ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠡᠮᠴᠢᠯᠡᠭᠡᠨ᠎ᠦ ᠳᠠᠭᠠᠳᠬᠠᠯ ᠰᠢᠭᠡᠰᠦᠨ ᠬᠣᠣᠷᠳᠠᠯ᠎ᠤᠨ ᠨᠢᠭᠡ ᠡᠪᠡᠳᠴᠢᠲᠡᠨ᠎ᠢ 30 ᠭᠠᠷᠤᠢ ᠵᠢᠯ ᠰᠠᠬᠢᠨ ᠬᠠᠮᠠᠭᠠᠯᠠᠪᠠ
ᠨᠡᠶ᠋ᠢᠲᠡᠯᠡᠭᠰᠡᠨ ᠴᠠᠭ᠄ 2025-06-26

  《 ᠡᠮᠴᠢᠯᠡᠭᠡᠨ᠎ᠦ ᠳᠠᠭᠠᠳᠬᠠᠯ ᠳᠤᠲᠠᠭᠳᠠᠵᠤ ᠪᠣᠯᠣᠰᠢ ᠦᠭᠡᠢ ! ᠶᠠᠭᠤ᠎ᠪᠠᠨ ᠮᠠᠷᠲᠠᠭᠰᠠᠨ ᠴᠤ᠌ ᠡᠮᠴᠢᠯᠡᠭᠡᠨ᠎ᠦ ᠳᠠᠭᠠᠳᠭᠠᠯ ᠎ᠳᠤ ᠣᠷᠣᠯᠴᠠᠬᠤ᠎ᠪᠠᠨ ᠮᠠᠷᠲᠠᠵᠤ ᠪᠣᠯᠬᠤ ᠦᠭᠡᠢ ! 》 ᠭᠡᠵᠦ ᠵᠢᠦᠵᠢᠶᠠᠩ ᠬᠣᠲᠠ᠎ᠶᠢᠨ ᠲᠣᠭᠣᠷᠢᠭ᠋᠎ᠲᠤ ᠰᠠᠭᠤᠵᠤ ᠪᠠᠢᠭ᠎ᠠ ᠳᠠ ᠴᠢᠩ ᠬᠡᠵᠢᠶᠡᠳᠡ ᠪᠤᠰᠤᠳ᠎ᠢ ᠢᠳᠬᠠᠵᠤ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠭᠤᠯᠳᠠᠭ ᠃ ᠲᠡᠭᠦᠨ᠎ᠤ ᠦᠵᠡᠬᠦ᠎ᠪᠠᠷ ᠂ ᠲᠡᠭᠦᠨ᠎ᠦ ᠡᠪᠡᠳᠴᠢᠨ᠎ᠳᠦ ᠣᠷᠢᠶᠠᠭᠳᠠᠭᠰᠠᠨ 31 ᠵᠢᠯ ᠨᠢ ᠮᠥᠨ ᠴᠤ᠌ ᠡᠮᠴᠢᠯᠡᠭᠡᠨ᠎ᠦ ᠳᠠᠭᠠᠳᠬᠠᠯ᠎ᠠᠴᠠ ᠲᠡᠭᠦᠨ᠎ᠳᠤ ᠬᠦᠴᠦᠲᠡᠢ ᠳᠡᠮᠵᠢᠯᠭᠡ ᠦᠵᠡᠭᠦᠯᠦᠭᠰᠡᠨ 31 ᠵᠢᠯ ᠮᠥᠨ ᠃

  ᠡᠨᠡ ᠵᠢᠯ 62 ᠨᠠᠰᠤᠲᠠᠢ ᠳᠠ ᠴᠢᠩ ᠰᠢᠭᠡᠰᠦᠨ ᠬᠣᠣᠷᠳᠠᠯ᠎ᠳᠤ ᠨᠡᠷᠪᠡᠭᠳᠡᠭᠡᠳ ᠪᠦᠲᠦᠨ 31 ᠵᠢᠯ ᠪᠣᠯᠵᠠᠢ ᠃ 31 ᠵᠢᠯ᠎ᠤᠨ ᠡᠮᠦᠨᠡᠬᠢ ᠨᠢᠭᠡ ᠡᠳᠦᠷ ᠂ ᠲᠡᠷᠡ ᠦᠢᠯᠡᠳᠪᠦᠷᠢ᠎ᠳᠤ ᠬᠡᠪ᠎ᠤᠨ ᠶᠣᠰᠣᠭᠠᠷ ᠠᠵᠢᠯᠯᠠᠵᠤ ᠪᠠᠢᠲᠠᠯ᠎ᠠ ᠭᠡᠨᠡᠳᠲᠡ ᠨᠢᠳᠦ ᠨᠢ ᠬᠠᠷᠠᠩᠭᠤᠢᠯᠠᠭᠠᠳ ᠰᠢᠭᠤᠳ ᠮᠠᠨᠠᠷᠠᠨ ᠤᠨᠠᠵᠠᠢ ᠂ ᠬᠣᠲᠠ᠎ᠶᠢᠨ ᠡᠮᠨᠡᠯᠭᠡ᠎ᠶᠢᠨ ᠬᠣᠷᠢᠶᠠᠨ᠎ᠳᠤ ᠣᠴᠢᠭ᠍ᠰᠠᠨ᠎ᠳᠤ ᠪᠣᠯᠴᠢᠩ᠎ᠤᠨ ᠢᠰᠦᠯ ᠨᠢ 800᠎ᠡᠴᠡ ᠳᠠᠪᠠᠪᠠ ᠬᠡᠮᠡᠨ ᠲᠤᠳᠤᠯᠠᠭᠰᠠᠨ᠎ᠤ ᠳ᠋ᠦᠩ᠎ᠳᠦ ᠡᠮᠴᠢ᠎ᠡᠴᠡ ᠰᠢᠭᠡᠰᠦᠨ ᠬᠣᠣᠷᠳᠠᠯ᠎ᠢᠶᠠᠷ       ᠣᠨᠣᠰᠢᠯᠠᠪᠠ ᠃ ᠲᠤᠬᠠᠶ᠎ᠶᠢᠨ ᠦᠶ᠎ᠡ᠎ᠳᠤ ᠲᠡᠷᠡ ᠵᠢᠦᠵᠢᠶᠠᠩ ᠡᠮᠨᠡᠯᠭᠡ᠎ᠶᠢᠨ ᠬᠤᠷᠢᠶᠠᠨ᠎ᠳᠤ ᠨᠡᠪᠴᠢᠭᠦᠯᠦᠨ ᠢᠯᠭᠠᠷᠠᠭᠤᠯᠵᠤ ᠬᠠᠭᠤᠴᠢᠨ ᠠᠷᠭ᠎ᠠ᠎ᠪᠠᠷ ᠡᠮᠨᠡᠨ ᠵᠠᠰᠠᠵᠠᠢ ᠂ 《 ᠪᠢ ᠠᠩᠬ᠎ᠠ ᠤᠳᠠᠭ᠎ᠠ ᠨᠡᠪᠴᠢᠭᠦᠯᠦᠨ ᠢᠯᠭᠠᠷᠠᠭᠤᠯᠵᠤ ᠳᠠᠭᠤᠰᠤᠭᠰᠠᠨ᠎ᠤ ᠳᠠᠷᠠᠭ᠎ᠠ ᠵᠠᠷᠤᠳᠠᠯ᠎ᠤᠨ ᠬᠠᠭᠤᠳᠠᠰᠤ᠎ᠪᠠᠨ ᠠᠪᠤᠭᠠᠳ ᠦᠵᠡᠭᠰᠡᠨ᠎ᠳᠦ ᠨᠢᠭᠡ ᠯᠡ ᠤᠳᠠᠭ᠎ᠠ᠎ᠳᠤ 1600 ᠲᠥᠭᠦᠷᠢᠭ᠎ᠤᠨ ᠵᠠᠷᠤᠳᠠᠯ ᠬᠡᠷᠡᠭᠰᠡᠨ᠎ᠡ ᠬᠡᠮᠡᠨ ᠪᠢᠴᠢᠵᠦ ᠪᠠᠢᠯ᠎ᠠ ᠂ 1994 ᠣᠨ᠎ᠤ ᠦᠶ᠎ᠡ᠎ᠳᠦ 1600 ᠲᠥᠭᠦᠷᠢᠭ ᠪᠣᠯ ᠮᠢᠨᠦ ᠨᠢᠭᠡ ᠪᠦᠬᠦᠯᠢ ᠵᠢᠯ᠎ᠤᠨ ᠴᠠᠯᠢᠩ᠎ᠲᠠᠢ ᠲᠡᠩᠴᠡᠵᠦ ᠪᠠᠢᠵᠠᠢ ᠂ ᠬᠠᠮᠤᠭ ᠭᠣᠣᠯ ᠨᠢ ᠭᠠᠷᠠᠭ ᠪᠦᠷᠢ ᠠᠳᠠᠭ᠎ᠲᠤ᠎ᠪᠠᠨ 2 ᠤᠳᠠᠭ᠎ᠠ ᠵᠠᠰᠠᠯᠭ᠎ᠠ ᠬᠢᠯᠭᠡᠨ᠎ᠡ ᠂ ᠡᠢᠮᠦ ᠵᠠᠰᠠᠯᠭ᠎ᠠ᠎ᠶᠢ ᠮᠠᠨ᠎ᠤ ᠬᠢᠨ ᠰᠢᠭ ᠡᠩ᠎ᠤᠨ ᠭᠡᠷ ᠪᠦᠯᠢ ᠳᠠᠭᠠᠭᠠᠵᠤ ᠳᠡᠶ᠋ᠢᠯᠬᠦ ᠦᠭᠡᠢ ᠨᠢ ᠮᠡᠳᠡᠭᠡᠵᠢ ᠂ ᠲᠡᠷᠡ ᠦᠶ᠎ᠡ᠎ᠳᠤ ᠵᠠᠰᠠᠭᠤᠯᠬᠤ᠎ᠪᠠᠨ ᠪᠣᠯᠢᠶ᠎ᠠ ᠭᠡᠰᠡᠨ ᠪᠣᠳᠣᠯ ᠣᠷᠤᠴᠢᠬᠠᠵᠠᠢ ᠂ ᠡᠨᠡ ᠡᠪᠡᠳᠴᠢᠨ᠎ᠢ ᠵᠠᠰᠠᠬᠤ᠎ᠳᠤ ᠢᠷᠣᠭᠠᠷ ᠦᠭᠡᠢ ᠨᠦᠬᠡ ᠰᠢᠭ ! 》 ᠭᠡᠵᠦ ᠬᠡᠯᠡᠪᠡ ᠃ ᠭᠡᠪᠡᠴᠦ ᠡᠬᠡᠨᠡᠷ᠎ᠨᠢ ᠲᠡᠭᠦᠨ᠎ᠢ ᠬᠡᠦᠬᠡᠳ ᠪᠠᠰᠠ ᠪᠠᠭ᠎ᠠ ᠪᠠᠢᠭᠰᠠᠭᠠᠷ ᠂ ᠠᠮᠢᠳᠤ ᠶᠠᠪᠤᠪᠠᠯ ᠠᠯᠲᠠᠨ ᠠᠶᠠᠭᠠᠨ᠎ᠠᠴᠠ ᠤᠰᠤ ᠤᠤᠭᠤᠨ᠎ᠠ ᠭᠡᠵᠦ ᠢᠳᠬᠠᠯ᠎ᠠ ᠃ ᠲᠡᠷᠡ ᠢᠳᠡᠵᠦ ᠤᠤᠭᠤᠬᠤ᠎ᠪᠠᠨ ᠠᠷᠪᠢᠯᠠᠵᠤ ᠪᠠᠢᠭᠠᠳ ᠯᠡ ᠡᠪᠡᠳᠴᠢᠨ᠎ᠢᠶᠡᠨ ᠡᠪᠯᠡᠭᠦᠯᠵᠦ ᠯᠡ ᠦᠵᠡᠭᠦᠯᠦᠨ᠎ᠡ ᠃

  ᠢᠩᠬᠢᠵᠦ ᠪᠠᠢᠲᠠᠯ᠎ᠠ ᠰᠠᠢᠨ ᠴᠢᠮᠡᠭᠡ ᠳᠤᠭᠤᠯᠲᠠᠪᠠ ᠂ 1994 ᠣᠨ᠎ᠳᠤ ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠨᠢᠭᠡᠳᠦᠯᠲᠡᠢ ᠪᠠᠢᠷᠢᠯᠠᠭᠤᠯᠤᠯᠲᠠ᠎ᠶᠢ ᠦᠨᠳᠦᠰᠦᠯᠡᠨ ᠂ ᠵᠢᠦᠵᠢᠶᠠᠩ ᠬᠣᠲᠠ ᠂ ᠵᠸᠨᠵᠢᠶᠠᠩ ᠬᠣᠲᠠ᠎ᠶᠢᠨ ᠬᠢᠨ ᠪᠦᠬᠦ ᠤᠯᠤᠰ᠎ᠲᠤ ᠠᠵᠢᠯᠲᠠᠨ ᠠᠵᠢᠯᠴᠢᠨ᠎ᠤ ᠡᠮᠴᠢᠯᠡᠭᠡᠨ᠎ᠦ ᠳᠠᠭᠠᠳᠬᠠᠯ᠎ᠤᠨ ᠳᠦᠷᠢᠮ᠎ᠤᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠢ ᠡᠩ ᠲᠡᠷᠢᠭᠦᠨ᠎ᠳᠤ ᠥᠷᠨᠢᠭᠦᠯᠦᠭᠡᠳ ᠂ ᠳᠠ ᠴᠢᠩ ᠴᠤ᠌ ᠵᠣᠯ᠎ᠢᠶᠠᠷ ᠡᠨᠡ ᠬᠦ᠌ ᠳᠦᠷᠢᠮ᠎ᠤᠨ ᠬᠠᠮᠤᠭ ᠠᠩᠬᠠᠨ᠎ᠤ ᠠᠰᠢᠭ᠋ ᠬᠦᠷᠲᠡᠭᠴᠢ᠎ᠶᠢᠨ ᠨᠢᠭᠡ ᠪᠣᠯᠣᠭᠰᠠᠨ ᠪᠠᠢᠨ᠎ᠠ ᠃ 1995 ᠣᠨ᠎ᠳᠤ ᠲᠡᠷᠡ ᠪᠡᠭᠡᠵᠢᠩ᠎ᠳᠤ ᠣᠴᠢᠵᠤ ᠬᠠᠷ᠎ᠠ ᠪᠥᠭᠡᠷ᠎ᠡ ᠰᠣᠯᠢᠬᠤ ᠮᠡᠰᠡ ᠵᠠᠰᠠᠯ ᠬᠢᠯᠭᠡᠭᠡᠳ ᠤᠷᠢᠳ ᠬᠣᠵᠢᠳ ᠠᠷᠪᠠᠨ ᠬᠡᠳᠦᠨ ᠲᠦᠮᠡᠨ ᠲᠦᠭᠦᠷᠢᠭ ᠵᠠᠷᠤᠴᠠᠭᠤᠯᠪᠠ ᠂ ᠬᠣᠲᠠ ᠪᠠᠯᠭᠠᠰᠤᠨ᠎ᠤ ᠠᠵᠢᠯᠲᠠᠨ ᠠᠵᠢᠯᠴᠢᠨ᠎ᠤ ᠡᠮᠴᠢᠯᠡᠭᠡᠨ᠎ᠦ ᠳᠠᠭᠠᠳᠬᠠᠯ ᠪᠠᠢᠭᠰᠠᠨ᠎ᠤ ᠠᠴᠢ᠎ᠪᠠᠷ ᠰᠢᠯᠵᠢᠭᠦᠯᠦᠨ ᠡᠮᠨᠡᠭᠦᠯᠬᠦ᠎ᠠᠴᠠ ᠬᠢᠨᠠᠨ ᠬᠠᠷᠭᠤᠭᠤᠯᠵᠤ ᠲᠠᠩᠰᠠ ᠮᠡᠳᠡᠭᠦᠯᠬᠦ ᠪᠣᠯᠲᠠᠯ᠎ᠠ ᠴᠥᠮ ᠮᠠᠰᠢ ᠤᠷᠤᠭᠰᠢᠲᠠᠶ ᠶᠠᠪᠤᠭᠳᠠᠵᠤ ᠂ ᠪᠠᠰᠠ ᠬᠠᠮᠤᠭ᠎ᠤᠨ ᠲᠦᠷᠦᠭᠦᠨ᠎ᠳᠦ ᠶᠡᠬᠡᠩᠬᠢ ᠬᠡᠮᠵᠢᠶᠡᠨ᠎ᠦ ᠵᠠᠷᠤᠳᠠᠯ᠎ᠢ ᠲᠠᠩᠰᠠ ᠲᠠᠢᠯᠪᠠ ᠂ ᠲᠤᠬᠠᠶ᠎ᠶᠢᠨ ᠦᠶ᠎ᠡ᠎ᠳᠤ ᠮᠠᠰᠢ ᠶᠠᠳᠠᠭᠤᠷᠠᠯᠲᠠᠢ ᠪᠣᠯᠤᠭᠰᠠᠨ ᠬᠡᠷ ᠪᠦᠯᠢ᠎ᠳᠤ ᠡᠨᠡ ᠨᠢ ᠲᠦᠢᠯ᠎ᠤᠨ ᠶᠡᠭᠡ ᠳᠡᠮᠵᠢᠯᠭᠡ ᠦᠵᠡᠭᠦᠯᠦᠭᠰᠡᠨ ᠪᠠᠢᠯ᠎ᠠ ᠃

  ᠬᠠᠷ᠎ᠠ ᠪᠥᠭᠡᠷ᠎ᠡ ᠰᠣᠯᠢᠬᠤ ᠮᠡᠰᠡ ᠵᠠᠰᠠᠯ ᠬᠢᠯᠭᠡᠭᠰᠡᠨ᠎ᠡᠴᠡ ᠣᠳᠣ᠌ ᠪᠣᠯᠲᠠᠯ᠎ᠠ 30 ᠭᠠᠷᠤᠢ ᠵᠢᠯ ᠪᠣᠯᠵᠤ ᠂ ᠳᠠ ᠴᠢᠩ᠎ᠤᠨ ᠪᠡᠶ᠎ᠡ᠎ᠶᠢᠨ ᠡᠷᠡᠭᠦᠯᠵᠢᠯ᠎ᠦᠨ ᠡᠮ ᠤᠤᠭᠤᠬᠤ ᠵᠠᠷᠤᠳᠠᠯ᠎ᠨᠢ ᠵᠢᠯ ᠪᠦᠷᠢ ᠠᠷᠪᠠᠨ ᠬᠡᠳᠦᠨ ᠲᠦᠮᠡᠨ ᠲᠥᠭᠥᠷᠢᠭ᠎ᠲᠤ ᠬᠦᠷᠴᠦ        ᠪᠣᠢ ᠂ ᠭᠡᠪᠡᠴᠦ ᠦᠨᠳᠦᠰᠦᠨ ᠡᠮᠴᠢᠯᠡᠭᠡᠨ᠎ᠦ ᠳᠠᠭᠠᠳᠬᠠᠯ ᠂ ᠬᠦᠨᠳᠦ ᠡᠪᠡᠳᠴᠢᠨ᠎ᠤ ᠳᠠᠭᠠᠳᠬᠠᠯ ᠪᠣᠯᠤᠨ ᠡᠮᠴᠢᠯᠡᠭᠡᠨ᠎ᠦ ᠠᠪᠤᠷᠠᠨ ᠲᠤᠰᠠᠯᠠᠯᠲᠠ᠎ᠪᠠᠷ ᠳᠠᠮᠵᠢᠨ ᠂ ᠳᠠᠬᠢᠨ ᠲᠡᠭᠦᠨ᠎ᠤ ᠡᠭᠦᠳᠡᠨ ᠡᠮᠨᠡᠯᠭᠡ᠎ᠶᠢᠨ ᠤᠳᠠᠭᠠᠨ ᠴᠢᠨᠠᠷᠲᠠᠢ ᠡᠪᠡᠳᠴᠢᠨ᠎ᠤ ᠡᠮᠴᠢᠯᠡᠭᠡᠨ᠎ᠦ ᠳᠠᠭᠠᠳᠬᠠᠯ᠎ᠤᠨ ᠬᠠᠷᠠᠭᠠᠯᠵᠠᠯ᠎ᠢ ᠭᠤᠶᠤᠴᠢᠯᠠᠨ ᠮᠡᠳᠡᠭᠦᠯᠦᠭᠰᠡᠨ᠎ᠢᠶᠡᠷ ᠂ ᠳᠠᠩᠰᠠᠨ ᠲᠠᠢᠯᠤᠭᠰᠠᠨ᠎ᠤ ᠳᠠᠷᠠᠭ᠎ᠠ ᠲᠡᠭᠦᠨ᠎ᠤ ᠬᠤᠪᠢ ᠬᠥᠮᠦᠨ᠎ᠤ ᠲᠣᠭᠠᠴᠠᠭ᠎ᠠ ᠬᠢᠬᠦ ᠵᠠᠷᠤᠳᠠᠯ᠎ᠨᠢ ᠪᠦᠬᠦ ᠵᠠᠷᠤᠳᠠᠯ᠎ᠤᠨ 20% ᠣᠷᠴᠢᠮ᠎ᠢ ᠡᠵᠡᠯᠡᠳᠡᠭ ᠃       ᠡᠳᠦᠭᠡ ᠂ ᠡᠮᠨᠡᠯᠭᠡ᠎ᠶᠢᠨ ᠬᠣᠷᠢᠶ᠎ᠠ ᠡᠭᠦᠳᠡᠨ ᠡᠮᠨᠡᠯᠭᠡ᠎ᠳᠤ ᠪᠠᠰᠠ ᠤᠳᠠᠭᠠᠨ ᠴᠢᠨᠠᠷᠲᠠᠶ ᠡᠪᠡᠳᠴᠢᠨ᠎ᠤ ᠪᠠᠲᠤᠯᠠᠭ᠎ᠠ᠎ᠶᠢ ᠬᠠᠩᠭᠠᠵᠤ ᠂ ᠬᠠᠮᠢᠶ᠎ᠠ ᠪᠥᠬᠦᠶ ᠵᠠᠷᠤᠳᠠᠯ᠎ᠢ ᠴᠠᠭ ᠲᠤᠬᠠᠶ᠎ᠳᠦ ᠨᠢ ᠲᠠᠩᠰᠠ ᠲᠠᠶ᠋ᠢᠯᠵᠤ ᠂ 《 ᠡᠪᠡᠳᠴᠢᠨ ᠦᠵᠡᠭᠦᠯᠬᠦ᠎ᠳᠤ ᠬᠦᠴᠢᠷ ᠂ ᠡᠪᠡᠳᠴᠢᠨ ᠦᠵᠡᠭᠦᠯᠬᠦ᠎ᠳᠤ ᠦᠨᠡᠲᠡᠶ 》 ᠪᠠᠶ᠋ᠢᠬᠤ ᠠᠰᠠᠭᠤᠳᠠᠯ᠎ᠢ ᠪᠦᠲᠦᠮᠵᠢᠲᠡᠶ ᠨᠠᠮᠳᠠᠭᠤᠯᠪᠠ ᠃ ᠰᠢᠭᠡᠰᠦᠨ ᠬᠣᠣᠷᠳᠠᠯ᠎ᠢ ᠣᠨᠣᠰᠢᠯᠠᠭᠰᠠᠨ᠎ᠠᠴᠠ ᠨᠡᠪᠴᠢᠭᠦᠯᠦᠨ ᠢᠯᠭᠠᠷᠠᠭᠤᠯᠬᠤ ᠵᠠᠰᠠᠯᠭ᠎ᠠ ᠬᠢᠬᠦ ᠬᠦᠷᠲᠡᠯ᠎ᠡ ᠂ ᠬᠠᠷ᠎ᠠ ᠪᠥᠭᠡᠷ᠎ᠡ ᠰᠣᠯᠢᠬᠤ ᠬᠦᠷᠲᠡᠯ᠎ᠡ ᠂ ᠳᠠᠬᠢᠨ ᠬᠣᠵᠢᠮ᠎ᠨᠢ ᠡᠮᠨᠡᠨ ᠵᠠᠰᠠᠬᠤ᠎ᠪᠠᠨ ᠪᠠᠷᠢᠮᠲᠠᠯᠠᠬᠤ ᠬᠦᠷᠲᠡᠯ᠎ᠡ ᠂ ᠳᠠ ᠴᠢᠩ ᠪᠣᠯ ᠡᠮᠴᠢᠯᠡᠭᠡᠨ᠎ᠦ ᠳᠠᠭᠠᠳᠬᠠᠯ᠎ᠤᠨ ᠳᠦᠷᠢᠮ᠎ᠤᠨ ᠠᠰᠢᠭ᠋ ᠬᠦᠷᠲᠡᠭᠴᠢ ᠪᠣᠯᠬᠤ ᠪᠥᠭᠡᠳ ᠪᠠᠰᠠ ᠴᠤ᠌ ᠡᠮᠴᠢᠯᠡᠭᠡᠨ᠎ᠦ ᠳᠠᠭᠠᠳᠬᠠᠯ᠎ᠤᠨ ᠳᠦᠷᠢᠮ ᠡᠳᠦᠷ ᠢᠷᠡᠬᠦᠶ᠎ᠡ ᠲᠡᠭᠦᠯᠳᠡᠷᠵᠢᠭᠰᠡᠨ᠎ᠤ ᠭᠡᠷᠡᠴᠢᠯᠡᠭᠴᠢ ᠪᠣᠯᠤᠨ᠎ᠠ ᠃ ᠲᠡᠷᠡ ᠄ 《 ᠬᠡᠷᠪᠡ ᠤᠯᠤᠰ᠎ᠤᠨ ᠡᠶ᠋ᠢᠮᠦ ᠰᠠᠶ᠋ᠢᠨ ᠲᠥᠷᠥ᠎ᠶᠢᠨ ᠪᠣᠳᠣᠯᠭ᠎ᠠ ᠪᠠᠢᠭᠰᠠᠨ ᠦᠭᠡᠢ ᠪᠣᠯ ᠡᠳᠦᠭᠡ ᠪᠢ ᠬᠠᠮᠢᠭ᠎ᠠ ᠪᠠᠢᠬᠤ᠎ᠪᠠᠨ ᠴᠤ᠌ ᠮᠡᠳᠡᠬᠦ ᠦᠭᠡᠢ ᠂ ᠤᠯᠤᠰ᠎ᠠᠴᠠ ᠨᠠᠳᠠ᠎ᠳᠤ ᠠᠬᠢᠨ ᠨᠢᠭᠡ ᠤᠳᠠᠭᠠᠨ᠎ᠤ ᠠᠮᠢᠳᠤᠷᠠᠬᠤ ᠵᠠᠪᠰᠢᠶᠠᠨ᠎ᠢ ᠣᠯᠭᠣᠵᠠᠢ ᠭᠡᠵᠦ ᠬᠡᠯᠡᠵᠦ ᠪᠣᠯᠣᠨ᠎ᠠ ! 》 ᠭᠡᠵᠦ ᠰᠡᠳᠬᠢᠯ ᠳᠤᠭᠳᠤᠯᠤᠨ ᠶᠠᠷᠢᠨ᠎ᠠ ᠃

  ᠡᠮᠴᠢᠯᠡᠭᠡᠨ᠎ᠦ ᠳᠠᠭᠠᠳᠬᠠᠯ᠎ᠤᠨ ᠳᠦᠷᠢᠮ ᠦᠭᠡᠢ ᠪᠠᠶ᠋ᠢᠭ᠍ᠰᠠᠨ᠎ᠠᠴᠠ᠎ᠪᠠᠨ ᠪᠠᠶ᠋ᠢᠬᠤ ᠪᠣᠯᠵᠤ ᠂ ᠪᠠᠲᠤᠯᠠᠭ᠎ᠠ᠎ᠶᠢᠨ ᠬᠢᠷᠢ ᠲᠦᠪᠰᠢᠨ ᠳᠣᠤᠷ᠎ᠠ ᠪᠠᠶ᠋ᠢᠭ᠍ᠰᠠᠨ᠎ᠠᠴᠠ᠎ᠪᠠᠨ ᠥᠨᠳᠥᠷ ᠪᠣᠯᠵᠤ ᠂ ᠤᠯᠠᠮ᠎ᠠᠴᠠ ᠣᠯᠠᠨ 《 ᠳᠠ ᠴᠢᠩ 》 ᠨᠠᠷ ᠡᠮᠴᠢᠯᠡᠭᠡᠨ᠎ᠦ ᠳᠠᠭᠠᠳᠬᠠᠯ᠎ᠤᠨ ᠪᠦᠷᠢᠨ ᠲᠡᠭᠦᠯᠳᠡᠷ ᠦᠢᠯᠡᠴᠢᠯᠡᠭᠡ᠎ᠶᠢ ᠦᠨᠡᠨ ᠬᠦ᠌ ᠬᠦᠷᠲᠡᠵᠦ ᠂ ᠨᠠᠮ ᠪᠠ ᠵᠠᠰᠠᠭ᠎ᠤᠨ ᠣᠷᠳᠣᠨ᠎ᠤ ᠨᠡᠷᠡᠨ ᠭᠡᠷᠡᠯᠲᠦ ᠲᠥᠷᠥ᠎ᠶᠢᠨ ᠪᠣᠳᠣᠯᠭ᠎ᠠ᠎ᠶᠢᠨ ᠬᠠᠯᠠᠭᠤᠨ ᠳᠤᠯᠠᠭᠠᠨ᠎ᠢ ᠮᠡᠳᠡᠷᠡᠵᠦ ᠪᠣᠢ ᠃ ᠶᠠᠭ ᠳᠠ ᠴᠢᠩ᠎ᠦᠨ ᠬᠡᠯᠡᠭᠰᠡᠨᠴᠢᠯᠡᠨ ᠄ 《 ᠡᠪᠡᠳᠴᠢᠨ ᠡᠮᠬᠡᠭ᠎ᠲᠤ ᠨᠡᠷᠪᠡᠭᠳᠡᠬᠦ ᠦᠶ᠎ᠡ᠎ᠳᠤ ᠡᠮᠴᠢᠯᠡᠭᠡᠨ᠎ᠦ ᠳᠠᠭᠠᠳᠬᠠᠯ ᠪᠣᠯ ᠳᠠᠷᠤᠢ ᠮᠠᠨ᠎ᠤ ᠬᠠᠮᠤᠭ᠎ᠤᠨ ᠶᠡᠭᠡ ᠢᠳᠡ ᠬᠦᠴᠦ ᠮᠥᠨ ! 》 ᠭᠡᠵᠡᠢ ᠃

  ᠢᠷᠡᠯᠲᠡ ᠄ ᠵᠢᠶᠠᠩᠰᠢ ᠮᠤᠵᠢ᠎ᠶᠢᠨ ᠵᠢᠦᠵᠢᠶᠠᠩ ᠬᠤᠳᠠ᠎ᠶᠢᠨ ᠳᠠᠭᠠᠳᠬᠠᠯ᠎ᠳᠤ ᠣᠷᠣᠯᠴᠠᠭ᠍ᠴᠢ   ᠳᠠ ᠴᠢᠩ

  ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠬᠠᠯ ᠂ ᠨᠠᠰᠤᠨ ᠲᠤᠷᠰᠢᠲᠠ᠎ᠶᠢᠨ ᠰᠠᠬᠢᠨ ᠬᠠᠮᠠᠭᠠᠯᠠᠭ᠍ᠴᠢ ! ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠠᠮᠤᠷ ᠲᠦᠪᠰᠢᠨ᠎ᠢ ᠬᠠᠮᠠᠭᠠᠯᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ! ᠳᠠᠭᠠᠳᠬᠠᠯ ᠮᠡᠬᠡᠯᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠢᠯᠡᠴᠢᠯᠡᠨ ᠮᠡᠳᠡᠭᠦᠯᠬᠦ ᠤᠲᠠᠰᠤ ᠄ 010 - 89061396 ᠂ 010 - 89061397 ; ᠢᠮᠸᠯ᠄ jubao@nhsa.gov.cn ᠃

ᠢᠷᠡᠯᠲᠡ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            