ᠰᠢᠨᠬᠤᠸᠠ ᠬᠣᠷᠢᠶᠠᠨ᠎ᠤ ᠪᠠᠭᠡᠵᠢᠩ᠎ᠤᠨ 7 ᠳ᠋ᠤᠭᠠᠷ ᠰᠠᠷ᠎ᠠ᠎ᠶᠢᠨ 10᠎ᠤ ᠡᠳᠦᠷ᠎ᠤᠨ ᠴᠠᠭᠢᠯᠭᠠᠨ ᠮᠡᠳᠡᠭᠡ ᠳᠣᠮᠲᠠᠲᠤ ᠤᠯᠤᠰ᠎ᠤᠨ ᠡᠪ ᠬᠠᠮᠲᠤ ᠨᠠᠮ᠎ᠤᠨ ᠳᠣᠢ᠍ᠪ ᠬᠣᠷᠢᠶᠠᠨ᠎ᠤ ᠤᠯᠤᠰ ᠳᠣᠢ᠍ᠷᠤ᠎ᠶᠢᠨ ᠳᠣᠪᠴᠢᠶᠠᠨ᠎ᠤ ᠬᠡᠰᠢᠭᠦᠠ ᠂ ᠳᠣᠢ᠍ᠷᠤ᠎ᠶᠢᠨ ᠶᠠᠪᠤᠲᠠᠯ᠎ᠤᠨ ᠬᠣᠷᠢᠶᠠᠨ᠎ᠤ ᠳᠡᠳ᠋ ᠶᠠᠷᠣᠩᠭᠡᠢ ᠰᠠᠢ᠍ᠢᠣᠠ ᠯᠢᠤ ᠭᠦᠸᠸ ᠵᠣᠢ᠍ᠩ 10᠎ᠤ ᠡᠳᠦᠷ ᠪᠠᠭᠡᠵᠢᠩ ᠶᠠᠭᠡ ᠰᠣᠷᠭᠠᠭᠣᠯᠢ᠎ᠶᠢᠨ ᠠᠨᠠᠭᠠᠬᠤ ᠤᠬᠠᠭᠠᠨ᠎ᠤ ᠬᠡᠯᠲᠡᠰ᠎ᠢᠶᠡᠷ ᠬᠦᠷᠴᠤ ᠡᠮ ᠡᠮᠨᠠᠯᠭᠡ᠎ᠶᠢᠨ ᠰᠢᠨ᠎ᠠ ᠡᠭᠦᠳᠦᠯᠲᠡ᠎ᠶᠢᠨ ᠬᠦᠭ᠌ᠵᠢᠯᠲᠠ᠎ᠶᠢᠨ ᠠᠵᠢᠯ᠎ᠢ ᠪᠠᠢ᠍ᠢᠴᠠᠭᠠᠨ ᠰᠣᠲᠣᠯᠪᠠ ᠃ ᠲᠡᠷᠡ ᠂ ᠰᠢ ᠶ᠋ᠢᠨ ᠫᠢᠩ ᠶᠡᠷᠦᠩᠬᠡᠶ ᠱᠦᠵᠢ᠎ᠶᠢᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠢᠨ᠎ᠡ᠎ᠶᠢ ᠡᠭᠦᠳᠬᠦ ᠪᠠ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠨᠠᠮ᠎ᠤᠨ ᠲᠥᠪ ᠬᠤᠷᠢᠶ᠎ᠠ ᠂ ᠲᠥᠷᠥ᠎ᠶᠢᠨ ᠶᠠᠪᠤᠳᠠᠯ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠶᠣᠰᠣᠭᠠᠷ ᠂ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ᠎ᠳᠤ ᠬᠠᠨᠳᠤᠭᠤᠯᠤᠨ ᠂ ᠬᠠᠮᠵᠢᠯᠴᠠᠨ ᠪᠣᠭᠤᠮᠲᠠ ᠰᠢᠪᠲᠤᠯᠬᠤ ᠪᠠ ᠲᠥᠷᠥ᠎ᠶᠢᠨ ᠪᠣᠳᠣᠯᠭ᠎ᠠ᠎ᠶᠢᠨ ᠨᠠᠶ᠋ᠢᠳᠠᠪᠤᠷᠢᠵᠢᠭᠤᠯᠤᠯᠲᠠ᠎ᠶᠢ ᠴᠢᠩᠭᠠᠷᠠᠭᠤᠯᠵᠤ ᠂ ᠡᠮ ᠡᠮᠨᠡᠯᠭᠡ᠎ᠶᠢᠨ ᠬᠦᠷᠢᠶᠡᠨ᠎ᠳᠠᠬᠢ ᠰᠠᠭᠤᠷᠢ ᠰᠤᠳᠤᠯᠭᠠᠨ ᠪᠠ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠶᠢᠨ ᠴᠢᠳᠠᠪᠤᠷᠢ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ ᠂ ᠰᠢᠨ᠎ᠡ ᠡᠭᠦᠳᠦᠯᠲᠡ᠎ᠶᠢᠨ ᠡᠮ ᠪᠠ ᠡᠮᠴᠢᠯᠡᠭᠡᠨ᠎ᠤ ᠪᠠᠭᠠᠵᠢ ᠬᠡᠷᠡᠭᠰᠡᠯ᠎ᠤᠨ ᠬᠥᠭᠵᠢᠯᠲᠡ᠎ᠪᠠᠨ ᠲᠦᠷᠭᠡᠳᠬᠡᠬᠦ᠎ᠶᠢ ᠢᠳᠡᠪᠬᠢᠲᠡᠶ ᠳᠡᠮᠵᠢᠵᠦ ᠂ ᠡᠷᠡᠭᠦᠯ ᠡᠩᠬᠡ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ ᠃
ᠯᠢᠦ ᠭᠦᠸᠧ ᠵᠦᠩ ᠪᠡᠭᠡᠵᠢᠩ ᠶᠡᠭᠡ ᠰᠤᠷᠭᠠᠭᠤᠯᠢ᠎ᠶᠢᠨ ᠠᠨᠠᠭᠠᠬᠤ ᠤᠬᠠᠭᠠᠨ᠎ᠤ ᠬᠡᠯᠲᠡᠰ᠎ᠤᠨ ᠡᠮ᠎ᠤᠨ ᠳᠡᠭᠡᠳᠦ ᠰᠤᠷᠭᠠᠭᠤᠯᠢ᠎ᠳᠤ ᠬᠦᠷᠴᠦ ᠂ ᠬᠤᠯᠪᠣᠭᠳᠠᠯ ᠪᠦᠬᠦᠢ ᠡᠮ᠎ᠤᠨ ᠵᠦᠢᠯ᠎ᠤᠨ ᠰᠤᠳᠤᠯᠤᠨ ᠨᠡᠭᠡᠭᠡᠯᠲᠡ ᠂ ᠭᠤᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠎ᠤᠨ ᠪᠦᠲᠦᠭᠡᠨ ᠪᠠᠶ᠋ᠢᠭᠤᠯᠤᠯᠲᠠ ᠠᠵᠢᠯᠯᠠᠭᠠᠨ ᠵᠡᠷᠭᠡ ᠪᠠᠶ᠋ᠢᠳᠠᠯ᠎ᠢ ᠨᠠᠷᠢᠨ ᠣᠢᠯᠠᠭᠠᠭᠰᠠᠨ᠎ᠤ ᠬᠠᠮᠲᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ ᠂ ᠬᠤᠯᠪᠣᠭᠳᠠᠯ ᠪᠦᠬᠦᠢ ᠠᠵᠤ ᠠᠬᠤᠶ᠋ᠢᠯᠠᠯ ᠂ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠂ ᠡᠮᠴᠢᠯᠡᠭᠡᠨ᠎ᠤ ᠪᠠᠶ᠋ᠢᠭᠤᠯᠤᠮᠵᠢ᠎ᠶᠢᠨ ᠰᠠᠨᠠᠯ ᠰᠠᠨᠠᠭᠤᠯᠭ᠎ᠠ᠎ᠶᠢ ᠰᠣᠨᠣᠰᠪᠠ ᠃ ᠲᠡᠷᠡ ᠂ ᠡᠮ ᠡᠮᠨᠡᠯᠭᠡ ᠪᠣᠯ ᠬᠥᠮᠦᠨ ᠲᠥᠷᠥᠯᠬᠢᠲᠡᠨ᠎ᠤ ᠡᠪᠡᠳᠴᠢᠨ ᠡᠮᠭᠡᠭ᠎ᠲᠠᠢ ᠲᠡᠮᠡᠴᠡᠬᠦ ᠬᠦᠴᠦᠲᠡᠶ ᠵᠡᠪᠰᠡᠭ ᠮᠥᠨ ᠃ ᠣᠶ᠋ᠢᠷ᠎ᠠ᠎ᠶᠢᠨ ᠵᠢᠯ᠎ᠤᠳ᠎ᠲᠤ ᠂ ᠮᠠᠨ᠎ᠤ ᠤᠯᠤᠰ᠎ᠤᠨ ᠡᠮ ᠡᠮᠨᠡᠯᠭᠡ᠎ᠶᠢᠨ ᠰᠢᠨ᠎ᠡ᠎ᠶᠢ ᠡᠭᠦᠳᠦᠨ ᠬᠥᠭᠵᠢᠬᠦ᠎ᠳᠤ ᠰᠠᠶ᠋ᠢᠨ ᠰᠠᠶ᠋ᠢᠬᠠᠨ ᠪᠠᠶ᠋ᠢᠳᠠᠯ ᠢᠯᠡᠷᠡᠵᠦ ᠂ ᠡᠮ ᠡᠮᠨᠡᠯᠭᠡ᠎ᠶᠢᠨ ᠰᠤᠳᠤᠯᠤᠨ ᠨᠡᠭᠡᠭᠡᠬᠦ ᠴᠢᠳᠠᠪᠤᠷᠢ ᠂ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ ᠪᠠ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ ᠢᠯᠡᠳᠲᠡ ᠳᠡᠭᠡᠭᠰᠢᠯᠡᠪᠡ ᠃ ᠢᠲᠡᠭᠡᠯ ᠵᠣᠷᠢᠭ᠋᠎ᠢᠶᠠᠨ ᠪᠠᠲᠤᠳᠬᠠᠵᠤ ᠂ ᠮᠠᠨ᠎ᠤ ᠤᠯᠤᠰ᠎ᠤᠨ ᠠᠵᠤ ᠦᠢᠯᠡᠰ᠎ᠤᠨ ᠲᠣᠭᠲᠠᠯᠴᠠᠭ᠎ᠠ ᠂ ᠬᠥᠭᠵᠢᠯᠲᠡ᠎ᠶᠢᠨ ᠣᠷᠴᠢᠨ ᠲᠣᠭᠤᠷᠢᠨ ᠵᠡᠷᠭᠡ ᠲᠠᠯ᠎ᠠ᠎ᠶᠢᠨ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ ᠂ ᠭᠤᠣᠯᠳᠠᠯᠭ᠎ᠠ᠎ᠲᠠᠢ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ ᠂ ᠡᠮ ᠡᠮᠨᠡᠯᠭᠡ᠎ᠶᠢᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠬᠦᠴᠦᠲᠡᠢ ᠠᠬᠢᠭᠤᠯᠬᠤ ᠬᠡᠷᠡᠭᠲᠡᠢ ᠃ ᠠᠵᠤ ᠠᠬᠤᠶ᠋ᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠶ᠋ᠢᠭᠤᠯᠤᠮᠵᠢ᠎ᠶᠢᠨ ᠭᠦᠨᠵᠡᠭᠡᠢ ᠠᠭᠤᠰᠤᠯᠴᠠᠯ᠎ᠢ ᠴᠢᠩᠭᠠᠳᠬᠠᠵᠤ ᠂ ᠠᠵᠤ ᠠᠬᠤᠶ᠋ᠢᠯᠠᠯ ᠂ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠶ᠋ᠢᠭᠤᠯᠤᠮᠵᠢ ᠪᠣᠯᠤᠨ ᠡᠮᠴᠢᠯᠡᠭᠡᠨ᠎ᠤ ᠪᠠᠶ᠋ᠢᠭᠤᠯᠤᠮᠵᠢ᠎ᠶᠢᠨ ᠬᠤᠯᠪᠣᠭᠠᠯᠠᠨ ᠪᠣᠭᠤᠮᠲᠠ ᠰᠢᠪᠲᠤᠯᠬᠤ᠎ᠶᠢ ᠵᠣᠷᠢᠭ᠍ᠵᠢᠭᠤᠯᠵᠤ ᠂ ᠡᠮ ᠡᠮᠨᠡᠯᠭᠡ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ᠎ᠶᠢ ᠡᠭᠦᠳᠬᠦ ᠲᠦᠪᠰᠢᠨ᠎ᠢ ᠳᠡᠭᠡᠭᠰᠢᠯᠡᠭᠦᠯᠵᠦ ᠂ ᠡᠮ ᠡᠮᠨᠡᠯᠭᠡ ᠂ ᠸᠠᠺᠼᠢᠨ ᠪᠣᠯᠤᠨ ᠡᠮᠴᠢᠯᠡᠭᠡᠨ᠎ᠤ ᠪᠠᠭᠠᠵᠢ ᠬᠡᠷᠡᠭᠰᠡᠯ᠎ᠢ ᠰᠤᠳᠤᠯᠤᠨ ᠨᠡᠭᠡᠭᠡᠬᠦ ᠲᠠᠯ᠎ᠠ᠎ᠪᠠᠷ ᠨᠡᠩ ᠤᠯᠠᠨ ᠰᠢᠪᠲᠤᠯᠤᠯᠲᠠ᠎ᠶᠢᠨ ᠴᠢᠨᠠᠷᠲᠠᠢ ᠦᠷ᠎ᠡ ᠪᠦᠲᠦᠭᠡᠯ ᠤᠯᠬᠤ ᠬᠡᠷᠡᠭᠲᠡᠢ ᠃ ᠴᠢᠳᠠᠪᠤᠷᠢᠲᠠᠨ᠎ᠢ ᠬᠥᠮᠦᠵᠢᠭᠦᠯᠬᠦ ᠪᠠ ᠶᠡᠷᠦᠩᠬᠡᠶ᠋ᠢᠯᠡᠭᠰᠡᠨ ᠦᠢᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ᠎ᠶᠢ ᠴᠢᠩᠭᠠᠳᠬᠠᠵᠤ ᠂ ᠡᠮ ᠡᠮᠨᠡᠯᠭᠡ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠤᠨ ᠠᠵᠤ ᠦᠢᠯᠡᠰᠵᠢᠯᠲᠡ᠎ᠶᠢ ᠠᠬᠢᠭᠤᠯᠬᠤ ᠬᠡᠷᠡᠭᠲᠡᠶ ᠃ ᠵᠣᠬᠢᠶᠠᠮᠠᠯ ᠤᠶᠤᠨ ᠂ ᠲᠤᠮᠤ ᠳ᠋ᠠᠶ᠋ᠢᠲ᠋ᠠ ᠵᠡᠷᠭᠡ ᠰᠢᠨ᠎ᠡ ᠮᠡᠷᠭᠡᠵᠢᠯ᠎ᠢ ᠭᠦᠢᠴᠡᠳ ᠠᠰᠢᠭ᠍ᠯᠠᠵᠤ ᠂ ᠠᠮᠢ ᠨᠠᠰᠤ ᠡᠷᠡᠭᠦᠯ ᠮᠡᠨᠳᠦ᠎ᠶᠢᠨ ᠳ᠋ᠠᠶ᠋ᠢᠲ᠋ᠠ ᠬᠥᠮᠥᠷᠭᠡ᠎ᠶᠢᠨ ᠪᠠᠶ᠋ᠢᠭᠤᠯᠤᠯᠲᠠ᠎ᠶᠢ ᠲᠦᠷᠭᠡᠳᠬᠡᠵᠦ ᠂ ᠡᠮ ᠡᠮᠨᠡᠯᠭᠡ᠎ᠶᠢᠨ ᠰᠤᠳᠤᠯᠤᠨ ᠨᠡᠭᠡᠭᠡᠬᠦ ᠦᠷ᠎ᠡ ᠪᠦᠲᠦᠮᠵᠢ ᠪᠣᠯᠤᠨ ᠡᠮᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃
ᠯᠢᠦ ᠭᠦᠸᠧ ᠵᠦᠩ ᠂ ᠲᠦᠷᠦ᠎ᠶᠢᠨ ᠪᠤᠳᠤᠯᠭ᠎ᠠ᠎ᠶᠢᠨ ᠪᠠᠲᠤᠯᠠᠭ᠎ᠠ᠎ᠶᠢ ᠪᠦᠬᠦ ᠬᠡᠯᠬᠢᠶ᠎ᠡ᠎ᠪᠠᠷ ᠴᠢᠩᠭᠠᠷᠠᠭᠤᠯᠵᠤ ᠂ ᠰᠢᠨ᠎ᠡ ᠡᠭᠦᠳᠦᠯᠲᠡ᠎ᠶᠢᠨ ᠡᠮ᠎ᠤᠨ ᠪᠡᠯᠡ ᠲᠤᠬᠢᠷᠠᠭᠤᠯᠭ᠎ᠠ ᠂ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠂ ᠡᠮᠨᠡᠯᠭᠡ᠎ᠳᠤ ᠣᠷᠣᠵᠤ ᠬᠡᠷᠡᠭᠯᠡᠬᠦ ᠪᠠ ᠤᠯᠠᠨ ᠡᠰᠢᠴᠢᠯᠡᠨ ᠥᠭᠬᠦ ᠵᠡᠷᠭᠡ ᠲᠦᠷᠦ᠎ᠶᠢᠨ ᠪᠤᠳᠤᠯᠭ᠎ᠠ᠎ᠶᠢ ᠨᠠᠶ᠋ᠢᠳᠠᠪᠤᠷᠢᠵᠢᠭᠤᠯᠵᠤ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠨᠡᠩ ᠶᠡᠭᠡ ᠦᠢᠯᠡᠳᠦᠯ ᠦᠵᠡᠭᠦᠯᠬᠦ᠎ᠶᠢ ᠳᠡᠮᠵᠢᠨ ᠬᠦᠳᠦᠯᠦᠨ ᠵᠢᠯᠣᠭᠤᠳᠬᠤ ᠬᠡᠷᠡᠭᠲᠡᠢ ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ᠎ᠶᠢ ᠥᠷᠭᠡᠳᠬᠡᠵᠦ ᠂ ᠡᠮ ᠡᠮᠨᠡᠯᠭᠡ᠎ᠶᠢᠨ ᠮᠡᠷᠭᠡᠵᠢᠯ᠎ᠤᠨ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠵᠦ ᠂ ᠠᠷᠠᠳ ᠲᠦᠮᠡᠨ᠎ᠤ ᠡᠷᠡᠭᠦᠯ ᠮᠡᠨᠳᠦ ᠠᠵᠠ ᠵᠢᠷᠭᠠᠯ᠎ᠢ ᠨᠡᠩ ᠰᠠᠶ᠋ᠢᠲᠤᠷ ᠨᠡᠮᠡᠭᠳᠡᠭᠦᠯᠬᠦ ᠬᠡᠷᠡᠭᠲᠡᠢ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠣᠬᠢᠴᠠᠭᠤᠯᠭ᠎ᠠ᠎ᠪᠠᠨ ᠴᠢᠩᠭᠠᠳᠬᠠᠵᠤ ᠂ ᠨᠢᠭ᠍ᠲᠠ ᠬᠠᠮᠵᠢᠯᠴᠠᠨ ᠂ ᠵᠠᠰᠠᠭ ᠠᠵᠤ ᠠᠬᠤᠶ᠋ᠢᠯᠠᠯ᠎ᠤᠨ ᠨᠡᠪᠲᠡᠷᠡᠯᠴᠡᠬᠦ ᠲᠣᠭᠲᠠᠴᠠ᠎ᠶᠢ ᠪᠦᠷᠢᠨᠰᠢᠭᠦᠯᠵᠦ ᠂ ᠬᠠᠮᠢᠶ᠎ᠠ ᠪᠦᠬᠦᠢ ᠬᠦᠰᠡᠯ ᠱᠠᠭᠠᠷᠳᠠᠯᠭ᠎ᠠ᠎ᠳᠤ ᠴᠠᠭ ᠲᠤᠬᠠᠶ᠎ᠳᠦ ᠨᠢ ᠬᠠᠷᠢᠭᠤᠯᠲᠠ ᠥᠭᠴᠦ ᠂ ᠰᠠᠶ᠋ᠢᠨ ᠰᠠᠶ᠋ᠢᠬᠠᠨ ᠬᠥᠭᠵᠢᠯᠲᠡ᠎ᠶᠢᠨ ᠣᠷᠴᠢᠨ ᠲᠣᠭᠤᠷᠢᠨ᠎ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ ᠃
ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠬᠠᠯ ᠂ ᠨᠠᠰᠤᠨ ᠲᠤᠷᠰᠢᠲᠠ᠎ᠶᠢᠨ ᠰᠠᠬᠢᠨ ᠬᠠᠮᠠᠭᠠᠯᠠᠭ᠍ᠴᠢ ! ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠠᠮᠤᠷ ᠲᠦᠪᠰᠢᠨ᠎ᠢ ᠬᠠᠮᠠᠭᠠᠯᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ! ᠳᠠᠭᠠᠳᠬᠠᠯ ᠮᠡᠬᠡᠯᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠢᠯᠡᠴᠢᠯᠡᠨ ᠮᠡᠳᠡᠭᠦᠯᠬᠦ ᠤᠲᠠᠰᠤ ᠄ 010 - 89061396 ᠂ 010 - 89061397 ; ᠢᠮᠸᠯ᠄ jubao@nhsa.gov.cn ᠃