ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠬᠤᠣᠰ ᠭᠠᠷᠴᠠᠭ》᠎ᠤᠨ ᠲᠣᠭᠲᠠᠴᠠ᠎ᠶᠢ ᠡᠬᠢᠯᠡᠭᠦᠯᠪᠡ ᠄ ᠬᠠᠮᠵᠢᠯᠴᠠᠨ ᠬᠠᠮᠲᠤ᠎ᠪᠠᠷ ᠵᠠᠰᠠᠵᠤ ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠳᠡᠮᠵᠢᠨ᠎ᠡ
ᠨᠡᠶ᠋ᠢᠲᠡᠯᠡᠭᠰᠡᠨ ᠴᠠᠭ᠄ 2025-07-15

  ᠡᠷᠡᠭᠦᠯ ᠡᠩᠬᠡ ᠳᠤᠮᠳᠠᠳᠤ ᠤᠯᠤᠰ᠎ᠤᠨ ᠪᠠᠶ᠋ᠢᠯᠳᠤᠬᠤ ᠪᠣᠳᠣᠯᠭ᠎ᠠ᠎ᠳᠤ ᠡᠮᠴᠢᠯᠡᠭᠡᠨ᠎ᠤ ᠪᠠᠲᠤᠯᠠᠭ᠎ᠠ᠎ᠶᠢᠨ ᠲᠦᠷᠢᠮ᠎ᠤᠨ ᠰᠢᠰᠲᠧᠮ᠎ᠤᠨ ᠴᠢᠨᠠᠷᠲᠠᠶ ᠥᠭᠡᠷᠡᠴᠢᠯᠡᠯᠲᠡ᠎ᠯᠦ᠍ᠭᠡ᠎ᠶᠢᠨ ᠵᠠᠩᠭᠢᠯᠠᠭ᠎ᠠ᠎ᠶᠢᠨ ᠲᠡᠦᠬᠡᠨ ᠵᠠᠩᠭᠢᠯᠠᠭ᠎ᠠ᠎ᠶᠢᠨ ᠦᠶ᠎ᠡ᠎ᠳᠤ ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠲᠣᠪᠴᠢᠶ᠎ᠠ ᠪᠠ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠬᠠᠮᠲᠤᠷᠠᠨ 《ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠳᠡᠮᠵᠢᠬᠦ ᠠᠷᠭ᠎ᠠ ᠬᠡᠮᠵᠢᠶ᠎ᠡ᠎ᠨᠦᠭᠦᠳ》᠎ᠢ ᠪᠣᠶ ᠪᠣᠯᠭᠠᠵᠤ ᠂ 2025 ᠣᠨ᠎ᠤ 7 ᠳ᠋ᠤᠭᠠᠷ ᠰᠠᠷ᠎ᠠ᠎ᠶᠢᠨ 1᠎ᠤ ᠡᠳᠦᠷ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠦᠨ ᠭᠠᠷᠴᠠᠭ (《ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ》 ᠭᠡᠵᠦ ᠲᠣᠪᠴᠢᠯᠠᠨ᠎ᠠ)᠎ᠢ ᠵᠢᠩᠬᠢᠨᠢ᠎ᠪᠠᠷ ᠨᠡᠮᠡᠵᠦ ᠂ ᠰᠢᠨ᠎ᠡ ᠡᠭᠦᠳᠦᠯᠲᠡ᠎ᠶᠢᠨ ᠡᠮ᠎ᠢ ᠰᠤᠳᠤᠯᠤᠨ ᠬᠥᠭᠵᠢᠭᠦᠯᠬᠦ᠎ᠶᠢ ᠴᠢᠩᠭᠠᠳᠬᠠᠬᠤ ᠂ ᠰᠢᠨ᠎ᠡ ᠡᠭᠦᠳᠦᠯᠲᠡ᠎ᠶᠢᠨ ᠡᠮ᠎ᠤᠨ ᠡᠮᠴᠢᠯᠡᠭᠡᠨ᠎ᠤ ᠳᠠᠭᠠᠳᠬᠠᠯ᠎ᠤᠨ ᠭᠠᠷᠴᠠᠭ ᠪᠠ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠤᠨ ᠭᠠᠷᠴᠠᠭ᠎ᠲᠤ ᠣᠷᠣᠬᠤ᠎ᠶᠢ ᠳᠡᠮᠵᠢᠬᠦ ᠂ ᠰᠢᠨ᠎ᠡ ᠡᠭᠦᠳᠦᠯᠲᠡ᠎ᠶᠢᠨ ᠡᠮ᠎ᠢ ᠡᠮᠴᠢᠯᠡᠭᠡᠨ᠎ᠳᠤ ᠬᠡᠷᠡᠭᠯᠡᠬᠦ᠎ᠶᠢ ᠳᠡᠮᠵᠢᠬᠦ ᠂ ᠰᠢᠨ᠎ᠡ ᠡᠭᠦᠳᠦᠯᠲᠡ᠎ᠶᠢᠨ ᠡᠮ᠎ᠤᠨ ᠣᠯᠠᠨ ᠡᠰᠢᠲᠦ ᠲᠣᠭᠠᠴᠠᠭ᠎ᠠ ᠬᠢᠬᠦ ᠴᠢᠳᠠᠪᠤᠷᠢ᠎ᠶᠢ ᠳᠡᠭᠡᠭᠰᠢᠯᠡᠭᠦᠯᠬᠦ ᠪᠠ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠴᠢᠩᠭᠠᠷᠠᠭᠤᠯᠬᠤ ᠵᠡᠷᠭᠡ ᠲᠠᠯ᠎ᠠ᠎ᠶᠢᠨ ᠢᠵᠢ ᠪᠥᠷᠢᠳᠦᠭᠦᠯᠬᠦ ᠲᠥᠷᠥ᠎ᠶᠢᠨ ᠪᠣᠳᠣᠯᠭ᠎ᠠ᠎ᠶᠢᠨ ᠲᠣᠭᠲᠠᠯᠴᠠᠭ᠎ᠠ᠎ᠶᠢ ᠵᠡᠷᠭᠡ᠎ᠪᠠᠷ ᠨᠡᠶ᠋ᠢᠲᠡᠯᠡᠵᠦ ᠂ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠤᠨ ᠲᠤᠷᠰᠢᠯᠲᠠ᠎ᠶᠢᠨ ᠲᠠᠰᠤᠭ᠎ᠢ ᠰᠤᠳᠤᠯᠤᠨ ᠨᠡᠭᠡᠭᠡᠬᠦ᠎ᠠᠴᠠ ᠡᠮᠴᠢᠯᠡᠭᠡᠨ᠎ᠤ ᠲᠣᠭᠠᠴᠠᠭ᠎ᠠ ᠬᠢᠬᠦ ᠬᠦᠷᠲᠡᠯᠡᠬᠢ ᠪᠥᠬᠦ ᠬᠡᠯᠬᠢᠶ᠎ᠡ᠎ᠳᠤ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠪᠡ ᠃ ᠡᠨᠡ ᠬᠦ᠌ ᠥᠭᠡᠷᠡᠴᠢᠯᠡᠯᠲᠡ᠎ᠨᠢ ᠲᠠᠩ ᠭᠠᠭᠴᠠ ᠲᠥᠷᠥ᠎ᠶᠢᠨ ᠪᠣᠳᠣᠯᠭ᠎ᠠ᠎ᠶᠢᠨ ᠪᠠᠭᠠᠵᠢ᠎ᠶᠢᠨ ᠳᠠᠪᠬᠤᠴᠠᠭᠰᠠᠨ ᠶᠠᠪᠤᠳᠠᠯ ᠪᠢᠰᠢ ᠂ ᠬᠠᠷᠢᠨ ᠮᠠᠨ᠎ᠤ ᠤᠯᠤᠰ᠎ᠤᠨ ᠣᠯᠠᠨ ᠲᠠᠰ ᠳᠠᠪᠬᠤᠷᠭ᠎ᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠭᠲᠠᠯᠴᠠᠭ᠎ᠠ ᠨᠢ 《ᠲᠦᠷᠢᠮ᠎ᠤᠨ ᠪᠣᠷᠣ᠌ ᠲᠥᠯᠥᠪ᠎ᠤᠨ ᠪᠠᠶ᠋ᠢᠭᠤᠯᠤᠯ》᠎ᠠᠴᠠ 《ᠴᠢᠳᠠᠮᠵᠢ᠎ᠶᠢᠨ ᠭᠦᠨᠵᠡᠭᠡᠶ ᠠᠭᠤᠰᠤᠯᠴᠠᠯ》 ᠲᠡᠢᠰᠢ ᠤᠷᠤᠭᠰᠢᠯᠠᠭᠰᠠᠨ ᠪᠡᠯᠭᠡ ᠲᠡᠮᠳᠡᠭ᠎ᠤᠨ ᠴᠢᠨᠠᠷᠲᠠᠶ ᠰᠢᠪᠲᠤᠯᠤᠯᠲᠠ᠎ᠲᠠᠢ ᠪᠣᠯᠵᠣ᠌ ᠂ ᠡᠮᠴᠢᠯᠡᠭᠡᠨ᠎ᠤ ᠪᠠᠲᠤᠯᠠᠭ᠎ᠠ᠎ᠶᠢᠨ ᠲᠦᠷᠢᠮ᠎ᠨᠢ ᠶᠠᠭ 《ᠦᠨᠳᠦᠰᠦᠨ ᠣᠷᠣᠰᠢᠨ ᠲᠣᠭᠲᠠᠨᠢᠬᠤ᠎ᠶᠢ ᠪᠠᠲᠤᠯᠠᠬᠤ》᠎ᠠᠴᠠ 《ᠡᠷᠡᠭᠦᠯ ᠮᠡᠨᠳᠦ᠎ᠶᠢᠨ ᠥᠷᠲᠡᠭ᠎ᠢ ᠪᠠᠲᠤᠯᠠᠬᠤ》 ᠦᠨᠳᠦᠰᠦᠨ ᠳᠠᠪᠬᠤᠷᠭ᠎ᠠ᠎ᠶᠢᠨ ᠯᠣᠭᠢᠭ᠋ ᠲᠡᠢᠰᠢ ᠲᠠᠰ ᠳᠡᠪᠰᠢᠵᠦ ᠂ ᠪᠥᠬᠦ ᠪᠥᠮᠪᠥᠷᠴᠡᠭ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠥᠷᠳᠡᠵᠦ ᠪᠣᠯᠬᠤᠶ᠋ᠢᠴᠠ ᠬᠦᠴᠢᠷ ᠠᠰᠠᠭᠤᠳᠠᠯ᠎ᠤᠨ ᠳᠤᠮᠳᠠ ᠲᠥᠪ ᠭᠤᠤᠯᠴᠢ ᠪᠠ ᠦᠷ᠎ᠡ ᠪᠦᠲᠦᠮᠵᠢ᠎ᠶᠢ ᠬᠠᠮᠲᠤ᠎ᠳᠦ ᠨᠢ ᠬᠠᠷᠠᠭᠠᠯᠵᠠᠭᠰᠠᠨ ᠳᠤᠮᠳᠠᠳᠤ ᠤᠯᠤᠰ᠎ᠤᠨ ᠲᠥᠰᠦᠯ᠎ᠢ ᠰᠦᠪᠡᠭᠴᠢᠯᠡᠨ ᠭᠠᠷᠭᠠᠵᠤ ᠪᠠᠶ᠋ᠢᠨ᠎ᠠ ᠃

  ᠨᠢᠭᠡ ᠂ ᠲᠥᠷᠥ᠎ᠶᠢᠨ ᠪᠣᠳᠣᠯᠭ᠎ᠠ᠎ᠶᠢᠨ ᠠᠬᠤᠶ ᠪᠠᠶ᠋ᠢᠳᠠᠯ ᠄ ᠣᠯᠠᠨ ᠲᠠᠰ ᠳᠠᠪᠬᠤᠷᠭ᠎ᠠ᠎ᠶᠢᠨ ᠪᠠᠲᠤᠯᠠᠭ᠎ᠠ᠎ᠶᠢᠨ ᠲᠣᠭᠲᠠᠯᠴᠠᠭ᠎ᠠ᠎ᠶᠢᠨ ᠴᠠᠭ ᠦᠶ᠎ᠡ᠎ᠶᠢᠨ ᠬᠦᠰᠡᠯ ᠱᠠᠭᠠᠷᠳᠠᠯᠭ᠎ᠠ

  ᠥᠭᠡᠷᠡᠴᠢᠯᠡᠯᠲᠡ᠎ᠶᠢᠨ ᠠᠬᠤᠢ ᠪᠠᠶ᠋ᠢᠳᠠᠯ᠎ᠢ ᠪᠤᠴᠠᠭᠠᠨ ᠮᠥᠷᠳᠡᠪᠡᠯ ᠂ ᠮᠠᠨ᠎ᠤ ᠤᠯᠤᠰ᠎ᠤᠨ ᠦᠨᠳᠦᠰᠦᠨ ᠡᠮᠴᠢᠯᠡᠭᠡᠨ᠎ᠦ ᠳᠠᠭᠠᠳᠬᠠᠯ ᠬᠡᠳᠦ᠋ᠢᠪᠡᠷ 95%᠎ᠠᠴᠠ ᠳᠡᠭᠡᠭᠰᠢᠬᠢ ᠬᠥᠮᠦᠨ ᠠᠮᠠ᠎ᠶᠢᠨ ᠥᠷᠭᠡᠨ ᠪᠦᠷᠬᠦᠴᠡ᠎ᠶᠢ ᠪᠡᠶᠡᠯᠡᠭᠦᠯᠦᠭᠰᠡᠨ ᠪᠣᠯᠪᠠᠴᠤ ᠬᠥᠮᠦᠨ ᠠᠮᠠ᠎ᠶᠢᠨ ᠨᠠᠰᠤᠵᠢᠯ᠎ᠦᠨ ᠲᠦᠷᠭᠡᠵᠢᠯᠲᠡ ᠬᠢᠭᠡᠳ ᠡᠮ ᠡᠮᠨᠡᠯᠭᠡ᠎ᠶᠢᠨ ᠮᠡᠷᠭᠡᠵᠢᠯ᠎ᠤᠨ ᠰᠢᠨᠡᠴᠢᠯᠡᠯᠲᠡ᠎ᠶᠢᠨ ᠲᠦᠷᠭᠡᠵᠢᠯᠲᠡ᠎ᠶᠢᠨ ᠳᠠᠪᠬᠤᠷ ᠥᠷᠢᠰᠥᠯᠳᠦᠭᠡᠨ ᠳᠣᠣᠷ᠎ᠠ ᠂ 《ᠦᠨᠳᠦᠰᠦᠨ ᠵᠦᠢᠯ᠎ᠢ ᠪᠠᠲᠤᠯᠠᠬᠤ》 ᠲᠦᠷᠢᠮ᠎ᠤᠨ ᠪᠠᠶ᠋ᠢᠷᠢ ᠲᠣᠭᠲᠠᠭᠠᠯᠲᠠ ᠪᠣᠯᠤᠨ ᠠᠷᠠᠳ ᠤᠯᠠᠨ᠎ᠤ ᠤᠯᠠᠨ ᠶᠠᠩᠵᠤ᠎ᠶᠢᠨ ᠡᠷᠡᠭᠦᠯ ᠮᠡᠨᠳᠦ᠎ᠶᠢᠨ ᠬᠡᠷᠡᠭᠴᠡᠭᠡ᠎ᠶᠢᠨ ᠬᠤᠭᠤᠷᠣᠨᠳᠣᠬᠢ ᠲᠡᠯᠡᠯᠲᠡ ᠬᠦᠴᠦᠨ ᠡᠳᠦᠷ ᠢᠷᠡᠬᠦᠶ᠎ᠡ ᠲᠤᠪᠤᠶ᠋ᠢᠮ᠎ᠠ ᠪᠣᠯᠪᠠ ᠃ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠢ ᠡᠬᠢᠯᠡᠭᠦᠯᠦᠭᠰᠡᠨ᠎ᠨᠢ ᠶᠠᠭ ᠡᠨᠡ ᠬᠦ᠌ ᠬᠦᠴᠢᠷᠲᠡᠢ ᠪᠠᠢᠳᠠᠯ᠎ᠳᠤ ᠥᠭᠭᠦᠭᠰᠡᠨ ᠰᠢᠰᠲᠸᠮᠲᠦ ᠴᠢᠨᠠᠷᠲᠠᠢ ᠬᠠᠷᠢᠭᠤᠯᠲᠠ ᠪᠣᠯᠤᠨ᠎ᠠ ᠃ ᠤᠯᠠᠮᠵᠢᠯᠠᠯᠲᠤ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠬᠡᠰᠡᠭᠴᠢᠯᠡᠭᠰᠡᠨ ᠂ ᠣᠬᠤᠷ ᠬᠤᠭᠤᠴᠠᠭᠠᠴᠢᠯᠠᠬᠤ ᠪᠠᠲᠤᠯᠠᠭ᠎ᠠ᠎ᠶᠢᠨ ᠵᠠᠭᠪᠤᠷ᠎ᠲᠠᠢ ᠣᠨᠳᠣᠣ ᠪᠠᠢᠵᠤ ᠂ ᠲᠣᠰ ᠤᠳᠠᠭᠠᠨ᠎ᠤ ᠥᠭᠡᠷᠡᠴᠢᠯᠡᠯᠲᠡ᠎ᠨᠢ ᠲᠦᠷᠢᠮ᠎ᠤᠨ ᠵᠢᠷᠤᠭ ᠲᠥᠯᠥᠪᠯᠡᠭᠡ᠎ᠪᠠᠷ ᠳᠠᠮᠵᠢᠭᠤᠯᠤᠨ ᠮᠥᠨ ᠴᠢᠨᠠᠷ᠎ᠢᠶᠠᠷ᠎ᠢᠶᠠᠨ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠢ ᠤᠯᠤᠰ᠎ᠤᠨ ᠣᠯᠠᠨ ᠲᠠᠰ ᠳᠠᠪᠬᠤᠷᠭ᠎ᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠰᠢᠰᠲᠧᠮ᠎ᠤᠨ ᠪᠦᠬᠦᠯᠢ ᠴᠣᠭᠴᠠ᠎ᠶᠢᠨ ᠪᠣᠷᠣ᠌ ᠲᠥᠯᠥᠪ᠎ᠲᠤ ᠣᠷᠤᠭᠤᠯᠪᠠ ᠃ ᠡᠷᠡᠭᠦᠯ ᠡᠩᠬᠡ ᠳᠤᠮᠳᠠᠳᠤ ᠤᠯᠤᠰ 2030 《ᠡᠷᠡᠭᠦᠯ ᠮᠡᠨᠳᠦ᠎ᠪᠠᠷ ᠭᠤᠤᠯ ᠪᠣᠯᠭᠠᠬᠤ》 ᠪᠠᠶ᠋ᠢᠯᠳᠤᠬᠤ ᠪᠣᠳᠣᠯᠭ᠎ᠠ᠎ᠶᠢᠨ ᠤᠳᠤᠷᠢᠳᠤᠮᠵᠢ ᠳᠣᠤᠷ᠎ᠠ ᠂ ᠡᠢᠮᠦᠷᠬᠦᠦ ᠬᠡᠯᠪᠡᠷᠢ᠎ᠶᠢᠨ ᠬᠤᠪᠢᠷᠠᠯᠲᠠ᠎ᠨᠢ ᠡᠮ᠎ᠤᠨ ᠲᠣᠭᠠᠴᠠᠭ᠎ᠠ ᠬᠢᠬᠦ ᠲᠦᠷᠢᠮ᠎ᠤᠨ ᠰᠢᠨ᠎ᠡ᠎ᠶᠢ ᠡᠭᠦᠳᠬᠦ᠎ᠪᠠᠷ ᠳᠠᠮᠵᠢᠭᠤᠯᠤᠨ ᠂ ᠡᠰ᠎ᠤᠨ ᠵᠠᠰᠠᠯᠲᠠ ᠂ ᠭᠧᠨ᠎ᠤ ᠨᠠᠶ᠋ᠢᠷᠠᠭᠤᠯᠭ᠎ᠠ᠎ᠶᠢᠨ ᠡᠮ ᠵᠡᠷᠭᠡ ᠰᠢᠪᠲᠤᠯᠤᠯᠲᠠ᠎ᠶᠢᠨ ᠴᠢᠨᠠᠷᠲᠠᠶ ᠡᠮᠴᠢᠯᠡᠭᠡᠨ᠎ᠤ ᠦᠨ᠎ᠡ ᠥᠷᠲᠡᠭ᠎ᠲᠠᠢ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠲᠠᠢ ᠂ ᠡᠭᠦᠷᠭᠡᠯᠡᠵᠦ ᠪᠣᠯᠬᠤ ᠠᠷᠭ᠎ᠠ ᠮᠠᠶᠢᠭ᠋᠎ᠢᠶᠠᠷ ᠨᠠᠩ ᠣᠯᠠᠨ ᠡᠪᠡᠳᠴᠢᠲᠡᠨ᠎ᠳᠤ ᠠᠰᠢᠭ᠋ ᠬᠦᠷᠲᠡᠭᠡᠬᠦ᠎ᠶᠢ ᠬᠠᠷᠠᠭᠤᠯᠵᠤ ᠪᠠᠶ᠋ᠢᠨ᠎ᠠ ᠃

  ᠣᠯᠠᠨ ᠤᠯᠤᠰ᠎ᠤᠨ ᠬᠠᠷᠠᠭᠠᠰᠤ᠎ᠠᠴᠠ ᠠᠪᠴᠤ ᠬᠡᠯᠡᠪᠡᠯ ᠂ ᠮᠠᠨ᠎ᠤ ᠤᠯᠤᠰ᠎ᠤᠨ ᠬᠠᠶ᠋ᠢᠨ ᠰᠦᠪᠡᠭᠴᠢᠯᠡᠭᠰᠡᠨ 〈ᠬᠣᠣᠰ ᠭᠠᠷᠴᠠᠭ〉᠎ᠤᠨ ᠵᠠᠮ᠎ᠨᠢ ᠢᠯᠡ ᠲᠣᠳᠣ᠌ ᠳᠦᠷᠢᠮ᠎ᠤᠨ ᠰᠢᠨ᠎ᠡ᠎ᠶᠢ ᠡᠭᠦᠳᠬᠦ ᠴᠢᠨᠠᠷ᠎ᠲᠠᠢ ᠶᠤᠮ ᠃ ᠠᠮᠧᠷᠢᠺᠠ᠎ᠶᠢᠨ ᠬᠤᠳᠠᠯᠳᠤᠭᠠᠨ᠎ᠤ ᠳᠠᠭᠠᠳᠬᠠᠯ᠎ᠤᠨ ᠵᠠᠬ᠎ᠠ ᠳᠡᠯᠭᠡᠭᠦᠷᠴᠢᠯᠡᠯᠲᠡ᠎ᠠᠴᠠ ᠪᠣᠯᠤᠭᠰᠠᠨ ᠪᠠᠲᠤᠯᠠᠭ᠎ᠠ ᠡᠷᠬᠡ ᠲᠡᠭᠰᠢ ᠪᠤᠰᠤ ᠂ ᠵᠢᠴᠢ ᠧᠦ᠋ᠷᠣᠫᠠ ᠲᠢᠪ᠎ᠤᠨ ᠠᠰᠠᠷᠠᠮᠵᠢ᠎ᠶᠢᠨ ᠤᠯᠤᠰ᠎ᠤᠨ ᠲᠣᠭᠲᠠᠯᠴᠠᠭ᠎ᠠ ᠳᠣᠣᠷᠠᠬᠢ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠨᠢ ᠦᠷᠭᠦᠯᠵᠢᠯᠡᠨ ᠬᠥᠭᠵᠢᠬᠦ᠎ᠳᠤ ᠪᠡᠷᠬᠡ ᠬᠦᠴᠢᠷᠳᠡᠯ᠎ᠳᠤ ᠲᠤᠯᠭᠠᠷᠠᠭᠰᠠᠨ᠎ᠲᠠᠢ ᠬᠠᠷᠢᠴᠠᠭᠤᠯᠪᠠᠯ ᠂ ᠮᠠᠨ᠎ᠤ ᠤᠯᠤᠰ ᠵᠠᠰᠠᠭ᠎ᠤᠨ ᠣᠷᠳᠣᠨ᠎ᠤ ᠬᠥᠲᠥᠯᠥᠨ ᠵᠢᠯᠣᠭᠤᠳᠬᠤ ᠪᠠ ᠵᠠᠬ᠎ᠠ ᠳᠡᠯᠭᠡᠭᠦᠷ᠎ᠤᠨ ᠲᠣᠭᠲᠠᠴᠠ᠎ᠶᠢ ᠣᠷᠭᠠᠨᠢᠭ᠋᠎ᠢᠶᠠᠷ ᠤᠶᠠᠯᠳᠤᠭᠤᠯᠬᠤ᠎ᠪᠠᠷ ᠳᠠᠮᠵᠢᠭᠤᠯᠤᠨ ᠂ ᠬᠤᠳᠠᠯᠳᠤᠭᠠᠨ᠎ᠤ ᠳᠠᠭᠠᠳᠬᠠᠯ᠎ᠤᠨ ᠠᠮᠢᠳᠤᠯᠢᠭ᠋ ᠴᠢᠨᠠᠷ᠎ᠢ ᠠᠰᠢᠭ᠍ᠯᠠᠨ ᠰᠢᠨ᠎ᠡ ᠡᠭᠦᠳᠦᠯᠲᠡ᠎ᠶᠢᠨ ᠡᠮ᠎ᠤᠨ ᠲᠣᠭᠠᠴᠠᠭ᠎ᠠ ᠬᠢᠬᠦ ᠬᠡᠷᠡᠭᠴᠡᠭᠡ᠎ᠶᠢ ᠲᠦᠷᠭᠡᠨ ᠳᠠᠭᠠᠵᠤ ᠪᠠᠶ᠋ᠢᠬᠤ ᠮᠥᠷᠲᠡᠭᠡᠨ ᠪᠠᠰᠠ ᠦᠨᠳᠦᠰᠦᠨ ᠡᠮᠴᠢᠯᠡᠭᠡᠨ᠎ᠤ ᠳᠠᠭᠠᠳᠬᠠᠯ᠎ᠤᠨ ᠰᠠᠭᠤᠷᠢ ᠴᠢᠨᠠᠷᠲᠠᠶ ᠦᠢᠯᠡᠳᠦᠯ᠎ᠢᠶᠠᠷ ᠳᠠᠮᠵᠢᠭᠤᠯᠤᠨ ᠲᠥᠪ ᠭᠤᠤᠯᠴᠢ ᠬᠤᠷᠢᠭ᠎ᠠ ᠱᠤᠭᠤᠮ᠎ᠢ ᠪᠠᠲᠤ ᠰᠠᠬᠢᠵᠤ ᠪᠣᠢ ᠃ ᠡᠢᠮᠦᠷᠬᠦᠦ ᠡᠮ᠎ᠤᠨ ᠵᠦᠢᠯ᠎ᠤᠨ ᠪᠠᠲᠤᠯᠠᠭ᠎ᠠ᠎ᠶᠢ ᠣᠯᠠᠨ ᠳᠡᠰ ᠳᠠᠪᠬᠤᠷᠭ᠎ᠠ ᠪᠦᠬᠦᠢ ᠳᠦᠷᠢᠮ᠎ᠤᠨ ᠲᠥᠯᠥᠪᠯᠡᠭᠡ᠎ᠳᠤ ᠣᠷᠣᠭᠤᠯᠬᠤ ᠰᠡᠳᠭᠢᠮᠵᠢ᠎ᠨᠢ ᠳᠡᠯᠡᠬᠡᠢ᠎ᠶᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠶᠢᠨ 《ᠨᠡᠢᠭᠡᠮ᠎ᠦᠨ ᠳᠠᠭᠠᠳᠬᠠᠯ ᠬᠢᠭᠡᠳ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠢ ᠤᠶᠠᠯᠳᠤᠭᠤᠯᠵᠤ ᠂ ᠲᠥᠪ ᠭᠣᠣᠯᠴᠢ᠎ᠪᠠᠷ ᠡᠮᠴᠢᠯᠡᠭᠡᠨ᠎ᠤ ᠬᠡᠷᠡᠭᠴᠡᠭᠡ᠎ᠶᠢ ᠬᠠᠩᠭᠠᠬᠤ ᠬᠠᠮᠤᠭ᠎ᠤᠨ ᠰᠢᠯᠢᠳᠡᠭ ᠲᠠᠢᠯᠪᠤᠷᠢ ᠪᠣᠯᠤᠨ᠎ᠠ》 ᠭᠡᠰᠡᠨ᠎ᠲᠠᠢ ᠶᠠᠭ ᠨᠡᠢᠴᠡᠵᠦ ᠂ ᠪᠦᠬᠦ ᠪᠥᠮᠪᠥᠷᠴᠡᠭ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠥᠭᠡᠷᠡᠴᠢᠯᠡᠯᠲᠡ᠎ᠳᠤ ᠥᠪᠡᠷᠮᠢᠴᠡ ᠳᠤᠮᠳᠠᠳᠤ ᠤᠯᠤᠰ᠎ᠤᠨ ᠣᠶᠤᠨ ᠤᠬᠠᠭᠠᠨ᠎ᠢ ᠬᠠᠩᠭᠠᠭᠰᠠᠨ ᠪᠠᠢᠨ᠎ᠠ ᠃

  ᠬᠤᠶᠠᠷ ᠂ ᠲᠤᠭ᠎ᠠ ᠪᠠᠷᠢᠮᠲᠠ᠎ᠶᠢᠨ ᠬᠤᠯᠪᠣᠯᠳᠣᠯ ᠄ ᠨᠠᠷᠢᠯᠢᠭ᠋ ᠣᠨᠣᠪᠴᠢᠲᠠᠢ ᠪᠠᠲᠤᠯᠠᠭ᠎ᠠ᠎ᠶᠢ ᠪᠠᠢᠭᠤᠯᠬᠤ ᠲᠣᠭᠠᠴᠢᠯᠠᠭᠰᠠᠨ ᠰᠠᠭᠤᠷᠢ

  ᠳ᠋ᠠᠶ᠋ᠢᠲ᠋ᠠ᠎ᠶᠢᠨ ᠪᠠᠬᠢᠯᠡᠯᠲᠡ᠎ᠶᠢ ᠡᠪᠳᠡᠬᠦ ᠪᠣᠯ ᠡᠮᠴᠢᠯᠡᠭᠡᠨ᠎ᠤ ᠳᠠᠭᠠᠳᠬᠠᠯ᠎ᠤᠨ ᠲᠤᠭ᠎ᠠ ᠪᠠᠷᠢᠮᠲᠠ᠎ᠶᠢᠨ ᠰᠢᠨ᠎ᠡ ᠡᠭᠦᠳᠦᠯᠲᠡ᠎ᠶᠢᠨ ᠡᠮ᠎ᠢ ᠰᠤᠳᠤᠯᠤᠨ ᠨᠡᠭᠡᠭᠡᠬᠦ᠎ᠳᠤ ᠬᠡᠷᠡᠭᠯᠡᠬᠦ᠎ᠶᠢ ᠳᠡᠮᠵᠢᠬᠦ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠪᠡᠯᠡ ᠣᠷᠣᠭᠤᠯᠤᠯᠲᠠ᠎ᠶᠢᠨ ᠬᠡᠪᠴᠢᠶᠡᠵᠢᠯ᠎ᠢ ᠥᠷᠭᠡᠳᠬᠡᠬᠦ᠎ᠶᠢ ᠵᠣᠷᠢᠭ᠍ᠵᠢᠭᠤᠯᠬᠤ ᠂ ᠭᠠᠷᠴᠠᠭ᠎ᠲᠤ ᠣᠷᠣᠭᠤᠯᠬᠤ᠎ᠶᠢ ᠵᠥᠪᠰᠢᠶᠡᠷᠡᠬᠦ ᠲᠥᠷᠥ᠎ᠶᠢᠨ ᠪᠣᠳᠣᠯᠭ᠎ᠠ᠎ᠶᠢᠨ ᠵᠢᠯᠣᠭᠤᠳᠣᠯᠭ᠎ᠠ ᠪᠠ ᠰᠢᠨ᠎ᠡ ᠡᠭᠦᠳᠦᠯᠲᠡ᠎ᠶᠢᠨ ᠡᠮ᠎ᠤᠨ ᠰᠤᠳᠤᠯᠤᠨ ᠨᠡᠭᠡᠭᠡᠬᠦ᠎ᠶᠢ ᠨᠢᠭᠡᠳᠦᠯᠲᠡᠶ ᠲᠥᠯᠥᠪᠯᠡᠨ ᠠᠬᠢᠭᠤᠯᠬᠤ᠎ᠶᠢᠨ ᠴᠢᠬᠤᠯᠠ ᠤᠷᠢᠲᠠᠯ ᠪᠣᠯᠤᠨ᠎ᠠ ᠃ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠪᠠᠶ᠋ᠢᠭᠤᠯᠤᠭᠳᠠᠭᠰᠠᠨ᠎ᠠᠴᠠ ᠨᠠᠭᠠᠰᠢ ᠂ ᠪᠥᠬᠦ ᠤᠯᠤᠰ᠎ᠢ ᠬᠠᠮᠤᠷᠤᠭᠰᠠᠨ ᠡᠮᠴᠢᠯᠡᠭᠡᠨ᠎ᠦ ᠳᠠᠭᠠᠳᠬᠠᠯ᠎ᠤᠨ ᠮᠡᠳᠡᠭᠡ ᠵᠠᠩᠭᠢ᠎ᠶᠢᠨ ᠲᠠᠪᠴᠠᠩ᠎ᠢ ᠪᠠᠶ᠋ᠢᠭᠤᠯᠵᠤ ᠂ ᠲᠤᠭ᠎ᠠ ᠪᠠᠷᠢᠮᠲᠠ᠎ᠨᠢ ᠯᠤᠲᠤ ᠶᠡᠭᠡ ᠂ ᠠᠭᠤᠯᠭ᠎ᠠ᠎ᠨᠢ ᠡᠯᠪᠡᠭ ᠪᠠᠶᠠᠯᠢᠭ᠋ ᠪᠠᠶ᠋ᠢᠨ᠎ᠠ ᠃ ᠡᠲᠡᠭᠡᠷ ᠲᠤᠭ᠎ᠠ ᠪᠠᠷᠢᠮᠲᠠ᠎ᠶᠢ ᠨᠠᠩ ᠰᠠᠶ᠋ᠢᠨ ᠬᠡᠷᠡᠭᠯᠡᠬᠦ᠎ᠶᠢᠨ ᠲᠥᠯᠥᠭᠡ ᠂ ᠪᠢᠴᠢᠭ ᠮᠠᠲᠧᠷᠢᠶᠠᠯ᠎ᠳᠤ ᠨᠢᠭᠡ ᠲᠠᠯ᠎ᠠ᠎ᠪᠠᠷ ᠰᠢᠨ᠎ᠡ ᠡᠭᠦᠳᠦᠯᠲᠡ᠎ᠶᠢᠨ ᠡᠮ᠎ᠤᠨ ᠰᠤᠳᠤᠯᠤᠨ ᠨᠡᠭᠡᠭᠡᠬᠦ ᠬᠡᠷᠡᠭᠴᠡᠭᠡ ᠱᠠᠭᠠᠷᠳᠠᠯᠭ᠎ᠠ᠎ᠳᠤ ᠳᠤᠬᠢᠷᠠᠬᠤ ᠲᠤᠭ᠎ᠠ ᠪᠠᠷᠢᠮᠲᠠ᠎ᠶᠢᠨ ᠦᠢᠯᠡᠳᠬᠦᠨ᠎ᠢ ᠨᠡᠭᠡᠭᠡᠨ ᠬᠥᠭᠵᠢᠭᠦᠯᠬᠦ ᠵᠡᠷᠭᠡ ᠠᠰᠢᠭ᠍ᠲᠠᠢ ᠰᠦᠪᠡᠭᠴᠢᠯᠡᠯᠲᠡ᠎ᠶᠢ ᠳᠤᠷᠠᠳᠴᠤ ᠂ ᠨᠥᠭᠦᠭᠡ ᠲᠠᠯ᠎ᠠ᠎ᠪᠠᠷ ᠨᠥᠬᠦᠴᠡᠯ᠎ᠳᠤ ᠨᠡᠶ᠋ᠢᠴᠡᠬᠦ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠺᠣᠮᠫᠠᠨᠢ᠎ᠳᠤ ᠲᠤᠭ᠎ᠠ ᠪᠠᠷᠢᠮᠲᠠ᠎ᠶᠢ ᠬᠠᠮᠲᠤ᠎ᠪᠠᠷ ᠬᠦᠷᠲᠡᠬᠦ ᠂ ᠳ᠋ᠦᠩᠨᠡᠨ ᠪᠤᠳᠤᠵᠤ ᠲᠣᠳᠣᠷᠬᠠᠶ ᠬᠤᠪᠢᠶᠠᠬᠤ ᠵᠡᠷᠭᠡ ᠲᠠᠯ᠎ᠠ᠎ᠶᠢᠨ ᠬᠠᠮᠲᠤᠷᠠᠯᠴᠠᠭᠠᠨ᠎ᠤ ᠳᠡᠮᠵᠢᠯᠭᠡ ᠣᠯᠭᠣᠪᠠ ᠃

  ᠬᠡᠰᠡᠭ ᠭᠠᠵᠠᠷ ᠣᠷᠣᠨ᠎ᠤ ᠲᠤᠷᠰᠢᠯᠲᠠ ᠨᠢᠭᠡᠨᠲᠡ ᠤᠷᠢᠳ᠎ᠢᠶᠠᠷ ᠲᠣᠭ᠎ᠠ ᠪᠠᠷᠢᠮᠲᠠ᠎ᠶᠢᠨ ᠬᠠᠷᠢᠯᠴᠠᠨ ᠬᠣᠯᠪᠣᠭᠠᠯᠠᠭᠰᠠᠨ ᠦᠨ᠎ᠡ ᠥᠷᠲᠡᠭ᠎ᠢ ᠰᠢᠯᠭᠠᠨ ᠪᠠᠲᠤᠯᠠᠪᠠ ᠃ ᠱᠠᠩᠬᠠᠢ ᠬᠣᠲᠠ ᠭᠤᠷᠪᠠᠳᠤᠭᠠᠷ ᠳᠡᠰ᠎ᠤᠨ ᠡᠮᠨᠡᠯᠭᠡ᠎ᠶᠢᠨ ᠬᠣᠷᠢᠶᠠᠨ᠎ᠳᠤ 《ᠡᠮᠴᠢᠯᠡᠭᠡᠨ᠎ᠦ ᠳᠠᠭᠠᠳᠬᠠᠯ + ᠬᠤᠳᠠᠯᠳᠤᠭᠠᠨ᠎ᠤ ᠳᠠᠭᠠᠳᠬᠠᠯ᠎ᠤᠨ ᠨᠢᠭᠡ ᠥᠷᠲᠡᠭᠡ ᠮᠠᠶᠢᠭ᠋᠎ᠢᠶᠠᠷ ᠲᠥᠯᠥᠪᠦᠷᠢ ᠥᠭᠬᠦ》᠎ᠶᠢ ᠬᠡᠷᠡᠭᠵᠢᠭᠦᠯᠵᠦ ᠂ ᠬᠤᠳᠠᠯᠳᠤᠭᠠᠨ᠎ᠤ ᠳᠠᠭᠠᠳᠬᠠᠯ᠎ᠤᠨ ᠺᠣᠮᠫᠠᠨᠢ᠎ᠨᠢ ᠡᠮᠴᠢᠯᠡᠭᠡᠨ᠎ᠦ ᠳᠠᠭᠠᠳᠬᠠᠯ᠎ᠤᠨ ᠳ᠋ᠦᠩᠨᠡᠨ ᠪᠣᠳᠣᠭᠰᠠᠨ ᠲᠣᠭ᠎ᠠ ᠪᠠᠷᠢᠮᠲᠠ᠎ᠶᠢ ᠴᠠᠭ ᠲᠤᠬᠠᠢ᠎ᠳᠤ ᠨᠢ ᠠᠪᠬᠤ᠎ᠪᠠᠷ ᠳᠠᠮᠵᠢᠭᠤᠯᠤᠨ ᠂ ᠲᠥᠯᠥᠪᠦᠷᠢ ᠥᠭᠬᠦ ᠦᠶᠡᠯᠡᠯ᠎ᠢ 7 ᠠᠵᠢᠯᠯᠠᠬᠤ ᠡᠳᠦᠷ ᠪᠠᠢᠭᠰᠠᠨ᠎ᠠᠴᠠ 30 ᠮᠢᠨᠦ᠋ᠲ ᠪᠣᠯᠲᠠᠯ᠎ᠠ ᠪᠤᠭᠤᠨᠢᠰᠬᠠᠪᠠ ᠂ ᠶᠠᠮᠠᠷ ᠨᠢᠭᠡ ᠠᠭᠤᠰᠭᠢᠨ ᠥᠮᠡᠨ᠎ᠤ ᠬᠠᠨᠲᠤᠯᠭᠠᠲᠤ ᠡᠮ᠎ᠤᠨ ᠳᠠᠭᠠᠳᠬᠠᠯ ᠨᠡᠩ ᠴᠤ᠌ ᠲᠣᠭ᠎ᠠ ᠪᠠᠷᠢᠮᠲᠠ᠎ᠶᠢᠨ ᠵᠠᠳᠠᠯᠤᠯᠲᠠ᠎ᠪᠠᠷ ᠳᠠᠮᠵᠢᠭᠤᠯᠤᠨ ᠡᠮ ᠬᠡᠷᠡᠭᠯᠡᠬᠦ ᠲᠤᠬᠠᠢ ᠰᠠᠨᠠᠭᠤᠯᠬᠤ ᠦᠢᠯᠡᠴᠢᠯᠡᠭᠡ ᠭᠠᠷᠭᠠᠵᠤ ᠂ ᠡᠪᠡᠳᠴᠢᠲᠡᠨ᠎ᠤ ᠠᠮᠢᠳᠤᠷᠠᠬᠤ ᠨᠣᠷᠮ᠎ᠠ᠎ᠶᠢ ᠳᠡᠭᠡᠭᠰᠢᠯᠡᠭᠦᠯᠪᠡ ᠃ ᠭᠤᠸᠠᠩᠵᠧᠦ᠎ᠶᠢᠨ ᠰᠦᠢ ᠰᠢᠨ᠎ᠦ ᠳᠠᠭᠠᠳᠬᠠᠯ᠎ᠤᠨ ᠳᠦᠷᠢᠮ᠎ᠨᠢ 22 ᠡᠮᠨᠡᠯᠭᠡ᠎ᠶᠢᠨ ᠬᠣᠷᠢᠶ᠎ᠠ᠎ᠲᠠᠢ ᠪᠦᠬᠦ ᠶᠠᠪᠤᠴᠠ᠎ᠶᠢᠨ ᠲᠣᠭ᠎ᠠ ᠪᠠᠷᠢᠮᠲᠠ᠎ᠲᠠᠢ ᠵᠣᠯᠭᠠᠭᠤᠯᠵᠤ ᠂ ᠳᠠᠭᠠᠳᠬᠠᠯ᠎ᠳᠤ ᠣᠷᠣᠯᠴᠠᠭ᠍ᠴᠢ ᠬᠤᠳᠠᠯᠳᠤᠭᠠᠨ᠎ᠤ ᠳᠠᠭᠠᠳᠬᠠᠯ᠎ᠤᠨ ᠭᠠᠷᠴᠠᠭ᠎ᠤᠨ ᠡᠮ᠎ᠤᠨ ᠵᠦᠢᠯ᠎ᠢ ᠬᠡᠷᠡᠭᠯᠡᠬᠦ ᠣᠢ᠍ᠶ᠎ᠠ᠎ᠳᠤ ᠰᠢᠰᠲᠸᠮ ᠨᠢ ᠥᠪᠡᠷᠲᠡᠭᠡᠨ ᠢᠯᠭᠠᠨ ᠲᠠᠨᠢᠬᠤ ᠪᠠᠲᠤᠯᠠᠭ᠎ᠠ᠎ᠶᠢᠨ ᠬᠠᠷᠢᠭᠤᠴᠠᠯᠭ᠎ᠠ᠎ᠶᠢ ᠬᠡᠷᠡᠭᠵᠢᠭᠦᠯᠵᠦ ᠂ ᠡᠮᠨᠡᠯᠭᠡ᠎ᠠᠴᠠ ᠭᠠᠷᠬᠤ᠎ᠳᠦ᠎ᠪᠡᠨ ᠡᠮᠴᠢᠯᠡᠭᠡᠨ᠎ᠦ ᠳᠠᠭᠠᠳᠬᠠᠯ ᠪᠣᠯᠤᠨ ᠬᠤᠳᠠᠯᠳᠤᠭᠠᠨ᠎ᠤ ᠳᠠᠭᠠᠳᠬᠠᠯ᠎ᠤᠨ ᠳ᠋ᠦᠩᠨᠡᠨ ᠪᠣᠳᠣᠯᠲᠠ᠎ᠶᠢ ᠵᠡᠷᠭᠡ᠎ᠪᠡᠷ ᠪᠡᠶᠡᠯᠡᠭᠦᠯᠵᠦ ᠂ ᠥᠨᠳᠥᠷ ᠦᠨᠡᠲᠦ ᠡᠮ᠎ᠤᠨ ᠡᠮᠴᠢᠯᠡᠭᠡᠨ᠎ᠤ ᠵᠠᠷᠤᠳᠠᠯ᠎ᠤᠨ ᠳᠣᠲᠣᠷᠠᠬᠢ ᠡᠪᠡᠳᠴᠢᠲᠡᠨ᠎ᠤ ᠥᠪᠡᠷ᠎ᠢᠶᠠᠨ ᠲᠦᠯᠦᠪᠦᠷᠢᠯᠡᠬᠦ ᠬᠠᠷᠢᠴᠠᠯ᠎ᠢ ᠪᠦᠲᠦᠮᠵᠢᠲᠡᠢ ᠪᠠᠭᠤᠷᠠᠭᠤᠯᠪᠠ ᠃ ᠮᠠᠰᠢ ᠣᠯᠠᠨ ᠭᠠᠵᠠᠷ ᠣᠷᠣᠨ ᠪᠠᠰᠠ ᠳᠠᠩ ᠭᠠᠭᠴᠠ ᠳᠠᠭᠠᠳᠬᠠᠯ᠎ᠤᠨ ᠲᠥᠯᠥᠪᠦᠷᠢ᠎ᠶᠢ 《ᠪᠠᠲᠤᠯᠠᠭ᠎ᠠ᠎ᠶᠢᠨ ᠦᠢᠯᠡᠴᠢᠯᠡᠭᠡ》 ᠪᠣᠯᠭᠠᠨ ᠤᠷᠲᠤᠳᠬᠠᠬᠤ᠎ᠪᠠᠷ ᠲᠤᠷᠰᠢᠵᠤ ᠪᠠᠶ᠋ᠢᠨ᠎ᠠ ᠃ ᠡᠶ᠋ᠢᠮᠦᠷᠬᠦᠦ 《ᠬᠡᠷᠡᠭ᠎ᠤᠨ ᠳᠠᠷᠠᠭᠠᠬᠢ ᠨᠥᠬᠦᠪᠥᠷᠢ》᠎ᠠᠴᠠ 《ᠪᠥᠬᠦ ᠶᠠᠪᠤᠴᠠ᠎ᠳᠤ ᠦᠢᠯᠡᠴᠢᠯᠡᠬᠦ》 ᠬᠦᠷᠲᠡᠯᠡᠬᠢ ᠬᠡᠯᠪᠡᠷᠢ᠎ᠪᠠᠨ ᠬᠤᠪᠢᠷᠠᠭᠤᠯᠵᠤ ᠂ ᠰᠢᠨ᠎ᠡ ᠡᠭᠦᠳᠦᠯᠲᠡ᠎ᠶᠢᠨ ᠡᠮ᠎ᠤᠨ ᠪᠠᠲᠤᠯᠠᠭ᠎ᠠ᠎ᠶᠢ 《ᠬᠡᠷᠡᠭᠯᠡᠵᠦ ᠳᠡᠶ᠋ᠢᠯᠬᠦ ᠂ ᠲᠥᠯᠥᠵᠦ ᠳᠡᠶ᠋ᠢᠯᠬᠦ ᠂ ᠰᠠᠶ᠋ᠢᠲᠤᠷ ᠬᠠᠮᠢᠶᠠᠷᠬᠤ》᠎ᠶᠢ ᠦᠨᠡᠨ ᠬᠦ᠌ ᠪᠡᠶᠡᠯᠡᠭᠦᠯᠪᠡ ᠃

  ᠭᠤᠷᠪᠠ ᠂ ᠬᠤᠣᠰ ᠵᠠᠮ᠎ᠤᠨ ᠬᠠᠮᠵᠢᠯᠴᠠᠭ᠎ᠠ ᠄ ᠰᠢᠨ᠎ᠡ ᠡᠭᠦᠳᠦᠯᠲᠡ᠎ᠶᠢᠨ ᠡᠮ᠎ᠤᠨ ᠪᠠᠲᠤᠯᠠᠭ᠎ᠠ᠎ᠶᠢᠨ ᠲᠦᠷᠢᠮ᠎ᠤᠨ ᠰᠢᠪᠲᠤᠯᠤᠯᠲᠠ

  ᠡᠮᠴᠢᠯᠡᠭᠡ᠎ᠶᠢᠨ ᠳᠠᠭᠠᠳᠬᠠᠯ᠎ᠤᠨ ᠰᠠᠭᠤᠷᠢ᠎ᠶᠢ ᠪᠠᠲᠤᠯᠠᠬᠤ ᠂ ᠬᠤᠳᠠᠯᠳᠤᠭᠠᠨ᠎ᠤ ᠳᠠᠭᠠᠳᠬᠠᠯ᠎ᠤᠨ ᠪᠠᠭᠲᠠᠭᠠᠮᠵᠢ᠎ᠶᠢ ᠥᠷᠭᠡᠳᠬᠡᠬᠦ ᠪᠣᠷᠣ᠌ ᠲᠥᠯᠥᠪ᠎ᠤᠨ ᠳᠣᠤᠷ᠎ᠠ ᠂ ᠬᠤᠳᠠᠯᠳᠤᠭᠠᠨ᠎ᠤ ᠳᠠᠭᠠᠳᠬᠠᠯ᠎ᠤᠨ ᠺᠣᠮᠫᠠᠨᠢ᠎ᠶᠢᠨ ᠡᠮ᠎ᠤᠨ ᠪᠠᠯᠠ ᠣᠷᠣᠭᠤᠯᠤᠯᠲᠠ᠎ᠶᠢᠨ ᠰᠠᠭᠤᠷᠢ ᠮᠥᠩᠭᠦ᠎ᠶᠢᠨ ᠰᠢᠨ᠎ᠡ᠎ᠶᠢ ᠡᠭᠦᠳᠬᠦ ᠵᠡᠷᠭᠡ ᠣᠯᠠᠨ ᠵᠦᠢᠯ᠎ᠤᠨ ᠠᠷᠭ᠎ᠠ ᠮᠠᠶᠢᠭ᠋᠎ᠢᠶᠠᠷ       ᠳᠠᠮᠵᠢᠭᠤᠯᠤᠨ ᠂ ᠰᠢᠨ᠎ᠡ ᠡᠭᠦᠳᠦᠯᠲᠡ᠎ᠶᠢᠨ ᠡᠮ᠎ᠤᠨ ᠰᠤᠳᠤᠯᠤᠨ ᠨᠡᠭᠡᠭᠡᠬᠦ᠎ᠳᠤ ᠲᠣᠭᠲᠠᠭᠤᠨ ᠣᠷᠳᠣ᠌ ᠬᠤᠭᠤᠴᠠᠭᠠᠨ᠎ᠤ ᠪᠠᠯᠠ ᠣᠷᠣᠭᠤᠯᠤᠯᠲᠠ ᠬᠠᠩᠭᠠᠵᠤ ᠂ ᠰᠢᠨ᠎ᠡ ᠡᠭᠦᠳᠦᠯᠲᠡ᠎ᠶᠢᠨ ᠡᠮ᠎ᠤᠨ ᠬᠦᠯᠢᠴᠡᠩᠭᠦᠶ ᠬᠥᠷᠥᠩᠭᠡ᠎ᠶᠢ ᠪᠤᠶ᠋ᠢᠵᠢᠭᠤᠯᠬᠤ᠎ᠶᠢ ᠵᠣᠷᠢᠭ᠍ᠵᠢᠭᠣᠯᠪᠠ ᠃ ᠬᠤᠤᠰ ᠭᠠᠷᠴᠠᠭ᠎ᠤᠨ ᠲᠣᠭᠲᠠᠴᠠ ᠪᠦᠷᠢᠯᠳᠦᠭᠰᠡᠨ᠎ᠨᠢ ᠲᠣᠳᠣᠷᠬᠠᠶ ᠠᠵᠢᠯ᠎ᠤᠨ ᠬᠤᠪᠢᠶᠠᠷᠢᠯᠠᠯ ᠨᠢ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠭᠠᠷᠴᠠᠭ᠎ᠢ ᠡᠮᠴᠢᠯᠡᠭᠡᠨ᠎ᠳᠤ ᠵᠠᠪᠠᠯ ᠱᠠᠭᠠᠷᠳᠠᠭᠳᠠᠬᠤ ᠰᠠᠭᠤᠷᠢ ᠡᠮ᠎ᠤᠨ ᠵᠦᠢᠯ᠎ᠢ ᠬᠠᠮᠤᠷᠴᠤ ᠂ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠭᠠᠷᠴᠠᠭ᠎ᠢ ᠡᠮᠴᠢᠯᠡᠭᠡᠨ᠎ᠤ ᠳᠠᠭᠠᠳᠬᠠᠯ᠎ᠤᠨ ᠬᠠᠮᠤᠷᠬᠤ ᠥᠬᠡᠶ ᠪᠣᠯᠪᠠᠴᠤ ᠴᠢᠬᠤᠯᠠ ᠶᠡᠭᠡ ᠡᠮᠴᠢᠯᠡᠭᠡᠨ᠎ᠤ ᠦᠨ᠎ᠡ ᠥᠷᠲᠡᠭ᠎ᠲᠠᠢ ᠥᠨᠳᠥᠷ ᠦᠨ᠎ᠡ᠎ᠲᠠᠢ ᠡᠮ᠎ᠤᠨ ᠵᠦᠢᠯ᠎ᠳᠦ ᠭᠤᠤᠯᠳᠠᠯᠭ᠎ᠠ᠎ᠲᠠᠢ ᠣᠷᠤᠭᠤᠯᠪᠠ ᠃ ᠡᠢᠮᠦᠷᠬᠦᠦ ᠵᠠᠮ ᠬᠤᠪᠢᠶᠠᠨ ᠬᠠᠮᠢᠶᠠᠷᠬᠤ ᠬᠠᠮᠢᠶᠠᠷᠤᠯᠲᠠ᠎ᠨᠢ ᠰᠠᠯᠵᠤ ᠠᠵᠢᠯᠯᠠᠬᠤ ᠪᠢᠰᠢ ᠂ ᠬᠠᠷᠢᠨ 《ᠡᠭᠦᠳᠡ᠎ᠪᠠᠨ ᠨᠡᠭᠡᠭᠡᠬᠦ》᠎ᠪᠠᠷ ᠳᠠᠮᠵᠢᠭᠤᠯᠤᠨ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠠᠵᠤ ᠠᠬᠤᠶ᠋ᠢᠯᠠᠯ᠎ᠤᠨ ᠭᠥᠯᠢᠶᠡᠨ ᠠᠪᠬᠤ ᠲᠣᠭᠲᠠᠴᠠ᠎ᠶᠢ ᠰᠢᠯᠢᠳᠡᠭᠵᠢᠭᠦᠯᠵᠦ ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠬᠢᠭᠡᠳ ᠰᠢᠨ᠎ᠡ ᠡᠭᠦᠳᠦᠯᠲᠡ᠎ᠶᠢᠨ ᠡᠮ᠎ᠤᠨ ᠠᠵᠤ ᠠᠬᠤᠶ᠋ᠢᠯᠠᠯ᠎ᠤᠨ ᠨᠡᠪᠲᠡᠷᠡᠯᠴᠡᠨ ᠰᠣᠯᠢᠯᠴᠠᠬᠤ ᠠᠷᠭ᠎ᠠ ᠵᠠᠮ᠎ᠢ ᠰᠠᠭᠠᠳ ᠦᠭᠡᠢ       ᠨᠡᠪᠲᠡᠷᠡᠭᠦᠯᠵᠦ ᠂ ᠨᠡᠩ ᠬᠠᠨᠳᠤᠯᠭᠠᠲᠤ ᠴᠢᠨᠠᠷᠲᠠᠢ᠎ᠪᠠᠷ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠤᠨ ᠵᠥᠪᠰᠢᠶᠡᠷᠡᠨ ᠣᠷᠣᠭᠤᠯᠬᠤ ᠲᠠᠯ᠎ᠠ᠎ᠪᠠᠷ᠎ᠬᠢ ᠲᠥᠷᠥ᠎ᠶᠢᠨ ᠪᠣᠳᠣᠯᠭ᠎ᠠ᠎ᠶᠢᠨ ᠵᠢᠯᠣᠭᠤᠳᠤᠯᠭ᠎ᠠ᠎ᠶᠢ ᠴᠢᠩᠭᠠᠳᠬᠠᠪᠠ ᠃

  ᠡᠲᠡᠭᠡᠷ ᠦᠨᠳᠦᠰᠦᠨ ᠡᠮᠴᠢᠯᠡᠭᠡᠨ᠎ᠦ ᠳᠠᠭᠠᠳᠬᠠᠯ᠎ᠨᠢ ᠲᠦᠷ ᠴᠠᠭ ᠬᠠᠮᠤᠷᠬᠤ᠎ᠶᠢᠨ ᠠᠷᠭ᠎ᠠ ᠥᠬᠡᠶ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠳᠤ ᠂ 《ᠤᠷᠢᠳ᠎ᠢᠶᠠᠷ ᠬᠤᠳᠠᠯᠳᠤᠭᠠᠨ᠎ᠤ ᠳᠠᠭᠠᠳᠬᠠᠯ᠎ᠢᠶᠠᠷ ᠪᠠᠲᠤᠯᠠᠵᠤ ᠳᠠᠷᠠᠭ᠎ᠠ ᠨᠢ ᠡᠮᠴᠢᠯᠡᠭᠡᠨ᠎ᠤ ᠳᠠᠭᠠᠳᠬᠠᠯ᠎ᠢᠶᠡᠷ ᠪᠠᠲᠤᠯᠠᠬᠤ》 ᠱᠠᠲᠤᠯᠠᠨ ᠣᠷᠣᠭᠤᠯᠬᠤ ᠵᠥᠪᠰᠢᠶᠡᠷᠡᠯ᠎ᠤᠨ ᠪᠢᠲᠡᠭᠦᠦ ᠭᠣᠭᠴᠤᠭ᠎ᠠ - ᠰᠢᠨ᠎ᠡ ᠡᠮ᠎ᠢ ᠵᠠᠬ᠎ᠠ ᠳᠡᠯᠭᠡᠭᠦᠷ᠎ᠲᠤ ᠭᠠᠷᠭᠠᠭᠰᠠᠨ᠎ᠤ ᠳᠠᠷᠠᠭ᠎ᠠ ᠤᠷᠢᠳ᠎ᠢᠶᠠᠷ ᠬᠤᠳᠠᠯᠳᠤᠭᠠᠨ᠎ᠤ ᠳᠠᠭᠠᠳᠬᠠᠯ᠎ᠤᠨ ᠭᠠᠷᠴᠠᠭ᠎ᠲᠤ ᠣᠷᠣᠭᠤᠯᠤᠨ ᠦᠨᠡᠨ ᠪᠣᠳᠠᠲᠠᠶ ᠳᠡᠯᠡᠬᠡᠶ᠎ᠶᠢᠨ ᠲᠤᠭ᠎ᠠ ᠪᠠᠷᠢᠮᠲᠠ᠎ᠶᠢ ᠬᠤᠷᠠᠮᠳᠤᠭᠤᠯᠵᠤ ᠂ ᠡᠮᠴᠢᠯᠡᠭᠡᠨ᠎ᠤ ᠥᠷᠲᠡᠭ᠎ᠤᠨ ᠭᠡᠷᠡᠴᠢ ᠪᠠᠷᠢᠮᠲᠠ᠎ᠨᠢ ᠭᠦᠢᠴᠡᠳ ᠪᠣᠯᠤᠭᠰᠠᠨ᠎ᠤ ᠳᠠᠷᠠᠭ᠎ᠠ ᠳᠠᠬᠢᠨ ᠡᠮᠴᠢᠯᠡᠭᠡᠨ᠎ᠤ ᠳᠠᠭᠠᠳᠬᠠᠯ᠎ᠤᠨ ᠬᠡᠯᠡᠯᠴᠡᠭᠡᠷ᠎ᠢᠶᠠᠷ ᠳᠠᠮᠵᠢᠭᠤᠯᠤᠨ ᠦᠨᠳᠦᠰᠦᠨ ᠡᠮᠴᠢᠯᠡᠭᠡᠨ᠎ᠤ ᠳᠠᠭᠠᠳᠬᠠᠯ᠎ᠤᠨ ᠭᠠᠷᠴᠠᠭ᠎ᠲᠤ ᠣᠷᠣᠭᠤᠯᠬᠤ᠎ᠶᠢ ᠪᠣᠳᠣᠯᠬᠢᠯᠠᠵᠤ ᠪᠣᠯᠤᠨ᠎ᠠ ᠃ ᠡᠶ᠋ᠢᠮᠦᠷᠬᠦᠤ 《ᠬᠤᠳᠠᠯᠳᠤᠭᠠᠨ᠎ᠤ ᠳᠠᠭᠠᠳᠬᠠᠯ᠎ᠤᠨ ᠬᠠᠶ᠋ᠢᠨ ᠰᠢᠨᠵᠢᠯᠡᠯᠲᠡ ᠂ ᠡᠮᠴᠢᠯᠡᠭᠡᠨ᠎ᠦ ᠳᠠᠭᠠᠳᠬᠠᠯ᠎ᠤᠨ ᠪᠤᠤᠬᠢᠶ᠎ᠠ》᠎ᠶᠢᠨ ᠪᠣᠰᠤᠭ᠎ᠠ ᠴᠣᠭᠴᠠᠲᠤ ᠪᠠᠲᠤᠯᠠᠭ᠎ᠠ᠎ᠶᠢᠨ ᠰᠦᠯᠵᠢᠶᠡᠨ᠎ᠤ ᠬᠡᠪ ᠵᠠᠭᠪᠤᠷ᠎ᠨᠢ ᠡᠪᠡᠳᠴᠢᠲᠡᠨ᠎ᠤ ᠠᠩᠬᠠᠨ᠎ᠤ ᠬᠤᠭᠤᠴᠠᠭᠠᠨ᠎ᠤ ᠡᠮ ᠬᠡᠷᠡᠭᠯᠡᠬᠦ ᠪᠣᠯᠤᠮᠵᠢᠲᠤ ᠠᠰᠠᠭᠤᠳᠠᠯ᠎ᠢ ᠰᠢᠢᠳᠪᠦᠷᠢᠯᠡᠭᠰᠡᠨ ᠮᠥᠷᠲᠡᠭᠡᠨ ᠪᠠᠰᠠ ᠡᠮᠴᠢᠯᠡᠭᠡᠨ᠎ᠦ ᠳᠠᠭᠠᠳᠬᠠᠯ᠎ᠤᠨ ᠬᠡᠯᠡᠯᠴᠡᠭᠡᠷ᠎ᠲᠦ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠭᠰᠠᠨ ᠪᠠᠶ᠋ᠢᠨ᠎ᠠ ᠃

  ᠳᠥᠷᠪᠡ ᠂ ᠲᠥᠷᠥ᠎ᠶᠢᠨ ᠪᠣᠳᠣᠯᠭ᠎ᠠ᠎ᠶᠢᠨ ᠬᠠᠮᠲᠤᠷᠠᠯ ᠄ ᠲᠦᠷᠢᠮ᠎ᠤᠨ ᠬᠠᠷᠰᠢ ᠰᠠᠭᠠᠳ᠎ᠢ ᠠᠷᠢᠯᠭᠠᠬᠤ ᠰᠢᠰᠲᠧᠮ᠎ᠤᠨ ᠳᠡᠮᠵᠢᠯᠭᠡ

  ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠤᠨ ᠭᠠᠷᠴᠠᠭ᠎ᠢ ᠨᠡᠮᠡᠨ ᠲᠣᠬᠢᠷᠠᠭᠤᠯᠬᠤ᠎ᠪᠠᠷ ᠳᠠᠮᠵᠢᠭᠤᠯᠤᠨ ᠂ ᠦᠨᠳᠦᠰᠦᠨ ᠡᠮᠴᠢᠯᠡᠭᠡᠨ᠎ᠤ ᠳᠠᠭᠠᠳᠬᠠᠯ᠎ᠤᠨ ᠬᠡᠪᠴᠢᠶ᠎ᠡ᠎ᠠᠴᠠ ᠬᠡᠲᠦᠷᠡᠭᠰᠡᠨ ᠂ ᠰᠢᠨ᠎ᠡ᠎ᠶᠢ ᠡᠭᠦᠳᠦᠭᠰᠡᠨ ᠬᠡᠮᠵᠢᠶ᠎ᠡ᠎ᠨᠢ ᠥᠨᠳᠥᠷ ᠂ ᠡᠮᠴᠢᠯᠡᠭᠡᠨ᠎ᠤ ᠥᠷᠲᠡᠭ᠎ᠨᠢ ᠶᠡᠭᠡ ᠂ ᠡᠪᠡᠳᠴᠢᠲᠡᠨ᠎ᠳᠤ ᠢᠯᠡᠳᠲᠡ ᠠᠰᠢᠭ᠋ ᠬᠦᠷᠲᠡᠭᠡᠭᠰᠡᠨ ᠰᠢᠨ᠎ᠡ ᠡᠭᠦᠳᠦᠯᠲᠡ᠎ᠶᠢᠨ ᠡᠮ᠎ᠳᠤ ᠭᠤᠣᠯᠳᠠᠯᠭ᠎ᠠ᠎ᠲᠠᠢ᠎ᠪᠠᠷ ᠣᠷᠣᠭᠤᠯᠵᠤ ᠂ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ ᠪᠠ ᠡᠮᠴᠢᠯᠡᠭᠡᠨ᠎ᠤ ᠬᠠᠷᠢᠯᠴᠠᠨ ᠲᠤᠰᠠᠯᠠᠯᠴᠠᠬᠤ ᠵᠡᠷᠭᠡ ᠣᠯᠠᠨ ᠲᠠᠰ ᠳᠠᠪᠬᠤᠷᠭ᠎ᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠭᠲᠠᠯᠴᠠᠭ᠎ᠠ᠎ᠶᠢᠨ ᠯᠠᠪᠯᠠᠯᠲᠠ ᠬᠡᠷᠡᠭᠯᠡᠯᠲᠡ᠎ᠶᠢ ᠠᠬᠢᠭᠤᠯᠪᠠ ᠃ ᠡᠮᠴᠢᠯᠡᠭᠡᠨ᠎ᠦ ᠳᠠᠭᠠᠳᠬᠠᠯ᠎ᠤᠨ ᠭᠠᠷᠴᠠᠭ ᠪᠠ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠲᠤ ᠣᠷᠣᠭᠤᠯᠤᠭᠰᠠᠨ ᠰᠢᠨ᠎ᠡ ᠡᠭᠦᠳᠦᠯᠲᠡ᠎ᠶᠢᠨ ᠡᠮ᠎ᠢ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢᠴᠡᠳᠬᠡᠬᠦ》 ᠱᠠᠭᠠᠷᠳᠠᠯᠭ᠎ᠠ ᠶᠣᠰᠣᠭᠠᠷ ᠂ ᠮᠤᠵᠢ᠎ᠶᠢᠨ ᠱᠠᠲᠤᠨ᠎ᠤ ᠲᠥᠪᠯᠡᠷᠡᠭᠦᠯᠦᠨ ᠬᠤᠳᠠᠯᠳᠤᠨ ᠠᠪᠬᠤ ᠪᠠᠶ᠋ᠢᠭᠤᠯᠤᠮᠵᠢ᠎ᠨᠢ ᠲᠣᠭᠲᠠᠭᠠᠯ᠎ᠳᠤ ᠨᠡᠶ᠋ᠢᠴᠡᠬᠦ᠎ᠶᠢ᠎ᠨᠢ ᠰᠢᠭᠤᠳ ᠰᠦᠯᠵᠢᠶᠡᠨ᠎ᠳᠤ ᠬᠤᠯᠪᠣᠬᠤ ᠵᠡᠷᠭᠡ ᠠᠷᠭ᠎ᠠ ᠬᠡᠮᠵᠢᠶ᠎ᠡ᠎ᠶᠢ ᠬᠡᠷᠡᠭᠵᠢᠭᠦᠯᠵᠦ ᠪᠠᠶ᠋ᠢᠭᠠᠳ ᠪᠥᠬᠦ ᠶᠠᠪᠤᠴᠠ᠎ᠶᠢᠨ ᠦᠢᠯᠡᠴᠢᠯᠡᠭᠡᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠪᠡ ᠃ ᠵᠥᠪᠳᠡᠯᠴᠡᠬᠦ᠎ᠪᠠᠷ ᠳᠠᠮᠵᠢᠭᠤᠯᠤᠨ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ ᠡᠮ᠎ᠤᠨ ᠵᠦᠢᠯ᠎ᠤᠨ ᠳ᠋ᠦᠩᠨᠡᠨ ᠪᠤᠳᠤᠬᠤ ᠦᠨ᠎ᠡ᠎ᠶᠢ ᠵᠣᠬᠢᠰᠲᠠᠶ ᠲᠣᠭᠲᠠᠭᠠᠵᠤ ᠂ ᠨᠠᠩ ᠴᠢᠩᠭ᠎ᠠ ᠦᠨ᠎ᠡ ᠬᠠᠩᠰᠢ᠎ᠶᠢᠨ ᠨᠢᠭᠤᠴᠠ᠎ᠶᠢ ᠬᠠᠮᠠᠭᠠᠯᠠᠬᠤ ᠲᠣᠭᠲᠠᠴᠠ᠎ᠶᠢ ᠬᠠᠶ᠋ᠢᠨ ᠰᠦᠪᠡᠭᠴᠢᠯᠡᠵᠦ ᠂ ᠰᠢᠨ᠎ᠡ ᠡᠭᠦᠳᠦᠯᠲᠡ᠎ᠶᠢᠨ ᠡᠮ᠎ᠤᠨ 《ᠭᠠᠳᠠᠭ᠍ᠰᠢ ᠭᠠᠷᠭᠠᠬᠤ》 ᠡᠮᠴᠢᠯᠡᠭᠡᠨ᠎ᠤ ᠳᠠᠭᠠᠳᠬᠠᠯ᠎ᠢᠶᠠᠷ ᠲᠣᠭᠠᠴᠠᠭ᠎ᠠ ᠬᠢᠬᠦ ᠲᠣᠭᠲᠠᠯᠴᠠᠭ᠎ᠠ᠎ᠶᠢᠨ ᠰᠠᠭᠤᠷᠢ᠎ᠶᠢ ᠪᠡᠬᠢᠵᠢᠭᠦᠯᠪᠡ ᠃ ᠥᠨᠳᠥᠷ ᠥᠷᠲᠡᠭᠲᠦ ᠰᠢᠨ᠎ᠡ ᠡᠭᠦᠳᠦᠯᠲᠡ᠎ᠶᠢᠨ ᠡᠮ᠎ᠨᠢ ᠡᠮᠨᠡᠯᠭᠡ᠎ᠶᠢᠨ ᠬᠤᠷᠢᠶᠠᠨ᠎ᠤ ᠡᠵᠡᠩᠨᠡᠯᠲᠡ᠎ᠳᠤ ᠤᠴᠠᠷᠠᠭᠤᠯᠵᠤ ᠮᠡᠳᠡᠬᠦ ᠳᠠᠭᠠᠷᠢᠯᠲᠠ᠎ᠳᠤ ᠴᠢᠭᠯᠡᠭᠦᠯᠦᠨ ᠂ ᠬᠤᠳᠠᠯᠳᠤᠭᠠᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠭᠠᠷᠴᠠᠭ᠎ᠤᠨ ᠡᠮ᠎ᠤᠨ ᠵᠦᠢᠯ᠎ᠢ ᠦᠨᠳᠦᠰᠦᠨ ᠡᠮᠴᠢᠯᠡᠭᠡᠨ᠎ᠤ ᠳᠠᠭᠠᠳᠬᠠᠯ᠎ᠤᠨ ᠥᠪᠡᠷ᠎ᠤᠨ ᠵᠠᠷᠤᠳᠠᠯ᠎ᠤᠨ ᠨᠣᠷᠮ᠎ᠠ᠎ᠶᠢᠨ ᠭᠦᠢᠴᠡᠳᠬᠡᠯ ᠲᠤᠭ᠎ᠠ ᠪᠠ ᠲᠥᠪᠯᠡᠷᠡᠭᠦᠯᠦᠨ ᠬᠤᠳᠠᠯᠳᠤᠨ ᠠᠪᠬᠤ ᠳᠤᠮᠳᠠ᠎ᠠᠴᠠ ᠰᠣᠩᠭᠤᠵᠤ ᠪᠣᠯᠬᠤ ᠲᠥᠷᠥᠯ ᠵᠦᠢᠯ᠎ᠤᠨ ᠬᠢᠨᠠᠨ ᠬᠡᠮᠵᠢᠯᠲᠡ᠎ᠶᠢᠨ ᠬᠡᠪᠴᠢᠶᠡᠨ᠎ᠳᠤ ᠪᠤᠳᠤᠵᠤ ᠣᠷᠣᠭᠤᠯᠬᠤ ᠥᠬᠡᠶ ᠭᠡᠵᠦ ᠲᠣᠳᠣᠷᠬᠠᠶ ᠲᠣᠭᠲᠠᠭᠠᠪᠠ ᠃ ᠲᠤᠰᠠᠭᠠᠷ ᠦᠨ᠎ᠡ ᠬᠠᠩᠰᠢ ᠲᠣᠭᠲᠠᠭᠠᠬᠤ ᠂ ᠲᠤᠰᠠᠭᠠᠷ ᠳ᠋ᠦᠩᠨᠡᠨ ᠪᠣᠳᠣᠬᠤ᠎ᠶᠢ ᠬᠡᠷᠡᠭᠵᠢᠭᠦᠯᠵᠦ ᠂ ᠡᠮᠴᠢ 《ᠵᠣᠷ ᠪᠢᠴᠢᠬᠦ ᠵᠣᠷᠢᠭ᠋ ᠦᠭᠡᠢ》 ᠪᠠᠶ᠋ᠢᠭ᠍ᠰᠠᠨ᠎ᠠᠴᠠ 《ᠵᠦᠢ ᠵᠣᠬᠢᠰᠲᠠᠶ ᠲᠠᠨᠢᠯᠴᠠᠭᠤᠯᠬᠤ》 ᠳᠦᠷᠢᠮ ᠪᠣᠯᠭᠠᠨ ᠬᠤᠪᠢᠷᠠᠭᠤᠯᠪᠠ ᠃

  ᠡᠭᠦᠨ᠎ᠤ ᠵᠡᠷᠭᠡ᠎ᠳᠤ ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠬᠠᠩᠭᠠᠯᠭ᠎ᠠ ᠬᠡᠷᠡᠭᠴᠡᠭᠡ᠎ᠶᠢᠨ ᠬᠤᠶᠠᠷ ᠲᠠᠯ᠎ᠠ᠎ᠶᠢᠨ ᠬᠠᠮᠵᠢᠯᠴᠠᠨ ᠬᠥᠳᠡᠯᠦᠯᠴᠡᠬᠦ᠎ᠶᠢ ᠦᠷᠭᠦᠯᠵᠢᠯᠡᠨ ᠠᠬᠢᠭᠤᠯᠵᠤ ᠂ ᠡᠮ᠎ᠤᠨ ᠵᠦᠢᠯ᠎ᠦᠨ ᠬᠠᠩᠭᠠᠯᠭ᠎ᠠ᠎ᠶᠢᠨ ᠲᠣᠭᠲᠠᠴᠠ ᠬᠢᠭᠡᠳ ᠪᠠᠯᠠ ᠮᠥᠩᠭᠦ᠎ᠶᠢ ᠳ᠋ᠦᠩᠨᠡᠨ ᠪᠤᠳᠤᠬᠤ ᠶᠠᠪᠤᠴᠠ᠎ᠶᠢ ᠲᠠᠰᠤᠷᠠᠯᠲᠠ ᠥᠬᠡᠶ ᠰᠢᠯᠢᠳᠡᠭᠵᠢᠭᠦᠯᠬᠦ᠎ᠪᠠᠷ ᠪᠣᠶ ᠃ 《ᠬᠤᠣᠰ ᠨᠡᠪᠲᠡᠷᠡᠬᠦ ᠵᠠᠮ》᠎ᠤᠨ ᠬᠠᠮᠢᠶᠠᠷᠤᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠬᠦ᠎ᠪᠠᠷ ᠳᠠᠮᠵᠢᠭᠤᠯᠤᠨ ᠂ ᠡᠮᠴᠢᠯᠡᠭᠡᠨ᠎ᠤ ᠪᠠᠶ᠋ᠢᠭᠤᠯᠤᠮᠵᠢ ᠬᠢᠭᠡᠳ ᠲᠣᠭᠲᠠᠭᠰᠠᠨ ᠴᠡᠭ᠎ᠦᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮ᠎ᠤᠨ ᠵᠦᠢᠯ᠎ᠤᠨ ᠰᠢᠨ᠎ᠡ᠎ᠶᠢ ᠡᠭᠦᠳᠬᠦ᠎ᠶᠢ ᠵᠡᠷᠭᠡ᠎ᠳᠤ᠎ᠨᠢ ᠲᠣᠬᠢᠷᠠᠭᠤᠯᠬᠤ᠎ᠶᠢ ᠴᠢᠩᠭᠠᠷᠠᠭᠤᠯᠵᠤ ᠂ ᠡᠪᠡᠳᠴᠢᠲᠡᠨ᠎ᠤ ᠠᠳᠠᠯᠢ ᠪᠤᠰᠤ ᠠᠷᠭ᠎ᠠ ᠵᠠᠮ᠎ᠢᠶᠠᠷ ᠴᠥᠮ ᠳᠥᠭᠦᠮ ᠳᠥᠲᠡ᠎ᠪᠠᠷ ᠬᠡᠷᠡᠭᠰᠡᠬᠦ ᠡᠮ᠎ᠤᠨ ᠵᠦᠢᠯ ᠣᠯᠵᠤ ᠪᠣᠯᠬᠤ᠎ᠶᠢ ᠦᠨᠡᠨ ᠬᠦ᠌ ᠪᠠᠲᠤᠯᠠᠪᠠ ᠃ ᠲᠣᠭᠲᠠᠭᠠᠯ ᠶᠣᠰᠣᠭᠠᠷ ᠴᠠᠭ ᠲᠤᠬᠠᠶ᠎ᠳᠤ ᠨᠢ ᠲᠣᠬᠢᠷᠠᠭᠤᠯᠤᠭᠰᠠᠨ ᠥᠬᠡᠶ ᠪᠤᠶᠤ ᠬᠠᠩᠭᠠᠯᠭ᠎ᠠ᠎ᠶᠢ ᠪᠠᠲᠤᠯᠠᠬᠤ᠎ᠶᠢᠨ ᠠᠷᠭ᠎ᠠ ᠥᠬᠡᠶ ᠡᠮ᠎ᠤᠨ ᠵᠦᠢᠯ᠎ᠢ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠠᠴᠠ ᠲᠣᠭᠲᠠᠭᠠᠯ ᠶᠣᠰᠣᠭᠠᠷ ᠡᠮᠴᠢᠯᠡᠭᠡᠨ᠎ᠤ ᠳᠠᠭᠠᠳᠬᠠᠯ᠎ᠤᠨ ᠭᠠᠷᠴᠠᠭ᠎ᠡᠴᠡ ᠰᠢᠯᠵᠢᠭᠦᠯᠦᠨ ᠭᠠᠷᠭᠠᠬᠤ ᠲᠠᠰ ᠳᠠᠷᠠᠭᠠᠯᠠᠯ᠎ᠢ ᠡᠬᠢᠯᠡᠭᠦᠯᠵᠦ ᠂ ᠦᠨᠳᠦᠰᠦᠨ ᠡᠮᠴᠢᠯᠡᠭᠡᠨ᠎ᠤ ᠳᠠᠭᠠᠳᠬᠠᠯ᠎ᠤᠨ ᠡᠮ᠎ᠤᠨ ᠵᠦᠢᠯ᠎ᠦᠨ ᠭᠠᠷᠴᠠᠭ᠎ᠢ ᠬᠥᠳᠡᠯᠦᠩᠭᠦᠶ᠎ᠪᠠᠷ ᠳᠣᠭᠢᠷᠠᠭᠤᠯᠤᠨ ᠰᠢᠯᠢᠳᠡᠭᠵᠢᠭᠦᠯᠵᠦ ᠂ ᠡᠮ᠎ᠤᠨ ᠵᠦᠢᠯ᠎ᠦᠨ ᠪᠣᠯᠤᠮᠵᠢᠲᠤ ᠴᠢᠨᠠᠷ᠎ᠢ ᠪᠠᠲᠤᠯᠠᠪᠠ ᠃ 《ᠡᠮᠴᠢᠯᠡᠭᠡᠨ᠎ᠤ ᠳᠠᠭᠠᠳᠬᠠᠯ᠎ᠤᠨ ᠡᠮ᠎ᠤᠨ ᠵᠦᠢᠯ᠎ᠤᠨ ᠡᠭᠦᠯᠡᠨ ᠲᠠᠪᠴᠠᠩ》᠎ᠢ ᠲᠦᠷᠭᠡᠳᠬᠡᠨ ᠪᠠᠶ᠋ᠢᠭᠤᠯᠬᠤ ᠪᠠ ᠳᠡᠯᠭᠡᠷᠡᠭᠦᠯᠦᠨ ᠬᠡᠷᠡᠭᠯᠡᠵᠦ ᠂ ᠡᠮᠴᠢᠯᠡᠭᠡᠨ᠎ᠤ ᠪᠠᠶ᠋ᠢᠭᠤᠯᠤᠮᠵᠢ ᠪᠠ ᠡᠪᠡᠳᠴᠢᠲᠡᠨ ᠨᠠᠩ ᠳᠥᠭᠦᠮ ᠳᠥᠲᠡ ᠥᠨᠳᠥᠷ ᠪᠦᠲᠦᠮᠵᠢᠲᠡᠶ ᠮᠡᠳᠡᠭᠡ ᠵᠠᠩᠭᠢ᠎ᠶᠢᠨ ᠦᠢᠯᠡᠴᠢᠯᠡᠭᠡ ᠭᠥᠷᠳᠡᠵᠦ ᠂ ᠡᠮ᠎ᠤᠨ ᠵᠦᠢᠯ᠎ᠤᠨ ᠬᠡᠷᠡᠭᠴᠡᠭᠡ ᠱᠠᠭᠠᠷᠳᠠᠯᠭ᠎ᠠ᠎ᠶᠢ ᠨᠠᠩ ᠴᠠᠭ ᠲᠤᠬᠠᠶ᠎ᠳᠤ ᠨᠢ ᠂ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ᠎ᠶᠢ ᠨᠠᠩ ᠣᠨᠣᠪᠴᠢᠲᠠᠶ ᠪᠣᠯᠭᠠᠵᠤ ᠂ ᠪᠦᠬᠦᠯᠢ ᠴᠣᠭᠴᠠ᠎ᠶᠢᠨ ᠡᠮ ᠬᠡᠷᠡᠭᠯᠡᠬᠦ ᠪᠡᠶᠡᠴᠢ ᠣᠶ᠋ᠢᠯᠠᠭᠠᠯᠲᠠ ᠪᠠ ᠬᠠᠮᠢᠶᠠᠷᠤᠯᠲᠠ᠎ᠶᠢᠨ ᠦᠢᠯᠡᠳᠦᠯ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠪᠡ ᠃ ᠲᠣᠭᠠᠴᠠᠭ᠎ᠠ ᠬᠢᠬᠦ ᠲᠠᠯ᠎ᠠ᠎ᠪᠠᠷ ᠂ ᠡᠮᠴᠢᠯᠡᠭᠡᠨ᠎ᠤ ᠳᠠᠭᠠᠳᠬᠠᠯ᠎ᠤᠨ ᠰᠠᠭᠤᠷᠢ ᠮᠥᠩᠭᠦ᠎ᠶᠢ ᠤᠷᠢᠳᠴᠢᠯᠠᠨ ᠥᠭᠬᠦ ᠲᠥᠷᠥ᠎ᠶᠢᠨ ᠪᠣᠳᠣᠯᠭ᠎ᠠ ᠪᠠ ᠴᠠᠭ ᠲᠤᠬᠠᠶ᠎ᠳᠦ ᠨᠢ ᠳ᠋ᠦᠩᠨᠡᠨ ᠪᠤᠳᠤᠬᠤ ᠲᠣᠭᠲᠠᠴᠠ᠎ᠶᠢ ᠨᠢᠭᠡᠳᠦᠯᠲᠡᠶ ᠲᠥᠯᠥᠪᠯᠡᠨ ᠠᠬᠢᠭᠤᠯᠬᠤ᠎ᠪᠠᠷ ᠳᠠᠮᠵᠢᠭᠤᠯᠤᠨ ᠂ ᠳ᠋ᠦᠩᠨᠡᠨ ᠪᠤᠳᠤᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠵᠦ ᠂ ᠡᠮᠴᠢᠯᠡᠭᠡᠨ᠎ᠤ ᠪᠠᠶ᠋ᠢᠭᠤᠯᠤᠮᠵᠢ᠎ᠶᠢᠨ ᠪᠠᠯᠠ ᠮᠥᠩᠭᠦ᠎ᠶᠢᠨ ᠳᠠᠷᠤᠯᠲᠠ᠎ᠶᠢ ᠬᠥᠩᠭᠡᠷᠡᠭᠦᠯᠪᠡ ᠃ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠡᠮ᠎ᠤᠨ ᠵᠦᠢᠯ᠎ᠤᠨ ᠠᠵᠤ ᠠᠬᠤᠶ᠋ᠢᠯᠠᠯ᠎ᠯᠤᠭ᠎ᠠ ᠲᠣᠭᠲᠠᠭᠰᠠᠨ ᠭᠡᠷ᠎ᠡ᠎ᠶᠢ ᠴᠢᠩᠭ᠎ᠠ ᠬᠡᠷᠡᠭᠵᠢᠭᠦᠯᠵᠦ ᠂ ᠡᠮ᠎ᠤᠨ ᠵᠦᠢᠯ᠎ᠤᠨ ᠳ᠋ᠦᠩᠨᠡᠨ ᠪᠣᠳᠣᠯᠲᠠ᠎ᠶᠢ ᠴᠠᠭ ᠲᠤᠬᠠᠶ᠎ᠳᠦ ᠨᠢ ᠪᠣᠳᠠᠲᠠᠶ᠋ᠢᠵᠢᠭᠤᠯᠬᠤ᠎ᠶᠢ ᠦᠨᠡᠨ ᠬᠦ᠌ ᠪᠠᠲᠤᠯᠠᠵᠤ ᠂ ᠡᠮ ᠡᠮᠨᠡᠯᠭᠡ᠎ᠶᠢᠨ ᠬᠠᠩᠭᠠᠯᠭ᠎ᠠ᠎ᠶᠢᠨ ᠬᠡᠯᠬᠢᠶ᠎ᠡ᠎ᠶᠢᠨ ᠠᠵᠢᠯᠯᠠᠭᠠᠨ᠎ᠢ ᠲᠣᠭᠲᠠᠪᠤᠷᠢᠵᠢᠭᠤᠯᠪᠠ ᠃

  ᠳᠡᠭᠡᠷ᠎ᠡ ᠳᠤᠷᠠᠳᠤᠭᠰᠠᠨ ᠲᠥᠷᠥ᠎ᠶᠢᠨ ᠪᠣᠳᠣᠯᠭ᠎ᠠ᠎ᠶᠢᠨ 《ᠬᠠᠮ ᠠᠷᠭ᠎ᠠ ᠬᠡᠮᠵᠢᠶ᠎ᠡ》 ᠬᠢᠭᠡᠳ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠲᠦᠷᠢᠮ᠎ᠤᠨ ᠰᠢᠨ᠎ᠡ᠎ᠶᠢ ᠡᠭᠦᠳᠬᠦ ᠥᠭᠡᠷᠡᠴᠢᠯᠡᠯᠲᠡ᠎ᠶᠢ ᠬᠠᠷᠢᠯᠴᠠᠨ ᠠᠬᠢᠭᠤᠯᠵᠤ ᠂ ᠬᠠᠮᠤᠷᠬᠤ ᠬᠡᠪᠴᠢᠶ᠎ᠡ ᠨᠠᠩ ᠥᠷᠭᠡᠨ ᠂ ᠲᠣᠭᠲᠠᠴᠠ ᠨᠠᠩ ᠠᠮᠢᠳᠤᠯᠢᠭ᠋ ᠂ ᠦᠢᠯᠡᠴᠢᠯᠡᠭᠡ ᠨᠢ ᠨᠠᠩ ᠰᠢᠯᠢᠳᠡᠭ ᠪᠣᠯᠤᠭᠰᠠᠨ ᠣᠯᠠᠨ ᠲᠠᠰ ᠳᠠᠪᠬᠤᠷᠭ᠎ᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠲᠣᠭᠲᠠᠯᠴᠠᠭ᠎ᠠ᠎ᠶᠢ ᠬᠠᠮᠲᠤ᠎ᠪᠠᠷ ᠪᠠᠶ᠋ᠢᠭᠤᠯᠵᠤ ᠂ ᠥᠷᠭᠡᠨ ᠣᠯᠠᠨ ᠡᠪᠡᠳᠴᠢᠲᠡᠨ ᠢᠯᠠᠩᠭᠤᠶ᠎ᠠ ᠬᠦᠨᠳᠦ ᠶᠡᠭᠡ ᠡᠪᠡᠳᠴᠢᠲᠡᠨ᠎ᠳᠤ ᠴᠢᠨᠠᠷ ᠰᠠᠶ᠋ᠢᠲᠠᠶ ᠰᠢᠨ᠎ᠡ ᠡᠭᠦᠳᠦᠯᠲᠡ᠎ᠶᠢᠨ ᠡᠮ ᠬᠡᠷᠡᠭᠯᠡᠬᠦ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠪᠡ ᠃

  ᠲᠠᠪᠤ ᠂ ᠬᠠᠮᠵᠢᠯᠴᠠᠨ ᠥᠷᠭᠡᠳᠬᠡᠯ ᠄ ᠤᠯᠤᠰ᠎ᠤᠨ ᠳᠣᠲᠣᠭᠠᠳᠤ᠎ᠶᠢᠨ ᠪᠠᠴᠢᠮ ᠪᠠᠶ᠋ᠢᠳᠠᠯ᠎ᠢ ᠠᠷᠭᠠᠴᠠᠭᠠᠬᠤ ᠪᠠᠲᠤᠯᠠᠭ᠎ᠠ ᠬᠢᠭᠡᠳ ᠣᠯᠠᠨ ᠤᠯᠤᠰ᠎ᠤᠨ ᠪᠠᠶ᠋ᠢᠷᠢᠰᠢᠭᠤᠯᠤᠯ᠎ᠤᠨ ᠬᠤᠤᠰ ᠴᠢᠭᠯᠡᠯ᠎ᠦᠨ ᠠᠬᠢᠭᠤᠯᠤᠯ

  ᠲᠠᠰᠤᠷᠠᠯᠲᠠ ᠤᠢ᠍ᠭᠡᠢ ᠬᠤᠪᠢᠷᠠᠵᠤ ᠪᠠᠶ᠋ᠢᠭ᠎ᠠ ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠥᠷᠢᠰᠥᠯᠳᠦᠭᠡᠨ ᠪᠠ ᠡᠮᠴᠢᠯᠡᠭᠡᠨ᠎ᠤ ᠪᠠᠲᠤᠯᠠᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠶᠢᠨ ᠡᠮᠦᠨ᠎ᠡ ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠪᠠᠴᠢᠮ ᠪᠠᠶ᠋ᠢᠳᠠᠯ᠎ᠢ ᠠᠷᠭᠠᠴᠠᠭᠠᠬᠤ ᠨᠠᠩ ᠠᠮᠢᠳᠤᠯᠢᠭ᠋ ᠂ ᠥᠨᠳᠥᠷ ᠪᠦᠲᠦᠮᠵᠢᠲᠡᠶ ᠬᠠᠷᠢᠭᠤ ᠠᠷᠭ᠎ᠠ ᠬᠡᠮᠵᠢᠶ᠎ᠡ᠎ᠶᠢ ᠪᠠᠶ᠋ᠢᠭᠤᠯᠵᠤ ᠂ ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠭᠡᠨᠡᠳᠲᠡ᠎ᠶᠢᠨ ᠬᠡᠷᠡᠭ᠎ᠤᠨ ᠳᠤᠮᠳᠠ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠤᠨ ᠪᠠᠲᠤᠯᠠᠭ᠎ᠠ᠎ᠶᠢᠨ ᠴᠢᠳᠠᠪᠤᠷᠢ᠎ᠶᠢ ᠴᠢᠩᠭᠠᠷᠠᠭᠤᠯᠪᠠ ᠃ ᠡᠮᠴᠢᠯᠡᠭᠡᠨ᠎ᠳᠤ ᠪᠠᠴᠢᠮ ᠱᠠᠭᠠᠷᠳᠠᠭᠳᠠᠬᠤ ᠂ ᠬᠦᠨᠳᠦ ᠶᠡᠭᠡ ᠬᠢᠵᠢᠭ᠎ᠤᠨ ᠪᠠᠶ᠋ᠢᠳᠠᠯ ᠂ ᠬᠠᠯᠳᠠᠪᠤᠷᠢᠲᠤ ᠡᠪᠡᠳᠴᠢᠨ᠎ᠢ ᠠᠷᠭᠠᠴᠠᠭᠠᠬᠤ᠎ᠳᠤ ᠬᠡᠷᠡᠭᠯᠡᠬᠦ ᠵᠡᠷᠭᠡ ᠣᠨᠴᠠᠭᠠᠶ ᠪᠠᠶ᠋ᠢᠳᠠᠯ᠎ᠤᠨ ᠰᠢᠨ᠎ᠡ ᠡᠭᠦᠳᠦᠯᠲᠡ᠎ᠶᠢᠨ ᠡᠮ᠎ᠤᠨ ᠵᠦᠢᠯ᠎ᠳᠤ ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ᠎ᠠᠴᠠ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠮᠴᠢᠯᠡᠭᠡᠨ᠎ᠤ ᠳᠠᠭᠠᠳᠬᠠᠯ᠎ᠢᠶᠡᠷ ᠲᠣᠭᠠᠴᠠᠭ᠎ᠠ ᠬᠢᠬᠦ ᠬᠡᠪᠴᠢᠶᠡᠨ᠎ᠳᠤ ᠲᠦᠷ ᠴᠠᠭ᠎ᠤᠨ ᠣᠷᠣᠭᠤᠯᠤᠭᠰᠠᠨ ᠬᠡᠷᠡᠭᠵᠢᠭᠦᠯᠵᠦ ᠪᠣᠯᠬᠤᠶ᠋ᠢᠴᠠ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ ᠂ ᠣᠨᠴᠠᠭᠠᠶ ᠴᠠᠭ ᠦᠶ᠎ᠡ᠎ᠶᠢᠨ ᠡᠮ᠎ᠤᠨ ᠵᠦᠢᠯ᠎ᠤᠨ ᠪᠣᠯᠤᠮᠵᠢᠲᠤ ᠴᠢᠨᠠᠷ ᠪᠠ ᠲᠣᠭᠠᠴᠠᠭ᠎ᠠ ᠬᠢᠬᠦ ᠦᠷᠭᠦᠯᠵᠢᠯᠡᠬᠦᠢᠴᠡ ᠴᠢᠨᠠᠷ᠎ᠢ ᠦᠨᠡᠨ ᠬᠦ᠌ ᠪᠠᠲᠤᠯᠠᠵᠤ ᠂ ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠲᠣᠭᠲᠠᠯᠴᠠᠭ᠎ᠠ᠎ᠳᠤ ᠬᠦᠴᠦᠲᠡᠶ ᠲᠤᠯᠭᠠᠭᠤᠷᠢᠯᠠᠯ ᠬᠠᠩᠭᠠᠪᠠ ᠃

  ᠮᠠᠨ᠎ᠤ ᠤᠯᠤᠰ᠎ᠤᠨ ᠰᠢᠨ᠎ᠡ ᠡᠭᠦᠳᠦᠯᠲᠡ᠎ᠶᠢᠨ ᠡᠮ ᠲᠠᠰᠤᠷᠠᠯᠲᠠ ᠦᠭᠡᠢ ᠥᠷᠨᠢᠨ ᠬᠥᠭᠵᠢᠭᠰᠡᠨ ᠶᠡᠭᠡ ᠠᠬᠤᠶ ᠪᠠᠶ᠋ᠢᠳᠠᠯ᠎ᠤᠨ ᠳᠣᠣᠷ᠎ᠠ ᠂ ᠮᠠᠨ᠎ᠤ ᠤᠯᠤᠰ᠎ᠤᠨ ᠯᠤᠲᠤ ᠶᠡᠭᠡ ᠦᠢᠯᠡᠳᠪᠦᠷᠢᠯᠡᠬᠦ ᠴᠢᠳᠠᠪᠤᠷᠢ᠎ᠶᠢᠨ ᠳᠠᠪᠠᠭᠤᠯᠢᠭ᠋ ᠂ ᠬᠡᠲᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ ᠵᠢᠴᠢ ᠡᠳᠦᠷ ᠢᠷᠡᠬᠦᠶ᠎ᠡ ᠪᠣᠯᠪᠠᠰᠤᠷᠠᠩᠭᠤᠶ ᠪᠣᠯᠤᠭᠰᠠᠨ ᠰᠤᠳᠤᠯᠤᠨ ᠨᠡᠭᠡᠭᠡᠬᠦ ᠲᠣᠭᠲᠠᠯᠴᠠᠭ᠎ᠠ᠎ᠳᠤ ᠲᠦᠰᠢᠭᠯᠡᠨ ᠂ ᠪᠢᠴᠢᠭ ᠮᠠᠲᠧᠷᠢᠶᠠᠯ᠎ᠢ ᠨᠡᠶ᠋ᠢᠲᠡᠯᠡᠭᠰᠡᠨ ᠬᠦᠴᠦᠲᠡᠶ ᠬᠦᠴᠦᠨ ᠲᠡᠭᠦᠯᠳᠡᠷ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢᠨ ᠳᠤᠮᠳᠠ ᠳᠤᠮᠳᠠᠳᠤ ᠤᠯᠤᠰ᠎ᠤᠨ ᠰᠢᠨ᠎ᠡ ᠡᠭᠦᠳᠦᠯᠲᠡ᠎ᠶᠢᠨ ᠡᠮ᠎ᠤᠨ ᠦᠷ᠎ᠡ ᠪᠦᠲᠦᠭᠡᠯ ᠪᠠ ᠲᠤᠷᠰᠢᠯᠭ᠎ᠠ᠎ᠶᠢ ᠤᠬᠠᠭᠤᠯᠤᠨ ᠲᠠᠨᠢᠯᠴᠠᠭᠤᠯᠵᠠᠶ ᠃ ᠨᠥᠬᠦᠴᠡᠯ᠎ᠲᠠᠢ ᠭᠠᠵᠠᠷ ᠣᠷᠣᠨ᠎ᠨᠢ ᠵᠡᠭᠦᠨ ᠡᠮᠦᠨᠡᠲᠦ ᠠᠽᠢᠶ᠎ᠠ ᠂ ᠳᠤᠮᠳᠠᠳᠤ ᠠᠽᠢᠶ᠎ᠠ ᠵᠢᠴᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠪᠥᠬᠦ ᠪᠥᠮᠪᠥᠷᠴᠡᠭ᠎ᠲᠤ ᠬᠠᠨᠳᠤᠭᠤᠯᠤᠭᠰᠠᠨ ᠡᠮ᠎ᠤᠨ ᠠᠷᠠᠯᠵᠢᠶᠠᠨ᠎ᠤ ᠲᠠᠪᠴᠠᠩ᠎ᠢ ᠰᠦᠪᠡᠭᠴᠢᠯᠡᠨ ᠪᠠᠶ᠋ᠢᠭᠤᠯᠬᠤ᠎ᠶᠢ ᠵᠣᠷᠢᠭ᠍ᠵᠢᠭᠤᠯᠵᠤ ᠂ ᠣᠷᠣᠨ ᠪᠦᠰᠡ᠎ᠶᠢᠨ ᠴᠢᠨᠠᠷᠲᠠᠶ ᠡᠮ᠎ᠤᠨ ᠵᠦᠢᠯ᠎ᠤᠨ ᠭᠦᠢᠯᠭᠡᠭᠡ ᠪᠠ ᠲᠣᠭᠠᠴᠠᠭ᠎ᠠ ᠬᠢᠬᠦ ᠦᠢᠯᠡᠴᠢᠯᠡᠭᠡᠨ᠎ᠤ ᠰᠢᠨ᠎ᠡ ᠲᠣᠭᠲᠠᠴᠠ᠎ᠶᠢ ᠪᠣᠶ ᠪᠣᠯᠭᠠᠪᠠ ᠃ ᠠᠵᠤ ᠠᠬᠤᠶ᠋ᠢᠯᠠᠯ᠎ᠤᠨ ᠰᠢᠶᠠᠩᠭᠠᠩ ᠪᠠ ᠣᠣᠮᠸᠨ᠎ᠤ ᠳᠠᠪᠠᠭᠤᠯᠢᠭ᠋᠎ᠢᠶᠠᠨ ᠠᠰᠢᠭ᠍ᠯᠠᠨ ᠂ ᠳᠡᠯᠡᠬᠡᠢ ᠳ᠋ᠠᠬᠢᠨ᠎ᠳᠤ ᠬᠠᠨᠳᠤᠬᠤ᠎ᠶᠢ       ᠳᠡᠮᠵᠢᠪᠡ ᠃ ᠡᠭᠦᠨ᠎ᠤ ᠬᠠᠮᠲᠤ ᠂ ᠴᠢᠨᠠᠷ ᠰᠠᠶ᠋ᠢᠲᠠᠶ ᠰᠢᠨ᠎ᠡ ᠡᠭᠦᠳᠦᠯᠲᠡ᠎ᠶᠢᠨ ᠡᠮ᠎ᠤᠨ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠤ ᠣᠷᠣᠬᠤ᠎ᠶᠢ ᠦᠷᠭᠦᠯᠵᠢᠯᠡᠨ ᠵᠣᠷᠢᠭ᠍ᠵᠢᠭᠤᠯᠵᠤ ᠂ ᠳᠠᠭᠠᠳᠬᠠᠯ᠎ᠳᠤ ᠣᠷᠣᠯᠴᠠᠭᠰᠠᠳ᠎ᠲᠤ ᠨᠠᠩ ᠪᠠᠶᠠᠯᠢᠭ᠋ ᠪᠥᠭᠡᠳ ᠴᠢᠨᠠᠷ ᠰᠠᠶ᠋ᠢᠲᠠᠶ ᠡᠮᠴᠢᠯᠡᠭᠡᠨ᠎ᠤ ᠰᠣᠩᠭᠤᠯᠲᠠ ᠬᠠᠩᠭᠠᠵᠤ ᠂ ᠨᠠᠩ ᠨᠡᠭᠡᠭᠡᠯᠲᠡᠲᠡᠶ ᠪᠠᠭᠲᠠᠭᠠᠮᠵᠢᠲᠠᠶ ᠂ ᠬᠠᠷᠢᠯᠴᠠᠨ ᠠᠰᠢᠭ᠍ᠲᠠᠶ ᠬᠠᠮᠲᠤ᠎ᠪᠠᠷ ᠠᠰᠢᠭ᠋ ᠭᠥᠷᠳᠡᠬᠦ ᠡᠮ ᠡᠮᠨᠡᠯᠭᠡ᠎ᠶᠢᠨ ᠬᠠᠮᠲᠤᠷᠠᠯᠴᠠᠭᠠᠨ᠎ᠤ ᠪᠠᠶ᠋ᠢᠷᠢᠰᠢᠯ᠎ᠢ ᠪᠣᠶ ᠪᠣᠯᠭᠠᠬᠤ᠎ᠶᠢ       ᠠᠬᠢᠭᠤᠯᠪᠠ ᠃

  ᠶᠡᠷᠦᠩᠬᠡᠶ᠋ᠢᠯᠡᠪᠡᠯ ᠂ ᠡᠨᠡ ᠤᠳᠠᠭᠠᠨ᠎ᠤ ᠥᠭᠡᠷᠡᠴᠢᠯᠡᠯᠲᠡ᠎ᠶᠢᠨ ᠠᠴᠢ ᠬᠤᠯᠪᠣᠭᠳᠠᠯ᠎ᠨᠢ ᠡᠮ᠎ᠤᠨ ᠵᠦᠢᠯ᠎ᠦᠨ ᠨᠠᠷᠢᠨ ᠳᠠᠩᠰᠠ᠎ᠶᠢᠨ ᠬᠡᠪᠴᠢᠶᠡᠨ᠎ᠠᠴᠠ ᠬᠤᠯᠠ ᠳᠠᠪᠠᠵᠠᠢ - ᠲᠡᠷᠡ᠎ᠨᠢ ᠲᠣᠭᠠᠴᠠᠭ᠎ᠠ ᠬᠢᠬᠦ ᠲᠦᠷᠢᠮ ᠬᠢᠭᠡᠳ ᠠᠵᠤ ᠦᠢᠯᠡᠰ᠎ᠤᠨ ᠲᠦᠷᠦ᠎ᠶᠢᠨ ᠪᠤᠳᠤᠯᠭ᠎ᠠ᠎ᠶᠢᠨ ᠭᠦᠨᠵᠡᠭᠡᠢ ᠠᠭᠤᠰᠤᠯᠴᠠᠯ᠎ᠤᠨ ᠲᠦᠷᠢᠮ᠎ᠤᠨ ᠴᠢᠨᠠᠷᠲᠠᠢ ᠠᠮᠠᠯᠠᠯᠲᠠ ᠪᠣᠯᠬᠤ ᠪᠥᠭᠡᠳ ᠵᠠᠰᠠᠭ᠎ᠤᠨ ᠣᠷᠳᠣᠨ ᠬᠢᠭᠡᠳ ᠵᠠᠬ᠎ᠠ ᠳᠡᠯᠭᠡᠭᠦᠷ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠬᠦᠷᠢᠶᠡᠨ᠎ᠳᠤ ᠬᠠᠮᠵᠢᠯᠴᠠᠨ ᠬᠠᠮᠲᠤ᠎ᠪᠠᠷ ᠵᠠᠰᠠᠬᠤ ᠪᠠᠶ᠋ᠢᠯᠳᠤᠬᠤ ᠪᠤᠳᠤᠯᠭ᠎ᠠ᠎ᠠᠴᠠ ᠦᠢᠯᠡᠳᠦᠯᠭᠡ ᠲᠡᠶ᠋ᠢᠰᠢ ᠤᠷᠤᠭᠰᠢᠯᠠᠬᠤ᠎ᠶᠢ ᠠᠬᠢᠭᠤᠯᠪᠠ ᠃

  ᠵᠣᠬᠢᠶᠠᠭ᠍ᠴᠢ ᠄ ᠦᠬᠠᠨ ᠶᠡᠭᠡ ᠰᠤᠷᠭᠠᠭᠤᠯᠢ᠎ᠶᠢᠨ ᠳ᠋ᠦᠩ ᠹᠦ ᠿᠸᠩ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠂ ᠡᠷᠡᠭᠦᠯ ᠮᠡᠨᠳᠦ᠎ᠶᠢᠨ ᠠᠵᠤ ᠠᠬᠤᠶ ᠬᠢᠭᠡᠳ ᠬᠠᠮᠢᠶᠠᠷᠤᠯᠲᠠ᠎ᠶᠢᠨ ᠰᠤᠳᠤᠯᠭᠠᠨ᠎ᠤ ᠲᠥᠪ᠎ᠤᠨ ᠭᠦᠢᠴᠡᠳᠬᠡᠭᠴᠢ ᠡᠷᠬᠢᠯᠡᠭᠴᠢ  ᠸᠠᠩ ᠵᠢᠶᠠᠨ

  ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠬᠠᠯ ᠂ ᠨᠠᠰᠤᠨ ᠲᠤᠷᠰᠢᠲᠠ᠎ᠶᠢᠨ ᠰᠠᠬᠢᠨ ᠬᠠᠮᠠᠭᠠᠯᠠᠭ᠍ᠴᠢ ! ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠠᠮᠤᠷ ᠲᠦᠪᠰᠢᠨ᠎ᠢ ᠬᠠᠮᠠᠭᠠᠯᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ! ᠳᠠᠭᠠᠳᠬᠠᠯ ᠮᠡᠬᠡᠯᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠢᠯᠡᠴᠢᠯᠡᠨ ᠮᠡᠳᠡᠭᠦᠯᠬᠦ ᠤᠲᠠᠰᠤ ᠄ 010 - 89061396 ᠂ 010 - 89061397 ; ᠢᠮᠸᠯ᠄ jubao@nhsa.gov.cn ᠃

ᠢᠷᠡᠯᠲᠡ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            