ᠥᠪᠥᠷ ᠡᠮᠴᠢᠯᠡᠭᠡᠨ᠎ᠤ ᠪᠠᠲᠤᠯᠠᠭ᠎ᠠ ᠠᠯᠪᠠᠨ ᠲᠠᠷᠬᠠᠭ᠋ᠠᠭᠰᠠᠨ [2022] 20 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠭᠰᠠᠨ ᠡᠯ᠎ᠡ ᠨᠢᠭᠡᠴᠢ᠂ ᠡᠯ᠎ᠡ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠎ᠤ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ᠄
ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠎ᠢ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠬᠦ ᠵᠢᠨ ᠲᠥᠯᠦᠭᠡ᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠎ᠤ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠥᠪᠥᠷ ᠡᠮᠴᠢᠯᠡᠭᠡᠨ᠎ᠤ ᠪᠠᠲᠤᠯᠠᠭ᠎ᠠ ᠲᠠᠷᠬᠠᠭ᠋ᠠᠭᠰᠠᠨ [2022] 25 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠤᠤᠷᠠᠬᠢ ᠮᠡᠲᠦ ᠮᠡᠳᠡᠭᠳᠡᠪᠡ᠄
ᠨᠢᠭᠡ᠂ ᠡᠪᠡᠳᠴᠢᠨ᠎ᠤ ᠲᠥᠷᠦᠯ᠎ᠤᠨ ᠬᠡᠪᠴᠢᠶ᠎ᠡ
ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠭᠦᠳᠡᠨ ᠡᠮᠨᠡᠯᠭᠡ ᠵᠢᠨ ᠣᠨᠴᠠᠭ᠋ᠠᠶ ᠤᠳᠠᠭ᠋ᠠᠨ ᠴᠢᠨᠠᠷᠲᠠᠢ ᠡᠪᠡᠳᠴᠢᠨ ᠨᠡᠶ᠋ᠢᠲᠡ ᠠᠷᠪᠠᠨ ᠵᠦᠢ᠍ᠯ ᠪᠣᠶ᠄ ᠬᠣᠣᠷᠲᠤ ᠬᠠᠪᠤᠳᠠᠷ᠎ᠤᠨ ᠰᠠᠴᠤᠷᠠᠭ ᠵᠠᠰᠠᠯ ᠪᠠ ᠬᠢᠮᠢ ᠵᠢᠨ ᠵᠠᠰᠠᠯ᠂ ᠴᠢᠰᠤ ᠵᠢ ᠨᠡᠪᠴᠢᠭᠦᠯᠦᠨ ᠢᠯᠭ᠋ᠠᠷᠠᠭᠤᠯᠬᠤ᠂ ᠬᠡᠪᠡᠯᠢ ᠵᠢᠨ ᠪᠦᠷᠬᠦᠪᠴᠢ ᠵᠢ ᠨᠡᠪᠴᠢᠭᠦᠯᠦᠨ ᠢᠯᠭ᠋ᠠᠷᠠᠭᠤᠯᠬᠤ᠂ ᠨᠡᠬᠡᠳᠡᠰᠦ ᠡᠷᠬᠡᠲᠡᠨ᠎ᠢ ᠰᠢᠯᠵᠢᠭᠦᠯᠬᠦ ᠮᠡᠰᠡ ᠵᠠᠰᠠᠯ᠎ᠤᠨ ᠳᠠᠷᠠᠭ᠋ᠠᠬᠢ ᠥᠯᠦ ᠢᠵᠢᠯᠢᠰᠢᠬᠦ ᠵᠢ ᠰᠡᠷᠭᠡᠢ᠌ᠯᠡᠬᠦ ᠡᠮᠴᠢᠯᠡᠭᠡ᠂ ᠠᠭᠤᠰᠬᠢᠨ᠎ᠤ ᠯᠤᠭᠰᠢᠭᠤᠨ ᠰᠤᠳᠠᠯ᠎ᠤᠨ ᠳᠠᠷᠤᠯᠲᠠ ᠥᠨᠳᠥᠷ᠂ ᠴᠢᠰᠤ ᠭᠤᠭᠤᠵᠢᠮᠠᠲᠠᠭ᠋ᠠᠢ ᠡᠪᠡᠳᠴᠢᠨ᠂ ᠸᠢᠷᠦ᠋ᠰ᠎ᠤᠨ ᠴᠢᠨᠠᠷᠲᠠᠢ ᠡᠯᠢᠭᠡᠨ᠎ᠤ ᠦᠷᠪᠢᠰᠦᠯ᠂ ᠨᠥᠬᠦᠬᠦ ᠬᠤᠭᠤᠴᠠᠭ᠎ᠠ᠎ᠪᠠᠨ ᠠᠯᠳᠠᠭᠰᠠᠨ ᠡᠯᠢᠭᠡᠨ᠎ᠤ ᠬᠠᠲᠠᠭᠤᠷᠠᠯ᠂ ᠴᠡᠴᠡᠷᠬᠡᠢ ᠡᠪᠡᠳᠴᠢᠨ᠂ ᠰᠢᠰᠲ᠋ᠧᠮᠲᠦ ᠴᠢᠨᠠᠷᠲᠠᠢ ᠤᠯᠠᠭ᠋ᠠᠨ ᠲᠣᠯᠪᠣᠲᠤ ᠴᠢᠨ᠋ᠸ᠎ᠠ ᠵᠢᠨ ᠶᠠᠷ᠎ᠠ ᠵᠡᠷᠭᠡ ᠪᠣᠯᠤᠨ᠎ᠠ᠃ ᠳᠡᠭᠡᠷ᠎ᠡ ᠳᠤᠷᠠᠳᠤᠭᠰᠠᠨ ᠬᠡᠪᠴᠢᠶᠡᠨ᠎ᠳᠤ ᠦᠭᠡᠢ ᠤᠤᠯ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠵᠦᠢ᠍ᠯ᠎ᠤᠨ ᠬᠠᠷᠠᠭ᠋ᠠᠯᠵᠠᠯ᠎ᠢ 2022 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠭᠥᠷᠳᠡᠵᠦ ᠪᠣᠯᠤᠨ᠎ᠠ᠂ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠵᠢᠯ᠎ᠤᠨ ᠬᠢᠵᠠᠭ᠋ᠠᠷᠯᠠᠭᠰᠠᠨ ᠲᠣᠭ᠎ᠠ ᠵᠢ ᠬᠡᠷᠡᠭᠯᠡᠵᠦ ᠳᠠᠭᠤᠰᠤᠭᠰᠠᠨ᠎ᠤ ᠳᠠᠷᠠᠭ᠎ᠠ᠂ ᠲᠣᠭᠲᠠᠭ᠋ᠠᠯ ᠶᠣᠰᠣᠭ᠋ᠠᠷ 2022 ᠣᠨ᠎ᠤ ᠡᠩ᠎ᠤᠨ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠦᠪᠯᠡᠭᠰᠡᠨ ᠬᠠᠷᠠᠭ᠋ᠠᠯᠵᠠᠯ᠎ᠢ ᠭᠥᠷᠳᠡᠵᠦ ᠪᠣᠯᠤᠨ᠎ᠠ᠃ 2023 ᠣᠨ᠎ᠠᠴᠠ ᠡᠬᠢᠯᠡᠨ᠂ ᠪᠦᠬᠦᠨ᠎ᠢ ᠡᠩ᠎ᠤᠨ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠦᠪᠯᠡᠭᠰᠡᠨ ᠪᠠᠲᠤᠯᠠᠭ᠎ᠠ᠎ᠳᠤ ᠣᠷᠣᠭᠤᠯᠤᠨ᠎ᠠ᠃
ᠬᠣᠶᠠᠷ᠂ ᠬᠠᠷᠠᠭ᠋ᠠᠯᠵᠠᠯ᠎ᠤᠨ ᠪᠠᠲᠤᠯᠠᠭ᠎ᠠ
(ᠨᠢᠭᠡ) ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠷᠠᠭ᠋ᠠᠯᠵᠠᠯ᠎ᠢ ᠬᠦᠷᠲᠡᠵᠦ ᠪᠠᠶ᠋ᠢᠭ᠎ᠠ ᠳᠠᠭ᠋ᠠᠳᠬᠠᠯ᠎ᠳᠤ ᠣᠷᠣᠯᠴᠠᠭᠰᠠᠳ᠂ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠨᠡᠢ᠌ᠴᠡᠭᠰᠡᠨ ᠡᠮ ᠡᠮᠨᠡᠯᠭᠡ ᠵᠢᠨ ᠵᠠᠷᠤᠳᠠᠯ ᠡᠭᠦᠰᠪᠡᠯ ᠨᠢᠭᠡ ᠵᠢᠯ᠎ᠤᠨ ᠳᠣᠲᠣᠷ᠎ᠠ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠥ ᠵᠢᠨ ᠡᠬᠢᠯᠡᠵᠦ ᠥᠭᠬᠦ ᠪᠠᠷᠢᠮᠵᠢᠶ᠎ᠠ 300 ᠲᠥᠭᠥᠷᠢᠭ ᠪᠣᠯᠤᠨ᠎ᠠ; 300 ᠲᠥᠭᠥᠷᠢᠭ᠎ᠠᠴᠠ ᠳᠡᠭᠡᠭᠰᠢ 3 . 5 ᠲᠦᠮᠡᠨ ᠲᠥᠭᠥᠷᠢᠭ (3 . 5 ᠲᠦᠮᠡᠨ ᠲᠥᠭᠥᠷᠢᠭ᠎ᠢ ᠪᠠᠭᠲᠠᠭ᠋ᠠᠨ᠎ᠠ)᠎ᠠᠴᠠ ᠳᠣᠭᠣᠭᠰᠢᠬᠢ ᠵᠠᠷᠤᠳᠠᠯ᠎ᠤᠨ ᠳᠥᠯᠥᠬᠦ ᠬᠠᠷᠢᠴᠠᠯ 80 % ᠪᠣᠯᠤᠨ᠎ᠠ; 3 . 5 ᠲᠦᠮᠡᠨ ᠲᠥᠭᠥᠷᠢᠭ᠎ᠠᠴᠠ ᠳᠡᠭᠡᠭᠰᠢᠬᠢ ᠬᠠᠮᠤᠭ᠎ᠤᠨ ᠥᠨᠳᠥᠷ ᠥᠭᠬᠦ ᠬᠢᠵᠠᠭ᠋ᠠᠷ ᠲᠣᠭ᠎ᠠ᠎ᠠᠴᠠ ᠳᠣᠷᠣᠭᠰᠢᠬᠢ ᠵᠠᠷᠤᠳᠠᠯ᠎ᠤᠨ ᠥᠭᠬᠦ ᠬᠠᠷᠢᠴᠠᠯ 90 % ᠪᠣᠯᠤᠨ᠎ᠠ᠃ ᠡᠭᠦᠳᠡᠨ ᠡᠮᠨᠡᠯᠭᠡ ᠵᠢᠨ ᠣᠨᠴᠠᠭ᠋ᠠᠶ ᠤᠳᠠᠭ᠋ᠠᠨ ᠴᠢᠨᠠᠷᠲᠠᠢ ᠡᠪᠡᠳᠴᠢᠨ᠎ᠤ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠥ ᠪᠠ ᠥᠨᠳᠦᠷ ᠦᠨᠡᠲᠡᠢ ᠳᠠᠭ᠋ᠠᠳᠬᠠᠯ᠎ᠤᠨ ᠰᠠᠭᠤᠷᠢ ᠮᠥᠩᠭᠥ ᠵᠢᠨ ᠳᠥᠯᠥᠬᠦ ᠬᠡᠪᠴᠢᠶᠡᠨ᠎ᠳᠤ ᠪᠠᠢ᠌ᠪᠠᠯ ᠨᠡᠶ᠋ᠢᠯᠡᠭᠦᠯᠦᠨ ᠪᠤᠳᠤᠵᠤ᠂ ᠨᠢᠭᠡ ᠵᠢᠯ᠎ᠤᠨ ᠳᠣᠲᠣᠷ᠎ᠠ ᠳᠥᠯᠥᠬᠦ ᠬᠠᠮᠤᠭ᠎ᠤᠨ ᠥᠨᠳᠥᠷ ᠬᠢᠵᠠᠭ᠋ᠠᠷ ᠲᠣᠭ᠎ᠠ 30 . 5 ᠲᠦᠮᠡᠨ ᠲᠥᠭᠥᠷᠢᠭ ᠪᠣᠯᠤᠨ᠎ᠠ᠃
(ᠬᠣᠶᠠᠷ) ᠬᠣᠶᠠᠷ᠎ᠠᠴᠠ ᠳᠡᠭᠡᠭᠰᠢ ᠡᠪᠡᠳᠴᠢᠨ᠎ᠤ ᠲᠥᠷᠥᠯ᠎ᠢ ᠪᠣᠯ ᠬᠠᠮᠲᠤᠳᠤᠨᠢ ᠮᠡᠳᠡᠭᠦᠯᠵᠦ᠂ ᠬᠢᠨᠠᠨ ᠵᠦᠪᠰᠢᠶᠡᠷᠡᠭᠦᠯᠵᠦ ᠪᠠᠲᠤᠯᠠᠭᠰᠠᠨ᠎ᠤ ᠳᠠᠷᠠᠭ᠎ᠠ᠂ ᠨᠢᠭᠡ ᠡᠬᠢᠯᠡᠵᠦ ᠥᠭᠬᠦ ᠪᠠᠷᠢᠮᠵᠢᠶ᠎ᠠ ᠵᠢ ᠬᠡᠷᠡᠭᠵᠢᠭᠦᠯᠦᠨ᠎ᠡ᠃
(ᠭᠤᠷᠪᠠ) ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠲᠥᠷᠦᠯ᠎ᠳᠤ ᠬᠣᠯᠪᠣᠭᠳᠠᠬᠤ ᠡᠮ᠎ᠤᠨ ᠵᠦᠢ᠍ᠯ᠂ ᠪᠠᠢ᠌ᠴᠠᠭ᠋ᠠᠨ ᠰᠢᠯᠭ᠋ᠠᠬᠤ᠂ ᠡᠮᠨᠡᠨ ᠵᠠᠰᠠᠬᠤ ᠵᠢᠴᠢ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠵᠠᠷᠤᠳᠠᠯ᠎ᠢ ᠡᠪᠡᠳᠴᠢᠨ᠎ᠤ ᠲᠥᠷᠦᠯ᠎ᠤᠨ ᠲᠣᠭᠲᠠᠭᠰᠠᠨ ᠨᠣᠷᠮ᠎ᠠ ᠵᠢᠨ ᠪᠠᠷᠢᠮᠵᠢᠶᠠᠨ ᠳᠣᠲᠣᠷ᠎ᠠ ᠵᠠᠷᠤᠴᠠᠭᠤᠯᠤᠭᠰᠠᠨ ᠬᠠᠷᠢᠴᠠᠯ ᠶᠣᠰᠣᠭ᠋ᠠᠷ ᠥᠭᠭᠦᠨ᠎ᠡ᠃ ᠪᠠᠢ᠌ᠴᠠᠭ᠋ᠠᠨ ᠰᠢᠯᠭ᠋ᠠᠭᠰᠠᠨ ᠵᠠᠷᠤᠳᠠᠯ᠎ᠢ ᠳᠠᠭ᠋ᠠᠳᠬᠠᠯ᠎ᠳᠤ ᠣᠷᠣᠯᠴᠠᠭᠰᠠᠳ ᠡᠮᠨᠡᠭᠦᠯᠦᠭᠰᠡᠨ ᠰᠠᠭᠤᠷᠢᠨ ᠳᠡᠭᠡᠷ᠎ᠡ᠂ ᠡᠪᠡᠳᠴᠢᠨ᠎ᠤ ᠲᠥᠷᠥᠯ᠎ᠢ ᠮᠠᠭ᠋ᠠᠳᠯᠠᠨ ᠲᠣᠭᠲᠠᠭ᠋ᠠᠭᠰᠠᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠠᠴᠠ ᠳᠠᠩᠰᠠ ᠴᠠᠢ᠌ᠷᠠᠭᠤᠯᠵᠤ᠂ ᠪᠤᠰᠤᠳ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠵᠠᠷᠤᠴᠠᠭᠤᠯᠤᠭᠰᠠᠨ ᠪᠠᠢ᠌ᠴᠠᠭ᠋ᠠᠨ ᠰᠢᠯᠭ᠋ᠠᠭᠰᠠᠨ ᠵᠠᠷᠤᠳᠠᠯ᠎ᠢ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠥᠭᠬᠦ ᠦᠭᠡᠶ᠃
2022 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠠᠴᠠ ᠮᠠᠭ᠋ᠠᠳᠯᠠᠨ ᠲᠣᠭᠲᠠᠭ᠋ᠠᠭᠰᠠᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠳᠠᠭ᠋ᠠᠳᠬᠠᠯ᠎ᠳᠤ ᠣᠷᠣᠯᠴᠠᠭᠰᠠᠳ᠂ 2022 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠣᠶ᠋ᠢᠰᠢ ᠵᠠᠷᠤᠴᠠᠭᠤᠯᠤᠭᠰᠠᠨ ᠪᠠᠢ᠌ᠴᠠᠭ᠋ᠠᠨ ᠰᠢᠯᠭ᠋ᠠᠭᠰᠠᠨ ᠵᠠᠷᠤᠳᠠᠯ᠎ᠢ ᠡᠮᠴᠢᠯᠡᠬᠦ ᠵᠢ ᠬᠦᠯᠢᠶᠡᠨ ᠠᠪᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠠᠴᠠ ᠲᠠᠩᠰᠠ ᠴᠠᠢ᠌ᠷᠠᠭᠤᠯᠤᠨ ᠥᠭᠴᠦ᠂ 2022 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠨᠢᠭᠡᠨᠲᠡ ᠵᠠᠷᠤᠴᠠᠭᠤᠯᠤᠭᠰᠠᠨ ᠪᠠᠢ᠌ᠴᠠᠭ᠋ᠠᠨ ᠰᠢᠯᠭ᠋ᠠᠭᠰᠠᠨ ᠵᠠᠷᠤᠳᠠᠯ᠎ᠢ ᠳᠠᠭ᠋ᠠᠳᠬᠠᠯ᠎ᠳᠤ ᠣᠷᠣᠯᠴᠠᠭᠰᠠᠳ ᠬᠠᠮᠢᠶ᠎ᠠ ᠪᠥᠬᠥᠶ ᠫᠢᠶᠣᠣ ᠪᠠᠷᠢᠮᠲᠠ ᠪᠠ ᠵᠠᠷᠤᠳᠠᠯ᠎ᠤᠨ ᠨᠠᠷᠢᠨ ᠬᠠᠭᠤᠳᠠᠰᠤ᠎ᠪᠠᠨ ᠠᠪᠴᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠴᠣᠩᠬᠤᠪᠴᠢ᠎ᠳᠤ ᠬᠦᠷᠴᠦ ᠲᠠᠩᠰᠠ ᠴᠠᠢ᠌ᠷᠠᠭᠤᠯᠬᠤ ᠭᠠᠷᠳᠠᠮ ᠭᠦᠢ᠍ᠴᠡᠳᠭᠡᠵᠦ ᠪᠣᠯᠤᠨ᠎ᠠ᠃
(ᠳᠥᠷᠪᠡ) ᠡᠪᠡᠳᠴᠢᠨ᠎ᠤ ᠪᠠᠶ᠋ᠢᠳᠠᠯ᠎ᠤᠨ ᠬᠤᠪᠢᠷᠠᠯᠲᠠ ᠪᠤᠶᠤ ᠪᠤᠰᠤᠳ ᠡᠪᠡᠳᠴᠢᠨ ᠡᠮᠭᠡᠭ᠎ᠠᠴᠠ ᠪᠣᠯᠵᠤ ᠡᠮᠨᠡᠯᠭᠡ᠎ᠳᠤ ᠰᠠᠭᠤᠵᠤ ᠡᠮᠨᠡᠭᠦᠯᠬᠦ ᠴᠢᠬᠤᠯᠠᠲᠠᠶ ᠪᠣᠯᠤᠭᠰᠠᠨ ᠪᠣᠯ ᠡᠮᠨᠡᠯᠭᠡ᠎ᠳᠤ ᠰᠠᠭᠤᠭᠰᠠᠨ ᠬᠤᠭᠤᠴᠠᠭ᠋ᠠᠨ᠎ᠳᠤ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠷᠠᠭ᠋ᠠᠯᠵᠠᠯ᠎ᠢ ᠬᠦᠷᠲᠡᠭᠡᠬᠦ ᠦᠭᠡᠶ᠃
(ᠲᠠᠪᠤ) ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠳᠤ ᠨᠡᠷᠪᠡᠭᠳᠡᠪᠡᠯ ᠡᠭᠦᠳᠡᠨ ᠡᠮᠨᠡᠯᠭᠡ ᠵᠢᠨ ᠣᠨᠴᠠᠭ᠋ᠠᠢ ᠡᠮ ᠬᠡᠷᠡᠭᠯᠡᠬᠦ ᠬᠠᠷᠠᠭ᠋ᠠᠯᠵᠠᠯ᠎ᠢ ᠬᠠᠮᠲᠤᠳᠤᠨᠢ ᠬᠦᠷᠲᠡᠭᠡᠵᠦ᠂ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ ᠪᠠ ᠡᠭᠦᠳᠡᠨ ᠡᠮᠨᠡᠯᠭᠡ ᠵᠢᠨ ᠣᠨᠴᠠᠭ᠋ᠠᠢ ᠡᠮ ᠬᠡᠷᠡᠭᠯᠡᠬᠦ ᠵᠢ ᠬᠠᠮᠲᠤᠳᠤᠨᠢ ᠬᠦᠷᠲᠡᠭᠡᠵᠦ ᠪᠣᠯᠬᠤ ᠦᠭᠡᠶ᠃
(ᠵᠢᠷᠭᠤᠭ᠎ᠠ) ᠳᠠᠭ᠋ᠠᠳᠬᠠᠯ᠎ᠳᠤ ᠣᠷᠣᠯᠴᠠᠭᠰᠠᠳ ᠨᠢᠭᠡ ᠵᠢᠯ᠎ᠤᠨ ᠳᠣᠲᠣᠷ᠎ᠠ ᠡᠮᠨᠡᠭᠦᠯᠦᠭᠰᠡᠨ ᠦᠭᠡᠶ᠎ᠪᠠᠷ ᠡᠮ ᠬᠤᠳᠠᠯᠳᠤᠨ ᠠᠪᠤᠭᠰᠠᠨ ᠪᠣᠯ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠷᠠᠭ᠋ᠠᠯᠵᠠᠯ᠎ᠢ ᠠᠶᠠᠨᠳᠠᠭ᠋ᠠᠨ ᠬᠠᠶᠠᠭᠰᠠᠨ ᠵᠶ᠋ᠠᠷ ᠦᠵᠡᠨ᠎ᠡ᠃
ᠭᠤᠷᠪᠠ᠂ ᠮᠡᠳᠡᠭᠦᠯᠵᠦ ᠮᠠᠭ᠋ᠠᠳᠯᠠᠨ ᠲᠣᠭᠲᠠᠭ᠋ᠠᠬᠤ
ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠷᠠᠭ᠋ᠠᠯᠵᠠᠯ᠎ᠢ ᠮᠡᠳᠡᠭᠦᠯᠵᠦ ᠮᠠᠭ᠋ᠠᠳᠯᠠᠨ ᠲᠣᠭᠲᠠᠭ᠋ᠠᠬᠤ ᠠᠵᠢᠯ᠎ᠢ ᠬᠤᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠠᠯᠪᠠᠨ᠎ᠠᠴᠠ ᠪᠠᠶ᠋ᠢᠭᠤᠯᠤᠭᠰᠠᠨ ᠴᠡᠭ ᠳᠣᠭᠲᠠᠭ᠋ᠠᠭᠰᠠᠨ ᠪᠥᠬᠦ ᠡᠮᠴᠢᠯᠡᠭᠡᠨ᠎ᠤ ᠪᠠᠶ᠋ᠢᠭᠤᠯᠤᠮᠵᠢ᠎ᠳᠤ ᠨᠠᠶ᠋ᠢᠳᠠᠨ ᠭᠦᠢ᠍ᠴᠡᠳᠭᠡᠯᠭᠡᠵᠦ (ᠴᠡᠭ ᠳᠣᠭᠲᠠᠭ᠋ᠠᠭᠰᠠᠨ ᠪᠥᠬᠦ ᠡᠮᠴᠢᠯᠡᠭᠡᠨ᠎ᠤ ᠪᠠᠶ᠋ᠢᠭᠤᠯᠤᠮᠵᠢ ᠵᠢᠨ ᠨᠡᠷᠡᠰ ᠵᠢᠴᠢ ᠬᠢᠨᠠᠨ ᠵᠥᠪᠰᠢᠶᠡᠷᠡᠬᠦ ᠬᠦᠷᠢᠶ᠎ᠡ ᠬᠡᠪᠴᠢᠶ᠎ᠡ ᠵᠢ ᠳᠠᠭ᠋ᠠᠯᠳᠤᠭᠤᠯᠤᠯ 1᠎ᠳᠤ ᠨᠠᠷᠢᠨ ᠦᠵᠡᠭᠡᠷᠡᠶ)᠂ ᠳᠠᠭ᠋ᠠᠳᠬᠠᠯ᠎ᠳᠤ ᠣᠷᠣᠯᠴᠠᠭᠰᠠᠳ (ᠪᠤᠶᠤ ᠣᠷᠣᠯᠠᠨ ᠭᠦᠢ᠍ᠴᠡᠳᠭᠡᠭᠴᠢ) ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠢ ᠬᠢᠨᠠᠨ ᠵᠥᠪᠰᠢᠶᠡᠷᠡᠬᠦ ᠨᠥᠬᠦᠴᠡᠯ᠎ᠲᠠᠢ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠭᠤᠶᠤᠴᠢᠯᠠᠯ ᠭᠠᠷᠭ᠋ᠠᠵᠤ᠂ ᠮᠡᠳᠡᠭᠦᠯᠬᠦ᠎ᠳᠤ᠎ᠪᠠᠨ ᠣᠨᠣᠰᠢᠯᠠᠭᠰᠠᠨ ᠭᠡᠷᠡᠴᠢ ᠪᠢᠴᠢᠭ᠎ᠤᠨ ᠤᠭ ᠮᠠᠲ᠋ᠧᠷᠢᠶᠠᠯ᠎ᠢ ᠬᠠᠩᠭ᠋ᠠᠵᠤ᠂ ᠡᠪᠡᠳᠴᠢᠨ᠎ᠤ ᠲᠥᠷᠥᠯᠯᠦᠭᠡ ᠬᠤᠯᠪᠣᠭᠳᠠᠯ᠎ᠲᠠᠢ ᠡᠮᠨᠡᠯᠭᠡ᠎ᠳᠤ ᠰᠠᠭᠤᠭᠰᠠᠨ ᠪᠦᠷᠢᠨ ᠪᠦᠲᠦᠨ ᠡᠪᠡᠳᠴᠢᠨ᠎ᠤ ᠲᠡᠦᠬᠡ᠂ ᠬᠦᠴᠦᠨ ᠪᠦᠬᠦᠢ ᠪᠡᠶ᠎ᠡ ᠵᠢᠨ ᠦᠨᠡᠮᠯᠡᠯ᠎ᠢ ᠬᠠᠩᠭ᠋ᠠᠬᠤ ᠬᠡᠷᠡᠭᠲᠡᠶ᠃ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠢ ᠰᠢᠢ᠍ᠳᠪᠦᠷᠢᠯᠡᠬᠦ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠷᠢᠭᠤᠴᠠᠯᠭ᠋ᠠᠲᠤ ᠨᠡᠷᠡᠲᠦ ᠡᠮᠴᠢ ᠭᠥᠯᠢᠶᠡᠨ ᠠᠪᠴᠤ ᠰᠢᠢ᠍ᠳᠪᠦᠷᠢᠯᠡᠬᠦ ᠮᠠᠲ᠋ᠧᠷᠢᠶᠠᠯ᠎ᠢ ᠦᠨᠳᠦᠰᠦᠯᠡᠨ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠷᠠᠭ᠋ᠠᠯᠵᠠᠯ᠎ᠤᠨ ᠭᠤᠶᠤᠴᠢᠯᠠᠯ᠎ᠢ ᠮᠠᠭ᠋ᠠᠳᠯᠠᠨ ᠲᠣᠭᠲᠠᠭ᠋ᠠᠬᠤ ᠪᠠ ᠮᠡᠳᠡᠭᠡ ᠵᠠᠩᠭᠢ ᠵᠢ ᠪᠢᠴᠢᠵᠦ ᠣᠷᠣᠭᠤᠯᠤᠨ᠂ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡ ᠵᠢᠨ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ᠎ᠬᠢᠨ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠪᠠᠢ᠌ᠴᠠᠭ᠋ᠠᠬᠤ ᠪᠠ ᠲᠠᠩᠰᠠ ᠡᠪᠬᠡᠮᠡᠯ᠎ᠤᠨ ᠬᠠᠮᠢᠶᠠᠷᠤᠯᠲᠠ ᠵᠢ ᠬᠠᠷᠢᠭᠤᠴᠠᠵᠤ᠂ ᠳᠠᠭ᠋ᠠᠳᠬᠠᠯ᠎ᠳᠤ ᠣᠷᠣᠯᠴᠠᠭᠰᠠᠳ ᠡᠮ᠎ᠤᠨ ᠵᠦᠢ᠍ᠯ᠎ᠤᠨ ᠭᠠᠷᠴᠠᠭ᠎ᠤᠨ ᠬᠢᠵᠠᠭ᠋ᠠᠷᠯᠠᠭᠰᠠᠨ ᠲᠣᠭ᠋ᠠᠴᠠᠭ᠎ᠠ ᠬᠢᠬᠦ ᠬᠡᠪᠴᠢᠶᠡᠨ᠎ᠳᠤ ᠬᠡᠷᠡᠭᠯᠡᠬᠦ ᠭᠧᠨ᠎ᠤ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠵᠢ ᠬᠠᠩᠭ᠋ᠠᠬᠤ ᠴᠢᠬᠤᠯᠠᠲᠠᠢ ᠪᠣᠯ ᠭᠧᠨ᠎ᠢ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠵᠢ ᠬᠢᠨᠠᠨ ᠰᠢᠯᠭ᠋ᠠᠬᠤ ᠵᠢᠨ ᠬᠠᠮᠲᠤ ᠦᠯᠡᠳᠡᠭᠡᠨ ᠬᠠᠳᠠᠭ᠋ᠠᠯᠠᠵᠤ ᠪᠠᠶ᠋ᠢᠴᠠᠭ᠋ᠠᠬᠤ᠎ᠳᠤ ᠪᠡᠯᠡᠳᠬᠡᠬᠦ ᠬᠡᠷᠡᠭᠲᠡᠶ᠂ ᠬᠢᠨᠠᠨ ᠪᠠᠢ᠌ᠴᠠᠭ᠋ᠠᠭ᠋ᠠᠳ ᠪᠠᠲᠤᠯᠠᠭᠰᠠᠨ᠎ᠤ ᠳᠠᠷᠠᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠷᠠᠭ᠋ᠠᠯᠵᠠᠯ᠎ᠢ ᠮᠠᠭ᠋ᠠᠳᠯᠠᠨ ᠲᠣᠭᠲᠠᠭ᠋ᠠᠬᠤ ᠭᠤᠶᠤᠴᠢᠯᠠᠯ᠎ᠤᠨ ᠬᠦᠰᠦᠨᠦᠭᠲᠦ》 ᠵᠢ ᠭᠠᠷᠭ᠋ᠠᠬᠤ ᠵᠢᠨ ᠬᠠᠮᠲᠤ ᠠᠯᠪᠠᠨ ᠲᠠᠮᠠᠭ᠎ᠠ ᠳᠠᠷᠤᠬᠤ ᠬᠡᠷᠡᠭᠲᠡᠶ᠃ ᠨᠡᠬᠡᠳᠡᠰᠦ ᠡᠷᠬᠡᠲᠡᠨ᠎ᠢ ᠰᠢᠯᠵᠢᠭᠦᠯᠬᠦ ᠮᠡᠰᠡ ᠵᠠᠰᠠᠯ᠎ᠤᠨ ᠳᠠᠷᠠᠭ᠋ᠠᠬᠢ ᠥᠯᠦ ᠢᠵᠢᠯᠢᠰᠢᠬᠦ ᠵᠢ ᠰᠡᠷᠭᠡᠢ᠌ᠯᠡᠬᠦ ᠡᠮᠴᠢᠯᠡᠭᠡ᠂ ᠬᠣᠣᠷᠲᠤ ᠬᠠᠪᠤᠳᠠᠷ᠎ᠤᠨ ᠰᠠᠴᠤᠷᠠᠭ ᠵᠠᠰᠠᠯ ᠪᠠ ᠬᠢᠮᠢ ᠵᠢᠨ ᠵᠠᠰᠠᠯ᠂ ᠴᠢᠰᠤ ᠵᠢ ᠨᠡᠪᠴᠢᠭᠦᠯᠦᠨ ᠢᠯᠭ᠋ᠠᠷᠠᠭᠤᠯᠬᠤ ᠪᠠ ᠬᠡᠪᠡᠯᠢ ᠵᠢᠨ ᠪᠦᠷᠬᠦᠪᠴᠢ ᠵᠢ ᠨᠡᠪᠴᠢᠭᠦᠯᠦᠨ ᠢᠯᠭ᠋ᠠᠷᠠᠭᠤᠯᠬᠤ ᠳᠠᠭ᠋ᠠᠳᠬᠠᠯ᠎ᠳᠤ ᠣᠷᠣᠯᠴᠠᠭᠰᠠᠳ᠎ᠢ ᠬᠢᠨᠠᠨ ᠪᠠᠢ᠌ᠴᠠᠭ᠋ᠠᠵᠤ ᠪᠦᠷᠢᠳᠬᠡᠨ ᠳᠠᠠᠩᠰᠠᠯᠠᠬᠤᠳᠤ ᠡᠷᠬᠡᠪᠰᠢ ᠴᠡᠭ ᠳᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢ ᠲᠣᠭᠲᠠᠭ᠋ᠠᠬᠤ ᠬᠡᠷᠡᠭᠲᠡᠶ (ᠳᠠᠭ᠋ᠠᠯᠳᠤᠭᠤᠯᠤᠯ 2᠎ᠲᠤ ᠦᠵᠡᠭᠡᠷᠡᠶ)᠃
ᠳᠥᠷᠪᠡ᠂ ᠡᠮᠴᠢᠯᠡᠬᠦ ᠲᠥᠰᠦᠯ᠎ᠢ ᠬᠤᠪᠢᠷᠠᠭᠤᠯᠬᠤ
ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠢ ᠡᠮᠴᠢᠯᠡᠬᠦ ᠲᠥᠰᠦᠯ᠎ᠢ ᠬᠤᠪᠢᠷᠠᠭᠤᠯᠬᠤ ᠠᠵᠢᠯ᠎ᠢ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠠᠯᠪᠠᠨ᠎ᠠᠴᠠ ᠪᠠᠶ᠋ᠢᠭᠤᠯᠤᠭᠰᠠᠨ ᠴᠡᠭ ᠳᠣᠭᠲᠠᠭ᠋ᠠᠭᠰᠠᠨ ᠪᠥᠬᠦ ᠡᠮᠴᠢᠯᠡᠭᠡᠨ᠎ᠤ ᠪᠠᠶ᠋ᠢᠭᠤᠯᠤᠮᠵᠢ᠎ᠳᠤ ᠨᠠᠶ᠋ᠢᠳᠠᠵᠤ ᠭᠦᠢ᠍ᠴᠡᠳᠬᠡᠯᠭᠡᠬᠦ ᠡᠷᠬᠡ ᠵᠢ ᠣᠯᠭᠣᠨ᠎ᠠ᠃ ᠳᠠᠭ᠋ᠠᠳᠬᠠᠯ᠎ᠳᠤ ᠣᠷᠣᠯᠴᠠᠭᠰᠠᠳ ᠡᠪᠡᠳᠴᠢᠨ᠎ᠤ ᠪᠠᠶ᠋ᠢᠳᠠᠯ᠎ᠠᠴᠠ ᠪᠣᠯᠵᠤ ᠡᠮᠴᠢᠯᠡᠭᠦᠯᠬᠦ ᠲᠥᠰᠦᠯ᠎ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠣᠯ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠎ᠢ ᠬᠢᠨᠠᠨ ᠵᠥᠪᠰᠢᠶᠡᠷᠡᠬᠦ ᠨᠥᠬᠥᠴᠡᠯ᠎ᠲᠠᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠭᠤᠤᠯᠴᠢᠯᠠᠨ ᠬᠠᠮᠢᠶᠠᠷᠬᠤ ᠨᠡᠷᠡᠲᠦ ᠡᠮᠴᠢ᠎ᠠᠴᠠ ᠳᠠᠭ᠋ᠠᠳᠬᠠᠯ᠎ᠳᠤ ᠣᠷᠣᠯᠴᠠᠭᠰᠠᠳ᠎ᠤᠨ ᠡᠪᠡᠳᠴᠢᠨ᠎ᠤ ᠪᠠᠶ᠋ᠢᠳᠠᠯ᠎ᠢ ᠦᠨᠳᠦᠰᠦᠯᠡᠨ ᠰᠢᠨ᠎ᠡ ᠵᠣᠷ ᠭᠠᠷᠭ᠋ᠠᠵᠤ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠵᠣᠷ᠎ᠢ ᠳᠠᠬᠢᠨ ᠬᠢᠨᠠᠬᠤ ᠵᠢᠨ ᠬᠠᠮᠲᠤ ᠠᠯᠪᠠᠨ ᠲᠠᠮᠠᠭ᠎ᠠ ᠳᠠᠷᠤᠬᠤ ᠵᠢ ᠬᠠᠷᠢᠭᠤᠴᠠᠨ᠎ᠠ᠃ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠳᠠᠭ᠋ᠠᠳᠬᠠᠯ᠎ᠳᠤ ᠣᠷᠣᠯᠴᠠᠭᠰᠠᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠷᠠᠭ᠋ᠠᠯᠵᠠᠯ᠎ᠢ ᠮᠠᠭ᠋ᠠᠳᠯᠠᠨ ᠳᠣᠭᠲᠠᠭ᠋ᠠᠬᠤ ᠭᠤᠶᠤᠴᠢᠯᠠᠯ᠎ᠤᠨ ᠬᠦᠰᠦᠨᠦᠭᠲᠦ》 ᠪᠣᠯᠤᠨ ᠵᠣᠷ ᠵᠶ᠋ᠠᠷ ᠴᠡᠭ ᠳᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠡᠪᠡᠳᠴᠢᠨ ᠵᠶ᠋ᠠᠨ ᠦᠵᠡᠭᠦᠯᠵᠦ ᠡᠮ ᠬᠤᠳᠠᠯᠳᠤᠨ ᠠᠪᠴᠤ᠂ ᠴᠡᠭ ᠳᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠠᠴᠠ ᠳᠠᠭ᠋ᠠᠳᠬᠠᠯ᠎ᠳᠤ ᠣᠷᠣᠯᠴᠠᠭᠰᠠᠳ᠎ᠲᠤ ᠡᠮ ᠬᠠᠩᠭ᠋ᠠᠬᠤ᠎ᠳᠤ᠎ᠪᠠᠨ ᠨᠢᠭᠡ ᠰᠠᠷ᠎ᠠ ᠵᠢᠨ ᠡᠮ᠎ᠤᠨ ᠬᠡᠮᠵᠢᠶ᠎ᠡ᠎ᠠᠴᠠ ᠬᠡᠲᠦᠷᠡᠭᠦᠯᠵᠦ ᠪᠣᠯᠬᠤ ᠦᠭᠡᠶ᠂ ᠬᠢᠵᠢᠭ᠎ᠤᠨ ᠪᠠᠶ᠋ᠢᠳᠠᠯ᠂ ᠠᠵᠢᠯ ᠵᠶ᠋ᠠᠷ ᠭᠠᠳᠠᠭᠰᠢ ᠭᠠᠷᠬᠤ᠂ ᠲᠥᠷᠥᠯ ᠰᠠᠳᠤᠨ ᠵᠶ᠋ᠠᠨ ᠡᠷᠭᠢᠵᠦ ᠦᠵᠡᠬᠦ ᠵᠡᠷᠭᠡ ᠣᠨᠴᠠᠭ᠋ᠠᠢ ᠪᠠᠶ᠋ᠢᠳᠠᠯ᠎ᠠᠴᠠ ᠪᠣᠯᠵᠤ᠂ 《ᠤᠷᠲᠤ ᠬᠤᠭᠤᠴᠠᠭ᠋ᠠᠨ᠎ᠤ ᠵᠣᠷ᠎ᠤᠨ ᠬᠠᠮᠢᠶᠠᠷᠤᠯᠲᠠ ᠵᠢᠨ ᠵᠢᠷᠤᠮᠵᠢᠯ (ᠲᠤᠷᠰᠢᠨ ᠬᠡᠷᠡᠭᠵᠢᠭᠦᠯᠬᠦ)᠎ᠢ ᠳᠠᠷᠤᠮᠠᠯᠯᠠᠨ ᠳᠠᠷᠬᠠᠭ᠋ᠠᠬᠤ ᠲᠤᠬᠠᠶ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠠᠯᠪᠠᠨ ᠲᠢᠩᠬᠢᠮ᠎ᠤᠨ ᠮᠡᠳᠡᠭᠳᠡᠯ》 (ᠲᠥᠷᠥ ᠡᠷᠡᠭᠦᠯ ᠠᠯᠪᠠᠨ ᠲᠠᠷᠬᠠᠭ᠋ᠠᠭᠰᠠᠨ [2021] 17 ᠳ᠋ᠤᠭ᠋ᠠᠷ ᠲᠣᠭ᠋ᠠᠲᠤ) ᠵᠶ᠋ᠠᠷ ᠯᠠᠪᠯᠠᠯᠲᠠ ᠪᠣᠯᠭ᠋ᠠᠵᠤ᠂ ᠡᠪᠡᠳᠴᠢᠲᠡᠨ᠎ᠤ ᠡᠪᠡᠳᠴᠢᠨ᠎ᠤ ᠪᠠᠶ᠋ᠢᠳᠠᠯ᠎ᠤᠨ ᠬᠡᠷᠡᠭᠴᠡᠭᠡ ᠵᠢ ᠦᠨᠳᠦᠰᠦᠯᠡᠨ᠂ ᠬᠠᠮᠤᠭ᠎ᠤᠨ ᠠᠷᠪᠢᠨ᠎ᠳᠤ᠎ᠪᠠᠨ 3 ᠰᠠᠷ᠎ᠠ ᠬᠡᠷᠡᠭᠯᠡᠬᠦ ᠡᠮ᠎ᠢ ᠬᠠᠩᠭ᠋ᠠᠵᠤ ᠪᠣᠯᠤᠨ᠎ᠠ᠃ ᠤᠤᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠡᠭᠦᠳᠡᠨ ᠡᠮᠨᠡᠯᠭᠡ᠎ᠳᠤ ᠡᠮᠨᠡᠭᠦᠯᠬᠦ ᠭᠠᠷ ᠠᠪᠤᠯᠭ᠎ᠠ》 ᠵᠢ ᠳᠠᠭᠢᠵᠤ ᠬᠡᠷᠡᠭᠯᠡᠬᠦ ᠥᠬᠡᠶ᠃
ᠲᠠᠪᠤ᠂ ᠬᠠᠷᠠᠭ᠋ᠠᠯᠵᠠᠯ᠎ᠢ ᠬᠠᠷᠢᠯᠴᠠᠨ ᠮᠡᠳᠡᠷᠡᠬᠦ
ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠭᠰᠠᠳ᠂ ᠡᠮᠴᠢᠯᠡᠭᠡ ᠵᠢᠨ ᠳᠠᠭ᠋ᠠᠳᠬᠠᠯ᠎ᠤᠨ ᠬᠠᠷᠢᠴᠠᠭ᠎ᠠ᠎ᠨᠢ ᠨᠢᠭᠡᠳᠦᠯᠲᠡᠶ ᠲᠥᠯᠦᠪᠯᠡᠭᠰᠡᠨ ᠣᠷᠣᠨ ᠠᠯᠤᠰᠯᠠᠨ ᠥᠪᠡᠷᠲᠡᠭᠡᠨ ᠵᠠᠰᠠᠬᠤ ᠣᠷᠣᠨ᠎ᠤ ᠳᠡᠰ᠎ᠲᠤ ᠰᠢᠯᠵᠢᠭᠦᠯᠦᠭᠰᠡᠨ ᠪᠣᠯ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠵᠦᠢ᠍ᠯ᠎ᠤᠨ ᠬᠡᠪᠴᠢᠶᠡᠨ᠎ᠳᠠᠬᠢ ᠡᠪᠡᠳᠴᠢᠨ᠎ᠤ ᠵᠦᠢ᠍ᠯ᠎ᠢ ᠳᠠᠭᠢᠵᠤ ᠮᠠᠭ᠋ᠠᠳᠯᠠᠨ ᠲᠣᠭᠲᠠᠭ᠋ᠠᠬᠤ ᠴᠢᠬᠤᠯᠠ ᠥᠬᠡᠶ᠃ ᠳᠠᠭ᠋ᠠᠳᠬᠠᠯ᠎ᠳᠤ ᠣᠷᠣᠯᠴᠠᠭᠰᠠᠳ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠢ ᠬᠢᠨᠠᠨ ᠵᠥᠪᠰᠢᠶᠡᠷᠡᠬᠦ ᠨᠥᠬᠥᠴᠡᠯ᠎ᠲᠠᠢ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠭᠤᠶᠤᠴᠢᠯᠠᠯ ᠭᠠᠷᠭ᠋ᠠᠵᠤ᠂ ᠭᠤᠶᠤᠴᠢᠯᠠᠯ᠎ᠢ ᠭᠥᠯᠢᠶᠡᠨ ᠠᠪᠤᠭᠰᠠᠨ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠠᠴᠠ ᠬᠢᠨᠠᠨ ᠪᠠᠢ᠌ᠴᠠᠭ᠋ᠠᠬᠤ ᠵᠢᠨ ᠬᠠᠮᠲᠤ ᠤᠤᠯ᠎ᠤᠨ ᠨᠢᠭᠡᠳᠦᠯᠲᠡᠶ ᠲᠥᠯᠦᠪᠯᠡᠭᠰᠡᠨ ᠲᠣᠭᠣᠷᠢᠭ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠷᠠᠭ᠋ᠠᠯᠵᠠᠯ᠎ᠢ ᠮᠠᠭ᠋ᠠᠳᠯᠠᠨ ᠳᠣᠭᠲᠠᠭ᠋ᠠᠠᠬᠤ ᠭᠤᠶᠤᠴᠢᠯᠠᠯ᠎ᠤᠨ ᠬᠦᠰᠦᠨᠦᠭᠲᠦ ᠵᠢᠨ ᠶᠣᠰᠣᠭ᠋ᠠᠷ ᠲᠡᠮᠳᠡᠭᠯᠡᠨ ᠣᠷᠣᠭᠤᠯᠵᠤ᠂ ᠤᠤᠯ᠎ᠤᠨ ᠨᠢᠭᠡᠳᠦᠯᠲᠡᠶ ᠲᠥᠯᠦᠪᠯᠡᠭᠰᠡᠨ ᠲᠣᠭᠣᠷᠢᠭ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠷᠠᠭ᠋ᠠᠯᠵᠠᠯ᠎ᠢ ᠮᠠᠭ᠋ᠠᠳᠯᠠᠨ ᠳᠣᠭᠲᠠᠭ᠋ᠠᠠᠬᠤ ᠭᠤᠶᠤᠴᠢᠯᠠᠯ᠎ᠤᠨ ᠬᠦᠰᠦᠨᠦᠭᠲᠦ ᠵᠢ ᠦᠯᠡᠳᠡᠭᠡᠨ ᠬᠠᠳᠠᠭ᠋ᠠᠯᠠᠵᠤ ᠪᠠᠶ᠋ᠢᠴᠠᠭ᠋ᠠᠬᠤ᠎ᠳᠤ ᠪᠡᠯᠡᠳᠬᠡᠬᠦ ᠬᠡᠷᠡᠭᠲᠡᠶ᠃ ᠬᠢᠨᠠᠨ ᠪᠠᠢ᠌ᠴᠠᠭ᠋ᠠᠵᠤ ᠪᠠᠲᠤᠯᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠷᠠᠭ᠋ᠠᠯᠵᠠᠯ᠎ᠤᠨ ᠪᠠᠷᠢᠮᠵᠢᠶ᠎ᠠ ᠵᠢ ᠬᠡᠷᠡᠭᠵᠢᠭᠦᠯᠦᠨ᠎ᠡ᠃
ᠵᠢᠷᠭᠤᠭ᠎ᠠ᠂ ᠠᠵᠢᠯ᠎ᠤᠨ ᠱᠠᠭ᠋ᠠᠷᠳᠠᠯᠭ᠎ᠠ
(ᠨᠢᠭᠡ) ᠡᠯ᠎ᠡ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠡᠮᠴᠢᠯᠡᠭᠡᠨ᠎ᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠠᠵᠢᠯ᠎ᠢ ᠰᠠᠶ᠋ᠢᠲᠤᠷ ᠬᠢᠵᠦ᠂ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠤᠢ ᠪᠣᠯᠭ᠋ᠠᠨ᠂ ᠳᠠᠭ᠋ᠠᠳᠬᠠᠯ᠎ᠳᠤ ᠣᠷᠣᠯᠴᠠᠭᠰᠠᠳ᠎ᠤᠨ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ ᠬᠡᠮᠵᠢᠶ᠎ᠡ ᠵᠢ ᠳᠡᠭᠡᠭᠰᠢᠯᠡᠭᠦᠯᠵᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠬᠠᠮᠢᠶ᠎ᠠ ᠪᠦᠬᠦᠢ ᠬᠠᠷᠠᠭ᠋ᠠᠯᠵᠠᠯ᠎ᠢ ᠴᠠᠭ ᠲᠤᠬᠠᠶ᠎ᠳᠤᠨᠢ ᠭᠦᠷᠲᠡᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
(ᠬᠣᠶᠠᠷ) ᠬᠢᠨᠠᠨ ᠵᠥᠪᠰᠢᠶᠡᠷᠡᠬᠦ ᠨᠥᠬᠥᠴᠡᠯ᠎ᠲᠠᠢ ᠴᠡᠭ ᠲᠣᠭᠲᠠᠭ᠋ᠠᠭᠰᠠᠨ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠡᠮᠨᠡᠯᠭᠡ ᠵᠢᠨ ᠠᠵᠢᠯᠲᠠᠳ᠎ᠢ ᠨᠠᠷᠢᠨ ᠬᠢᠨᠠᠮᠠᠭ᠋ᠠᠶ ᠵᠣᠬᠢᠶᠠᠨ ᠪᠠᠶ᠋ᠢᠭᠤᠯᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠰᠤᠷᠤᠯᠴᠠᠭᠤᠯᠵᠤ᠂ ᠬᠠᠷᠢᠭᠤᠴᠠᠯᠭ᠋ᠠᠲᠤ ᠨᠡᠷᠡᠲᠦ ᠡᠮᠴᠢ ᠮᠡᠳᠡᠭᠦᠯᠦᠭᠰᠡᠨ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠢ ᠨᠠᠷᠢᠨ ᠬᠢᠨᠠᠮᠠᠭ᠋ᠠᠶ ᠬᠢᠨᠠᠨ ᠬᠠᠷᠭᠤᠭᠤᠯᠵᠤ᠂ ᠣᠨᠣᠰᠢᠯᠠᠨ ᠡᠮᠨᠡᠬᠦ ᠵᠢᠷᠤᠮᠵᠢᠯ ᠪᠠ ᠡᠮᠴᠢᠯᠡᠭᠡᠨ᠎ᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠨ ᠡᠮᠴᠢᠯᠡᠬᠦ ᠲᠥᠰᠦᠯ ᠵᠶ᠋ᠠᠨ ᠲᠣᠭᠲᠠᠭ᠋ᠠᠬᠤ ᠵᠢᠨ ᠬᠠᠮᠲᠤ ᠬᠢᠨᠠᠨ ᠬᠠᠷᠭᠤᠭᠤᠯᠤᠭᠰᠠᠨ ᠦᠷ᠎ᠡ ᠳ᠋ᠦᠩ ᠪᠠ ᠡᠮᠴᠢᠯᠡᠬᠦ ᠲᠥᠰᠦᠯ᠎ᠤᠨ ᠪᠦᠬᠦ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠶ᠃
(ᠭᠤᠷᠪᠠ) ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠴᠡᠭ ᠲᠣᠭᠲᠠᠭ᠋ᠠᠭᠰᠠᠨ ᠡᠯ᠎ᠡ ᠡᠮ ᠡᠮᠨᠡᠯᠭᠡ ᠵᠢᠨ ᠪᠠᠶ᠋ᠢᠭᠤᠯᠤᠮᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯᠲᠠᠨ ᠠᠵᠢᠯᠴᠢᠨ᠎ᠤ ᠦᠨᠳᠦᠰᠦᠨ ᠡᠮᠨᠡᠯᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠮᠢᠶᠠᠷᠤᠯᠲᠠ ᠵᠢᠨ ᠠᠷᠭ᠎ᠠ》 ᠪᠠ ᠦᠢ᠍ᠯᠡᠴᠢᠯᠡᠭᠡᠨ᠎ᠤ ᠬᠡᠯᠡᠯᠴᠡᠭᠡᠷ᠎ᠤᠨ ᠲᠣᠭᠲᠠᠭ᠋ᠠᠯ ᠶᠣᠰᠣᠭ᠋ᠠᠷ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠵᠤ᠂ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠂ ᠳᠠᠭ᠋ᠠᠳᠬᠠᠯ᠎ᠳᠤ ᠣᠷᠣᠯᠴᠠᠭᠰᠠᠳ᠎ᠲᠤ ᠦᠨᠡᠨ ᠬᠦ᠌ ᠴᠢᠨᠠᠷ ᠰᠠᠶ᠋ᠢᠲᠠᠶ ᠦᠢ᠍ᠯᠡᠴᠢᠯᠡᠭᠡ ᠵᠢ ᠬᠠᠩᠭ᠋ᠠᠬᠤ ᠬᠡᠷᠡᠭᠲᠡᠶ᠃
ᠳᠠᠭ᠋ᠠᠯᠳᠤᠭᠤᠯᠤᠯ᠄
1 . ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠎ᠢ ᠬᠢᠨᠠᠨ ᠵᠥᠪᠰᠢᠶᠡᠷᠡᠬᠦ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠨᠡᠷᠡᠰ
2 . ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠎ᠤ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠭᠦᠷᠭᠡᠯᠡᠬᠦ ᠡᠪᠡᠳᠴᠢᠨ᠎ᠤ ᠲᠥᠷᠦᠯ᠎ᠤᠨ ᠨᠡᠷᠡᠰ
3 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠬᠠᠷᠠᠭ᠋ᠠᠯᠵᠠᠯ᠎ᠢ ᠮᠠᠭ᠋ᠠᠳᠯᠠᠨ ᠳᠣᠭᠲᠠᠭ᠋ᠠᠬᠤ ᠭᠤᠶᠤᠴᠢᠯᠠᠯ᠎ᠤᠨ ᠬᠦᠰᠦᠨᠦᠭᠲᠦ
4 . ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠲᠥᠷᠥᠯ ᠵᠢᠴᠢ ᠨᠣᠮᠧᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ
2022 ᠣᠨ᠎ᠤ 9 ᠰᠠᠷ᠎ᠠ ᠵᠢᠨ 29᠎ᠤ ᠡᠳᠦᠷ
ᠳᠠᠭ᠋ᠠᠯᠳᠤᠭᠤᠯᠤᠯ᠄
ᠳᠠᠭ᠋ᠠᠯᠳᠤᠭᠤᠯᠤᠯ᠄ 4 . ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠲᠥᠷᠥᠯ ᠵᠢᠴᠢ ᠨᠣᠮᠧᠷ . docx