ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠯ᠎ᠡ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠂ ᠡᠯ᠎ᠡ ᠴᠡᠭ ᠳᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠮᠢᠶᠠᠷᠤᠯᠲᠠ ᠵᠢᠨ ᠠᠷᠭ᠎ᠠ》 ᠵᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2022 ᠣᠨ᠎ᠤ 9 ᠰᠠᠷ᠎ᠠ ᠵᠢᠨ 19᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠣᠨᠴᠠᠭ᠋ᠠᠶ ᠤᠳᠠᠭ᠋ᠠᠨ ᠴᠢᠨᠠᠷᠲᠠᠢ ᠡᠪᠡᠳᠴᠢᠨ᠎ᠤ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠣᠨᠴᠣᠭᠣᠶ ᠤᠵᠢᠭ ᠡᠪᠡᠳᠴᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠮ ᠡᠮᠨᠡᠯᠭᠡ ᠵᠢᠨ ᠵᠠᠷᠤᠳᠠᠯ᠎ᠤᠨ ᠳᠠᠷᠤᠭ᠋ᠠᠰᠤ ᠵᠢ ᠬᠥᠩᠭᠡᠷᠡᠭᠦᠯᠦᠨ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠤᠰᠠᠳᠠ᠂ 《ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ᠎ᠳᠤ ᠬᠠᠮᠲᠤ᠎ᠪᠠᠷ ᠲᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠵᠢᠯᠣᠭᠣᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ 20214 ᠳ᠋ᠦᠭᠡᠷ ᠲᠣᠭ᠋ᠠᠲᠤ) ᠵᠢᠴᠢ 《ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ᠎ᠳᠤ ᠬᠠᠮᠲᠤ᠎ᠪᠠᠷ ᠲᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ 202182 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠲᠤᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠤᠰ ᠠᠷᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠰ᠎ᠲᠤ ᠬᠡᠷᠡᠭᠯᠡᠭᠳᠡᠨ᠎ᠡ᠃
ᠬᠣᠶᠠᠳᠤᠭ᠋ᠠᠷ ᠪᠦᠯᠦᠭ ᠣᠯᠭᠣᠮᠵᠢ ᠵᠢᠨ ᠪᠠᠲᠤᠯᠠᠭ᠎ᠠ᠃ ᠭᠤᠷᠪᠠᠳᠤᠭ᠋ᠠᠷ ᠵᠦᠢ᠍ᠯ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠳᠠᠭ᠋ᠠᠭ᠋ᠠᠬᠤ ᠴᠢᠳᠠᠪᠤᠷᠢ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠭᠦᠳᠡᠨ ᠡᠮᠨᠡᠯᠭᠡ ᠵᠢᠨ ᠣᠨᠴᠣᠭᠣᠶ ᠤᠳᠠᠭ᠋ᠠᠨ ᠴᠢᠨᠠᠷᠲᠠᠶ ᠡᠪᠡᠳᠴᠢᠨ᠎ᠤ ᠵᠦᠢ᠍ᠯ᠎ᠤᠨ ᠬᠡᠪᠴᠢᠶ᠎ᠡ᠎ᠳᠤ ᠬᠥᠳᠡᠯᠦᠩᠭᠦᠶ ᠲᠣᠬᠢᠷᠠᠭᠤᠯᠬᠤ ᠲᠣᠭᠲᠠᠴᠠ ᠵᠢ ᠬᠡᠷᠡᠭᠵᠢᠭᠦᠯᠵᠦ᠂ ᠡᠪᠡᠳᠴᠢᠨ᠎ᠤ ᠵᠦᠢ᠍ᠯ᠎ᠤᠨ ᠪᠠᠲᠤᠯᠠᠭ᠎ᠠ᠎ᠠᠴᠠ ᠵᠠᠷᠤᠳᠠᠯ᠎ᠤᠨ ᠪᠠᠲᠤᠯᠠᠭ᠎ᠠ ᠲᠡᠰᠢ ᠰᠢᠯᠵᠢᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃
ᠳᠥᠷᠪᠡᠳᠦᠭᠡᠷ ᠵᠦᠶᠯ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠭᠦᠳᠡᠨ ᠡᠮᠨᠡᠯᠭᠡ ᠵᠢᠨ ᠣᠨᠴᠣᠭᠣᠶ ᠤᠵᠢᠭ ᠡᠪᠡᠳᠴᠢᠨ᠎ᠳᠤ ᠨᠡᠶ᠋ᠢᠲᠡ ᠠᠷᠪᠠᠨ ᠡᠪᠡᠳᠴᠢᠨ᠎ᠤ ᠵᠦᠶᠯ ᠪᠣᠶ᠄
ᠬᠣᠣᠷᠲᠤ ᠬᠠᠪᠤᠳᠠᠷ᠎ᠢ ᠰᠠᠴᠤᠷᠠᠭ ᠬᠢᠮᠢ ᠵᠢᠨ ᠵᠠᠰᠠᠯ᠂ ᠴᠢᠰᠤ ᠵᠢ ᠨᠡᠪᠴᠢᠭᠦᠯᠦᠨ ᠢᠯᠭ᠋ᠠᠷᠠᠭᠤᠯᠬᠤ᠂ ᠬᠡᠪᠡᠯᠢ ᠵᠢᠨ ᠪᠦᠷᠬᠦᠪᠴᠢ ᠵᠢ ᠨᠡᠪᠴᠢᠭᠦᠯᠦᠨ ᠢᠯᠭ᠋ᠠᠷᠠᠭᠤᠯᠬᠤ᠂ ᠨᠡᠬᠡᠳᠡᠰᠦ ᠡᠷᠬᠡᠲᠡᠨ᠎ᠢ ᠰᠢᠯᠵᠢᠭᠦᠯᠬᠦ ᠮᠡᠰᠡ ᠵᠠᠰᠠᠯ᠎ᠤᠨ ᠳᠠᠷᠠᠭ᠋ᠠᠬᠢ ᠭᠠᠳᠠᠭᠤᠷᠴᠢᠯᠠᠬᠤ ᠵᠢ ᠡᠰᠡᠷᠭᠦᠴᠡᠬᠦ ᠡᠮᠴᠢᠯᠡᠭᠡ᠂ ᠠᠭᠤᠰᠬᠢᠨ ᠯᠤᠭᠰᠢᠭᠤᠨ ᠰᠤᠳᠠᠯ᠎ᠤᠨ ᠥᠨᠳᠥᠷ ᠳᠠᠷᠤᠯᠲᠠ᠂ ᠴᠢᠰᠤ ᠭᠤᠭᠤᠵᠢᠮᠠᠲᠠᠭ᠋ᠠᠢ ᠡᠪᠡᠳᠴᠢᠨ᠂ ᠸᠢᠷᠦ᠋ᠰ᠎ᠤᠨ ᠴᠢᠨᠠᠷᠲᠠᠢ ᠡᠯᠢᠭᠡᠨ᠎ᠤ ᠦᠷᠪᠢᠰᠦᠯ᠂ ᠡᠯᠢᠭᠡᠨ᠎ᠤ ᠬᠠᠲᠠᠭᠤᠷᠠᠯ᠎ᠤᠨ ᠣᠷᠣᠯᠠᠬᠤ ᠬᠤᠭᠤᠴᠠᠭ᠎ᠠ᠂ ᠫᠠᠺᠢᠨᠰᠤᠨ ᠡᠪᠡᠳᠴᠢᠨ᠂ ᠰᠢᠰᠲ᠋ᠧᠮᠲᠦ ᠴᠢᠨᠠᠷᠲᠠᠢ ᠤᠯᠠᠭ᠋ᠠᠨ ᠲᠣᠯᠪᠣᠲᠤ ᠴᠢᠨᠦ᠎ᠠ ᠵᠢᠨ ᠶᠠᠷ᠎ᠠ᠃
ᠳᠡᠭᠡᠷ᠎ᠡ ᠳᠤᠷᠠᠳᠤᠭᠰᠠᠨ ᠬᠡᠪᠴᠢᠶᠡᠨ ᠳᠣᠲᠣᠷ᠎ᠠ ᠪᠠᠶ᠋ᠢᠬᠤ ᠦᠭᠡᠶ ᠤᠤᠯ᠎ᠤᠨ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠵᠦᠢ᠍ᠯ᠎ᠢ ᠪᠦᠬᠦᠨ᠎ᠢ ᠡᠩ᠎ᠤᠨ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ ᠪᠠᠲᠤᠯᠠᠭ᠎ᠠ᠎ᠳᠤ ᠣᠷᠣᠭᠤᠯᠤᠨ᠎ᠠ᠃
ᠲᠠᠪᠤᠳᠤᠭ᠋ᠠᠷ ᠵᠦᠶᠯ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠡᠬᠢᠯᠡᠵᠦ ᠥᠭᠬᠦ ᠪᠠᠷᠢᠮᠵᠢᠶ᠎ᠠ᠂ ᠬᠠᠮᠤᠭ ᠥᠨᠳᠥᠷ ᠥᠭᠬᠦ ᠬᠢᠵᠠᠭ᠋ᠠᠷ ᠲᠣᠭ᠎ᠠ᠂ ᠥᠭᠬᠦ ᠬᠠᠷᠢᠴᠠᠯ ᠪᠠ ᠥᠭᠬᠦ ᠲᠣᠭᠲᠠᠭᠰᠠᠨ ᠲᠣᠭ᠎ᠠ ᠨᠣᠷᠮ᠎ᠠ᠎ᠨᠢ ᠳᠤᠤᠷᠠᠬᠢ ᠮᠡᠲᠦ᠄
(ᠨᠢᠭᠡ) ᠳᠠᠭ᠋ᠠᠳᠬᠠᠯ᠎ᠳᠤ ᠣᠷᠣᠯᠴᠠᠭᠰᠠᠳ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠲᠣᠭᠲᠠᠭᠰᠠᠨ ᠴᠢᠭ ᠪᠦᠬᠦᠢ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠨᠡᠶ᠋ᠢᠴᠡᠬᠦ ᠡᠮ ᠡᠮᠨᠡᠯᠭᠡ ᠵᠢᠨ ᠵᠠᠷᠤᠳᠠᠯ ᠡᠭᠦᠰᠪᠡᠯ᠂ ᠨᠢᠭᠡ ᠵᠢᠯ᠎ᠤᠨ ᠳᠣᠲᠣᠷ᠎ᠠ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢᠨ ᠡᠬᠢᠯᠡᠵᠦ ᠥᠭᠬᠦ ᠪᠠᠷᠢᠮᠵᠢᠶ᠎ᠠ᠎ᠨᠢ 300 ᠲᠥᠭᠥᠷᠢᠭ ᠪᠣᠯᠤᠨ᠎ᠠ᠃
(ᠬᠣᠶᠠᠷ) ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠪᠣᠯᠤᠨ ᠶᠡᠬᠡ ᠲᠣᠭ᠋ᠠᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠥᠭᠬᠦ ᠬᠡᠪᠴᠢᠶᠡᠨ ᠳᠣᠲᠣᠷ᠎ᠠ ᠨᠡᠶ᠋ᠢᠯᠡᠭᠦᠯᠦᠨ ᠪᠣᠳᠣᠵᠤ᠂ ᠨᠢᠭᠡ ᠵᠢᠯ᠎ᠤᠨ ᠳᠣᠲᠣᠷ᠎ᠠ ᠬᠠᠮᠤᠭ ᠥᠨᠳᠥᠷ ᠥᠭᠬᠦ ᠬᠢᠵᠠᠭ᠋ᠠᠷ ᠲᠣᠭ᠎ᠠ᠎ᠨᠢ 30 . 5 ᠲᠦᠮᠡᠨ ᠲᠥᠭᠥᠷᠢᠭ᠃
(ᠭᠤᠷᠪᠠ) ᠡᠬᠢᠯᠡᠵᠦ ᠥᠭᠬᠦ ᠪᠠᠷᠢᠮᠵᠢᠶ᠎ᠠ᠎ᠠᠴᠠ ᠳᠡᠭᠡᠭᠰᠢ 3 . 5 ᠲᠦᠮᠡᠨ ᠲᠥᠭᠥᠷᠢᠭ (3 . 5 ᠲᠦᠮᠡᠨ ᠲᠥᠭᠥᠷᠢᠭ ᠪᠠᠭᠲᠠᠨ᠎ᠠ)᠎ᠠᠴᠠ ᠳᠣᠷᠣᠭᠰᠢ ᠵᠠᠷᠤᠳᠠᠯ ᠪᠠᠶ᠋ᠢᠪᠠᠯ᠂ ᠥᠭᠬᠦ ᠬᠠᠷᠢᠴᠠᠯ᠎ᠨᠢ 80 % ᠪᠣᠯᠤᠨ᠎ᠠ᠂ 3 . 5 ᠲᠦᠮᠡᠨ ᠲᠥᠭᠥᠷᠢᠭ᠎ᠠᠴᠠ ᠳᠡᠭᠡᠭᠰᠢ ᠪᠣᠯ ᠬᠠᠮᠤᠭ᠎ᠤᠨ ᠥᠨᠳᠥᠷ ᠥᠭᠬᠦ ᠬᠢᠵᠠᠭ᠋ᠠᠷ ᠲᠣᠭ᠎ᠠ᠎ᠠᠴᠠ ᠳᠣᠷᠣᠭᠰᠢ ᠵᠠᠷᠤᠳᠠᠯ ᠪᠠᠶ᠋ᠢᠪᠠᠯ᠂ ᠥᠭᠬᠦ ᠬᠠᠷᠢᠴᠠᠯ᠎ᠨᠢ 90 % ᠪᠣᠯᠤᠨ᠎ᠠ᠃
(ᠳᠥᠷᠪᠡ) ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠲᠣᠭ᠋ᠠᠴᠠᠭ᠎ᠠ ᠬᠢᠬᠦ ᠲᠣᠭᠲᠠᠭᠰᠠᠨ ᠲᠣᠭ᠎ᠠ᠎ᠨᠢ ᠳᠤᠤᠷᠠᠬᠢ ᠮᠡᠲᠦ᠄

(ᠲᠠᠪᠤ) ᠳᠡᠭᠡᠷ᠎ᠡ ᠳᠤᠷᠠᠳᠤᠭᠰᠠᠨ ᠡᠪᠡᠳᠴᠢᠨ᠎ᠲᠠᠢ ᠳᠠᠭ᠋ᠠᠳᠬᠠᠯ᠎ᠳᠤ ᠣᠷᠣᠯᠴᠠᠭᠰᠠᠳ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠣᠯᠭᠣᠮᠵᠢ᠎ᠪᠠᠨ ᠮᠡᠳᠡᠭᠦᠯᠵᠦ ᠪᠣᠯᠤᠨ᠎ᠠ᠂ ᠬᠣᠶᠠᠷ ᠵᠦᠶᠯ᠎ᠠᠴᠠ ᠳᠡᠭᠡᠭᠰᠢ ᠡᠪᠡᠳᠴᠢᠨ᠎ᠤ ᠲᠥᠷᠥᠯ᠎ᠲᠠᠢ ᠪᠣᠯ ᠬᠠᠮᠲᠤᠳᠤᠨᠢ ᠮᠡᠳᠡᠭᠦᠯᠵᠦ᠂ ᠬᠢᠨᠠᠨ ᠵᠥᠪᠰᠢᠶᠡᠷᠡᠭᠦᠯᠵᠦ ᠪᠠᠲᠤᠯᠠᠭᠰᠠᠨ᠎ᠤ ᠳᠠᠷᠠᠭ᠎ᠠ᠂ ᠨᠢᠭᠡ ᠡᠬᠢᠯᠡᠵᠦ ᠥᠭᠬᠦ ᠪᠠᠷᠢᠮᠵᠢᠶ᠎ᠠ ᠵᠢ ᠬᠡᠷᠡᠭᠵᠢᠭᠦᠯᠵᠦ ᠪᠣᠯᠤᠨ᠎ᠠ᠃
(ᠵᠢᠷᠭᠤᠭ᠎ᠠ) ᠡᠪᠡᠳᠴᠢᠨ᠎ᠤ ᠪᠠᠶ᠋ᠢᠳᠠᠯ᠎ᠤᠨ ᠬᠤᠪᠢᠷᠠᠯᠲᠠ ᠪᠤᠶᠤ ᠪᠤᠰᠤᠳ ᠡᠪᠡᠳᠴᠢᠨ ᠡᠮᠭᠡᠭ᠎ᠠᠴᠠ ᠪᠣᠯᠵᠤ ᠡᠮᠨᠡᠯᠭᠡ᠎ᠳᠤ ᠰᠠᠭᠤᠵᠤ ᠡᠮᠨᠡᠭᠦᠯᠬᠦ ᠴᠢᠬᠤᠯᠠᠲᠠᠶ ᠪᠠᠶ᠋ᠢᠪᠠᠯ᠂ ᠡᠮᠨᠡᠯᠭᠡ᠎ᠳᠤ ᠰᠠᠭᠤᠭᠰᠠᠨ ᠬᠤᠭᠤᠴᠠᠭ᠋ᠠᠨ᠎ᠳᠤ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠣᠯᠭᠣᠮᠵᠢ ᠵᠢ ᠬᠦᠷᠲᠡᠭᠡᠬᠦ ᠦᠭᠡᠶ᠃
(ᠳᠣᠯᠣᠭ᠎ᠠ) ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠳᠤ ᠨᠡᠷᠪᠡᠭᠳᠡᠪᠡᠯ ᠡᠭᠦᠳᠡᠨ ᠡᠮᠨᠡᠯᠭᠡ ᠵᠢᠨ ᠣᠨᠴᠣᠭᠣᠶ ᠡᠮ ᠬᠡᠷᠡᠭᠯᠡᠬᠦ ᠣᠯᠭᠣᠮᠵᠢ ᠵᠢ ᠬᠠᠮᠲᠤᠳᠤᠨᠢ ᠬᠦᠷᠲᠡᠭᠡᠵᠦ᠂ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ ᠪᠠ ᠡᠭᠦᠳᠡᠨ ᠡᠮᠨᠡᠯᠭᠡ ᠵᠢᠨ ᠣᠨᠴᠣᠭᠣᠶ ᠡᠮ ᠬᠡᠷᠡᠭᠯᠡᠬᠦ ᠵᠢ ᠬᠠᠮᠲᠤᠳᠤᠨᠢ ᠬᠦᠷᠲᠡᠭᠡᠵᠦ ᠪᠣᠯᠬᠤ ᠦᠭᠡᠶ᠃
ᠭᠤᠷᠪᠠᠳᠤᠭ᠋ᠠᠷ ᠪᠦᠯᠦᠭ ᠦᠨᠡᠮᠰᠢᠭᠦᠯᠬᠦ᠎ᠪᠠᠷ ᠮᠡᠳᠡᠭᠦᠯᠬᠦ᠃ ᠵᠢᠷᠭᠤᠳᠤᠭ᠋ᠠᠷ ᠵᠦᠶᠯ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠣᠯᠭᠣᠮᠵᠢ ᠵᠢ ᠮᠡᠳᠡᠭᠦᠯᠵᠦ ᠮᠠᠭ᠋ᠠᠳᠯᠠᠨ ᠲᠣᠭᠲᠠᠭ᠋ᠠᠬᠤ ᠪᠠ ᠡᠮᠨᠡᠨ ᠵᠠᠰᠠᠬᠤ ᠲᠥᠰᠦᠯ᠎ᠢ ᠬᠤᠪᠢᠷᠠᠭᠤᠯᠬᠤ ᠠᠵᠢᠯ᠎ᠢ ᠪᠦᠬᠦᠨ᠎ᠢ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠠᠯᠪᠠᠨ᠎ᠠᠴᠠ ᠪᠠᠶ᠋ᠢᠭᠤᠯᠤᠭᠰᠠᠨ ᠴᠢᠭ᠋ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠪᠠᠭᠤᠯᠭ᠋ᠠᠵᠤ ᠭᠦᠶᠴᠡᠳᠬᠡᠨ᠎ᠡ᠃
ᠳᠣᠯᠣᠳᠤᠭ᠋ᠠᠷ ᠵᠦᠶᠯ ᠳᠠᠭ᠋ᠠᠳᠬᠠᠯ᠎ᠳᠤ ᠣᠷᠣᠯᠴᠠᠭᠰᠠᠳ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠢ ᠮᠡᠳᠡᠭᠦᠯᠬᠦ᠎ᠳᠤ᠂ ᠳᠤᠤᠷᠠᠬᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄ ᠣᠨᠣᠰᠢᠯᠠᠭᠰᠠᠨ ᠭᠡᠷᠡᠴᠢ ᠪᠢᠴᠢᠭ᠎ᠤᠨ ᠤᠭ ᠮᠠᠲ᠋ᠧᠷᠢᠶᠠᠯ᠂ ᠮᠡᠳᠡᠭᠦᠯᠦᠭᠰᠡᠨ ᠡᠪᠡᠳᠴᠢᠨ᠎ᠤ ᠲᠥᠷᠥᠯ ᠵᠦᠶᠯᠯᠦᠭᠡ ᠬᠣᠯᠪᠣᠭᠳᠠᠯ᠎ᠲᠠᠢ ᠪᠦᠷᠢᠨ ᠪᠦᠲᠦᠨ ᠡᠮᠨᠡᠯᠭᠡ᠎ᠳᠤ ᠰᠠᠭᠤᠭᠰᠠᠨ ᠡᠪᠡᠳᠴᠢᠨ᠎ᠤ ᠲᠡᠦᠬᠡ᠂ ᠬᠦᠴᠦᠨ ᠪᠦᠬᠦᠢ ᠪᠡᠶ᠎ᠡ ᠵᠢᠨ ᠦᠨᠡᠮᠯᠡᠯ᠃
ᠨᠠᠶᠮᠠᠳᠤᠭ᠋ᠠᠷ ᠵᠦᠶᠯ ᠳᠠᠭ᠋ᠠᠳᠬᠠᠯ᠎ᠳᠤ ᠣᠷᠣᠯᠴᠠᠭᠰᠠᠳ ᠬᠠᠮᠢᠶ᠎ᠠ ᠪᠦᠬᠦᠢ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠭᠤᠶᠤᠴᠢᠯᠠᠯ ᠭᠠᠷᠭ᠋ᠠᠵᠤ᠂ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠭᠦᠳᠡᠨ ᠡᠮᠨᠡᠯᠭᠡ ᠵᠢᠨ ᠣᠨᠴᠣᠭᠣᠶ ᠤᠵᠢᠭ ᠡᠪᠡᠳᠴᠢᠨ᠎ᠢ ᠬᠢᠨᠠᠨ ᠬᠠᠷᠭᠤᠭᠤᠯᠬᠤ ᠬᠠᠷᠢᠭᠤᠴᠠᠯᠭ᠎ᠠ᠎ᠲᠠᠢ ᠡᠮᠴᠢ᠎ᠠᠴᠠ ᠦᠨᠡᠮᠰᠢᠵᠦ᠂ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠠᠴᠠ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠵᠤ ᠳᠠᠩᠰᠠᠯᠠᠬᠤ ᠵᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠦᠶᠯᠡᠴᠢᠯᠡᠭᠡᠨ᠎ᠤ ᠲᠥᠪ᠎ᠤᠨ ᠳᠠᠬᠢᠨ ᠬᠢᠨᠠᠯᠲᠠ᠎ᠪᠠᠷ ᠪᠠᠲᠤᠯᠠᠭᠰᠠᠨ᠎ᠤ ᠳᠠᠷᠠᠭ᠎ᠠ᠂ ᠳᠠᠭ᠋ᠠᠳᠬᠠᠯ᠎ᠳᠤ ᠣᠷᠣᠯᠴᠠᠭᠰᠠᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠣᠯᠭᠣᠮᠵᠢ ᠵᠢ ᠦᠨᠡᠮᠰᠢᠭᠦᠯᠬᠦ ᠭᠤᠶᠤᠴᠢᠯᠠᠯ᠎ᠤᠨ ᠬᠦᠰᠦᠨᠦᠭᠲᠦ》᠎ᠪᠠᠷ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠴᠢᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢ ᠰᠠᠶ᠋ᠢᠨ ᠳᠤᠷ᠎ᠠ᠎ᠠᠴᠠ᠎ᠪᠠᠨ ᠰᠣᠩᠭᠣᠵᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠴᠤ ᠪᠣᠯᠤᠨ᠎ᠠ᠃ ᠡᠭᠦᠳᠡᠨ ᠡᠮᠨᠡᠯᠭᠡ ᠵᠢᠨ ᠣᠨᠴᠠᠭ᠋ᠠᠶ ᠠᠷᠬᠠᠭ ᠡᠪᠡᠳᠴᠢᠨ᠎ᠤ ᠡᠪᠡᠳᠴᠢᠨ᠎ᠤ ᠲᠥᠷᠥᠯ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠤᠯᠤᠰ᠎ᠤᠨ ᠡᠮᠴᠢᠯᠡᠭᠡᠨ᠎ᠤ ᠣᠨᠣᠰᠢᠯᠠᠬᠤ ᠪᠠᠷᠢᠮᠵᠢᠶ᠎ᠠ ᠪᠤᠶᠤ ᠬᠠᠮᠢᠶ᠎ᠠ ᠪᠥᠬᠥᠶ ᠲᠤᠰᠬᠠᠶ ᠮᠡᠷᠭᠡᠵᠢᠯ᠎ᠤᠨ ᠵᠥᠪᠯᠡᠯ᠎ᠤᠨ ᠣᠨᠣᠰᠢᠯᠠᠨ ᠡᠮᠨᠡᠬᠦ ᠵᠦᠭᠯᠡᠭᠦᠷ᠎ᠢ ᠴᠢᠩᠭ᠎ᠠ ᠵᠢᠷᠤᠮᠯᠠᠨ ᠲᠣᠭᠲᠠᠭ᠋ᠠᠨ᠎ᠠ᠃
ᠶᠢᠰᠦᠳᠦᠭᠡᠷ ᠵᠦᠢ᠍ᠯ ᠳᠠᠭ᠋ᠠᠳᠬᠠᠯ᠎ᠳᠤ ᠣᠷᠣᠯᠴᠠᠭᠰᠠᠨ ᠬᠥᠮᠦᠰ ᠡᠪᠡᠳᠴᠢᠨ᠎ᠤ ᠪᠠᠶ᠋ᠢᠳᠠᠯ᠎ᠠᠴᠠ ᠪᠣᠯᠵᠤ ᠡᠮᠨᠡᠨ ᠵᠠᠰᠠᠬᠤ ᠲᠥᠰᠦᠯ᠎ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠣᠯ ᠬᠢᠨᠠᠬᠤ ᠬᠠᠷᠢᠭᠤᠴᠠᠯᠭ᠋ᠠᠲᠤ ᠡᠮᠴᠢ᠎ᠠᠴᠠ ᠵᠣᠷ ᠭᠠᠷᠭ᠋ᠠᠵᠤ᠂ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠨᠢ ᠵᠣᠷ᠎ᠲᠤ ᠳᠠᠬᠢᠨ ᠬᠢᠨᠠᠯᠲᠠ ᠬᠢᠬᠦ ᠵᠢᠨ ᠬᠠᠮᠲᠤ ᠠᠯᠪᠠᠨ ᠲᠠᠮᠠᠭ᠎ᠠ ᠳᠠᠷᠤᠬᠤ ᠵᠢ ᠬᠠᠷᠢᠭᠤᠴᠠᠬᠤ ᠬᠡᠷᠡᠭᠲᠡᠶ᠃ ᠳᠠᠭ᠋ᠠᠳᠬᠠᠯ᠎ᠳᠤ ᠣᠷᠣᠯᠴᠠᠭᠰᠠᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠣᠯᠭᠣᠮᠵᠢ ᠵᠢ ᠦᠨᠡᠮᠰᠢᠭᠦᠯᠬᠦ ᠭᠤᠶᠤᠴᠢᠯᠠᠯ᠎ᠤᠨ ᠬᠦᠰᠦᠨᠦᠭᠲᠦ》 ᠪᠣᠯᠤᠨ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠪᠢᠴᠢᠵᠦ ᠥᠭᠭᠦᠭᠰᠡᠨ ᠵᠣᠷ ᠵᠶ᠋ᠠᠷ ᠵᠶ᠋ᠠᠨ ᠴᠢᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠨ᠎ᠠ᠃
ᠣᠷᠣᠨ᠎ᠤ ᠳᠣᠲᠣᠷᠠᠬᠢ ᠤᠨᠳᠤᠤ ᠭᠠᠵᠠᠷ᠎ᠲᠤ ᠡᠪᠡᠳᠴᠢᠨ ᠦᠵᠡᠭᠦᠯᠦᠭᠰᠡᠨ ᠬᠥᠮᠦᠰ ᠪᠠ ᠨᠢᠭᠡᠨᠲᠡ ᠳᠠᠩᠰᠠᠯᠠᠭᠤᠯᠤᠭᠰᠠᠨ ᠮᠤᠵᠢ ᠠᠯᠤᠰᠯᠠᠨ ᠤᠨᠳᠤᠤ ᠭᠠᠵᠠᠷ᠎ᠲᠤ ᠲᠥᠪᠬᠢᠨᠡᠭᠦᠯᠦᠭᠰᠡᠨ ᠠᠵᠢᠯ᠎ᠠᠴᠠ᠎ᠪᠠᠨ ᠪᠠᠭᠤᠭᠰᠠᠨ ᠬᠥᠮᠦᠰ᠂ ᠤᠨᠳᠤᠤ ᠭᠠᠵᠠᠷ᠎ᠲᠤ ᠣᠷᠳᠣ ᠬᠤᠭᠤᠴᠠᠭ᠎ᠠ᠎ᠪᠠᠷ ᠰᠠᠭᠤᠭᠰᠠᠨ ᠬᠥᠮᠦᠰ᠂ ᠤᠨᠳᠤᠤ ᠭᠠᠵᠠᠷ᠎ᠲᠤ ᠪᠠᠶ᠋ᠢᠩᠭᠤ ᠰᠠᠭᠤᠭ᠎ᠠ ᠠᠵᠢᠯᠲᠠᠨ᠂ ᠤᠨᠳᠤᠤ ᠭᠠᠵᠠᠷ᠎ᠲᠤ ᠰᠢᠯᠵᠢᠭᠦᠯᠦᠨ ᠡᠮᠨᠡᠭᠦᠯᠦᠭᠰᠡᠨ ᠬᠥᠮᠦᠰ᠎ᠨᠢ ᠡᠪᠡᠳᠴᠢᠨ ᠦᠵᠡᠭᠦᠯᠦᠭᠰᠡᠨ ᠭᠠᠵᠠᠷ᠎ᠤᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠭᠠᠷᠭ᠋ᠠᠭᠰᠠᠨ ᠵᠣᠷ ᠵᠶ᠋ᠠᠷ ᠤᠨᠳᠤᠤ ᠭᠠᠵᠠᠷ᠎ᠤᠨ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠴᠤ ᠪᠣᠯᠤᠨ᠎ᠠ᠃
ᠠᠷᠪᠠᠳᠤᠭ᠋ᠠᠷ ᠵᠦᠶᠯ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠠᠷᠢᠴᠠᠭ᠎ᠠ ᠵᠢ ᠪᠤᠰᠤᠳ ᠨᠢᠭᠡᠳᠦᠯᠲᠡᠶ ᠲᠥᠯᠥᠪᠯᠡᠬᠦ ᠣᠷᠣᠨ᠎ᠳᠤ ᠰᠢᠯᠵᠢᠭᠦᠯᠦᠭᠰᠡᠨ ᠪᠣᠯ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠣᠯᠭᠣᠮᠵᠢ ᠠᠶᠠᠨᠳᠠᠭ᠋ᠠᠨ ᠳᠠᠭᠤᠰᠤᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠪᠤᠰᠤᠳ ᠨᠢᠭᠡᠳᠦᠯᠲᠡᠢ ᠲᠥᠯᠥᠪᠯᠡᠬᠦ ᠣᠷᠣᠨ᠎ᠠᠴᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ᠎ᠲᠤ ᠰᠢᠯᠵᠢᠨ ᠤᠷᠤᠭᠰᠠᠨ ᠳᠠᠭ᠋ᠠᠳᠬᠠᠯ᠎ᠲᠤ ᠣᠷᠣᠯᠴᠠᠭᠰᠠᠳ᠂ ᠬᠡᠷᠪᠡ ᠡᠭᠦᠳᠡᠨ ᠡᠮᠨᠡᠯᠭᠡ ᠵᠢᠨ ᠣᠨᠴᠣᠭᠣᠢ ᠤᠳᠠᠭ᠋ᠠᠨ ᠴᠢᠨᠠᠷᠲᠠᠢ ᠡᠪᠡᠳᠴᠢᠨ ᠤ ᠣᠯᠭᠣᠮᠵᠢ ᠬᠥᠷᠳᠡᠬᠥ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠪᠡᠳᠴᠢᠨ ᠤ ᠲᠥᠷᠥᠯ ᠣᠨ ᠬᠡᠪᠴᠢᠶᠡᠨ᠎ᠲᠤ ᠪᠠᠶ᠋ᠢᠪᠠᠯ᠂ ᠴᠢᠬ ᠲᠣᠭᠲᠠᠭ᠋ᠠᠭᠰᠠᠨ ᠡᠮᠴᠢᠯᠡᠭᠡᠨ ᠤ ᠪᠠᠶ᠋ᠢᠭᠤᠯᠤᠮᠵᠢ᠎ᠠᠴᠠ ᠳᠠᠬᠢᠨ ᠬᠢᠨᠠᠬᠤ ᠪᠠ ᠲᠠᠨᠭ᠌ᠰᠠᠯᠠᠨ ᠲᠡᠮᠳᠡᠭᠯᠡᠬᠦ ᠵᠢ ᠬᠠᠷᠢᠭᠤᠴᠠᠵᠤ᠂ ᠲᠠᠬᠢᠵᠤ ᠦᠨᠡᠮᠰᠢᠬᠦ ᠴᠢᠬᠤᠯᠠ ᠥᠭᠡᠢ᠃
ᠠᠷᠪᠠᠨ ᠨᠢᠭᠡᠳᠦᠭᠡᠷ ᠵᠦᠢ᠍ᠯ ᠳᠠᠭ᠋ᠠᠳᠬᠠᠯ᠎ᠳᠤ ᠣᠷᠣᠯᠴᠠᠭᠴᠢ ᠨᠢᠭᠡ ᠵᠢᠯ᠎ᠤᠨ ᠳᠣᠲᠣᠷ᠎ᠠ ᠡᠮᠨᠡᠭᠦᠯᠦᠭᠰᠡᠨ ᠦᠭᠡᠶ᠎ᠪᠠᠷ ᠡᠮ ᠬᠤᠳᠠᠯᠳᠤᠨ ᠠᠪᠤᠭᠰᠠᠨ ᠪᠣᠯ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠣᠯᠭᠣᠮᠵᠢ ᠵᠢ ᠠᠶᠠᠨᠳᠠᠭ᠋ᠠᠨ ᠬᠠᠶᠠᠭᠰᠠᠨ ᠵᠶ᠋ᠠᠷ ᠦᠵᠡᠨ᠎ᠡ᠃
ᠳᠥᠷᠪᠡᠳᠦᠭᠡᠷ ᠪᠦᠯᠦᠭ ᠵᠠᠷᠤᠳᠠᠯ᠎ᠢ ᠳ᠋ᠦᠩᠨᠡᠨ ᠪᠤᠳᠤᠬᠤ
ᠠᠷᠪᠠᠨ ᠬᠣᠶᠠᠳᠤᠭ᠋ᠠᠷ ᠵᠦᠶᠯ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠵᠠᠷᠤᠳᠠᠯ ᠢ ᠳ᠋ᠦᠩᠨᠡᠨ ᠪᠤᠳᠤᠬᠤ᠎ᠳᠤ ᠤᠯᠤᠰ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠶᠯ᠎ᠤᠨ ᠭᠠᠷᠴᠠᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠣᠨᠣᠰᠢᠯᠠᠨ ᠡᠮᠨᠡᠬᠦ ᠲᠥᠷᠥᠯ ᠵᠦᠶᠯ ᠵᠢᠴᠢ ᠡᠮᠴᠢᠯᠡᠭᠡᠨ᠎ᠤ ᠦᠶᠯᠡᠴᠢᠯᠡᠭᠡᠨ᠎ᠤ ᠪᠡᠯᠡᠳᠬᠡᠮᠵᠢ ᠵᠢᠨ ᠬᠡᠪᠴᠢᠶ᠎ᠡ ᠪᠠ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠳᠡᠭᠡᠷ᠎ᠡ ᠳᠤᠷᠠᠳᠤᠭᠰᠠᠨ ᠲᠣᠭᠲᠠᠭ᠋ᠠᠯ᠎ᠠᠴᠠ ᠬᠡᠲᠦᠷᠡᠭᠰᠡᠨ ᠡᠮ ᠡᠮᠨᠡᠯᠭᠡ ᠵᠢᠨ ᠵᠠᠷᠤᠳᠠᠯ ᠣᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢ ᠥᠭᠬᠦ ᠥᠬᠡᠶ᠃
ᠠᠷᠪᠠᠨ ᠭᠤᠷᠪᠠᠳᠤᠭ᠋ᠠᠷ ᠵᠦᠶᠯ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠵᠠᠷᠤᠳᠠᠯ᠎ᠳᠤ ᠲᠡᠷᠡ ᠳᠠᠷᠤᠶᠳᠤᠨᠢ ᠳ᠋ᠦᠩᠨᠡᠨ ᠪᠤᠳᠤᠬᠤ ᠵᠢ ᠬᠡᠷᠡᠭᠵᠢᠭᠦᠯᠵᠦ᠂ ᠳᠠᠭ᠋ᠠᠳᠬᠠᠯ᠎ᠳᠤ ᠣᠷᠣᠯᠴᠠᠭᠰᠠᠳ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠎ᠳᠤ᠂ ᠡᠮᠴᠢᠯᠡᠭᠡᠨ᠎ᠤ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠵᠡᠷᠭᠡ ᠬᠦᠴᠦᠨ ᠪᠥᠬᠥᠶ ᠭᠡᠷᠡᠴᠢ ᠪᠠᠷᠢᠮᠲᠠ ᠵᠢ ᠬᠡᠷᠡᠭᠯᠡᠨ ᠰᠢᠭᠤᠳ ᠳ᠋ᠦᠩᠨᠡᠨ ᠪᠤᠳᠤᠵᠤ᠂ ᠬᠤᠪᠢ ᠬᠥᠮᠦᠨ᠎ᠤ ᠥᠪᠡᠰᠦᠪᠡᠨ ᠡᠭᠦᠷᠭᠡᠯᠡᠬᠦ ᠬᠡᠰᠡᠭ᠎ᠢ ᠬᠤᠪᠢ ᠬᠥᠮᠦᠨ᠎ᠤ ᠲᠠᠩᠰᠠᠨ ᠡᠷᠦᠬᠡ ᠵᠢᠨ ᠪᠠᠯᠠ ᠮᠥᠩᠭᠥ ᠪᠤᠶᠤ ᠪᠡᠯᠡᠨ ᠵᠣᠭᠣᠰ ᠥᠭᠴᠦ᠂ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢᠨ ᠥᠭᠬᠦ ᠬᠡᠰᠡᠭ᠎ᠢ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ᠎ᠠᠴᠠ ᠲᠠᠩᠰᠠ ᠲᠡᠮᠳᠡᠭᠯᠡᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠢᠯᠭ᠋ᠠᠷᠠᠭᠤᠯᠤᠨ ᠪᠤᠳᠤᠬᠤ ᠬᠡᠷᠡᠭᠲᠡᠶ᠃ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠎ᠳᠤ ᠵᠠᠷᠤᠴᠠᠭᠤᠯᠤᠭᠰᠠᠨ ᠵᠠᠷᠤᠳᠠᠯ᠎ᠢ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠳᠥᠯᠥᠬᠦ ᠥᠬᠡᠶ᠃
ᠠᠷᠪᠠᠨ ᠳᠥᠷᠪᠡᠳᠦᠭᠡᠷ ᠵᠦᠢ᠍ᠯ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠵᠦᠢ᠍ᠯ᠎ᠤᠨ ᠬᠠᠮᠢᠶ᠎ᠠ ᠪᠦᠬᠦᠢ ᠡᠮ᠎ᠤᠨ ᠵᠦᠢ᠍ᠯ᠎ᠢ ᠪᠠᠶ᠋ᠢᠴᠠᠭ᠋ᠠᠵᠤ ᠰᠢᠨᠵᠢᠯᠡᠨ ᠰᠢᠯᠭ᠋ᠠᠬᠤ᠂ ᠡᠮᠨᠡᠨ ᠵᠠᠰᠠᠬᠤ ᠵᠢᠴᠢ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ ᠧᠷᠢᠶᠠᠯ᠎ᠤᠨ ᠵᠠᠷᠤᠳᠠᠯ᠎ᠢ ᠡᠪᠡᠳᠴᠢᠨ᠎ᠤ ᠵᠦᠢ᠍ᠯ᠎ᠤᠨ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ ᠵᠢᠨ ᠳᠣᠲᠣᠷ᠎ᠠ ᠥᠭᠬᠦ ᠬᠠᠷᠢᠴᠠᠯ ᠶᠣᠰᠣᠭ᠋ᠠᠷ ᠥᠭᠭᠦᠨ᠎ᠡ᠃
ᠪᠠᠶ᠋ᠢᠴᠠᠭ᠋ᠠᠵᠤ ᠰᠢᠨᠵᠢᠯᠡᠨ ᠰᠢᠯᠭ᠋ᠠᠬᠤ ᠵᠠᠷᠤᠳᠠᠯ᠎ᠢ ᠳᠠᠭ᠋ᠠᠳᠬᠠᠯ᠎ᠳᠤ ᠣᠷᠣᠯᠴᠠᠭᠰᠠᠳ ᠡᠮᠨᠡᠭᠦᠯᠵᠦ ᠪᠠᠶ᠋ᠢᠭ᠎ᠠ ᠰᠠᠭᠤᠷᠢᠨ ᠳᠡᠭᠡᠷ᠎ᠡ᠂ ᠡᠪᠡᠳᠴᠢᠨ᠎ᠤ ᠲᠥᠷᠥᠯ᠎ᠢ ᠦᠨᠡᠮᠰᠢᠭᠰᠡᠨ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠲᠠᠩᠰᠠ ᠲᠠᠶ᠋ᠢᠯᠬᠤ ᠬᠡᠷᠡᠭᠲᠡᠶ᠃
ᠠᠷᠪᠠᠨ ᠲᠠᠪᠤᠳᠤᠭ᠋ᠠᠷ ᠵᠦᠢ᠍ᠯ ᠴᠢᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠤᠭᠤᠳ ᠡᠭᠦᠳᠡᠨ ᠡᠮᠨᠡᠯᠭᠡ ᠵᠢᠨ ᠣᠨᠴᠣᠭᠣᠶ ᠤᠳᠠᠭ᠋ᠠᠨ ᠴᠢᠨᠠᠷᠲᠠᠶ ᠡᠪᠡᠳᠴᠢᠨ᠎ᠳᠤ ᠣᠷᠣᠯᠴᠠᠭᠰᠠᠨ ᠬᠥᠮᠦᠰ᠎ᠤᠨ ᠡᠮᠨᠡᠭᠦᠯᠦᠭᠰᠡᠨ ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠵᠠᠷᠤᠳᠠᠯ᠎ᠢ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠰᠢᠰᠲ ᠧᠮᠳᠤ ᠲᠣᠭᠲᠠᠭ᠋ᠠᠯ ᠶᠣᠰᠣᠭ᠋ᠠᠷ ᠴᠠᠭ ᠲᠤᠬᠠᠶ᠎ᠳᠤᠨᠢ ᠬᠦᠷᠭᠡᠵᠦ᠂ ᠰᠠᠷ᠎ᠠ ᠰᠠᠷ᠎ᠠ᠎ᠪᠠᠷ ᠮᠡᠳᠡᠭᠦᠯᠬᠦ ᠵᠢᠨ ᠬᠠᠮᠲᠤ ᠳᠠᠩᠰᠠ ᠬᠠᠷᠭᠤᠭᠤᠯᠵᠤ ᠳ᠋᠊ ᠥᠩᠨᠡᠨ ᠪᠣᠳᠣᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠡᠭᠦᠳᠡᠨ ᠡᠮᠨᠡᠯᠭᠡ ᠵᠢᠨ ᠣᠨᠴᠣᠭᠣᠶ ᠤᠳᠠᠭ᠋ᠠᠨ ᠴᠢᠨᠠᠷᠲᠠᠶ ᠡᠪᠡᠳᠴᠢᠨ᠎ᠢ ᠣᠨᠳᠣᠣ ᠭᠠᠵᠠᠷ᠎ᠲᠤ ᠡᠮᠨᠡᠭᠦᠯᠦᠭᠰᠡᠨ ᠬᠥᠮᠦᠰ᠎ᠲᠤ ᠳᠠᠩᠰᠠᠯᠠᠭᠤᠯᠤᠭᠰᠠᠨ᠎ᠤ ᠳᠠᠷᠠᠭ᠎ᠠ᠂ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠨᠡᠶ᠋ᠢᠴᠡᠬᠦ ᠡᠭᠦᠳᠡᠨ ᠡᠮᠨᠡᠯᠭᠡ ᠵᠢᠨ ᠣᠨᠴᠣᠭᠣᠶ ᠤᠳᠠᠭ᠋ᠠᠨ ᠴᠢᠨᠠᠷᠲᠠᠶ ᠡᠪᠡᠳᠴᠢᠨ᠎ᠤ ᠵᠠᠷᠤᠳᠠᠯ ᠭᠠᠷᠴᠤ᠂ ᠡᠮᠨᠡᠯᠭᠡ ᠵᠢᠨ ᠳᠠᠭ᠋ᠠᠳᠬᠠᠯ᠎ᠤᠨ ᠡᠯᠧᠺᠲ ᠷᠣᠨ ᠭᠡᠷᠡᠴᠢ ᠪᠠᠷᠢᠮᠲᠠ ᠪᠠ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠵᠡᠷᠭᠡ ᠬᠦᠴᠦᠨ᠎ᠲᠠᠢ ᠭᠡᠷᠡᠴᠢ ᠪᠠᠷᠢᠮᠲᠠ ᠵᠢ ᠬᠡᠷᠡᠭᠯᠡᠨ ᠣᠨᠳᠣᠣ ᠭᠠᠵᠠᠷ᠎ᠤᠨ ᠴᠢᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠰᠢᠭᠤᠳ ᠳ᠋᠊ ᠥᠩᠨᠡᠨ ᠪᠣᠳᠣᠬᠤ ᠬᠡᠷᠡᠭᠲᠡᠶ; ᠰᠢᠭᠤᠳ ᠳ᠋ᠦᠩᠨᠡᠨ ᠪᠤᠳᠤᠬᠤ ᠵᠢᠨ ᠠᠷᠭ᠎ᠠ ᠥᠬᠡᠶ ᠪᠣᠯ᠂ ᠤᠷᠢᠳᠠᠪᠠᠷ ᠬᠤᠪᠢ ᠬᠥᠮᠦᠨ᠎ᠤ ᠪᠡᠯᠡᠨ ᠵᠣᠭᠣᠰ ᠵᠶ᠋ᠠᠷ ᠣᠷᠣᠯᠠᠨ ᠳᠥᠯᠥᠵᠦ᠂ ᠰᠡᠭᠦᠯᠴᠢ ᠵᠢᠨ ᠬᠤᠭᠤᠴᠠᠭ᠋ᠠᠨ᠎ᠳᠤ ᠬᠠᠮᠢᠶ᠎ᠠ ᠪᠥᠬᠥᠶ ᠫᠢᠶᠣᠣ ᠪᠠᠷᠢᠮᠲᠠ ᠵᠢᠴᠢ ᠵᠠᠷᠤᠳᠠᠯ᠎ᠤᠨ ᠨᠠᠷᠢᠨ ᠵᠦᠶᠯᠡᠰ᠎ᠢ ᠠᠪᠴᠤ ᠭᠠᠷ ᠵᠶ᠋ᠠᠷ ᠲᠠᠩᠰᠠ ᠲᠠᠶ᠋ᠢᠯᠬᠤ ᠵᠢ ᠭᠦᠶᠴᠡᠳᠬᠡᠨ᠎ᠡ᠃
ᠲᠠᠪᠤᠳᠤᠭ᠋ᠠᠷ ᠪᠦᠯᠦᠭ ᠦᠢ᠍ᠯᠡᠴᠢᠯᠡᠭᠡᠨ᠎ᠤ ᠬᠠᠮᠢᠶᠠᠷᠤᠯᠲᠠ (br /)᠃ ᠠᠷᠪᠠᠨ ᠳᠣᠯᠣᠳᠤᠭ᠋ᠠᠷ ᠵᠦᠢ᠍ᠯ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠴᠢᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠤᠭᠤᠳ ᠦᠢ᠍ᠯᠡᠴᠢᠯᠡᠭᠡᠨ᠎ᠤ ᠵᠥᠪᠳᠡᠯᠴᠡᠬᠡᠷ᠎ᠤᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ᠂ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠵᠤ᠂ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠂ ᠳᠠᠭ᠋ᠠᠳᠬᠠᠯ᠎ᠳᠤ ᠣᠷᠣᠯᠴᠠᠭᠰᠠᠨ ᠬᠥᠮᠦᠰ᠎ᠲᠤ ᠦᠨᠡᠨᠬᠦ ᠴᠢᠨᠠᠷ ᠰᠠᠶ᠋ᠢᠲᠠᠶ ᠦᠢ᠍ᠯᠡᠴᠢᠯᠡᠭᠡ ᠬᠠᠩᠭ᠋ᠠᠬᠤ ᠬᠡᠷᠡᠭᠲᠡᠶ᠃
ᠠᠷᠪᠠᠨ ᠨᠠᠶᠮᠠᠳᠤᠭ᠋ᠠᠷ ᠵᠦᠶᠯ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠲᠣᠭᠲᠠᠭ᠋ᠠᠭᠰᠠᠨ ᠴᠢᠭ᠋᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠨᠢ ᠳᠠᠭ᠋ᠠᠳᠬᠠᠯ᠎ᠳᠤ ᠣᠷᠣᠯᠴᠠᠭᠰᠠᠳ᠎ᠲᠤ ᠡᠮ᠎ᠤᠨ ᠡᠬᠡ ᠳᠠᠩᠰᠠ ᠵᠢ ᠪᠠᠶ᠋ᠢᠭᠤᠯᠵᠤ ᠥᠭᠬᠦ ᠬᠡᠷᠡᠭᠲᠡᠶ᠂ ᠡᠭᠦᠨ᠎ᠳᠤ ᠲᠥᠷᠥᠯ ᠵᠦᠶᠯ᠎ᠤᠨ ᠨᠡᠷᠡᠶ᠋ᠢᠳᠦᠯ᠂ ᠬᠡᠪ ᠪᠠᠷᠢᠮᠵᠢᠶ᠎ᠠ᠂ ᠡᠮ᠎ᠤᠨ ᠬᠡᠮᠵᠢᠶ᠎ᠡ᠂ ᠦᠨ᠎ᠡ ᠬᠠᠩᠰᠢ ᠵᠡᠷᠭᠡ ᠮᠡᠳᠡᠭᠡ ᠵᠠᠩᠭᠢ ᠪᠠᠭᠲᠠᠵᠤ᠂ ᠡᠮ ᠬᠤᠳᠠᠯᠳᠤᠨ ᠠᠪᠤᠭᠰᠠᠨ᠎ᠤ ᠳᠠᠷᠠᠭ᠎ᠠ ᠲᠤᠰ ᠬᠥᠮᠦᠨ ᠪᠤᠶᠤ ᠭᠡᠷ ᠪᠦᠯᠢ ᠵᠢᠨ᠎ᠬᠢᠨ ᠵᠶ᠋ᠠᠷ ᠭᠠᠷᠤᠨ ᠦᠰᠦᠭ ᠵᠢᠷᠤᠭᠤᠯᠵᠤ ᠨᠤᠲᠠᠯᠠᠭᠤᠯᠬᠤ ᠬᠡᠷᠡᠭᠲᠡᠶ᠂ ᠡᠬᠡ ᠳᠠᠩᠰᠠ ᠵᠢ ᠥᠨᠢ ᠡᠭᠦᠷᠢᠳᠡ ᠬᠠᠳᠠᠭ᠋ᠠᠯᠠᠬᠤ ᠬᠡᠷᠡᠭᠲᠡᠶ᠃ ᠡᠯᠧᠺᠲᠷᠣᠨ ᠡᠬᠡ ᠲᠠᠩᠰᠠ ᠪᠠᠶ᠋ᠢᠭᠤᠯᠬᠤ ᠵᠢᠨ ᠠᠷᠭ᠎ᠠ ᠥᠬᠡᠶ ᠪᠠᠶ᠋ᠢᠪᠠᠯ᠂ ᠴᠠᠭ᠋ᠠᠰᠤᠨ ᠡᠬᠡ ᠲᠠᠩᠰᠠ ᠪᠠᠶ᠋ᠢᠭᠤᠯᠬᠤ ᠬᠡᠷᠡᠭᠲᠡᠶ᠃
ᠠᠷᠪᠠ ᠶᠢᠰᠦᠳᠦᠭᠡᠷ ᠵᠦᠢ᠍ᠯ ᠡᠭᠦᠳᠡᠨ ᠡᠮᠨᠡᠯᠭᠡ ᠵᠢᠨ ᠣᠨᠴᠣᠭᠣᠶ ᠤᠳᠠᠭ᠋ᠠᠨ ᠴᠢᠨᠠᠷᠲᠠᠶ ᠡᠪᠡᠳᠴᠢᠨ᠎ᠤ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠭᠦᠷᠭᠡ ᠬᠠᠷᠢᠭᠤᠴᠠᠯᠭ᠎ᠠ᠄
(ᠨᠢᠭᠡ) ᠡᠮᠨᠡᠯᠭᠡ ᠵᠢᠨ ᠠᠵᠢᠯᠲᠠᠳ᠎ᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠡᠭᠦᠳᠡᠨ ᠡᠮᠨᠡᠯᠭᠡ ᠵᠢᠨ ᠣᠨᠴᠣᠭᠣᠶ ᠤᠵᠢᠭ ᠡᠪᠡᠳᠴᠢᠨ᠎ᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠰᠤᠷᠤᠯᠴᠠᠭᠤᠯᠵᠤ᠂ ᠬᠠᠷᠢᠭᠤᠴᠠᠯᠭ᠋ᠠᠲᠤ ᠶᠡᠬᠡ ᠡᠮᠴᠢ ᠵᠢ ᠬᠢᠨᠠᠨ ᠬᠠᠷᠭᠤᠭᠤᠯᠬᠤ᠎ᠳᠠᠭᠠᠨ ᠡᠭᠦᠳᠡᠨ ᠡᠮᠨᠡᠯᠭᠡ ᠵᠢᠨ ᠣᠨᠴᠣᠭᠣᠶ ᠤᠵᠢᠭ ᠡᠪᠡᠳᠴᠢᠨ᠎ᠤ ᠬᠡᠪᠴᠢᠶ᠎ᠡ᠂ ᠪᠠᠷᠢᠮᠵᠢᠶ᠎ᠠ ᠵᠢᠴᠢ ᠭᠦᠶᠴᠡᠳᠬᠡᠬᠦ ᠳᠡᠰ ᠳᠠᠷᠠᠭ᠋ᠠᠯᠠᠯ᠎ᠢ ᠡᠵᠡᠮᠰᠢᠬᠦ ᠬᠡᠷᠡᠭᠲᠡᠶ᠃
(ᠬᠣᠶᠠᠷ) ᠬᠢᠨᠠᠬᠤ ᠬᠠᠷᠢᠭᠤᠴᠠᠯᠭ᠋ᠠᠲᠤ ᠡᠮᠴᠢ ᠮᠡᠳᠡᠭᠦᠯᠦᠭᠰᠡᠨ ᠮᠠᠲ ᠧᠷᠢᠶᠠᠯ᠎ᠤᠨ ᠦᠨᠡᠨ ᠪᠣᠳᠠᠲᠤ ᠴᠢᠨᠠᠷ᠎ᠢ ᠬᠢᠨᠠᠮᠠᠭ᠋ᠠᠶ ᠬᠢᠨᠠᠨ ᠬᠠᠷᠭᠤᠭᠤᠯᠵᠤ᠂ ᠡᠮ᠎ᠤᠨ ᠵᠦᠢ᠍ᠯ᠎ᠤᠨ ᠲᠣᠳᠣᠷᠬᠠᠶ᠋ᠢᠯᠠᠯᠲᠠ ᠵᠢᠨ ᠪᠢᠴᠢᠭ ᠪᠣᠯᠤᠨ ᠤᠯᠤᠰ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠨᠡᠯᠭᠡ ᠵᠢᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠣᠯᠤᠨ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠎ᠤᠨ ᠬᠢᠵᠠᠭ᠋ᠠᠷᠯᠠᠨ ᠲᠣᠭᠲᠠᠭ᠋ᠠᠭᠰᠠᠨ ᠬᠡᠷᠡᠭᠯᠡᠬᠦ ᠨᠥᠬᠥᠴᠡᠯ᠎ᠤᠨ ᠶᠣᠰᠣᠭ᠋ᠠᠷ ᠡᠮ ᠬᠡᠷᠡᠭᠯᠡᠬᠦ ᠲᠥᠰᠦᠯ ᠵᠶ᠋ᠠᠨ ᠲᠣᠭᠲᠠᠭ᠋ᠠᠬᠤ ᠵᠢᠨ ᠬᠠᠮᠲᠤ ᠬᠢᠨᠠᠭᠰᠠᠨ ᠦᠷ᠎ᠡ ᠳ᠋᠊ ᠦᠩ ᠪᠣᠯᠤᠨ ᠡᠮ ᠬᠡᠷᠡᠭᠯᠡᠬᠦ ᠲᠥᠰᠦᠯ᠎ᠤᠨ ᠪᠦᠬᠦ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠶ᠃
(ᠭᠤᠷᠪᠠ) ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠬᠤᠪᠢ ᠬᠥᠮᠦᠨ᠎ᠤ ᠳᠠᠩᠰᠠ ᠡᠪᠬᠡᠮᠡᠯ᠎ᠢ ᠪᠠᠶ᠋ᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠭᠦᠳᠡᠨ ᠡᠮᠨᠡᠯᠭᠡ ᠵᠢᠨ ᠣᠨᠴᠣᠭᠣᠶ ᠠᠷᠬᠠᠭ ᠡᠪᠡᠳᠴᠢᠨ᠎ᠤ ᠣᠯᠭᠣᠮᠵᠢ᠎ᠪᠠᠷ ᠦᠨᠡᠮᠰᠢᠭᠦᠯᠬᠦ ᠭᠤᠶᠤᠴᠢᠯᠠᠯ᠎ᠤᠨ ᠬᠦᠰᠦᠨᠦᠭᠲᠦ》᠂ ᠪᠦᠷᠢᠨ ᠪᠦᠲᠦᠨ ᠡᠪᠡᠳᠴᠢᠨ᠎ᠤ ᠲᠡᠦᠬᠡ᠂ ᠣᠨᠣᠰᠢᠯᠠᠭᠰᠠᠨ ᠪᠢᠴᠢᠭ ᠵᠢᠴᠢ ᠪᠡᠶ᠎ᠡ ᠵᠢᠨ ᠦᠨᠡᠮᠯᠡᠯ᠎ᠤᠨ ᠬᠠᠭᠤᠯᠪᠤᠷᠢ ᠵᠡᠷᠭᠡ ᠮᠠᠲ᠋ᠧᠷᠢᠶᠠᠯ᠎ᠢ ᠥᠨᠢ ᠡᠭᠦᠷᠢᠳᠡ ᠦᠯᠡᠳᠡᠭᠡᠨ ᠳᠠᠩᠰᠠ ᠡᠪᠬᠡᠮᠡᠯ᠎ᠳᠤ ᠣᠷᠣᠭᠤᠯᠵᠤ᠂ ᠬᠢᠨᠠᠨ ᠪᠠᠶ᠋ᠢᠴᠠᠭ᠋ᠠᠬᠤ᠎ᠳᠤ ᠪᠡᠯᠡᠳᠬᠡᠬᠦ ᠬᠡᠷᠡᠭᠲᠡᠶ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠤᠢ᠍ᠷᠢᠮ
ᠬᠣᠷᠢᠳᠤᠭ᠋ᠠᠷ ᠵᠦᠶᠯ ᠲᠣᠰ ᠠᠷᠭ᠎ᠠ ᠵᠢ 2022 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠂ ᠲᠣᠰ ᠠᠷᠭ᠎ᠠ᠎ᠲᠠᠢ ᠨᠡᠶ᠋ᠢᠴᠡᠬᠦ ᠥᠬᠡᠶ ᠪᠦᠬᠦᠨ᠎ᠳᠤ ᠲᠣᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠠᠴᠠ ᠠᠰᠲᠠᠭ᠋ᠠᠨ ᠰᠢᠨ᠎ᠡ ᠲᠣᠭᠲᠠᠭ᠋ᠠᠯ᠎ᠲᠠᠢ ᠪᠣᠯ᠂ ᠲᠡᠷᠡ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ᠃ 2022 ᠣᠨ᠎ᠤ 8 ᠳ᠋ᠤᠭ᠋ᠠᠷ ᠰᠠᠷ᠎ᠠ ᠵᠢᠨ 30᠎ᠤ ᠡᠳᠦᠷ ᠳᠠᠷᠤᠮᠠᠯᠯᠠᠨ ᠶᠠᠪᠤᠭᠤᠯᠤᠭᠰᠠᠨ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠣᠨᠴᠣᠭᠣᠶ ᠤᠵᠢᠭ ᠡᠪᠡᠳᠴᠢᠨ᠎ᠤ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠥᠪᠥᠷ ᠡᠮᠴᠢᠯᠡᠭᠡᠨ᠎ᠤ ᠳᠠᠭ᠋ᠠᠳᠬᠠᠯ ᠲᠠᠷᠬᠠᠭ᠋ᠠᠭᠰᠠᠨ 202223 ᠳ᠋ᠤᠭ᠋ᠠᠷ ᠲᠣᠭ᠋ᠠᠲᠤ)᠎ᠢ ᠬᠦᠴᠦᠨ ᠥᠬᠡᠶ ᠪᠣᠯᠭ᠋ᠠᠨ᠎ᠠ᠃