ᠥᠪᠥᠷ ᠡᠮ ᠴᠤᠭᠯᠠᠭᠤᠯᠬᠤ ᠲᠥᠪ ᠦᠰᠦᠭ [2021] 137 ᠳ᠋ᠤᠭ᠋ᠠᠷ ᠲᠣᠭ᠋ᠠᠲᠤ
ᠡᠯ᠎ᠡ ᠬᠠᠮᠢᠶ᠎ᠠ ᠪᠥᠬᠥᠶ ᠠᠵᠤ ᠠᠬᠤᠶ᠋ᠢᠯᠠᠯ᠄
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠰᠦᠯᠵᠢᠶᠡᠨ᠎ᠳᠤ ᠭᠠᠷᠭ᠋ᠠᠬᠤ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠰᠦᠯᠵᠢᠶᠡᠨ᠎ᠳᠤ ᠭᠠᠷᠭ᠋ᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 (ᠥᠪᠥᠷ ᠡᠮ ᠴᠤᠭᠯᠠᠭᠤᠯᠬᠤ ᠲᠥᠪ [2021] 86 ᠳ᠋ᠤᠭ᠋ᠠᠷ ᠲᠣᠭ᠋ᠠᠲᠤ)᠎ᠤᠨ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ᠂ ᠪᠦᠯᠦᠭ ᠬᠤᠪᠢᠶᠠᠨ ᠢᠯᠡ ᠨᠡᠶ᠋ᠢᠲᠡᠯᠡᠬᠦ ᠵᠠᠷᠴᠢᠮ ᠶᠣᠰᠣᠭ᠋ᠠᠷ᠂ ᠡᠳᠦᠭᠡ ᠬᠣᠶᠠᠳᠤᠭ᠋ᠠᠷ ᠪᠦᠯᠦᠭ᠎ᠤᠨ ᠡᠮ᠎ᠤᠨ ᠵᠦᠢ᠍ᠯ᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠬᠦ ᠵᠢᠨ ᠬᠠᠮᠲᠤ᠂ ᠬᠠᠮᠢᠶ᠎ᠠ ᠪᠥᠬᠥᠶ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠢᠯᠡ ᠨᠡᠶ᠋ᠢᠲᠡᠯᠡᠬᠦ ᠠᠭᠤᠯᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠰᠦᠯᠵᠢᠶᠡᠨ᠎ᠳᠤ ᠭᠠᠷᠭ᠋ᠠᠬᠤ ᠠᠵᠢᠯ᠎ᠤᠨ ᠰᠢᠨ᠎ᠡ᠎ᠪᠠᠷ ᠮᠡᠳᠡᠭᠦᠯᠦᠭᠰᠡᠨ ᠬᠣᠶᠠᠳᠤᠭ᠋ᠠᠷ ᠪᠦᠯᠦᠭ᠎ᠤᠨ ᠬᠢᠨᠠᠨ ᠬᠠᠷᠭᠤᠭᠤᠯᠤᠭᠰᠠᠨ ᠡᠮ᠎ᠤᠨ ᠵᠦᠢ᠍ᠯ᠎ᠤᠨ ᠮᠡᠳᠡᠭᠡ ᠵᠠᠩᠭᠢ᠎ᠳᠤ ᠣᠷᠣᠯᠴᠠᠨ᠎ᠠ᠃
ᠬᠣᠶᠠᠷ᠂ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠪᠠᠶ᠋ᠢᠴᠠᠭ᠋ᠠᠨ ᠯᠠᠪᠯᠠᠬᠤ
ᠡᠯ᠎ᠡ ᠭᠤᠶᠤᠴᠢᠯᠠᠨ ᠮᠡᠳᠡᠭᠦᠯᠬᠦ᠎ᠳᠤ ᠣᠷᠣᠯᠴᠠᠭᠰᠠᠨ ᠠᠵᠤ ᠠᠬᠤᠶ᠋ᠢᠯᠠᠯ᠎ᠤᠳ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ ᠵᠶ᠋ᠠᠷ ᠵᠶ᠋ᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ》 — 《ᠪᠠᠯᠠ ᠮᠥᠩᠭᠥ ᠵᠢ ᠬᠢᠨᠠᠨ ᠪᠠᠶ᠋ᠢᠴᠠᠭ᠋ᠠᠬᠤ ᠰᠢᠰᠲ᠋ᠧᠮ》 — 《ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠬᠦ ᠬᠦᠰᠦᠨᠦᠭ》᠎ᠲᠤ ᠣᠷᠣᠵᠤ ᠬᠠᠮᠢᠶ᠎ᠠ ᠪᠥᠬᠥᠶ ᠠᠵᠤ ᠠᠬᠤᠶ᠋ᠢᠯᠠᠯ ᠵᠢᠴᠢ ᠡᠮ᠎ᠤᠨ ᠵᠦᠢ᠍ᠯ᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠪᠠᠶ᠋ᠢᠴᠠᠭ᠋ᠠᠨ ᠦᠵᠡᠨ᠎ᠡ᠃
ᠭᠤᠷᠪᠠ᠂ ᠢᠯᠡ ᠨᠡᠶ᠋ᠢᠲᠡᠯᠡᠬᠦ ᠴᠠᠭ
2021 ᠣᠨ᠎ᠤ 7 ᠰᠠᠷ᠎ᠠ ᠵᠢᠨ 27 — 8 ᠰᠠᠷ᠎ᠠ ᠵᠢᠨ 2᠎ᠤᠨ ᠡᠳᠦᠷ᠃
ᠳᠥᠷᠪᠡ᠂ ᠪᠤᠰᠤᠳ ᠶᠠᠪᠤᠳᠠᠯ᠎ᠤᠳ
(ᠨᠢᠭᠡ) ᠡᠯ᠎ᠡ ᠬᠣᠯᠪᠣᠭᠳᠠᠯ ᠪᠦᠬᠦᠢ ᠠᠵᠤ ᠠᠬᠤᠶ᠋ᠢᠯᠠᠯ ᠬᠡᠷᠪᠡ ᠡᠮ᠎ᠤᠨ ᠵᠦᠢ᠍ᠯ᠎ᠢ ᠬᠤᠳᠠᠯᠳᠤᠨ ᠠᠪᠬᠤ ᠠᠷᠭ᠎ᠠ ᠮᠠᠶᠢᠭ ᠪᠠ ᠬᠢᠵᠠᠭ᠋ᠠᠷᠯᠠᠭᠰᠠᠨ ᠦᠨ᠎ᠡ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠳᠤ ᠣᠨᠳᠣᠣ ᠰᠠᠨᠠᠯ᠎ᠲᠠᠢ ᠪᠠᠶ᠋ᠢᠪᠠᠯ᠂ 《ᠬᠡᠨ ᠰᠠᠨᠠᠯ᠎ᠲᠠᠢ ᠪᠣᠯ ᠲᠡᠷᠡ ᠭᠡᠷᠡᠴᠢ ᠳᠤᠷᠠᠳᠬᠤ》 ᠵᠠᠷᠴᠢᠮ᠎ᠤᠨ ᠶᠣᠰᠣᠭ᠋ᠠᠷ ᠦᠨᠡᠨ ᠪᠣᠳᠠᠲᠠᠶ ᠪᠥᠭᠡᠳ ᠬᠦᠴᠦᠨ᠎ᠲᠠᠢ᠂ ᠪᠦᠷᠢᠨ ᠭᠦᠢ᠍ᠴᠡᠳ ᠭᠡᠷᠡᠴᠢ ᠪᠠᠷᠢᠮᠲᠠ ᠬᠠᠩᠭ᠋ᠠᠬᠤ ᠮᠠᠲ᠋ᠧᠷᠢᠶᠠᠯ᠎ᠢ ᠬᠠᠩᠭ᠋ᠠᠵᠤ᠂ ᠬᠤᠭᠤᠴᠠᠭ᠎ᠠ ᠬᠡᠲᠦᠷᠡᠭᠰᠡᠨ ᠪᠤᠶᠤ ᠲᠣᠭᠲᠠᠭ᠋ᠠᠯ ᠶᠣᠰᠣᠭ᠋ᠠᠷ ᠲᠤᠰᠢᠶᠠᠭᠰᠠᠨ ᠦᠭᠡᠢ ᠪᠠᠶ᠋ᠢᠪᠠᠯ ᠬᠦᠯᠢᠶᠠᠨ ᠠᠪᠴᠤ ᠰᠢᠢ᠍ᠳᠪᠦᠷᠢᠯᠡᠬᠦ ᠦᠬᠡᠢ᠃ (ᠨᠢᠭᠡ) ᠡᠯ᠎ᠡ ᠬᠣᠯᠪᠣᠭᠳᠠᠯ ᠪᠦᠬᠦᠢ ᠠᠵᠤ ᠠᠬᠤᠶ᠋ᠢᠯᠠᠯ ᠬᠡᠷᠪᠡ ᠡᠮ᠎ᠤᠨ ᠵᠦᠢ᠍ᠯ᠎ᠢ ᠬᠤᠳᠠᠯᠳᠤᠨ ᠠᠪᠬᠤ ᠠᠷᠭ᠎ᠠ ᠮᠠᠶᠢᠭ ᠪᠠ ᠬᠢᠵᠠᠭ᠋ᠠᠷᠯᠠᠭᠰᠠᠨ ᠦᠨ᠎ᠡ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠳᠤ ᠣᠨᠳᠣᠣ ᠰᠠᠨᠠᠯ᠎ᠲᠠᠢ ᠪᠠᠶ᠋ᠢᠪᠠᠯ᠂ 《ᠬᠡᠨ ᠰᠠᠨᠠᠯ᠎ᠲᠠᠢ ᠪᠣᠯ ᠲᠡᠷᠡ ᠭᠡᠷᠡᠴᠢ ᠪᠠᠷᠢᠮᠲᠠ ᠳᠤᠷᠠᠳᠬᠤ》 ᠵᠠᠷᠴᠢᠮ᠎ᠤᠨ ᠶᠣᠰᠣᠭ᠋ᠠᠷ ᠦᠨᠡᠨ ᠪᠣᠳᠠᠲᠠᠶ ᠪᠥᠭᠡᠳ ᠬᠦᠴᠦᠨ᠎ᠲᠠᠢ᠂ ᠪᠦᠷᠢᠨ ᠭᠦᠢ᠍ᠴᠡᠳ ᠭᠡᠷᠡᠴᠢ ᠪᠠᠷᠢᠮᠲᠠ ᠬᠠᠩᠭ᠋ᠠᠬᠤ ᠬᠡᠷᠡᠭᠲᠡᠶ᠃ ᠮᠡᠳᠡᠭᠦᠯᠬᠦ ᠬᠢᠷᠢ ᠬᠡᠮ᠎ᠤᠨ ᠮᠡᠳᠡᠭᠡ ᠵᠠᠩᠭᠢ᠎ᠨᠢ ᠪᠦᠷᠢᠨ ᠪᠤᠰᠤ ᠪᠠ ᠲᠤᠰᠢᠶᠠᠭᠰᠠᠨ ᠮᠠᠲ᠋ᠧᠷᠢᠶᠠᠯ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠵᠡᠷᠭᠡ ᠰᠢᠯᠲᠠᠭ᠋ᠠᠨ᠎ᠠᠴᠠ ᠪᠣᠯᠵᠣ ᠬᠢᠨᠠᠨ ᠬᠠᠷᠭᠤᠭᠤᠯᠤᠭ᠋ᠠᠳ ᠬᠢᠷᠢ ᠲᠡᠩᠴᠡᠭᠰᠡᠨ ᠥᠬᠡᠶ ᠪᠠᠶ᠋ᠢᠪᠠᠯ᠂ ᠲᠠᠷᠠᠭ᠋ᠠᠴᠢ ᠵᠢᠨ ᠤᠯᠠᠷᠢᠯ᠎ᠳᠤ ᠲᠥᠪᠯᠡᠷᠡᠭᠦᠯᠦᠨ ᠮᠡᠳᠡᠭᠦᠯᠬᠦ ᠦᠶ᠎ᠡ᠎ᠳᠤ᠂ ᠨᠥᠬᠥᠪᠥᠷᠢᠯᠡᠨ ᠲᠡᠭᠦᠯᠳᠡᠷᠵᠢᠭᠦᠯᠦᠭᠰᠡᠨ᠎ᠤ ᠳᠠᠷᠠᠭ᠎ᠠ ᠳᠠᠭᠢᠵᠤ ᠬᠢᠨᠠᠨ ᠬᠠᠷᠭᠤᠭᠤᠯᠬᠤ᠎ᠪᠠᠷ ᠲᠤᠰᠢᠶᠠᠵᠤ᠂ ᠭᠣᠮᠣᠳᠠᠯ ᠲᠣᠭ᠋ᠠᠴᠢᠭᠰᠠᠨ ᠮᠠᠲ᠋ᠧᠷᠢᠶᠠᠯ ᠵᠶ᠋ᠠᠨ ᠲᠤᠰᠢᠶᠠᠬᠤ ᠴᠢᠬᠤᠯᠠ ᠥᠬᠡᠶ᠃
(ᠬᠣᠶᠠᠷ) ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠬᠦ (ᠪᠠᠯᠠ ᠣᠷᠣᠭᠤᠯᠬᠤ) ᠵᠠᠭ᠋ᠠᠯᠳᠤᠯᠭ᠎ᠠ ᠵᠢᠨ ᠮᠠᠲ᠋ᠧᠷᠢᠶᠠᠯ᠎ᠳᠤ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ》 (ᠳᠠᠭ᠋ᠠᠯᠳᠤᠭᠤᠯᠤᠯ 1)᠂ 《ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠬᠤ ᠪᠢᠴᠢᠭ》 (ᠳᠠᠭ᠋ᠠᠯᠳᠤᠭᠤᠯᠤᠯ 2)᠂ 《ᠪᠠᠶ᠋ᠢᠳᠠᠯ᠎ᠤᠨ ᠲᠣᠳᠣᠷᠬᠠᠶ᠋ᠢᠯᠠᠯᠲᠠ》 ᠪᠣᠯᠤᠨ ᠬᠠᠮᠢᠶ᠎ᠠ ᠪᠥᠬᠥᠶ ᠲᠣᠳᠣᠷᠬᠠᠶ ᠪᠥᠭᠡᠳ ᠬᠦᠴᠦᠨ᠎ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃
(ᠭᠤᠷᠪᠠ) ᠲᠤᠰᠢᠶᠠᠬᠤ ᠠᠷᠭ᠎ᠠ ᠮᠠᠶᠢᠭ᠄ ᠬᠠᠮᠢᠶ᠎ᠠ ᠪᠥᠬᠥᠶ ᠡᠮ᠎ᠤᠨ ᠵᠦᠢ᠍ᠯ ᠤᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠨᠢ 《ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠲᠤᠬᠠᠶ᠋ᠢᠯᠠᠭᠰᠠᠨ ᠠᠵᠢᠯ᠎ᠤᠨ ᠭᠥᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ》 (ᠳᠣᠲᠣᠷ ᠡᠮ ᠴᠤᠭᠯᠠᠭᠤᠯᠬᠤ ᠲᠥᠪ ᠥᠰᠥᠭ [2020] 13 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ ᠶᠣᠰᠣᠭ᠋ᠠᠷ᠂ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠵᠤ ᠭᠤᠶᠤᠴᠢᠯᠠᠬᠤ (ᠥᠭᠬᠦ) ᠵᠠᠭ᠋ᠠᠯᠳᠤᠯᠭ᠎ᠠ ᠵᠢᠨ ᠮᠠᠲ᠋ᠧᠷᠢᠶᠠᠯ᠎ᠢ ᠵᠢᠭ᠋ᠠᠨ ᠲᠣᠭᠲᠠᠭ᠋ᠠᠭᠰᠠᠨ ᠰᠢᠤᠳᠠᠨ᠎ᠤ ᠬᠠᠶ᠋ᠢᠷᠴᠠᠭ (nmgyczxywsl@163.com)᠎ᠲᠤ ᠬᠦᠷᠭᠡᠨ᠎ᠡ᠃
(ᠳᠥᠷᠪᠡ) ᠪᠦᠯᠦᠭ ᠪᠦᠷᠢ ᠵᠢᠨ ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠭᠥᠯᠢᠶᠡᠨ ᠠᠪᠤᠭᠰᠠᠨ ᠭᠤᠶᠤᠴᠢᠯᠠᠯ (ᠣᠷᠣᠭᠤᠯᠤᠯᠲᠠ)᠎ᠤᠨ ᠵᠠᠭ᠋ᠠᠯᠳᠤᠯᠭ᠎ᠠ ᠵᠢ ᠲᠥᠪᠯᠡᠷᠡᠭᠦᠯᠦᠨ ᠰᠢᠳᠪᠦᠷᠢᠯᠡᠵᠤ ᠂ ᠲᠤᠬᠠᠶ ᠵᠢᠨ ᠴᠠᠭᠲᠤᠨᠢ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠪᠠᠷ ᠳᠡᠮᠵᠢᠨ ᠦᠷ᠎ᠡ ᠳ᠋ᠦᠩ᠎ᠢ ᠨᠢᠭᠡᠳᠦᠯᠲᠡᠶ ᠨᠡᠶ᠋ᠢᠲᠡᠯᠡᠨ᠎ᠡ᠃
ᠲᠠᠪᠤ᠂ ᠬᠠᠷᠢᠯᠴᠠᠬᠤ ᠠᠷᠭ᠎ᠠ ᠬᠡᠯᠪᠡᠷᠢ
0471 — 4919735 (ᠮᠠᠲ᠋ᠧᠷᠢᠶᠠᠯ᠎ᠢ ᠬᠦᠯᠢᠶᠡᠨ ᠠᠪᠴᠤ ᠰᠢᠢ᠍ᠳᠪᠦᠷᠢᠯᠡᠬᠦ) 0471 — 4930630 (ᠲᠤᠬᠠᠶ᠋ᠢᠯᠠᠭᠰᠠᠨ ᠠᠵᠢᠯ᠎ᠤᠨ ᠯᠠᠪᠯᠠᠯᠭ᠎ᠠ)
ᠳᠠᠭ᠋ᠠᠯᠳᠤᠭᠤᠯᠤᠯ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ 2. ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠬᠤ ᠪᠢᠴᠢᠭ
ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
2021 ᠣᠨ᠎ᠤ 7 ᠰᠠᠷ᠎ᠠ ᠵᠢᠨ 26᠎ᠤ ᠡᠳᠦᠷ