᠮᠨᠡᠯᠭᠡ᠎ᠶᠢᠨ ᠬᠤᠷᠢᠶ᠎ᠠ ᠂ ᠦ᠋ ᠵᠢᠨ ᠲᠣᠭᠤᠷᠢᠭ᠋᠎ᠤᠨ ᠠᠷᠠᠳ᠎ᠤᠨ ᠡᠮᠨᠡᠯᠭᠡ᠎ᠶᠢᠨ ᠬᠤᠷᠢᠶ᠎ᠠ ᠪᠣᠯᠤᠨ᠎ᠶᠢᠨ ᠲᠠᠨ ᠲᠣᠭᠤᠷᠢᠭ᠋᠎ᠤᠨ ᠬᠢᠲᠠᠳ ᠡᠮᠨᠡᠯᠭᠡ᠎ᠶᠢᠨ ᠬᠤᠷᠢᠶ᠎ᠠ ᠵᠡᠷᠭᠡ ᠬᠦᠷᠲᠡᠯ᠎ᠡ ᠥᠷᠭᠡᠳᠬᠡᠵᠦ ᠂ ᠨᠡᠶ᠋ᠢᠳᠡ 4 ᠢᠨᠲᠧᠷ ᠰᠦᠯᠵᠢᠶᠡᠨ᠎ᠤ ᠡᠮᠨᠡᠯᠭᠡ᠎ᠶᠢᠨ ᠬᠤᠷᠢᠶ᠎ᠠ ᠪᠣᠢ ᠪᠣᠯᠪᠠ ᠃ ᠣᠳᠣᠬᠠᠨ᠎ᠳᠤ ᠂ ᠴᠠᠩᠵᠸᠤ ᠬᠤᠲᠠ ᠨᠢᠭᠡᠨᠲᠡ ᠵᠢᠵᠢᠭᠯᠡᠨ ᠬᠤᠳᠠᠯᠳᠤᠬᠤ 2020 ᠡᠮ᠎ᠤᠨ ᠳᠡᠯᠭᠡᠭᠦᠷ᠎ᠢ (ᠡᠭᠦᠨ᠎ᠳᠤ ᠡᠭᠦᠳᠡᠨ ᠡᠮᠨᠡᠯᠭᠡ᠎ᠶᠢᠨ ᠲᠣᠭᠲᠠᠭᠰᠠᠨ ᠴᠡᠭ᠎ᠤᠨ ᠨᠢᠭᠡᠳᠦᠯᠲᠡᠢ ᠲᠦᠯᠦᠪᠯᠡᠬᠦ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ 1862 ᠡᠷᠦᠬᠡ) ᠵᠠᠯᠭᠠᠨ ᠣᠷᠣᠭᠤᠯᠵᠤ ᠂ ᠡᠮ᠎ᠤᠨ ᠳᠡᠯᠭᠡᠭᠦᠷ᠎ᠤᠨ ᠵᠠᠯᠭᠠᠨ ᠣᠷᠣᠭᠤᠯᠤᠭᠰᠠᠨ ᠨᠣᠷᠮ᠎ᠠ᠎ᠨᠢ 98.3%᠎ᠳᠤ ᠬᠦᠷᠴᠡᠢ ; 1008 ᠰᠦᠯᠵᠢᠶᠡᠨ ᠳᠡᠭᠡᠷᠡᠬᠢ ᠡᠮᠴᠢ᠎ᠶᠢ ᠲᠣᠬᠢᠷᠠᠭᠤᠯᠵᠤ ᠂ ᠦᠢᠯᠡᠴᠢᠯᠡᠭᠡᠨ᠎ᠤ ᠴᠠᠭ᠎ᠤᠨ ᠬᠢᠵᠠᠭᠠᠷ᠎ᠢ ᠥᠷᠯᠦᠭᠡᠨ᠎ᠦ 7 ᠴᠠᠭ᠎ᠠᠴᠠ ᠣᠷᠣᠶ᠎ᠶᠢᠨ 9 ᠴᠠᠭ ᠪᠣᠯᠲᠠᠯ᠎ᠠ ᠪᠦᠷᠬᠦᠭᠦᠯᠪᠡ ᠃ ᠶᠠᠪᠤᠴᠠ᠎ᠶᠢ ᠰᠢᠯᠢᠳᠡᠭᠵᠢᠭᠦᠯᠬᠦ᠎ᠪᠠᠷ ᠳᠠᠮᠵᠢᠭᠤᠯᠤᠨ ᠂ ᠵᠣᠷ ᠨᠡᠬᠡᠬᠡᠬᠦ ᠴᠠᠭ᠎ᠢ 3 - 5 ᠮᠢᠨᠦ᠋ᠲ ᠪᠣᠯᠭᠠᠨ ᠪᠣᠭᠤᠨᠢᠰᠬᠠᠵᠤ ᠂ 《ᠰᠦᠯᠵᠢᠶᠡᠨ ᠳᠡᠭᠡᠷ᠎ᠡ ᠳᠠᠬᠢᠨ ᠡᠮᠨᠡᠭᠦᠯᠵᠦ ᠵᠣᠷ᠎ᠢᠶᠠᠨ ᠦᠷᠭᠦᠯᠵᠢᠯᠡᠭᠦᠯᠬᠦ ᠂ ᠡᠮᠴᠢᠯᠡᠭᠡᠨ᠎ᠤ ᠳᠠᠭᠠᠳᠬᠠᠯ᠎ᠢᠶᠠᠷ ᠴᠠᠭ ᠲᠤᠬᠠᠶ᠎ᠳᠤ ᠨᠢ ᠳ᠋ᠦᠩᠨᠡᠨ ᠪᠤᠳᠤᠬᠤ ᠂ ᠰᠦᠯᠵᠢᠶᠡᠨ ᠭᠠᠳᠠᠨ᠎ᠠ ᠣᠶ᠋ᠢᠷ᠎ᠠ ᠬᠠᠪᠢ᠎ᠠᠴᠠ᠎ᠪᠠᠨ ᠡᠮ ᠠᠪᠬᠤ》 ᠦᠢᠯᠡᠴᠢᠯᠡᠭᠡᠨ᠎ᠤ ᠪᠢᠲᠡᠭᠦᠦ ᠭᠣᠭᠴᠤᠭ᠎ᠠ᠎ᠶᠢ ᠪᠠᠢᠭᠤᠯᠪᠠ ᠃

 

 

  ᠤᠶᠤᠨᠴᠢ᠎ᠪᠠᠷ ᠬᠢᠨᠠᠨ ᠬᠠᠮᠢᠶᠠᠷᠴᠤ ᠂ ᠵᠣᠷ᠎ᠤᠨ ᠲᠣᠭᠲᠠᠭᠠᠯ᠎ᠳᠤ ᠨᠡᠶ᠋ᠢᠴᠡᠬᠦ ᠠᠮᠤᠷ ᠲᠦᠪᠰᠢᠨ᠎ᠢ ᠪᠠᠲᠤᠯᠠᠪᠠ

  ᠵᠢᠶᠠᠩᠰᠦ ᠮᠤᠵᠢ᠎ᠶᠢᠨ ᠡᠮᠴᠢᠯᠡᠭᠡᠨ᠎ᠦ ᠳᠠᠭᠠᠳᠬᠠᠯ᠎ᠤᠨ ᠡᠮ᠎ᠤᠨ ᠵᠦᠢᠯ᠎ᠦᠨ ᠭᠠᠷᠴᠠᠭ᠎ᠢ ᠦᠨᠳᠦᠰᠦᠯᠡᠨ ᠂ ᠲᠠᠪᠴᠠᠩ᠎ᠳᠤ 35143 ᠵᠦᠢᠯ᠎ᠦᠨ ᠡᠮ᠎ᠤᠨ ᠵᠦᠢᠯ᠎ᠢ ᠪᠠᠭᠲᠠᠭᠠᠭᠰᠠᠨ 《〈ᠡᠮᠨᠡᠯᠭᠡ᠎ᠶᠢᠨ ᠬᠣᠷᠢᠶ᠎ᠠ ᠪᠠ ᠡᠮ᠎ᠦᠨ ᠳᠡᠯᠭᠡᠭᠦᠷ᠎ᠢ ᠨᠡᠪᠲᠡᠷᠡᠭᠦᠯᠬᠦ〉 ᠭᠠᠳᠠᠨ᠎ᠠ ᠳᠣᠬᠢᠷᠠᠭᠤᠯᠤᠭᠰᠠᠨ ᠵᠣᠷ᠎ᠤᠨ ᠡᠮ᠎ᠤᠨ ᠵᠦᠢᠯ᠎ᠦᠨ ᠭᠠᠷᠴᠠᠭ》᠎ᠢ ᠪᠠᠶ᠋ᠢᠭᠤᠯᠵᠤ ᠂ ᠡᠮᠴᠢ᠎ᠶᠢᠨ ᠵᠣᠷ ᠨᠡᠬᠡᠬᠡᠬᠦ ᠦᠷ᠎ᠡ ᠪᠦᠲᠦᠮᠵᠢ᠎ᠶᠢ ᠳᠤᠮᠳᠠᠴᠢ᠎ᠪᠠᠷ 35%᠎ᠪᠠᠷ ᠳᠡᠭᠡᠭᠰᠢᠯᠡᠭᠦᠯᠪᠡ ᠃ ᠲᠠᠪᠴᠠᠩ᠎ᠨᠢ ᠡᠮ᠎ᠤᠨ ᠵᠣᠷ᠎ᠢ ᠵᠦᠶ ᠵᠣᠬᠢᠰᠲᠠᠶ ᠬᠢᠨᠠᠨ ᠪᠠᠶ᠋ᠢᠴᠠᠭᠠᠬᠤ ᠪᠠ ᠡᠮ ᠬᠡᠷᠡᠭᠯᠡᠬᠦ ᠰᠢᠰᠲᠧᠮ (PASS ᠰᠢᠰᠲᠧᠮ)᠎ᠲᠠᠢ ᠵᠣᠯᠭᠠᠭᠤᠯᠵᠤ ᠂ 11 ᠲᠥᠷᠥᠯ᠎ᠤᠨ ᠠᠯᠪᠠᠳᠠᠯᠭ᠎ᠠ᠎ᠪᠠᠷ ᠬᠠᠰᠢᠬᠤ ᠲᠦᠷᠢᠮ ᠪᠠ 12 ᠲᠥᠷᠥᠯ᠎ᠤᠨ ᠲᠦᠭᠰᠢᠭᠦᠷᠢ᠎ᠶᠢ ᠰᠠᠨᠠᠭᠤᠯᠬᠤ ᠲᠦᠷᠢᠮ᠎ᠢ ᠳᠣᠭᠢᠷᠠᠭᠤᠯᠤᠨ ᠂ ᠠᠰᠠᠭᠤᠳᠠᠯ᠎ᠲᠠᠢ ᠵᠣᠷ᠎ᠢ ᠨᠡᠶ᠋ᠢᠲᠡ 2188 ᠤᠳᠠᠭ᠎ᠠ ᠬᠠᠰᠢᠵᠤ ᠂ 26. 7 ᠲᠦᠮᠡᠨ ᠤᠳᠠᠭ᠎ᠠ ᠤᠷᠢᠳᠴᠢᠯᠠᠨ ᠰᠡᠷᠡᠮᠵᠢᠯᠡᠭᠦᠯᠪᠡ ᠃ ᠡᠭᠦᠨ᠎ᠤ ᠬᠠᠮᠲᠤ ᠂ ᠭᠠᠷᠴᠠᠭ᠎ᠤᠨ ᠬᠥᠳᠡᠯᠦᠩᠭᠦᠶ ᠬᠠᠮᠢᠶᠠᠷᠤᠯᠲᠠ᠎ᠶᠢ ᠲᠡᠭᠦᠯᠳᠡᠷᠵᠢᠭᠦᠯᠵᠦ ᠂ ᠮᠢᠨᠴᠦᠭᠦᠷᠡᠭᠦᠯᠬᠦ ᠡᠮ᠎ᠤᠨ ᠵᠦᠢᠯ ᠂ ᠬᠡᠤᠬᠡᠳ᠎ᠲᠤ ᠬᠡᠷᠡᠭᠯᠡᠵᠦ ᠥᠯᠥ ᠪᠣᠯᠬᠤ ᠪᠠ ᠪᠣᠯᠭᠤᠮᠵᠢᠲᠠᠶ ᠬᠡᠷᠡᠭᠯᠡᠬᠦ ᠡᠮ ᠂ ᠲᠠᠷᠢᠯᠭ᠎ᠠ᠎ᠶᠢᠨ ᠲᠥᠷᠥᠯ ᠵᠡᠷᠭᠡ ᠰᠦᠯᠵᠢᠶᠡᠨ ᠳᠡᠭᠡᠷ᠎ᠡ ᠡᠷᠭᠢᠯᠲᠡ᠎ᠳᠤ ᠣᠷᠣᠭᠤᠯᠬᠤ᠎ᠶᠢ ᠵᠥᠪᠰᠢᠶᠡᠷᠡᠬᠦ ᠥᠬᠡᠶ ᠡᠮ᠎ᠤᠨ ᠵᠦᠢᠯ᠎ᠢ ᠬᠦᠴᠦᠲᠡᠢ ᠴᠡᠪᠡᠷᠯᠡᠵᠦ ᠂ ᠰᠦᠯᠵᠢᠶᠡᠨ ᠳᠡᠭᠡᠷᠡᠬᠢ ᠵᠣᠷ᠎ᠤᠨ ᠡᠷᠭᠢᠯᠲᠡ᠎ᠶᠢᠨ ᠲᠣᠭᠲᠠᠭᠠᠯ᠎ᠳᠤ ᠨᠡᠶ᠋ᠢᠴᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠪᠠ ᠃

  ᠪᠦᠬᠦᠯᠢ ᠡᠳᠦᠷ᠎ᠢᠶᠠᠷ ᠳᠡᠮᠵᠢᠵᠦ ᠂ ᠦᠢᠯᠡᠴᠢᠯᠡᠭᠡᠨ᠎ᠦ ᠴᠤᠤᠷᠢᠶᠠᠳᠤᠯ᠎ᠢ ᠰᠢᠯᠢᠳᠡᠭᠵᠢᠭᠦᠯᠪᠡ

  ᠦᠢᠯᠡᠴᠢᠯᠡᠭᠡᠨ᠎ᠤ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠶᠢᠨ ᠲᠥᠯᠥᠭᠡ ᠂ ᠴᠠᠩᠵᠸᠦ ᠬᠣᠲᠠ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ 2 ᠲᠤᠰᠬᠠᠢ ᠲᠤᠰᠢᠶᠠᠯᠲᠤ ᠦᠢᠯᠡᠴᠢᠯᠡᠭᠴᠢ ᠲᠣᠬᠢᠷᠠᠭᠤᠯᠵᠤ ᠂ ᠦᠢᠯᠡᠴᠢᠯᠡᠭᠡᠨ᠎ᠤ ᠴᠠᠭ ᠪᠣᠯᠤᠨ ᠲᠠᠪᠴᠠᠩ᠎ᠤᠨ ᠠᠵᠢᠯᠯᠠᠭᠠᠨ᠎ᠤ ᠴᠠᠭ᠎ᠢ ᠵᠡᠷᠭᠡ᠎ᠪᠠᠷ (ᠥᠷᠯᠦᠭᠡᠨ᠎ᠦ 7 ᠴᠠᠭ᠎ᠠᠴᠠ ᠣᠷᠣᠢ᠎ᠶᠢᠨ 9 ᠴᠠᠭ) ᠶᠠᠪᠤᠭᠳᠠᠭᠤᠯᠤᠨ᠎ᠠ ᠃ ᠡᠭᠦᠨ᠎ᠤ ᠬᠠᠮᠲᠤ ᠂ 《ᠡᠮᠨᠡᠯᠭᠡ᠎ᠶᠢᠨ ᠬᠣᠷᠢᠶ᠎ᠠ ᠪᠠ ᠡᠮ᠎ᠦᠨ ᠳᠡᠯᠭᠡᠭᠦᠷ᠎ᠢ ᠨᠡᠪᠲᠡᠷᠡᠭᠦᠯᠬᠦ》 ᠦᠢᠯᠡᠴᠢᠯᠡᠭᠡᠨ᠎ᠤ ᠲᠤᠰᠬᠠᠶ ᠤᠲᠠᠰᠤ᠎ᠶᠢ ᠨᠡᠪᠲᠡᠷᠡᠭᠦᠯᠬᠦ᠎ᠶᠢᠨ ᠬᠠᠮᠲᠤ ᠡᠮ᠎ᠤᠨ ᠳᠡᠯᠭᠡᠭᠦᠷ᠎ᠲᠤ ᠵᠠᠯᠭᠠᠨ ᠣᠷᠣᠭᠤᠯᠤᠭᠰᠠᠨ ᠪᠣᠶ ᠪᠥᠬᠦᠶ ᠲᠤᠰᠬᠠᠶ ᠸᠢᠴᠠᠲ᠎ᠤᠨ ᠦᠢᠯᠡᠴᠢᠯᠡᠭᠡᠨ᠎ᠤ ᠪᠦᠯᠬᠦᠮ᠎ᠢ ᠪᠠᠶ᠋ᠢᠭᠤᠯᠵᠤ ᠂ ᠠᠰᠠᠭᠤᠳᠠᠯ᠎ᠢ ᠲᠦᠷᠭᠡᠨ ᠬᠠᠷᠢᠭᠤ ᠲᠤᠰᠬᠠᠬᠤ ᠂ ᠴᠠᠭ ᠲᠤᠬᠠᠶ᠎ᠳᠦ ᠨᠢ ᠨᠡᠪᠲᠡᠷᠡᠯᠴᠡᠬᠦ ᠪᠠ ᠪᠢᠲᠡᠭᠦᠦ ᠭᠤᠭᠴᠤᠭ᠎ᠠ᠎ᠪᠡᠷ ᠰᠢᠢᠳᠪᠦᠷᠢᠯᠡᠬᠦ᠎ᠶᠢ ᠪᠡᠶᠡᠯᠡᠭᠦᠯᠪᠡ ᠃ ᠪᠠᠶ᠋ᠢᠩᠭᠤ ᠲᠣᠬᠢᠶᠠᠯᠳᠤᠳᠠᠭ ᠠᠰᠠᠭᠤᠳᠠᠯ᠎ᠤᠨ ᠮᠡᠳᠡᠯᠭᠡ᠎ᠶᠢᠨ ᠬᠥᠮᠥᠷᠭᠡ (FAQ) ᠪᠠ ᠪᠠᠴᠢᠮ ᠪᠠᠶ᠋ᠢᠳᠠᠯ᠎ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ᠎ᠢ ᠪᠠᠶ᠋ᠢᠭᠤᠯᠵᠤ ᠂ ᠡᠯ᠎ᠡ ᠲᠥᠷᠥᠯ᠎ᠤᠨ ᠯᠠᠪᠯᠠᠭ᠎ᠠ᠎ᠳᠤ ᠴᠥᠮ ᠲᠤᠰᠬᠠᠶ ᠮᠡᠷᠭᠡᠵᠢᠯ᠎ᠲᠠᠢ ᠂ ᠣᠨᠣᠪᠴᠢᠲᠠᠶ ᠂ ᠥᠨᠳᠥᠷ ᠪᠦᠲᠦᠮᠵᠢᠲᠡᠶ ᠬᠠᠷᠢᠭᠤᠯᠲᠠ ᠥᠭᠬᠦ᠎ᠶᠢ ᠦᠨᠡᠨ ᠬᠦ᠌ ᠪᠠᠲᠤᠯᠠᠪᠠ ᠃

  ᠣᠯᠠᠨ ᠲᠠᠯ᠎ᠠ᠎ᠪᠠᠷ ᠬᠠᠮᠵᠢᠯᠴᠠᠵᠤ ᠂ ᠲᠠᠪᠴᠠᠩ᠎ᠤᠨ ᠠᠵᠢᠯᠯᠠᠭᠠᠨ᠎ᠤ ᠪᠠᠲᠤᠯᠠᠭ᠎ᠠ᠎ᠶᠢ ᠴᠢᠩᠭᠠᠷᠠᠭᠤᠯᠪᠠ

  ᠡᠮᠴᠢᠯᠡᠭᠡᠨ᠎ᠦ ᠳᠠᠭᠠᠳᠬᠠᠯ ᠂ ᠡᠷᠡᠭᠦᠯ ᠬᠠᠮᠠᠭᠠᠯᠠᠯ ᠡᠷᠡᠭᠦᠯ ᠮᠡᠨᠳᠦ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠢᠶᠠᠷ ᠪᠦᠷᠢᠯᠳᠦᠭᠰᠡᠨ 《ᠴᠠᠩᠵᠸᠤ ᠬᠤᠲᠠ᠎ᠶᠢᠨ ᠡᠮᠨᠡᠯᠭᠡ᠎ᠶᠢᠨ ᠬᠣᠷᠢᠶ᠎ᠠ ᠪᠠ ᠡᠮ᠎ᠦᠨ ᠳᠡᠯᠭᠡᠭᠦᠷ᠎ᠢ ᠨᠡᠪᠲᠡᠷᠡᠭᠦᠯᠬᠦ ᠦᠢᠯᠡᠴᠢᠯᠡᠭᠡᠨ᠎ᠤ ᠲᠠᠪᠴᠠᠩ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ》᠎ᠢ ᠪᠠᠶ᠋ᠢᠭᠤᠯᠵᠤ ᠂ ᠴᠢᠬᠤᠯᠠ ᠶᠡᠭᠡ ᠵᠦᠢᠯᠡᠰ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠪᠠ ᠃ ᠪᠠᠴᠢᠮ ᠪᠠᠶ᠋ᠢᠳᠠᠯ᠎ᠢ ᠠᠷᠭᠠᠴᠠᠭᠠᠬᠤ ᠪᠡᠯᠡᠳᠬᠡᠯ ᠲᠥᠰᠦᠯ᠎ᠢ ᠪᠠᠶ᠋ᠢᠭᠤᠯᠤᠨ ᠪᠦᠷᠢᠨᠰᠢᠭᠦᠯᠵᠦ ᠂ ᠳᠠᠯᠳᠠ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠤᠨ ᠲᠦᠭᠰᠢᠭᠦᠷᠢ᠎ᠶᠢ ᠢᠳᠡᠪᠬᠢᠲᠡᠶ᠎ᠪᠠᠷ ᠰᠡᠷᠭᠡᠶ᠋ᠢᠯᠡᠬᠦ ᠪᠠ ᠠᠷᠢᠯᠭᠠᠪᠠ ᠃ ᠡᠷᠡᠭᠦᠯ ᠬᠠᠮᠠᠭᠠᠯᠠᠯ ᠡᠷᠡᠭᠦᠯ ᠮᠡᠨᠳᠦ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠯᠦ᠍ᠭᠡ᠎ᠶᠢᠨ ᠨᠡᠪᠲᠡᠷᠡᠯᠴᠡᠭᠡ ᠬᠠᠮᠵᠢᠯᠴᠠᠭ᠎ᠠ᠎ᠪᠠᠨ ᠴᠢᠩᠭᠠᠳᠬᠠᠵᠤ ᠂ ᠲᠠᠪᠴᠠᠩ᠎ᠤᠨ ᠬᠥᠭᠵᠢᠯᠲᠡ᠎ᠶᠢ ᠬᠠᠮᠲᠤ᠎ᠪᠠᠷ ᠠᠬᠢᠭᠤᠯᠪᠠ ᠃

  ᠨᠠᠷᠢᠯᠢᠭ᠋ ᠣᠨᠣᠪᠴᠢᠲᠠᠶ᠎ᠪᠠᠷ ᠤᠬᠠᠭᠤᠯᠵᠤ ᠂ ᠲᠥᠷᠥ᠎ᠶᠢᠨ ᠪᠣᠳᠣᠯᠭ᠎ᠠ᠎ᠶᠢᠨ ᠣᠢᠯᠠᠭᠠᠯᠲᠠ᠎ᠶᠢᠨ ᠬᠡᠮᠵᠢᠶ᠎ᠡ᠎ᠶᠢ ᠳᠡᠭᠡᠭᠰᠢᠯᠡᠭᠦᠯᠪᠡ

  ᠰᠦᠯᠵᠢᠶᠡᠨ ᠭᠠᠳᠠᠨ᠎ᠠ ᠵᠠᠷᠯᠠᠯ ᠵᠡᠷᠭᠡ ᠤᠬᠠᠭᠤᠯᠭ᠎ᠠ᠎ᠶᠢᠨ ᠵᠦᠢᠯ᠎ᠢ ᠪᠥᠬᠦ ᠬᠤᠲᠠ᠎ᠶᠢᠨ ᠪᠣᠶ ᠪᠥᠬᠦᠶ ᠲᠣᠭᠲᠠᠭᠰᠠᠨ ᠴᠡᠭ᠎ᠦᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠢᠯᠡ ᠭᠠᠵᠠᠷ᠎ᠲᠤ ᠲᠠᠯᠪᠢᠪᠠ ᠃ ᠰᠦᠯᠵᠢᠶᠡᠨ ᠳᠡᠭᠡᠷ᠎ᠡ ᠺᠠᠷᠲ᠋ᠣᠨ ᠵᠢᠷᠤᠭ ᠂ ᠵᠢᠭᠠᠨ ᠰᠤᠷᠭᠠᠯᠲᠠ᠎ᠶᠢᠨ ᠸᠢᠳᠢᠣ᠋ ᠪᠣᠯᠤᠨ ᠲᠤᠰᠬᠠᠢ ᠰᠡᠳᠦᠪᠲᠦ ᠹᠢᠯᠢᠮ ᠵᠡᠷᠭᠡ ᠭᠤᠷᠪᠠᠨ ᠲᠦᠷᠦᠯ᠎ᠤᠨ ᠬᠠᠮ ᠵᠠᠭᠤᠴᠢᠯᠠᠭᠤᠷ᠎ᠤᠨ ᠦᠢᠯᠡᠳᠬᠦᠨ᠎ᠢ ᠦᠢᠯᠡᠳᠴᠦ ᠂ ᠤᠯᠠᠨ ᠠᠷᠭ᠎ᠠ ᠵᠠᠮ᠎ᠢᠶᠠᠷ ᠥᠷᠭᠡᠨ᠎ᠢᠶᠠᠷ ᠳᠠᠮᠵᠢᠭᠤᠯᠪᠠ ᠃ ᠡᠮᠴᠢᠯᠡᠭᠡᠨ᠎ᠤ ᠪᠠᠶ᠋ᠢᠭᠤᠯᠤᠮᠵᠢ᠎ᠶᠢᠨ ᠡᠮᠴᠢ ᠂ ᠡᠮ᠎ᠤᠨ ᠳᠡᠯᠭᠡᠭᠦᠷ᠎ᠤᠨ ᠠᠵᠢᠯᠲᠠᠨ ᠵᠢᠴᠢ 12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠂ 12393 ᠡᠮᠴᠢᠯᠡᠭᠡᠨ᠎ᠤ ᠳᠠᠭᠠᠳᠬᠠᠯ᠎ᠤᠨ ᠦᠢᠯᠡᠴᠢᠯᠡᠭᠡᠨ᠎ᠤ ᠬᠠᠯᠠᠮᠰᠢᠯ ᠤᠲᠠᠰᠤ᠎ᠶᠢ ᠵᠣᠬᠢᠶᠠᠨ ᠪᠠᠶ᠋ᠢᠭᠤᠯᠤᠨ ᠲᠤᠰᠬᠠᠶ ᠰᠡᠳᠦᠪᠲᠦ ᠪᠣᠯᠪᠠᠰᠤᠷᠠᠯ᠎ᠢ ᠥᠷᠨᠢᠭᠦᠯᠵᠦ ᠂ ᠲᠥᠷᠥ᠎ᠶᠢᠨ ᠪᠣᠳᠣᠯᠭ᠎ᠠ᠎ᠶᠢᠨ ᠠᠰᠠᠭᠤᠨ ᠯᠠᠪᠯᠠᠯᠲᠠ᠎ᠶᠢᠨ ᠬᠠᠷᠢᠭᠤᠯᠲᠠ ᠥᠭᠬᠦ ᠲᠤᠰᠬᠠᠶ ᠮᠡᠷᠭᠡᠵᠢᠯ᠎ᠤᠨ ᠴᠢᠨᠠᠷ ᠂ ᠣᠨᠣᠪᠴᠢᠲᠤ ᠴᠢᠨᠠᠷ᠎ᠢ ᠦᠨᠡᠨ ᠬᠦ᠌ ᠪᠠᠲᠤᠯᠠᠪᠠ ᠃

  ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠬᠠᠯ ᠂ ᠨᠠᠰᠤᠨ ᠲᠤᠷᠰᠢᠲᠠ᠎ᠶᠢᠨ ᠰᠠᠬᠢᠨ ᠬᠠᠮᠠᠭᠠᠯᠠᠭ᠍ᠴᠢ ! ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠠᠮᠤᠷ ᠲᠦᠪᠰᠢᠨ᠎ᠢ ᠬᠠᠮᠠᠭᠠᠯᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ! ᠳᠠᠭᠠᠳᠬᠠᠯ ᠮᠡᠬᠡᠯᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠢᠯᠡᠴᠢᠯᠡᠨ ᠮᠡᠳᠡᠭᠦᠯᠬᠦ ᠤᠲᠠᠰᠤ ᠄ 010 - 89061396 ᠂ 010 - 89061397 ; ᠢᠮᠸᠯ᠄ jubao@nhsa.gov.cn ᠃

ᠢᠷᠡᠯᠲᠡ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            