ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
7 ᠳ᠋ᠤᠭᠠᠷ ᠰᠠᠷ᠎ᠠ᠎ᠶᠢᠨ 1 ᠎ᠤ ᠡᠳᠦᠷ᠎ᠠᠴᠠ ᠡᠬᠢᠯᠡᠨ ᠡᠳᠡᠭᠡᠷ ᠭᠠᠵᠠᠷ ᠣᠷᠣᠨ᠎ᠤ ᠬᠢᠨ ᠦᠷᠡᠵᠢᠯ᠎ᠤᠨ ᠨᠦᠬᠦᠪᠦᠷᠢ ᠮᠦᠩᠭᠦ᠎ᠶᠢ ᠬᠤᠪᠢ ᠬᠦᠮᠦᠨ᠎ᠳᠤ ᠰᠢᠭᠤᠳ ᠣᠯᠭᠣᠨ᠎ᠠ
ᠨᠡᠶ᠋ᠢᠲᠡᠯᠡᠭᠰᠡᠨ ᠴᠠᠭ᠄ 2025-07-13

  ᠣᠢᠷ᠎ᠠ᠎ᠳᠤ ᠂ ᠪᠦᠬᠦ ᠤᠯᠤᠰ᠎ᠤᠨ ᠬᠡᠰᠡᠭ ᠮᠣᠵᠢ ᠬᠣᠲᠠ᠎ᠶᠢᠨ ᠬᠢᠨ ᠦᠷᠡᠵᠢᠯ᠎ᠤᠨ ᠨᠥᠬᠥᠪᠥᠷᠢ ᠮᠥᠩᠭᠥ᠎ᠶᠢ ᠬᠤᠪᠢ ᠬᠦᠮᠦᠨ᠎ᠳᠦ ᠰᠢᠭᠤᠳ ᠣᠯᠭᠣᠬᠤ᠎ᠪᠠᠷ ᠪᠣᠯᠪᠠ ᠂ ᠳᠣᠣᠷ᠎ᠠ ᠪᠢᠳᠡ ᠶᠠᠮᠠᠷ ᠶᠠᠮᠠᠷ ᠭᠠᠵᠠᠷ ᠪᠠᠢᠬᠤ᠎ᠶᠢ ᠦᠵᠡᠵᠡᠭᠡᠶ᠎ᠡ ᠃

  ᠾᠧᠪᠧᠢ ᠮᠣᠵᠢ 7 ᠳ᠋ᠤᠭᠠᠷ ᠰᠠᠷ᠎ᠠ᠎ᠶᠢᠨ 1᠎ᠤ ᠡᠳᠦᠷ᠎ᠠᠴᠠ ᠡᠬᠢᠯᠡᠨ ᠦᠷᠡᠵᠢᠯ᠎ᠤᠨ ᠨᠥᠬᠥᠪᠥᠷᠢ ᠮᠥᠩᠭᠥ᠎ᠶᠢ ᠬᠤᠪᠢ ᠬᠥᠮᠦᠨ᠎ᠳᠤ ᠰᠢᠭᠤᠳ ᠣᠯᠭᠣᠬᠤ᠎ᠶᠢ ᠪᠡᠶᠡᠯᠡᠭᠦᠯᠵᠡᠢ ᠃ ᠳᠠᠭᠠᠳᠬᠠᠯ᠎ᠳᠤ ᠣᠷᠣᠯᠴᠠᠭᠰᠠᠳ 《ᠾᠧᠪᠧᠶ᠎ᠶᠢᠨ ᠣᠶᠣᠨᠲᠤ ᠡᠮᠴᠢᠯᠡᠭᠡᠨ᠎ᠤ ᠳᠠᠭᠠᠳᠬᠠᠯ》 ᠸᠢᠴᠠᠲ᠎ᠤᠨ ᠵᠢᠵᠢᠭ ᠫᠷᠤᠭ᠌ᠷᠠᠮ᠎ᠢᠶᠠᠷ ᠳᠠᠮᠵᠢᠭᠤᠯᠤᠨ 《ᠬᠤᠪᠢ ᠬᠥᠮᠦᠨ》 ↓  《ᠪᠠᠩᠬᠢ᠎ᠶᠢᠨ ᠺᠠᠷᠲ》᠎ᠤᠨ ᠵᠠᠭᠪᠤᠷ᠎ᠲᠤ ᠣᠷᠣᠵᠣ᠌ ᠬᠤᠪᠢ ᠬᠦᠮᠦᠨ᠎ᠦ ᠪᠠᠩᠬᠢ᠎ᠶᠢᠨ ᠳᠠᠩᠰᠠᠨ ᠳ᠋ᠤᠭᠠᠷ᠎ᠤᠨ ᠮᠡᠳᠡᠭᠡ ᠵᠠᠩᠭᠢ᠎ᠪᠠᠨ       ᠬᠠᠮᠠᠭᠠᠯᠠᠨ᠎ᠠ ᠃ ᠬᠠᠮᠠᠭᠠᠯᠠᠯᠲᠠ ᠬᠢᠭᠰᠡᠨ᠎ᠶᠢᠨ  ᠳᠠᠷᠠᠭ᠎ᠠ ᠂ ᠬᠢᠨᠠᠨ ᠬᠠᠷᠭᠤᠭᠤᠯᠬᠤ ᠨᠢᠭᠤᠷ᠎ᠲᠤ ᠪᠠᠩᠬᠢ᠎ᠶᠢᠨ ᠮᠡᠳᠡᠭᠡ ᠵᠠᠩᠭᠢ᠎ᠶᠢ ᠢᠵᠢᠯ ᠠᠯᠬᠤᠮᠴᠢᠯᠠᠵᠤ ᠪᠣᠯᠣᠨ᠎ᠠ ᠃ ᠬᠢᠨᠠᠨ ᠬᠠᠷᠭᠤᠭᠤᠯᠤᠯᠲᠠ ᠪᠠᠲᠤᠯᠠᠭᠳᠠᠭᠰᠠᠨ᠎ᠤ ᠳᠠᠷᠠᠭ᠎ᠠ ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ 10 ᠠᠵᠢᠯᠯᠠᠬᠤ ᠡᠳᠦᠷ᠎ᠤᠨ ᠳᠣᠲᠣᠷ᠎ᠠ ᠰᠠᠯᠭᠠᠨ ᠥᠭᠬᠦ᠎ᠶᠢ ᠪᠡᠶᠡᠯᠡᠭᠦᠯᠵᠦ ᠂ ᠬᠠᠮᠤᠭ᠎ᠤᠨ ᠬᠤᠷᠳᠤᠨ᠎ᠳᠦ᠎ᠪᠠᠨ 2 - 3 ᠠᠵᠢᠯ᠎ᠤᠨ ᠡᠳᠦᠷ᠎ᠲᠤ ᠲᠠᠩᠰᠠ᠎ᠳᠤ ᠣᠷᠣᠭᠤᠯᠤᠨ᠎ᠠ ᠃

  ᠵᠧᠵᠢᠶᠠᠩ ᠮᠤᠵᠢ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ 《ᠦᠷᠡᠵᠢᠯ᠎ᠤᠨ ᠨᠥᠬᠦᠪᠥᠷᠢ ᠮᠥᠩᠭᠥ᠎ᠶᠢ ᠣᠯᠭᠤᠬᠤ ᠠᠷᠭ᠎ᠠ ᠮᠠᠶᠢᠭ᠋᠎ᠢ ᠰᠢᠯᠢᠳᠡᠭᠵᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ ᠂ 7 ᠳ᠋ᠤᠭᠠᠷ ᠰᠠᠷ᠎ᠠ᠎ᠶᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠪᠡ ᠃ ᠰᠢᠯᠢᠳᠡᠭᠵᠢᠭᠦᠯᠦᠭᠰᠡᠨ᠎ᠤ ᠳᠠᠷᠠᠭ᠎ᠠ ᠂ ᠦᠷᠡᠵᠢᠯ᠎ᠦᠨ ᠨᠥᠬᠦᠪᠥᠷᠢ ᠮᠥᠩᠭᠦ ᠭᠤᠶᠤᠴᠢᠯᠠᠨ ᠠᠪᠬᠤ ᠨᠥᠬᠦᠴᠡᠯ᠎ᠳᠤ ᠨᠡᠶ᠋ᠢᠴᠡᠪᠡᠯ ᠂ ᠲᠣᠰ ᠬᠥᠮᠦᠨ ᠪᠤᠶᠤ ᠬᠥᠮᠦᠨ ᠬᠡᠷᠡᠭᠯᠡᠵᠦ ᠪᠠᠢᠭ᠎ᠠ ᠨᠢᠭᠡᠴᠢ᠎ᠠᠴᠠ ᠭᠤᠶᠤᠴᠢᠯᠠᠵᠤ ᠂ ᠲᠤᠬᠠᠶ᠎ᠶᠢᠨ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠭᠠᠷᠲᠠᠨ ᠭᠦᠢᠴᠡᠳᠭᠡᠬᠦ ᠪᠠᠶ᠋ᠢᠭᠤᠯᠤᠮᠵᠢ᠎ᠪᠠᠷ ᠬᠢᠨᠠᠨ ᠬᠠᠷᠭᠤᠭᠤᠯᠵᠤ ᠪᠠᠲᠤᠯᠠᠭᠤᠯᠤᠭᠰᠠᠨ᠎ᠤ ᠳᠠᠷᠠᠭ᠎ᠠ ᠂ ᠬᠤᠪᠢ ᠬᠥᠮᠦᠨ᠎ᠤ ᠵᠢᠭᠠᠨ ᠲᠣᠭᠲᠠᠭᠠᠭᠰᠠᠨ ᠲᠠᠩᠰᠠᠨ ᠡᠷᠦᠬᠡ᠎ᠳᠤ ᠰᠢᠭᠤᠳ ᠣᠯᠭᠤᠨ᠎ᠠ ᠃

  ᠭᠢᠷᠢᠨ ᠮᠤᠵᠢ 《ᠭᠢᠷᠢᠨ ᠮᠤᠵᠢ᠎ᠶᠢᠨ ᠦᠷᠡᠵᠢᠯ᠎ᠦᠨ ᠨᠥᠬᠦᠪᠥᠷᠢ ᠮᠥᠩᠭᠦ ᠣᠯᠭᠤᠬᠤ ᠲᠤᠬᠠᠶ᠋ᠢᠯᠠᠭᠰᠠᠨ ᠠᠵᠢᠯ᠎ᠤᠨ ᠶᠠᠪᠤᠴᠠ᠎ᠶᠢ ᠲᠡᠭᠦᠯᠳᠡᠷᠵᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ ᠂ 7 ᠳ᠋ᠤᠭᠠᠷ ᠰᠠᠷ᠎ᠠ᠎ᠶᠢᠨ 3᠎ᠤ ᠡᠳᠦᠷ᠎ᠠᠴᠠ ᠡᠬᠢᠯᠡᠨ ᠦᠷᠡᠵᠢᠯ᠎ᠦᠨ ᠳᠠᠭᠠᠳᠬᠠᠯ᠎ᠤᠨ ᠭᠠᠷᠲᠠᠨ ᠭᠦᠢᠴᠡᠳᠭᠡᠬᠦ ᠦᠢᠯᠡᠴᠢᠯᠡᠭᠡ᠎ᠶᠢ ᠰᠢᠯᠢᠳᠡᠭᠵᠢᠭᠦᠯᠵᠦ ᠂ ᠨᠢᠭᠡᠴᠢ᠎ᠡᠴᠡ ᠨᠤᠲᠠᠯᠠᠨ ᠲᠣᠭᠲᠠᠭᠠᠬᠤ ᠭᠤᠭᠴᠤᠭ᠎ᠠ᠎ᠶᠢ ᠬᠦᠴᠦᠨ ᠥᠬᠡᠶ ᠪᠣᠯᠭᠠᠵᠤ ᠂ ᠦᠷᠡᠵᠢᠯ᠎ᠦᠨ ᠨᠦᠬᠦᠪᠦᠷᠢ ᠮᠥᠩᠭᠥ᠎ᠶᠢᠨ ᠬᠠᠷᠠᠭᠠᠯᠵᠠᠯ᠎ᠢ ᠬᠤᠪᠢ ᠬᠥᠮᠦᠨ᠎ᠳᠤ ᠰᠢᠭᠤᠳ ᠬᠦᠷᠭᠡᠬᠦ᠎ᠶᠢ ᠪᠠᠲᠤᠯᠠᠪᠠ ᠃

  ᠶᠦᠨᠨᠠᠨ ᠮᠤᠵᠢ᠎ᠶᠢᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ 《ᠦᠷᠡᠵᠢᠯ᠎ᠦᠨ ᠨᠦᠬᠦᠪᠦᠷᠢ ᠮᠥᠩᠭᠥ᠎ᠶᠢ ᠬᠤᠪᠢ ᠬᠥᠮᠦᠨ᠎ᠳᠤ ᠰᠠᠯᠭᠠᠨ ᠥᠭᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ ᠂ 7 ᠳ᠋ᠤᠭᠠᠷ ᠰᠠᠷ᠎ᠠ᠎ᠶᠢᠨ ᠰᠡᠭᠦᠯᠴᠢ᠎ᠠᠴᠠ ᠡᠮᠦᠨ᠎ᠡ ᠂ ᠶᠦᠨᠨᠠᠨ ᠮᠤᠵᠢ᠎ᠶᠢᠨ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ᠋᠎ᠨᠢ ᠦᠷᠡᠵᠢᠯ᠎ᠦᠨ ᠨᠦᠬᠦᠪᠦᠷᠢ ᠮᠥᠩᠭᠥ᠎ᠶᠢ ᠬᠤᠪᠢ ᠬᠥᠮᠦᠨ᠎ᠳᠤ ᠰᠢᠯᠵᠢᠭᠦᠯᠦᠨ ᠥᠭᠬᠦ᠎ᠶᠢ ᠪᠡᠶᠡᠯᠡᠭᠦᠯᠦᠨ᠎ᠡ ᠂ ᠲᠤᠬᠠᠶ᠋ᠢᠯᠠᠪᠠᠯ ᠦᠷᠡᠵᠢᠯ᠎ᠦᠨ ᠨᠦᠬᠦᠪᠦᠷᠢ ᠮᠥᠩᠭᠥ᠎ᠶᠢ ᠭᠤᠶᠤᠴᠢᠯᠠᠨ ᠠᠪᠬᠤ ᠨᠥᠬᠦᠴᠡᠯ᠎ᠳᠤ ᠨᠡᠢᠴᠡᠬᠦ ᠳᠠᠭᠠᠳᠬᠠᠯ᠎ᠳᠤ ᠣᠷᠣᠯᠴᠠᠭᠰᠠᠳ᠎ᠤᠨ ᠦᠷᠡᠵᠢᠯ᠎ᠦᠨ ᠨᠦᠬᠦᠪᠦᠷᠢ ᠮᠥᠩᠭᠥ᠎ᠶᠢ ᠭᠤᠶᠤᠴᠢᠯᠠᠭᠰᠠᠨ᠎ᠤ ᠳᠠᠷᠠᠭ᠎ᠠ ᠡᠮᠴᠢᠯᠡᠭᠡᠨ᠎ᠦ ᠪᠠᠲᠤᠯᠠᠭ᠎ᠠ᠎ᠶᠢᠨ ᠭᠠᠷᠲᠠᠨ ᠭᠦᠢᠴᠡᠳᠭᠡᠬᠦ ᠪᠠᠢᠭᠤᠯᠤᠮᠵᠢ᠎ᠠᠴᠠ ᠬᠤᠪᠢ ᠬᠥᠮᠦᠨ᠎ᠳᠤ ᠰᠢᠭᠤᠳ ᠰᠠᠯᠭᠠᠨ ᠥᠭᠭᠦᠨ᠎ᠡ ᠃

  ᠲᠥᠪᠡᠳ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠪᠠᠰᠠ 7 ᠳ᠋ᠤᠭᠠᠷ ᠰᠠᠷ᠎ᠠ᠎ᠶᠢᠨ 7᠎ᠤ ᠡᠳᠦᠷ ᠬᠠᠮᠢᠶ᠎ᠠ ᠪᠥᠬᠦᠶ ᠪᠢᠴᠢᠭ ᠮᠠᠲᠧᠷᠢᠶᠠᠯ᠎ᠢ ᠳᠠᠷᠤᠮᠠᠯᠯᠠᠨ ᠲᠠᠷᠬᠠᠭᠠᠵᠤ ᠂ ᠪᠥᠬᠦ ᠣᠷᠣᠨ᠎ᠳᠤ ᠦᠷᠡᠵᠢᠯ᠎ᠦᠨ ᠨᠦᠬᠦᠪᠦᠷᠢ ᠮᠥᠩᠭᠥ᠎ᠶᠢ ᠬᠤᠪᠢ ᠬᠥᠮᠦᠨ᠎ᠳᠤ ᠣᠯᠭᠤᠬᠤ᠎ᠶᠢ ᠳᠡᠯᠭᠡᠷᠡᠭᠦᠯᠪᠡ ᠃ ᠡᠭᠦᠨ᠎ᠠᠴᠠ ᠭᠠᠳᠠᠨ᠎ᠠ ᠂ ᠵᠢᠶᠠᠩᠰᠢ᠎ᠶᠢᠨ ᠨᠠᠨᠴᠠᠩ ᠂ ᠵᠢᠦᠵᠢᠶᠠᠩ ᠂ ᠬᠤᠨᠠᠨ᠎ᠤ ᠴᠠᠩᠱᠠ ᠂ ᠱᠣᠤ ᠶᠠᠩ ᠂ ᠴᠠᠩ ᠳᠧ ᠂ ᠴᠧᠨ ᠵᠧᠦ ᠵᠡᠷᠭᠡ ᠨᠢᠭᠡᠳᠦᠯᠲᠡᠶ ᠲᠥᠯᠥᠪᠯᠡᠬᠦ ᠣᠷᠣᠨ ᠴᠤ᠌ 7 ᠳ᠋ᠤᠭᠠᠷ ᠰᠠᠷ᠎ᠠ᠎ᠶᠢᠨ 1᠎ᠤ ᠡᠳᠦᠷ ᠦᠷᠡᠵᠢᠯ᠎ᠦᠨ ᠨᠦᠬᠦᠪᠦᠷᠢ ᠮᠥᠩᠭᠥ᠎ᠶᠢ ᠬᠤᠪᠢ ᠬᠥᠮᠦᠨ᠎ᠳᠤ ᠣᠯᠭᠤᠬᠤ᠎ᠶᠢ ᠪᠡᠶᠡᠯᠡᠭᠦᠯᠪᠡ ᠃

  ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠬᠠᠯ ᠂ ᠨᠠᠰᠤᠨ ᠲᠤᠷᠰᠢᠲᠠ᠎ᠶᠢᠨ ᠰᠠᠬᠢᠨ ᠬᠠᠮᠠᠭᠠᠯᠠᠭ᠍ᠴᠢ ! ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠠᠮᠤᠷ ᠲᠦᠪᠰᠢᠨ᠎ᠢ ᠬᠠᠮᠠᠭᠠᠯᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ! ᠳᠠᠭᠠᠳᠬᠠᠯ ᠮᠡᠬᠡᠯᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠢᠯᠡᠴᠢᠯᠡᠨ ᠮᠡᠳᠡᠭᠦᠯᠬᠦ ᠤᠲᠠᠰᠤ ᠄ 010 - 89061396 ᠂ 010 - 89061397 ; ᠢᠮᠸᠯ᠄ jubao@nhsa.gov.cn ᠃

ᠢᠷᠡᠯᠲᠡ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            