ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠡᠮ ᠡᠮᠨᠡᠯᠭᠡ ᠵᠢᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠤᠨ ᠠᠰᠠᠭᠤᠨ ᠯᠠᠪᠯᠠᠬᠤ ᠦᠢ᠍ᠯᠡᠴᠢᠯᠡᠭᠡᠨ᠎ᠤ ᠡᠳᠦᠷ᠎ᠢ ᠲᠤᠭᠳᠠᠭ᠋ᠠᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-08-27

        ᠥᠪᠥᠷ ᠡᠮ ᠬᠤᠳᠠᠯᠳᠤᠨ ᠠᠪᠬᠤ ᠲᠥᠪ ᠦᠰᠦᠭ [2021] 168 ᠳ᠋ᠤᠭ᠋ᠠᠷ ᠲᠣᠭ᠋ᠠᠲᠤ
ᠡᠯ᠎ᠡ ᠡᠮ ᠡᠮᠨᠡᠯᠭᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠢ᠌ᠯᠠᠯ᠎ᠳᠤ᠄
     《ᠲᠠᠯᠪᠢᠬᠤ ᠬᠠᠮᠢᠶᠠᠷᠬᠤ ᠦᠢ᠍ᠯᠡᠴᠢᠯᠡᠬᠦ》 ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠠᠵᠤ ᠠᠬᠤᠶ᠋ᠢᠯᠠᠯ᠎ᠤᠨ ᠬᠠᠯᠠᠮᠰᠢᠯ ᠪᠠ ᠠᠩᠬᠠᠷᠴᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭᠴᠦ᠂ ᠠᠵᠤ ᠠᠬᠤᠶ᠋ᠢᠯᠠᠯ᠎ᠤᠨ ᠬᠠᠷᠢᠯᠴᠠᠨ ᠵᠦᠪᠳᠡᠯᠴᠡᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠠᠵᠤ ᠠᠬᠤᠶ᠋ᠢᠯᠠᠯ᠎ᠢ ᠬᠠᠪᠰᠤᠷᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠷᠥ ᠵᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠠᠪᠴᠠᠩ᠎ᠤᠨ ᠠᠵᠢᠯᠯᠠᠭ᠎ᠠ ᠵᠢ ᠪᠤᠯᠪᠠᠰᠤᠷᠠᠩᠭᠤᠢ ᠡᠵᠡᠮᠰᠢᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠨᠢ ᠲᠤᠬᠠᠶ᠋ᠢᠯᠠᠭᠰᠠᠨ ᠠᠵᠢᠯ᠎ᠤᠨ ᠲᠥᠷᠥᠯ ᠬᠡᠯᠪᠡᠷᠢ ᠵᠢᠨ ᠶᠣᠰᠣᠭ᠋ᠠᠷ ᠠᠰᠠᠭᠤᠨ ᠯᠠᠪᠯᠠᠬᠤ ᠦᠢ᠍ᠯᠡᠴᠢᠯᠡᠭᠡᠨ᠎ᠤ ᠡᠳᠦᠷ ᠲᠤᠭᠳᠠᠭ᠋ᠠᠬᠤ᠎ᠪᠠᠷ ᠪᠤᠯᠤᠯ᠎ᠠ᠂ ᠡᠳᠦᠭᠡ ᠬᠠᠮᠢᠶ᠎ᠠ ᠪᠥᠬᠥᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠃
      ᠨᠢᠭᠡ᠂ ᠠᠰᠠᠭᠤᠨ ᠯᠠᠪᠯᠠᠬᠤ ᠦᠢ᠍ᠯᠡᠴᠢᠯᠡᠭᠡᠨ᠎ᠤ ᠠᠭᠤᠯᠭ᠎ᠠ
     (ᠨᠢᠭᠡ) ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠤᠨ ᠮᠠᠳᠠᠭ᠎ᠲᠠᠢ ᠠᠰᠠᠭᠤᠳᠠᠯ;
   (ᠬᠣᠶᠠᠷ) ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ᠂ ᠭᠣᠮᠣᠳᠠᠯ ᠲᠤᠭ᠋ᠠᠴᠠᠭᠰᠠᠨ ᠮᠠᠳᠠᠭ᠎ᠲᠠᠢ ᠠᠰᠠᠭᠤᠳᠠᠯ᠎ᠳᠤ ᠯᠠᠪᠯᠠᠭ᠎ᠠ ᠥᠭᠬᠦ;
     (ᠭᠤᠷᠪᠠ) ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠢᠰᠲ᠋ᠧᠮ᠎ᠤᠨ   ᠠᠵᠢᠯᠯᠠᠭ᠎ᠠ ᠵᠢ ᠵᠢᠯᠤᠭᠤᠳᠬᠤ;
     (ᠳᠥᠷᠪᠡ) ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠠᠵᠢᠯ᠎ᠤᠨ ᠲᠤᠬᠠᠶ ᠰᠠᠨᠠᠯ ᠪᠠ ᠰᠠᠨᠠᠭᠤᠯᠭ᠎ᠠ ᠲᠠᠯᠪᠢᠬᠤ᠃
      ᠬᠣᠶᠠᠷ᠂ ᠠᠰᠠᠭᠤᠨ ᠯᠠᠪᠯᠠᠬᠤ ᠦᠢ᠍ᠯᠡᠴᠢᠯᠡᠭᠡᠨ᠎ᠤ ᠴᠠᠭ
     (ᠨᠢᠭᠡ) ᠦᠢ᠍ᠯᠡᠴᠢᠯᠡᠬᠦ ᠴᠠᠭ᠃ 2021 ᠣᠨ᠎ᠤ 9 ᠳ᠋ᠤᠭᠡᠷ ᠰᠠᠷ᠎ᠠ ᠵᠢᠨ 1᠎ᠤ ᠡᠳᠦᠷ᠎ᠠᠴᠠ 12   ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠂ ᠭᠠᠷᠠᠭ ᠪᠦᠷᠢ ᠵᠢᠨ ᠬᠣᠶᠠᠷ᠎ᠠᠴᠠ ᠭᠠᠷᠠᠭ ᠪᠦᠷᠢ ᠵᠢᠨ ᠳᠥᠷᠪᠡᠨ᠎ᠤ ᠡᠳᠦᠷ᠎ᠤᠨ ᠦᠳᠡ ᠵᠢᠨ ᠬᠣᠶ᠋ᠢᠨᠠᠬᠢ 14᠄ 30᠎ᠠᠴᠠ 16᠄ 30 ᠪᠣᠯᠲᠠᠯ᠎ᠠ (ᠤᠯᠤᠰ᠎ᠤᠨ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ ᠠᠮᠠᠷᠠᠯᠲᠠ ᠵᠢᠨ ᠡᠳᠦᠷ ᠡᠭᠦᠨ᠎ᠳᠤ ᠪᠠᠭᠲᠠᠬᠤ ᠥᠬᠡᠶ)᠃
     (ᠬᠣᠶᠠᠷ) ᠲᠤᠬᠠᠶ᠋ᠢᠯᠠᠭᠰᠠᠨ ᠠᠵᠢᠯ᠎ᠤᠨ ᠲᠥᠷᠥᠯ ᠬᠡᠯᠪᠡᠷᠢ᠃ ᠭᠠᠷᠠᠭ᠎ᠤᠨ ᠬᠣᠶᠠᠷ᠎ᠲᠤ ᠡᠮ ᠲᠠᠩ᠎ᠤᠨ ᠲᠤᠬᠠᠶ᠋ᠢᠯᠠᠭᠰᠠᠨ ᠠᠵᠢᠯ᠂ ᠭᠠᠷᠠᠭ᠎ᠤᠨ ᠭᠤᠷᠪᠠᠨ᠎ᠳᠤ ᠡᠮᠨᠡᠯᠭᠡ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠲᠤᠬᠠᠶ᠋ᠢᠯᠠᠭᠰᠠᠨ ᠠᠵᠢᠯ᠂ ᠭᠠᠷᠠᠭ᠎ᠤᠨ ᠳᠥᠷᠪᠡᠨ᠎ᠳᠤ ᠰᠢᠰᠲ᠋ᠧᠮ᠎ᠤᠨ ᠠᠵᠢᠯᠯᠠᠭ᠎ᠠ᠎ᠳᠤ ᠵᠢᠯᠤᠭᠤᠳᠤᠯᠭ᠎ᠠ ᠬᠢᠨ᠎ᠡ᠃
      ᠭᠤᠷᠪᠠ᠂ ᠠᠰᠠᠭᠤᠨ ᠯᠠᠪᠯᠠᠬᠤ ᠦᠢ᠍ᠯᠡᠴᠢᠯᠡᠭᠡᠨ᠎ᠤ ᠭᠠᠵᠠᠷ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠤᠨ ᠨᠢᠭᠡᠳᠦᠭᠡᠷ ᠳᠠᠪᠬᠤᠷᠯᠢᠭ᠎ᠤᠨ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠲᠠᠰᠤᠭ (ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠤᠯᠠᠭ᠋ᠠᠨᠴᠠᠪ ᠪᠠᠷᠠᠭᠤᠨ ᠵᠡᠭᠡᠯᠢ ᠵᠢᠨ 19 ᠳ᠋ᠤᠭᠡᠷ ᠨᠣᠮᠧᠷ)᠃
      ᠠᠰᠠᠭᠤᠨ ᠯᠠᠪᠯᠠᠬᠤ ᠴᠠᠭ᠂ ᠭᠠᠵᠠᠷ ᠣᠷᠣᠨ᠎ᠨᠢ ᠬᠤᠪᠢᠷᠠᠯᠲᠠ᠎ᠲᠠᠢ ᠪᠣᠯ ᠠᠰ᠎ᠲᠤᠨᠢ ᠮᠡᠳᠡᠭᠳᠡᠨ᠎ᠡ᠃
      ᠳᠥᠷᠪᠡ᠂ ᠬᠠᠮᠢᠶ᠎ᠠ ᠪᠥᠬᠥᠶ ᠱᠠᠭ᠋ᠠᠷᠳᠠᠯᠭ᠎ᠠ
      ᠲᠤᠬᠠᠶ ᠵᠢᠨ ᠲᠠᠯᠠᠪᠤᠷ᠎ᠲᠤ ᠠᠰᠠᠭᠤᠨ ᠯᠠᠪᠯᠠᠬᠤ᠎ᠠᠴᠠ ᠡᠮᠦᠨᠡᠬᠡᠨ 14 ᠡᠳᠦᠷ᠎ᠤᠨ ᠳᠣᠲᠣᠷ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠰᠡᠵᠢᠭᠲᠡᠶ ᠡᠪᠡᠳᠴᠢᠨ᠎ᠤ ᠢᠯᠡᠷᠡᠯ᠎ᠲᠠᠢ᠂ ᠬᠢᠵᠢᠭ᠎ᠤᠨ ᠪᠠᠶ᠋ᠢᠳᠠᠯ᠎ᠤᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ᠎ᠳᠤ ᠰᠠᠭ᠋ᠠᠲᠠᠭᠰᠠᠨ ᠲᠡᠤᠬᠡ᠎ᠲᠠᠢ ᠪᠤᠶᠤ ᠪᠤᠰᠤᠳ ᠶᠠᠮᠠᠷᠪᠠ ᠰᠡᠵᠢᠭᠲᠡᠶ ᠪᠠᠶ᠋ᠢᠳᠠᠯ᠎ᠲᠠᠢ ᠬᠥᠮᠦᠰ᠎ᠤᠨ ᠲᠤᠬᠠᠶ ᠵᠢᠨ ᠲᠠᠯᠠᠪᠤᠷ᠎ᠤᠨ ᠠᠰᠠᠭᠤᠨ ᠯᠠᠪᠯᠠᠯᠭ᠎ᠠ ᠵᠢ ᠬᠦᠯᠢᠶᠡᠬᠦ ᠥᠬᠡᠶ; ᠲᠤᠬᠠᠶ ᠵᠢᠨ ᠲᠠᠯᠠᠪᠤᠷ᠎ᠲᠤ ᠠᠰᠠᠭᠤᠨ ᠯᠠᠪᠯᠠᠭᠴᠢᠳ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠠᠮᠢᠶ᠎ᠠ ᠪᠥᠬᠥᠶ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠨ ᠰᠠᠬᠢᠵᠤ᠂ ᠳᠡᠩᠰᠡᠯᠡᠨ ᠲᠡᠮᠳᠡᠭᠯᠡᠬᠦ ᠪᠠ ᠪᠠᠶ᠋ᠢᠴᠠᠭ᠋ᠠᠨ ᠰᠢᠯᠭ᠋ᠠᠬᠤ᠎ᠳᠤ ᠬᠠᠮᠵᠢᠯᠴᠠᠬᠤ ᠠᠵᠢᠯ᠎ᠢ ᠰᠠᠶ᠋ᠢᠲᠤᠷ ᠬᠢᠵᠦ᠂ ᠠᠰᠠᠭᠤᠨ ᠯᠠᠪᠯᠠᠬᠤ᠎ᠳᠤ ᠪᠥᠬᠥ ᠶᠠᠪᠤᠴᠠ᠎ᠳᠤ ᠠᠮᠠᠪᠴᠢ ᠵᠡᠭᠦᠬᠦ ᠬᠡᠷᠡᠭᠲᠡᠶ᠃
                    ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
                                2021 ᠣᠨ᠎ᠤ 8 ᠳ᠋ᠤᠭ᠋ᠠᠷ ᠰᠠᠷ᠎ᠠ ᠵᠢᠨ 26᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
 
            