ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠠᠮᠠᠨ ᠬᠥᠨᠳᠡᠶ᠎ᠳᠤ ᠲᠠᠷᠢᠬᠤ ᠰᠢᠳᠦᠨ᠎ᠤ ᠰᠢᠰᠲ᠋ᠧᠮ᠎ᠤᠨ ᠮᠤᠵᠢ ᠵᠢᠨ ᠬᠣᠭᠣᠷᠣᠨᠳᠣᠬᠢ ᠬᠣᠯᠪᠣᠭ᠎ᠠ ᠵᠢᠨ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠠᠯᠪᠠᠨ ᠵᠠᠷᠯᠠᠯ (1 ᠳ᠋ᠦ᠍ᠭᠡᠷ ᠲᠣᠭ᠋ᠠᠳᠤ
ᠨᠡᠶ᠋ᠢᠲᠡᠯᠡᠭᠰᠡᠨ ᠴᠠᠭ᠄ 2022-09-23

    ᠠᠷᠠᠳ ᠣᠯᠠᠨ᠎ᠳᠤ ᠴᠢᠨᠠᠷ ᠰᠠᠶ᠋ᠢᠲᠠᠶ᠂ ᠪᠥᠲᠦᠮᠵᠢᠲᠡᠢ᠂ ᠳᠠᠭ᠋ᠠᠭ᠋ᠠᠵᠤ ᠳᠡᠢ᠌ᠯᠬᠦᠢ᠌ᠴᠡ ᠤᠨᠠᠭᠰᠠᠨ ᠰᠢᠳᠦ ᠵᠢ ᠨᠥᠬᠦᠬᠦ ᠦᠢ᠍ᠯᠡᠴᠢᠯᠡᠭᠡ ᠬᠠᠩᠭ᠋ᠠᠬᠤ ᠵᠢ ᠪᠠᠲᠤᠯᠠᠬᠤ ᠵᠢᠨ ᠲᠥᠯᠦᠭᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠡᠮᠴᠢᠯᠡᠭᠡᠨ᠎ᠳᠤ ᠬᠡᠷᠡᠭᠯᠡᠬᠦ ᠥᠨᠳᠥᠷ ᠥᠷᠲᠡᠭᠲᠦ ᠬᠣᠷᠣᠭᠳᠠᠯ ᠮᠠᠲ᠋ᠧᠷᠢᠶᠠᠯ᠎ᠢ ᠬᠠᠮᠢᠶᠠᠷᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2019] 37 ᠳ᠋ᠤᠭ᠋ᠠᠷ ᠲᠣᠭ᠋ᠠᠲᠤ)᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠶᠢᠰᠦᠨ ᠰᠠᠯᠠᠭ᠎ᠠ ᠮᠥᠴᠢᠷ᠎ᠤᠨ 《2022 ᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶ᠎ᠡ ᠵᠢᠴᠢ ᠡᠮᠴᠢᠯᠡᠭᠡᠨ᠎ᠤ ᠦᠢ᠍ᠯᠡᠴᠢᠯᠡᠭᠡ ᠵᠢᠨ ᠲᠥᠪ ᠪᠤᠰᠤ ᠰᠤᠷᠲᠠᠯ᠎ᠢ ᠵᠠᠯᠠᠷᠠᠭᠤᠯᠬᠤ ᠠᠵᠢᠯ᠎ᠤᠨ ᠭᠤᠤᠯᠳᠠᠯᠭ᠎ᠠ ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠲᠥᠷᠥ ᠡᠷᠡᠭᠦᠯ ᠬᠠᠮᠠᠭ᠋ᠠᠯᠠᠯ ᠡᠮᠨᠡᠯᠭᠡ ᠪᠢᠴᠢᠭ [2022] 84 ᠳ᠋ᠦ᠍ᠭᠡᠷ ᠲᠣᠭ᠋ᠠᠲᠤ)᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠠᠮᠠᠨ ᠬᠥᠨᠳᠡᠶ᠎ᠳᠤ ᠲᠠᠷᠢᠬᠤ ᠡᠮᠴᠢᠯᠡᠭᠡᠨ᠎ᠤ ᠦᠢ᠍ᠯᠡᠴᠢᠯᠡᠭᠡ ᠵᠢᠨ ᠵᠠᠷᠤᠳᠠᠯ ᠬᠤᠷᠢᠶᠠᠬᠤ ᠪᠠ ᠬᠣᠷᠣᠭᠳᠠᠯ ᠮᠠᠲ᠋ᠧᠷᠢᠶᠠᠯ᠎ᠤᠨ ᠦᠨ᠎ᠡ ᠬᠠᠩᠰᠢ ᠵᠢᠨ ᠲᠤᠰᠬᠠᠶ ᠵᠠᠰᠠᠯᠲᠠ ᠵᠢ ᠥᠷᠨᠢᠭᠦᠯᠬᠦ ᠲᠤᠬᠠᠶ ᠮᠡᠳᠡᠭᠳᠡᠯ》 (ᠡᠮᠴᠢᠯᠡᠭᠡᠨ᠎ᠤ ᠪᠠᠲᠤᠯᠠᠭ᠎ᠠ ᠲᠠᠷᠬᠠᠭ᠋ᠠᠭᠰᠠᠨ [2022] 27 ᠳ᠋ᠤᠭ᠋ᠠᠷ ᠲᠣᠭ᠋ᠠᠲᠤ) ᠵᠡᠷᠭᠡ ᠬᠣᠯᠪᠣᠭᠳᠠᠯ ᠪᠥᠬᠥᠶ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠤᠯᠤᠰ᠎ᠠᠴᠠ ᠵᠢᠯᠣᠭᠣᠳᠬᠤ᠂ ᠬᠣᠯᠪᠤᠭ᠎ᠠ ᠬᠤᠳᠠᠯᠳᠤᠨ ᠠᠪᠬᠤ᠂ ᠲᠠᠪᠴᠠᠩ᠎ᠳᠤ ᠠᠵᠢᠯᠯᠠᠭᠤᠯᠬᠤ ᠰᠡᠳᠬᠢᠮᠵᠢ ᠶᠣᠰᠤᠭ᠋ᠠᠷ ᠪᠦᠬᠦ ᠤᠯᠤᠰ᠎ᠤᠨ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ)᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ ᠬᠤᠳᠠᠯᠳᠤᠨ ᠠᠪᠬᠤ ᠬᠣᠯᠪᠣᠭ᠎ᠠ ᠪᠠᠢ᠌ᠭᠤᠯᠤᠨ᠂ ᠰᠧᠴᠤᠸᠠᠨ ᠮᠤᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠨᠠᠶ᠋ᠢᠳᠠᠵᠤ ᠠᠮᠠᠨ ᠬᠥᠨᠳᠡᠶ᠎ᠳᠤ ᠲᠠᠷᠢᠬᠤ ᠰᠢᠳᠦᠨ᠎ᠤ ᠰᠢᠰᠲ᠋ᠧᠮ᠎ᠤᠨ ᠮᠤᠵᠢ ᠵᠢᠨ ᠬᠣᠭᠣᠷᠣᠨᠳᠣᠬᠢ ᠬᠣᠯᠪᠣᠭ᠋ᠠᠨ᠎ᠤ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠠᠯᠪᠠᠨ ᠬᠡᠷ (ᠳᠣᠷᠣᠭᠰᠢ ᠮᠤᠵᠢ ᠵᠢᠨ ᠬᠣᠭᠣᠷᠣᠨᠳᠣᠬᠢ ᠬᠣᠯᠪᠣᠭ᠎ᠠ ᠵᠢᠨ ᠬᠣᠯᠪᠤᠭ᠋ᠠᠯᠠᠨ ᠬᠤᠳᠠᠯᠳᠤᠨ ᠠᠪᠬᠤ ᠠᠯᠪᠠᠨ ᠬᠡᠷ ᠭᠡᠵᠦ ᠲᠣᠪᠴᠢᠯᠠᠨ᠎ᠠ)᠎ᠢ ᠪᠠᠢ᠌ᠭᠤᠯᠵᠤ᠂ ᠡᠯ᠎ᠡ ᠭᠠᠵᠠᠷ ᠣᠷᠣᠨ᠎ᠤ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ (ᠴᠡᠷᠢᠭ ᠠᠩᠭᠢ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢ ᠪᠠᠭᠲᠠᠭ᠋ᠠᠨ᠎ᠠ᠂ ᠳᠣᠷᠣᠭᠰᠢ ᠠᠳᠠᠯᠢ)᠂ ᠡᠮᠴᠢᠯᠡᠭᠡᠨ᠎ᠤ ᠪᠠᠲᠤᠯᠠᠭ᠎ᠠ ᠵᠢᠨ ᠴᠡᠭ ᠲᠣᠭᠲᠠᠭ᠋ᠠᠭᠰᠠᠨ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠢᠴᠢ ᠰᠠᠶ᠋ᠢᠨ ᠳᠤᠷ᠎ᠠ᠎ᠠᠴᠠ᠎ᠪᠠᠨ ᠣᠷᠣᠯᠴᠠᠭᠰᠠᠨ ᠪᠤᠰᠤᠳ ᠡᠮᠴᠢᠯᠡᠭᠡᠨ᠎ᠤ ᠪᠠᠶ᠋ᠢᠭᠤᠯᠤᠮᠵᠢ ᠵᠡᠷᠭᠡ ᠠᠮᠠᠨ ᠬᠥᠨᠳᠡᠶ᠎ᠳᠤ ᠲᠠᠷᠢᠬᠤ ᠰᠢᠰᠲ᠋ᠧᠮ᠎ᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠵᠢ ᠬᠡᠷᠡᠭᠵᠢᠭᠦᠯᠦᠨ᠂ ᠰᠧᠴᠤᠸᠠᠨ ᠮᠤᠵᠢ ᠵᠢᠨ ᠡᠮ᠎ᠤᠨ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠦᠢ᠍ᠯᠡᠴᠢᠯᠡᠭᠡᠨ᠎ᠤ ᠲᠥᠪ᠎ᠠᠴᠠ ᠮᠤᠵᠢ ᠵᠢᠨ ᠬᠣᠭᠣᠷᠣᠨᠳᠣᠬᠢ ᠬᠣᠯᠪᠣᠭ᠎ᠠ ᠵᠢᠨ ᠬᠤᠳᠠᠯᠳᠤᠨ ᠠᠪᠬᠤ ᠠᠯᠪᠠᠨ ᠬᠡᠷ᠎ᠤᠨ ᠡᠳᠦᠷ ᠲᠤᠲᠤᠮ᠎ᠤᠨ ᠠᠵᠢᠯ᠎ᠢ ᠡᠭᠦᠷᠭᠡᠯᠡᠬᠦ ᠵᠢᠨ ᠬᠠᠮᠲᠤ ᠪᠣᠳᠠᠲᠠᠶ ᠬᠡᠷᠡᠭᠵᠢᠭᠦᠯᠬᠦ ᠵᠢ ᠬᠠᠷᠢᠭᠤᠴᠠᠨ᠎ᠠ᠃ ᠡᠳᠦᠭᠡ ᠬᠣᠯᠪᠣᠭᠳᠠᠯ ᠪᠥᠬᠥᠶ ᠵᠦᠢ᠍ᠯᠡᠰ᠎ᠤᠨ ᠲᠤᠬᠠᠶ 1 ᠳ᠋ᠦ᠍ᠭᠡᠷ ᠲᠣᠭ᠋ᠠᠲᠤ ᠠᠯᠪᠠᠨ ᠵᠠᠷᠯᠠᠯ᠎ᠢ ᠨᠡᠶ᠋ᠢᠲᠡᠯᠡᠪᠡ᠃

     ᠨᠢᠭᠡ᠂ ᠬᠤᠳᠠᠯᠳᠤᠨ ᠠᠪᠬᠤ ᠲᠦᠷᠦᠯ ᠵᠦᠢ᠍ᠯ

    ᠡᠨᠡ ᠤᠳᠠᠭ᠋ᠠᠨ᠎ᠤ ᠠᠮᠠᠨ ᠬᠥᠨᠳᠡᠶ᠎ᠳᠤ ᠲᠠᠷᠢᠬᠤ ᠰᠢᠳᠦᠨ᠎ᠤ ᠰᠢᠰᠲ᠋ᠧᠮ᠎ᠤᠨ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠦᠢ᠍ᠯᠡᠳᠭᠦᠨ ᠪᠣᠯ ᠲᠠᠷᠢᠬᠤ ᠰᠢᠳᠦ᠂ ᠨᠥᠬᠦᠬᠦ ᠰᠠᠭᠤᠷᠢ᠂ ᠰᠡᠯᠪᠢᠭ ᠲᠣᠨᠣᠭ᠎ᠤᠨ ᠪᠣᠭᠣᠳᠠᠯ ᠵᠡᠷᠭᠡ᠎ᠪᠠᠷ ᠲᠠᠷᠢᠬᠤ ᠰᠢᠳᠦᠨ᠎ᠤ ᠦᠢ᠍ᠯᠡᠳᠭᠦᠨ᠎ᠤ ᠰᠢᠰᠲ᠋ᠧᠮ᠎ᠢ ᠪᠦᠷᠢᠯᠳᠦᠭᠦᠯᠬᠦ ᠵᠢᠨ ᠬᠠᠮᠲᠤ ᠲᠠᠷᠢᠬᠤ ᠰᠢᠳᠦᠨ᠎ᠤ ᠮᠠᠲ᠋ᠧᠷᠢᠶᠠᠯ᠎ᠤᠨ ᠴᠢᠨᠠᠷ᠎ᠢ ᠦᠨᠳᠦᠰᠦᠯᠡᠨ᠂ ᠳᠥᠷᠪᠡᠳᠦᠭᠡᠷ ᠳᠡᠰ᠎ᠤᠨ ᠴᠡᠪᠡᠷ ᠲᠢᠲ᠋ᠠᠨ᠎ᠤ ᠲᠠᠷᠢᠬᠤ ᠰᠢᠳᠦᠨ᠎ᠤ ᠦᠢ᠍ᠯᠡᠳᠭᠦᠨ᠎ᠤ ᠰᠢᠰᠲ᠋ᠧᠮ ᠪᠠ ᠲᠢᠲ᠋ᠠᠨ᠎ᠤ ᠬᠠᠶ᠋ᠢᠯᠤᠰᠢ ᠵᠢᠨ ᠲᠠᠷᠢᠬᠤ ᠰᠢᠳᠦᠨ᠎ᠤ ᠦᠢ᠍ᠯᠡᠳᠭᠦᠨ᠎ᠤ ᠰᠢᠰᠲ᠋ᠧᠮ ᠭᠡᠬᠦ ᠬᠣᠶᠠᠷ ᠦᠢ᠍ᠯᠡᠳᠭᠦᠨ᠎ᠤ ᠰᠢᠰᠲ᠋ᠧᠮ᠎ᠤᠨ ᠲᠥᠷᠥᠯ᠎ᠲᠠᠢ ᠪᠠᠢ᠌ᠵᠤ᠂ ᠡᠯ᠎ᠡ ᠤᠭᠰᠠᠷᠠᠭ᠎ᠠ ᠲᠣᠨᠣᠭ᠎ᠤᠨ ᠪᠣᠳᠠᠲᠠᠶ ᠱᠠᠭ᠋ᠠᠷᠳᠠᠯᠭ᠎ᠠ ᠳᠤᠤᠷᠠᠬᠢ ᠮᠡᠲᠦ᠄

   (ᠨᠢᠭᠡ) ᠲᠠᠷᠢᠬᠤ ᠰᠢᠳᠦ (ᠪᠦᠷᠬᠦᠭᠦᠯ ᠱᠤᠷᠠᠭ᠎ᠢ ᠪᠠᠭᠲᠠᠭ᠋ᠠᠨ᠎ᠠ᠂ ᠳᠣᠷᠣᠭᠰᠢ ᠠᠳᠠᠯᠢ) ᠪᠣᠯ ᠬᠥᠮᠦᠨ᠎ᠤ ᠰᠢᠳᠦᠨ᠎ᠤ ᠬᠤᠪᠢᠯ᠎ᠤᠨ ᠶᠠᠰᠤᠨ᠎ᠳᠤ ᠲᠠᠷᠢᠬᠤ᠂ ᠬᠢᠮᠡᠯ ᠰᠢᠳᠦ ᠵᠡᠷᠭᠡ ᠨᠥᠬᠦᠬᠦ ᠰᠢᠳᠦᠨ᠎ᠤ ᠲᠣᠭᠲᠠᠮᠠᠯ ᠪᠤᠶᠤ ᠲᠤᠯᠭ᠋ᠠᠭᠤᠷᠢᠯᠠᠬᠤ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ᠎ᠢ ᠬᠠᠩᠭ᠋ᠠᠬᠤ ᠵᠢ ᠵᠢᠭ᠋ᠠᠵᠤ ᠪᠣᠶ᠃ ᠡᠨᠡ ᠤᠳᠠᠭ᠋ᠠᠨ᠎ᠤ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠲᠠᠷᠢᠬᠤ ᠰᠢᠳᠦᠨ᠎ᠤ ᠮᠠᠲ᠋ᠧᠷᠢᠶᠠᠯ᠎ᠤᠨ ᠴᠢᠨᠠᠷ᠎ᠨᠢ ᠳᠥᠷᠪᠡᠳᠦᠭᠡᠷ ᠳᠡᠰ᠎ᠤᠨ ᠴᠡᠪᠡᠷ ᠲᠢᠲ᠋ᠠᠨ ᠪᠤᠶᠤ ᠲᠢᠲ᠋ᠠᠨ᠎ᠤ ᠬᠠᠶ᠋ᠢᠯᠤᠰᠢ ᠪᠣᠯᠤᠨ᠎ᠠ᠂ ᠲᠦᠷ ᠴᠠᠭ ᠲᠠᠷᠢᠬᠤ ᠰᠢᠳᠦ᠂ ᠬᠠᠴᠠᠷ᠎ᠲᠠᠢ ᠬᠣᠯᠪᠤᠨ ᠲᠠᠷᠢᠬᠤ ᠰᠢᠳᠦ ᠪᠠ ᠨᠢᠭᠡ ᠴᠣᠭᠴᠠᠲᠤ ᠲᠠᠷᠢᠬᠤ ᠰᠢᠳᠦ ᠵᠢ ᠪᠠᠭᠲᠠᠭ᠋ᠠᠬᠤ ᠥᠬᠡᠶ᠃

   (ᠬᠣᠶᠠᠷ) ᠡᠨᠡ ᠤᠳᠠᠭ᠋ᠠᠨ᠎ᠤ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠨᠥᠬᠦᠬᠦ ᠰᠠᠭᠤᠷᠢ ᠪᠣᠯ ᠲᠠᠩ ᠰᠢᠳᠦ ᠵᠢ ᠲᠠᠷᠢᠬᠤ ᠨᠥᠬᠦᠬᠦ ᠰᠠᠭᠤᠷᠢ ᠪᠠᠢ᠌ᠵᠤ᠂ ᠮᠠᠲ᠋ᠧᠷᠢᠶᠠᠯ᠎ᠤᠨ ᠴᠢᠨᠠᠷ᠎ᠨᠢ ᠴᠡᠪᠡᠷ ᠲᠢᠲ᠋ᠠᠨ ᠪᠤᠶᠤ ᠲᠢᠲ᠋ᠠᠨ᠎ᠤ ᠬᠠᠶ᠋ᠢᠯᠤᠰᠢ ᠪᠣᠯᠤᠨ᠎ᠠ᠂ ᠡᠭᠦᠨ᠎ᠳᠤ ᠱᠤᠷᠠᠭ᠎ᠤᠨ ᠲᠣᠭᠲᠠᠮᠠᠯ ᠨᠥᠬᠦᠬᠦ ᠰᠠᠭᠤᠷᠢ᠎ᠨᠢ ᠲᠥᠪ ᠱᠤᠷᠠᠭ᠎ᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠃ ᠣᠯᠠᠨ ᠰᠢᠳᠦ ᠲᠠᠷᠢᠬᠤ᠎ᠳᠤ ᠲᠣᠬᠢᠷᠠᠬᠤ ᠨᠡᠶ᠋ᠢᠯᠡᠮᠡᠯ ᠰᠠᠭᠤᠷᠢ ᠵᠢ ᠲᠦᠷ ᠣᠷᠣᠭᠤᠯᠬᠤ ᠦᠭᠡᠢ᠃

  (ᠭᠤᠷᠪᠠ) ᠰᠡᠯᠪᠢᠭ ᠲᠣᠨᠣᠭ᠎ᠤᠨ ᠪᠣᠭᠣᠳᠠᠯ᠎ᠳᠤ ᠡᠳᠡᠭᠡᠬᠦ ᠰᠠᠭᠤᠷᠢ᠂ ᠰᠢᠯᠵᠢᠭᠦᠯᠬᠦ ᠡᠰᠢ᠂ ᠲᠠᠷᠢᠬᠤ ᠰᠢᠳᠦ ᠵᠢ ᠣᠷᠣᠯᠠᠬᠤ ᠰᠢᠳᠦ ᠲᠤᠰ ᠪᠦᠷᠢ 1 ᠵᠢ ᠪᠠᠭᠲᠠᠭ᠋ᠠᠵᠤ᠂ ᠮᠠᠲ᠋ᠧᠷᠢᠶᠠᠯ᠎ᠤᠨ ᠴᠢᠨᠠᠷ᠎ᠲᠤ ᠴᠡᠪᠡᠷ ᠲᠢᠲ᠋ᠠᠨ᠂ ᠲᠢᠲ᠋ᠠᠨ᠎ᠤ ᠬᠠᠶ᠋ᠢᠯᠤᠰᠢ᠂ ᠲᠣᠮᠣ ᠮᠤᠯᠤᠺᠦᠢ᠍ᠯᠲᠤ ᠮᠠᠲ᠋ᠧᠷᠢᠶᠠᠯ ᠵᠡᠷᠭᠡ ᠵᠢ ᠪᠠᠭᠲᠠᠭ᠋ᠠᠨ᠎ᠠ᠃

    ᠬᠣᠶᠠᠷ᠂ ᠠᠵᠤ ᠠᠬᠤᠶ᠋ᠢᠯᠠᠯ᠎ᠤᠨ ᠬᠢᠷᠢ ᠬᠡᠮ

    ᠡᠨᠡ ᠤᠳᠠᠭ᠋ᠠᠨ᠎ᠤ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠦᠢ᠍ᠯᠡᠳᠭᠦᠨ᠎ᠤ ᠬᠠᠤᠯᠢ ᠶᠣᠰᠣᠨ᠎ᠤ ᠬᠢᠷᠢ ᠬᠡᠮ᠎ᠢ ᠨᠢᠭᠡᠨᠲᠡ ᠣᠯᠤᠭᠰᠠᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠴᠢ (ᠣᠷᠣᠯᠠᠭᠴᠢ) ᠳᠤᠤᠷᠠᠬᠢ ᠱᠠᠭ᠋ᠠᠷᠳᠠᠯᠭ᠎ᠠ ᠵᠢ ᠬᠠᠩᠭ᠋ᠠᠭᠰᠠᠨ ᠪᠣᠯ ᠴᠥᠮ ᠮᠡᠳᠡᠭᠦᠯᠬᠦ ᠠᠵᠤ ᠠᠬᠤᠶ᠋ᠢᠯᠠᠯ᠎ᠤᠨ ᠬᠤᠪᠢ᠎ᠪᠠᠷ ᠣᠷᠣᠯᠴᠠᠵᠤ ᠪᠣᠯᠤᠨ᠎ᠠ᠃ ᠡᠭᠦᠨ᠎ᠳᠤ᠂ ᠬᠢᠯᠢ ᠵᠢᠨ ᠭᠠᠳᠠᠨᠠᠬᠢ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ (ᠣᠷᠣᠯᠠᠭᠴᠢ) ᠮᠠᠨ᠎ᠤ ᠤᠯᠤᠰ᠎ᠤᠨ ᠬᠢᠯᠢ ᠳᠣᠲᠣᠷᠠᠬᠢ ᠳᠣᠭᠲᠠᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠳᠤ ᠮᠡᠳᠡᠭᠦᠯᠬᠦ ᠠᠵᠤ ᠠᠬᠤᠶ᠋ᠢᠯᠠᠯ ᠪᠣᠯᠬᠤ ᠵᠢ ᠨᠠᠢ᠌ᠳᠠᠵᠤ᠂ ᠲᠡᠭᠦᠨ᠎ᠢ ᠬᠠᠮᠵᠢᠨ ᠵᠣᠬᠢᠴᠠᠩᠭᠤᠶ ᠬᠠᠤᠯᠢ ᠴᠠᠭ᠋ᠠᠵᠠ ᠵᠢᠨ ᠡᠭᠦᠷᠭᠡ ᠵᠢ ᠭᠦᠢ᠍ᠴᠡᠳᠭᠡᠵᠦ ᠪᠣᠯᠤᠨ᠎ᠠ᠃

   (ᠨᠢᠭᠡ) ᠠᠵᠤ ᠠᠬᠤᠶ᠋ᠢᠯᠠᠯ᠎ᠤᠨ ᠮᠡᠳᠡᠭᠦᠯᠦᠭᠰᠡᠨ ᠦᠢ᠍ᠯᠡᠳᠬᠦᠨ᠎ᠨᠢ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠶᠠᠰᠤ ᠴᠢᠨᠠᠷ᠎ᠤᠨ ᠪᠠᠷᠢᠮᠵᠢᠶᠠᠨ᠎ᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ ᠪᠥᠭᠡᠳ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠱᠠᠭ᠋ᠠᠷᠳᠠᠯᠭ᠎ᠠ ᠶᠣᠰᠣᠭ᠋ᠠᠷ ᠦᠢ᠍ᠯᠡᠳᠪᠦᠷᠢᠯᠡᠬᠦ ᠵᠢ ᠵᠣᠬᠢᠶᠠᠨ ᠪᠠᠶ᠋ᠢᠭᠤᠯᠬᠤ ᠬᠡᠷᠡᠭᠲᠡᠶ᠃

   (ᠬᠣᠶᠠᠷ) ᠮᠡᠳᠡᠭᠦᠯᠬᠦ ᠠᠵᠤ ᠠᠬᠤᠶ᠋ᠢᠯᠠᠯ ᠡᠷᠬᠡᠪᠰᠢ ᠬᠠᠩᠭ᠋ᠠᠬᠤ ᠣᠷᠣᠨ ᠪᠦᠰᠡ᠎ᠪᠠᠨ ᠲᠣᠳᠣᠷᠬᠠᠶ᠋ᠢᠯᠠᠬᠤ ᠵᠢᠨ ᠬᠠᠮᠲᠤ ᠡᠯ᠎ᠡ ᠦᠢ᠍ᠯᠡᠳᠭᠦᠨ᠎ᠤ ᠰᠢᠰᠲ᠋ᠧᠮ᠎ᠤᠨ ᠡᠯ᠎ᠡ ᠤᠭᠰᠠᠷᠠᠭ᠎ᠠ ᠲᠣᠨᠣᠭ᠎ᠤᠨ ᠬᠠᠷᠠᠭ᠋ᠠᠯᠵᠠᠭᠰᠠᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠰᠠᠨ ᠦᠨᠡᠮᠯᠡᠯ (ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠰᠠᠨ ᠭᠡᠷᠡᠴᠢ ᠪᠠᠷᠢᠮᠲᠠ ᠵᠢ ᠪᠠᠭᠲᠠᠭ᠋ᠠᠨ᠎ᠠ᠂ ᠳᠣᠷᠣᠭᠰᠢ ᠠᠳᠠᠯᠢ)᠎ᠳᠠᠬᠢ ᠪᠥᠬᠦ ᠬᠡᠪ ᠪᠠᠷᠢᠮᠵᠢᠶ᠎ᠠ ᠬᠡᠯᠪᠡᠷᠢ ᠮᠠᠶᠢᠭ᠎ᠨᠢ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠋ᠠᠨ᠎ᠳᠤ ᠣᠷᠣᠨ ᠪᠦᠰᠡ ᠵᠢᠨ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢ ᠠᠮᠠᠯᠳᠠᠬᠤ ᠬᠡᠷᠡᠭᠲᠡᠢ᠃

   (ᠭᠤᠷᠪᠠ) ᠠᠵᠤ ᠠᠬᠤᠶ᠋ᠢᠯᠠᠯ ᠪᠣᠯᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ (ᠣᠷᠣᠯᠠᠭᠴᠢ) 《ᠪᠥᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠰᠬᠠᠶ ᠠᠰᠢᠭ᠎ᠤᠨ ᠬᠠᠤᠯᠢ》᠂ 《ᠪᠥᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ ᠬᠠᠤᠯᠢ》 ᠵᠡᠷᠭᠡ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠳᠦᠷᠢᠮ᠎ᠢ ᠵᠢᠷᠤᠮᠯᠠᠬᠤ ᠬᠡᠷᠡᠭᠲᠡᠶ᠃

   (ᠳᠥᠷᠪᠡ) ᠮᠡᠳᠡᠭᠦᠯᠬᠦ ᠠᠵᠤ ᠠᠬᠤᠶ᠋ᠢᠯᠠᠯ ᠪᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ (ᠣᠷᠣᠯᠠᠭᠴᠢ) ᠵᠢ ᠣᠳᠣᠬᠠᠨ᠎ᠤ 《ᠪᠥᠬᠥ ᠤᠯᠤᠰ᠎ᠤᠨ ᠡᠮ ᠡᠮᠨᠡᠯᠭᠡ ᠵᠢᠨ ᠦᠨ᠎ᠡ ᠬᠠᠩᠰᠢ ᠪᠠ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠤᠨ ᠲᠦᠭᠰᠢᠭᠦᠷᠢ ᠵᠢ ᠰᠡᠷᠡᠮᠵᠢᠯᠡᠭᠦᠯᠬᠦ ᠨᠡᠷᠡᠰ》᠎ᠤᠨ ᠵᠢᠭᠰᠠᠭ᠋ᠠᠯᠲᠠ᠎ᠳᠤ ᠣᠷᠣᠭᠰᠠᠨ ᠥᠬᠡᠶ᠃

   (ᠲᠠᠪᠤ) ᠠᠳᠠᠯᠢ ᠨᠢᠭᠡᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ (ᠣᠷᠣᠯᠠᠭᠴᠢ) ᠵᠢᠨ ᠦᠢ᠍ᠯᠡᠳᠬᠦᠨ᠎ᠢ ᠠᠳᠠᠯᠢ ᠪᠤᠰᠤ ᠠᠵᠤ ᠠᠬᠤᠶ᠋ᠢᠯᠠᠯ᠎ᠳᠤ ᠨᠠᠶ᠋ᠢᠳᠠᠨ ᠮᠡᠳᠡᠭᠦᠯᠵᠦ ᠪᠣᠯᠬᠤ ᠦᠭᠡᠶ᠃

   (ᠵᠢᠷᠭᠤᠭ᠎ᠠ) ᠠᠳᠠᠯᠢ ᠪᠤᠰᠤ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ (ᠣᠷᠣᠯᠠᠭᠴᠢ) ᠠᠳᠠᠯᠢ ᠨᠢᠭᠡ ᠠᠵᠤ ᠠᠬᠤᠶ᠋ᠢᠯᠠᠯ᠎ᠳᠤ ᠨᠠᠶ᠋ᠢᠳᠠᠨ ᠮᠡᠳᠡᠭᠦᠯᠦᠭᠰᠡᠨ ᠪᠣᠯ ᠡᠯ᠎ᠡ ᠨᠠᠶ᠋ᠢᠳᠠᠨ ᠳᠠᠩᠰᠠᠯᠠᠭᠤᠯᠤᠭᠴᠢ (ᠣᠷᠣᠯᠠᠭᠴᠢ) ᠵᠢᠨ ᠬᠣᠭᠣᠷᠣᠨᠳᠣ ᠵᠢᠴᠢ ᠨᠠᠶ᠋ᠢᠳᠠᠨ ᠳᠠᠩᠰᠠᠯᠠᠭᠤᠯᠤᠭᠴᠢ (ᠣᠷᠣᠯᠠᠭᠴᠢ) ᠪᠣᠯᠤᠨ ᠨᠠᠶ᠋ᠢᠳᠠᠯᠭ᠎ᠠ ᠬᠦᠯᠢᠶᠡᠭᠰᠡᠨ ᠠᠵᠤ ᠠᠬᠤᠶ᠋ᠢᠯᠠᠯ᠎ᠤᠨ ᠬᠣᠭᠣᠷᠣᠨᠳᠣ ᠬᠣᠯᠪᠣᠯᠳᠤᠭᠰᠠᠨ ᠬᠠᠷᠢᠴᠠᠭ᠎ᠠ᠎ᠲᠠᠢ᠎ᠪᠠᠷ ᠦᠵᠡᠨ᠎ᠡ᠃ ᠬᠡᠷᠪᠡ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ (ᠣᠷᠣᠯᠠᠭᠴᠢ)᠎ᠨᠢ ᠠᠳᠠᠯᠢ ᠪᠤᠰᠤ ᠪᠣᠯᠪᠠᠴᠤ ᠠᠳᠠᠯᠢ ᠨᠢᠭᠡᠨ ᠪᠣᠳᠠᠲᠠᠢ ᠡᠵᠡᠮᠳᠡᠭᠴᠢ ᠪᠤᠶᠤ ᠬᠤᠪᠢ ᠡᠵᠡᠮᠳᠡᠬᠦ ᠬᠠᠷᠢᠴᠠᠭ᠎ᠠ᠎ᠲᠠᠢ ᠪᠣᠯ ᠳᠡᠭᠡᠷ᠎ᠡ ᠳᠤᠷᠠᠳᠤᠭᠰᠠᠨ ᠳᠠᠩᠰᠠᠯᠠᠭᠤᠯᠤᠭᠴᠢ (ᠣᠷᠣᠯᠠᠭᠴᠢ) ᠵᠢᠨ ᠬᠣᠭᠣᠷᠣᠨᠳᠣ ᠬᠣᠯᠪᠣᠯᠳᠤᠭᠰᠠᠨ ᠬᠠᠷᠢᠴᠠᠭ᠎ᠠ᠎ᠲᠠᠢ᠎ᠪᠠᠷ ᠦᠵᠡᠨ᠎ᠡ᠃ ᠲᠣᠭᠲᠠᠭᠰᠠᠨ ᠴᠠᠭ ᠬᠤᠭᠤᠴᠠᠭ᠋ᠠᠨ᠎ᠳᠤ ᠵᠣᠬᠢᠬᠤ ᠠᠵᠢᠯᠯᠠᠭ᠎ᠠ ᠵᠢ ᠪᠡᠶᠡᠯᠡᠭᠦᠯᠦᠭᠰᠡᠨ ᠮᠡᠳᠡᠭᠦᠯᠦᠭᠰᠡᠨ ᠠᠵᠤ ᠠᠬᠤᠶ᠋ᠢᠯᠠᠯ ᠪᠣᠯ ᠬᠦᠴᠦᠨ᠎ᠲᠠᠢ ᠮᠡᠳᠡᠭᠦᠯᠦᠭᠰᠡᠨ ᠠᠵᠤ ᠠᠬᠤᠶ᠋ᠢᠯᠠᠯ ᠪᠠᠶ᠋ᠢᠵᠤ᠂ ᠦᠨ᠎ᠡ ᠵᠢᠨ ᠦᠷᠢᠰᠦᠯᠳᠦᠭᠡᠨ᠎ᠳᠤ ᠣᠷᠣᠯᠴᠠᠵᠤ ᠪᠣᠯᠤᠨ᠎ᠠ᠃

     ᠭᠤᠷᠪᠠ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠬᠦᠷᠢᠶ᠎ᠡ ᠬᠡᠪᠴᠢᠶ᠎ᠡ

    ᠬᠣᠯᠪᠣᠭ᠋ᠠᠨ᠎ᠤ ᠭᠠᠵᠠᠷ ᠣᠷᠣᠨ᠎ᠤ ᠠᠮᠠᠨ ᠬᠥᠨᠳᠡᠶ᠎ᠳᠤ ᠰᠢᠳᠦ ᠲᠠᠷᠢᠬᠤ ᠦᠢ᠍ᠯᠡᠴᠢᠯᠡᠭᠡ ᠵᠢ ᠥᠷᠨᠢᠭᠦᠯᠵᠦ ᠪᠠᠢ᠌ᠭ᠎ᠠ ᠪᠥᠬᠦ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠣᠷᠣᠯᠴᠠᠵᠤ ᠪᠣᠯᠤᠨ᠎ᠠ᠂ ᠡᠮᠴᠢᠯᠡᠭᠡᠨ᠎ᠤ ᠪᠠᠲᠤᠯᠠᠭ᠎ᠠ ᠵᠢᠨ ᠴᠡᠭ ᠲᠣᠭᠲᠠᠭ᠋ᠠᠭᠰᠠᠨ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ᠎ᠨᠢ ᠴᠡᠭ ᠲᠣᠭᠲᠠᠭ᠋ᠠᠭᠰᠠᠨ ᠬᠡᠯᠡᠯᠴᠡᠭᠡᠷ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠶᠣᠰᠣᠭ᠋ᠠᠷ ᠣᠷᠣᠯᠴᠠᠵᠤ᠂ ᠪᠤᠰᠤᠳ ᠡᠮᠴᠢᠯᠡᠭᠡᠨ᠎ᠤ ᠪᠠᠶ᠋ᠢᠭᠤᠯᠤᠮᠵᠢ ᠵᠢᠨ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠬᠤ ᠵᠢ ᠵᠣᠷᠢᠭᠵᠢᠭᠤᠯᠤᠨ᠎ᠠ᠃

     ᠳᠦᠷᠪᠡ᠂ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠎ᠠ

    ᠡᠨᠡ ᠤᠳᠠᠭ᠋ᠠᠨ᠎ᠤ ᠠᠮᠠᠨ ᠬᠥᠨᠳᠡᠶ᠎ᠳᠤ ᠲᠠᠷᠢᠬᠤ ᠰᠢᠳᠦᠨ᠎ᠤ ᠰᠢᠰᠲ᠋ᠧᠮ᠎ᠤᠨ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠦᠶᠡᠯᠡᠯ᠎ᠨᠢ 3 ᠵᠢᠯ ᠪᠣᠯᠤᠨ᠎ᠠ᠂ ᠰᠣᠩᠭᠣᠭᠳᠠᠭᠰᠠᠨ ᠦᠷ᠎ᠡ ᠳ᠋ᠦᠩ᠎ᠢ ᠪᠣᠳᠠᠲᠠᠶ ᠬᠡᠷᠡᠭᠵᠢᠭᠦᠯᠦᠭᠰᠡᠨ ᠡᠳᠦᠷ᠎ᠠᠴᠠ ᠡᠬᠢᠯᠡᠵᠦ ᠪᠤᠳᠤᠨ᠎ᠠ᠃

     ᠲᠠᠪᠤ᠂ ᠬᠤᠳᠠᠯᠳᠤᠨ ᠠᠪᠬᠤ ᠳᠦᠷᠢᠮ

   (ᠨᠢᠭᠡ) ᠬᠤᠳᠠᠯᠳᠤᠨ ᠠᠪᠬᠤ ᠰᠠᠨᠠᠮᠵᠢ ᠵᠢᠨ ᠬᠡᠮᠵᠢᠶ᠎ᠡ

     ᠮᠤᠵᠢ ᠵᠢᠨ ᠬᠣᠭᠣᠷᠣᠨᠳᠣᠬᠢ ᠬᠣᠯᠪᠣᠭ᠎ᠠ ᠵᠢᠨ ᠬᠠᠮᠲᠤᠷᠠᠨ ᠬᠤᠳᠠᠯᠳᠤᠨ ᠠᠪᠬᠤ ᠠᠯᠪᠠᠨ ᠬᠡᠷ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠦᠢ᠍ᠯᠡᠳᠭᠦᠨ᠎ᠤ ᠰᠢᠰᠲ᠋ᠧᠮ᠎ᠢ ᠪᠠᠶ᠋ᠢᠭᠤᠯᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠢᠷᠡᠭᠡᠳᠦᠶ ᠵᠢᠨ ᠨᠢᠭᠡ ᠵᠢᠯ᠎ᠤᠨ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶ᠎ᠡ ᠵᠢ ᠲᠠᠭᠯᠠᠨ ᠮᠡᠳᠡᠭᠦᠯᠵᠦ᠂ ᠬᠤᠷᠢᠶᠠᠩᠭᠤᠶ᠋ᠢᠯᠠᠭᠰᠠᠨ᠎ᠤ ᠳᠠᠷᠠᠭ᠎ᠠ ᠵᠣᠬᠢᠬᠤ ᠬᠠᠷᠢᠴᠠᠯ ᠵᠶ᠋ᠠᠷ ᠬᠤᠳᠠᠯᠳᠤᠨ ᠠᠪᠬᠤ ᠰᠠᠨᠠᠮᠵᠢ ᠵᠢᠨ ᠬᠡᠮᠵᠢᠶ᠎ᠡ ᠵᠢ ᠪᠦᠷᠢᠯᠳᠦᠭᠦᠯᠦᠨ᠎ᠡ᠃

   1 . ᠮᠡᠳᠡᠭᠦᠯᠬᠦ ᠠᠵᠤ ᠠᠬᠤᠶ᠋ᠢᠯᠠᠯ᠎ᠨᠢ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠴᠢ᠎ᠪᠠᠷ ᠨᠢᠭᠡᠴᠢ ᠪᠣᠯᠭ᠋ᠠᠵᠤ᠂ ᠡᠮᠴᠢᠯᠡᠭᠡᠨ᠎ᠤ ᠬᠡᠷᠡᠭᠯᠡᠯᠲᠡ ᠪᠠ ᠥᠩᠭᠡᠷᠡᠭᠰᠡᠨ᠎ᠤ ᠬᠠᠩᠭ᠋ᠠᠯᠭ᠎ᠠ ᠵᠢᠨ ᠪᠠᠶ᠋ᠢᠳᠠᠯ᠎ᠢ ᠦᠨᠳᠦᠰᠦᠯᠡᠨ᠂ ᠠᠳᠠᠯᠢ ᠨᠢᠭᠡᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ ᠵᠢᠨ ᠦᠢ᠍ᠯᠡᠳᠭᠦᠨ᠎ᠤ ᠤᠭᠰᠠᠷᠠᠭ᠎ᠠ ᠲᠣᠨᠣᠭ᠎ᠢ ᠲᠣᠰ ᠠᠯᠪᠠᠨ ᠵᠠᠷᠯᠠᠯ᠎ᠤᠨ ᠨᠢᠭᠡᠳᠦᠭᠡᠷ ᠵᠦᠢ᠍ᠯ᠎ᠳᠠᠬᠢ 《ᠬᠤᠳᠠᠯᠳᠤᠨ ᠠᠪᠬᠤ ᠲᠥᠷᠥᠯ ᠵᠦᠢ᠍ᠯ》᠎ᠤᠨ ᠦᠢ᠍ᠯᠡᠳᠭᠦᠨ᠎ᠤ ᠰᠢᠰᠲ᠋ᠧᠮ᠎ᠤᠨ ᠱᠠᠭ᠋ᠠᠷᠳᠠᠯᠭ᠎ᠠ ᠶᠣᠰᠣᠭ᠋ᠠᠷ ᠨᠡᠶ᠋ᠢᠯᠡᠭᠦᠯᠬᠦ ᠵᠢᠨ ᠬᠠᠮᠲᠤ ᠬᠠᠩᠭ᠋ᠠᠬᠤ ᠣᠷᠣᠨ ᠪᠦᠰᠡ ᠵᠢᠨ ᠬᠡᠪᠴᠢᠶ᠎ᠡ ᠵᠢ ᠨᠤᠲᠠᠯᠠᠨ ᠲᠣᠭᠲᠠᠭ᠋ᠠᠨ᠎ᠠ᠃

   2 . ᠡᠮᠴᠢᠯᠡᠭᠡᠨ᠎ᠤ ᠪᠠᠶ᠋ᠢᠭᠤᠯᠤᠮᠵᠢ ᠲᠠᠷᠢᠬᠤ ᠰᠢᠳᠦᠨ᠎ᠤ ᠰᠢᠰᠲ᠋ᠧᠮ᠎ᠤᠨ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶ᠎ᠡ ᠵᠢ ᠦᠨᠡᠨ ᠵᠶ᠋ᠠᠷ᠎ᠨᠢ ᠨᠠᠷᠢᠯᠢᠭ ᠣᠨᠣᠴᠠᠲᠠᠢ ᠲᠠᠭᠯᠠᠨ ᠮᠡᠳᠡᠭᠦᠯᠬᠦ ᠬᠡᠷᠡᠭᠲᠡᠶ᠃ ᠡᠯ᠎ᠡ ᠮᠤᠵᠢ ᠵᠢᠨ ᠳᠡᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ ᠮᠤᠵᠢ ᠵᠢᠨ ᠳᠣᠲᠣᠷᠠᠬᠢ ᠡᠨᠡ ᠤᠳᠠᠭ᠋ᠠᠨ᠎ᠤ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ᠎ᠳᠤ ᠣᠷᠣᠯᠴᠠᠬᠤ ᠡᠮᠴᠢᠯᠡᠭᠡᠨ᠎ᠤ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ ᠢᠷᠡᠬᠦ ᠨᠢᠭᠡ ᠵᠢᠯ᠎ᠤᠨ ᠲᠠᠷᠢᠬᠤ ᠰᠢᠳᠦᠨ᠎ᠤ ᠰᠢᠰᠲ᠋ᠧᠮ᠎ᠤᠨ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶ᠎ᠡ ᠵᠢ ᠲᠠᠭᠯᠠᠨ ᠮᠡᠳᠡᠭᠦᠯᠬᠦ ᠬᠡᠷᠡᠭᠲᠡᠶ᠃ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠋ᠠᠨ᠎ᠳᠤ ᠵᠢᠯ ᠪᠦᠷᠢ ᠬᠤᠳᠠᠯᠳᠤᠨ ᠠᠪᠬᠤ ᠬᠡᠯᠡᠯᠴᠡᠭᠡᠷ ᠲᠣᠭᠲᠠᠵᠤ᠂ ᠦᠷᠭᠦᠯᠵᠢᠯᠡᠨ ᠳᠣᠭᠲᠠᠬᠤ ᠬᠤᠳᠠᠯᠳᠤᠨ ᠠᠪᠬᠤ ᠬᠡᠯᠡᠯᠴᠡᠭᠡᠷ᠎ᠤᠨ ᠬᠡᠮᠵᠢᠶ᠎ᠡ ᠵᠢ ᠵᠠᠷᠴᠢᠮ ᠳᠡᠭᠡᠷ᠎ᠡ᠎ᠪᠠᠨ ᠳᠡᠭᠡᠷ᠎ᠡ ᠨᠢᠭᠡ ᠵᠢᠯ᠎ᠤᠨ ᠬᠡᠯᠡᠯᠴᠡᠭᠡᠷ᠎ᠤᠨ ᠬᠤᠳᠠᠯᠳᠤᠨ ᠠᠪᠤᠭᠰᠠᠨ ᠬᠡᠮᠵᠢᠶ᠎ᠡ᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠶ᠃

   (ᠬᠣᠶᠠᠷ) ᠦᠷᠢᠰᠦᠯᠳᠦᠭᠡᠨ᠎ᠤ ᠦᠨ᠎ᠡ ᠵᠢᠨ ᠨᠢᠭᠡᠴᠢ

   1 . ᠠᠳᠠᠯᠢ ᠨᠢᠭᠡᠨ ᠦᠢ᠍ᠯᠡᠳᠭᠦᠨ᠎ᠤ ᠰᠢᠰᠲ᠋ᠧᠮ᠎ᠤᠨ ᠲᠥᠷᠥᠯ ᠢᠯᠭ᠋ᠠᠯ᠎ᠳᠤ ᠡᠮᠴᠢᠯᠡᠭᠡᠨ᠎ᠤ ᠪᠠᠶ᠋ᠢᠭᠤᠯᠤᠮᠵᠢ ᠵᠢᠨ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ᠂ ᠠᠵᠤ ᠠᠬᠤᠶ᠋ᠢᠯᠠᠯ᠎ᠤᠨ ᠬᠠᠩᠭ᠋ᠠᠯᠭ᠎ᠠ ᠵᠢᠨ ᠴᠢᠳᠠᠪᠤᠷᠢ ᠵᠡᠷᠭᠡ ᠨᠥᠬᠥᠴᠡᠯ᠎ᠢ ᠦᠨᠳᠦᠰᠦᠯᠡᠨ᠂ A᠂ B ᠬᠣᠶᠠᠷ ᠦᠷᠢᠰᠦᠯᠳᠦᠭᠡᠨ᠎ᠤ ᠦᠨ᠎ᠡ ᠵᠢᠨ ᠨᠢᠭᠡᠴᠢ ᠵᠢ ᠪᠦᠷᠢᠯᠳᠦᠭᠦᠯᠵᠦ ᠲᠣᠰ ᠲᠣᠰ ᠦᠨ᠎ᠡ ᠥᠷᠢᠰᠥᠯᠳᠦᠭᠦᠯᠦᠨ᠎ᠡ᠃ ᠡᠭᠦᠨ᠎ᠤ ᠬᠠᠮᠲᠤ ᠳᠤᠤᠷᠠᠬᠢ ᠨᠥᠬᠥᠴᠡᠯ᠎ᠢ ᠬᠠᠩᠭ᠋ᠠᠭᠰᠠᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ ᠵᠢ A ᠳᠤᠭᠤᠶ᠋ᠢᠯᠠᠩ᠎ᠳᠤ ᠣᠷᠣᠭᠤᠯᠵᠤ᠂ ᠪᠤᠰᠤᠳ᠎ᠢ᠎ᠨᠢ B ᠳᠤᠭᠤᠶ᠋ᠢᠯᠠᠩ᠎ᠳᠤ ᠣᠷᠣᠭᠤᠯᠤᠨ᠎ᠠ᠄

   1 . 1 . ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ᠎ᠪᠠᠷ ᠨᠢᠭᠡᠴᠢ ᠪᠣᠯᠭ᠋ᠠᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶ᠎ᠡ᠎ᠪᠠᠷ ᠶᠡᠬᠡ᠎ᠠᠴᠠ ᠪᠠᠭ᠎ᠠ ᠲᠡᠢ᠌ᠰᠢ ᠳᠠᠷᠠᠭ᠋ᠠᠯᠠᠨ ᠵᠢᠭᠰᠠᠭ᠋ᠠᠵᠤ᠂ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶ᠎ᠡ ᠵᠢᠨ 90 % ᠵᠢ ᠬᠠᠮᠤᠷᠤᠭᠰᠠᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠴᠢ ᠵᠢ ᠣᠷᠣᠭᠤᠯᠤᠨ᠎ᠠ᠃

   1 . 2 . ᠪᠥᠬᠦ ᠬᠣᠯᠪᠣᠭ᠋ᠠᠨ᠎ᠤ ᠭᠠᠵᠠᠷ ᠣᠷᠣᠨ᠎ᠤ ᠲᠤᠰᠬᠠᠶ ᠣᠷᠣᠨ ᠬᠣᠲᠠ ᠵᠢᠨ ᠪᠥᠬᠦ ᠬᠤᠳᠠᠯᠳᠤᠨ ᠠᠪᠬᠤ ᠬᠡᠷᠡᠭᠴᠡᠭᠡ ᠵᠢ ᠬᠠᠩᠭ᠋ᠠᠬᠤ ᠵᠢ ᠠᠮᠠᠯᠳᠠᠬᠤ ᠬᠡᠷᠡᠭᠲᠡᠢ᠃

   2 . ᠳᠥᠷᠪᠡᠳᠦᠭᠡᠷ ᠳᠡᠰ᠎ᠤᠨ ᠴᠡᠪᠡᠷ ᠲᠢᠲ᠋ᠠᠨ᠎ᠤ ᠲᠠᠷᠢᠬᠤ ᠰᠢᠳᠦᠨ᠎ᠤ ᠦᠢ᠍ᠯᠡᠳᠭᠦᠨ᠎ᠤ ᠰᠢᠰᠲ᠋ᠧᠮ᠎ᠤᠨ ᠲᠥᠷᠥᠯ ᠵᠦᠢ᠍ᠯ᠂ ᠵᠢᠱ᠌ᠢᠶᠡᠯᠡᠪᠡᠯ A ᠳᠤᠭᠤᠶ᠋ᠢᠯᠠᠩ᠎ᠳᠤ ᠣᠷᠣᠭᠤᠯᠤᠭᠰᠠᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ ᠵᠢᠨ ᠲᠣᠭ᠎ᠠ 8 ᠨᠢᠭᠡᠴᠢ᠎ᠳᠤ ᠬᠥᠷᠬᠥ ᠥᠬᠡᠶ ᠪᠣᠯ ᠳᠡᠭᠡᠷ᠎ᠡ ᠳᠤᠷᠠᠳᠤᠭᠰᠠᠨ 1 . 2᠎ᠤᠨ ᠨᠥᠬᠥᠴᠡᠯ᠎ᠢ ᠬᠠᠩᠭ᠋ᠠᠭᠰᠠᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠴᠢ ᠵᠢᠨ ᠳᠣᠲᠣᠷ᠎ᠠ᠎ᠠᠴᠠ ᠡᠮᠴᠢᠯᠡᠭᠡᠨ᠎ᠤ ᠪᠠᠶ᠋ᠢᠭᠤᠯᠤᠮᠵᠢ ᠵᠢᠨ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶ᠎ᠡ᠎ᠪᠠᠷ ᠶᠡᠬᠡ᠎ᠠᠴᠠ ᠪᠠᠭ᠎ᠠ ᠵᠢᠨ ᠳᠠᠷᠠᠭ᠋ᠠᠯᠠᠯ ᠵᠶ᠋ᠠᠷ 8 ᠨᠢᠭᠡᠴᠢ ᠵᠢ ᠨᠥᠬᠥᠪᠥᠷᠢᠯᠡᠨ᠎ᠡ᠃

   (ᠭᠤᠷᠪᠠ) ᠦᠷᠢᠰᠦᠯᠳᠦᠭᠡᠨ᠎ᠤ ᠦᠨ᠎ᠡ ᠵᠢᠨ ᠳᠦᠷᠢᠮ

   1 ᠦᠨ᠎ᠡ ᠵᠢᠨ ᠪᠦᠷᠢᠯᠳᠦᠯ᠃ ᠦᠢ᠍ᠯᠡᠳᠬᠦᠨ᠎ᠤ ᠰᠢᠰᠲ᠋ᠧᠮ᠎ᠤᠨ ᠮᠡᠳᠡᠭᠦᠯᠬᠦ ᠦᠨ᠎ᠡ ᠬᠠᠩᠰᠢ᠎ᠳᠤ ᠦᠢ᠍ᠯᠡᠳᠬᠦᠨ᠎ᠤ ᠰᠢᠰᠲ᠋ᠧᠮ᠎ᠤᠨ ᠡᠯ᠎ᠡ ᠤᠭᠰᠠᠷᠠᠭ᠎ᠠ ᠲᠣᠨᠣᠭ᠎ᠤᠨ ᠦᠨ᠎ᠡ ᠬᠠᠩᠰᠢ (ᠦᠢ᠍ᠯᠡᠳᠬᠦᠨ᠎ᠤ ᠰᠢᠰᠲ᠋ᠧᠮ᠎ᠤᠨ ᠲᠣᠬᠢᠷᠠᠭᠤᠯᠤᠨ ᠬᠦᠷᠭᠡᠬᠦ ᠵᠠᠷᠤᠳᠠᠯ᠂ ᠢᠵᠢ ᠪᠦᠷᠢᠳᠦᠭᠦᠯᠬᠦ ᠪᠠᠭ᠋ᠠᠵᠢ ᠵᠢ ᠲᠣᠬᠢᠷᠠᠭᠤᠯᠤᠨ ᠬᠦᠷᠭᠡᠬᠦ ᠪᠠ ᠬᠡᠷᠡᠭᠯᠡᠬᠦ ᠵᠠᠷᠤᠳᠠᠯ᠂ ᠳᠠᠭ᠋ᠠᠯᠳᠤᠭᠤᠯᠤᠭᠰᠠᠨ ᠦᠢ᠍ᠯᠡᠴᠢᠯᠡᠭᠡᠨ᠎ᠤ ᠵᠠᠷᠤᠳᠠᠯ᠎ᠢ ᠪᠠᠭᠲᠠᠭ᠋ᠠᠨ᠎ᠠ) ᠵᠢᠨ ᠨᠡᠶ᠋ᠢᠯᠡᠪᠦᠷᠢ ᠵᠢ ᠪᠠᠭᠲᠠᠭ᠋ᠠᠨ᠎ᠠ᠃ ᠠᠵᠤ ᠠᠬᠤᠶ᠋ᠢᠯᠠᠯ ᠦᠨ᠎ᠡ ᠮᠡᠳᠡᠭᠦᠯᠬᠦ᠎ᠳᠤ᠎ᠪᠠᠨ ᠦᠢ᠍ᠯᠡᠳᠬᠦᠨ᠎ᠤ ᠰᠢᠰᠲ᠋ᠧᠮ᠎ᠤᠨ ᠮᠡᠳᠡᠭᠦᠯᠬᠦ ᠦᠨ᠎ᠡ ᠵᠢ ᠲᠣᠳᠣᠷᠬᠠᠶ᠋ᠢᠯᠠᠬᠤ ᠮᠥᠷᠲᠡᠭᠡᠨ ᠦᠢ᠍ᠯᠡᠳᠬᠦᠨ᠎ᠤ ᠰᠢᠰᠲ᠋ᠧᠮ᠎ᠳᠠᠬᠢ ᠤᠭᠰᠠᠷᠠᠭ᠎ᠠ ᠲᠣᠨᠣᠭ᠎ᠤᠨ ᠨᠢᠭᠡᠴᠢ ᠵᠢᠨ ᠦᠨ᠎ᠡ ᠵᠢ ᠲᠣᠳᠣᠷᠬᠠᠶ᠋ᠢᠯᠠᠬᠤ ᠬᠡᠷᠡᠭᠲᠡᠢ᠃ ᠦᠢ᠍ᠯᠡᠳᠭᠦᠨ᠎ᠤ ᠰᠢᠰᠲ᠋ᠧᠮ᠎ᠤᠨ ᠮᠡᠳᠡᠭᠦᠯᠦᠭᠰᠡᠨ ᠶᠡᠷᠦᠩᠬᠡᠶ ᠦᠨ᠎ᠡ᠎ᠨᠢ ᠡᠯ᠎ᠡ ᠤᠭᠰᠠᠷᠠᠭ᠎ᠠ ᠲᠣᠨᠣᠭ᠎ᠤᠨ ᠦᠨ᠎ᠡ ᠵᠢᠨ ᠨᠡᠶ᠋ᠢᠯᠡᠪᠦᠷᠢ᠎ᠲᠠᠢ ᠲᠡᠩᠴᠡᠨ᠎ᠡ᠃ ᠵᠢᠱ᠌ᠢᠶᠡᠯᠡᠪᠡᠯ᠂ ᠠᠳᠠᠯᠢ ᠨᠢᠭᠡᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠰᠠᠨ ᠦᠨᠡᠮᠯᠡᠯ᠎ᠳᠤ ᠳᠥᠷᠪᠡᠳᠦᠭᠡᠷ ᠳᠡᠰ᠎ᠤᠨ ᠴᠡᠪᠡᠷ ᠲᠢᠲ᠋ᠠᠨ᠎ᠤ ᠲᠠᠷᠢᠬᠤ ᠰᠢᠳᠦ ᠪᠠᠶ᠋ᠢᠬᠤ ᠮᠥᠷᠲᠡᠭᠡᠨ ᠲᠢᠲ᠋ᠠᠨ᠎ᠤ ᠬᠠᠶ᠋ᠢᠯᠤᠰᠢ ᠵᠢᠨ ᠲᠠᠷᠢᠬᠤ ᠰᠢᠳᠦ ᠪᠠᠶ᠋ᠢᠪᠠᠯ᠂ ᠲᠤᠰ ᠳᠠᠩᠰᠠᠯᠠᠭᠤᠯᠤᠭᠰᠠᠨ ᠦᠨᠡᠮᠯᠡᠯ᠎ᠳᠠᠬᠢ ᠲᠠᠷᠢᠬᠤ ᠰᠢᠳᠦ᠎ᠨᠢ ᠠᠳᠠᠯᠢ ᠪᠤᠰᠤ ᠦᠢ᠍ᠯᠡᠳᠭᠦᠨ᠎ᠤ ᠰᠢᠰᠲ᠋ᠧᠮ᠎ᠤᠨ ᠲᠦᠷᠦᠯ ᠵᠦᠢ᠍ᠯ᠎ᠳᠤ ᠠᠳᠠᠯᠢ ᠪᠤᠰᠤ ᠦᠨ᠎ᠡ ᠵᠢ ᠮᠡᠳᠡᠭᠦᠯᠵᠦ ᠪᠣᠯᠤᠨ᠎ᠠ᠂ ᠭᠡᠪᠡᠴᠦ ᠠᠳᠠᠯᠢ ᠨᠢᠭᠡᠨ ᠦᠢ᠍ᠯᠡᠳᠭᠦᠨ᠎ᠤ ᠰᠢᠰᠲ᠋ᠧᠮ᠎ᠤᠨ ᠲᠦᠷᠦᠯ ᠵᠦᠢ᠍ᠯ᠎ᠤᠨ ᠠᠳᠠᠯᠢ ᠪᠤᠰᠤ ᠦᠢ᠍ᠯᠡᠳᠭᠦᠨ᠎ᠤ ᠰᠢᠰᠲ᠋ᠧᠮ᠎ᠳᠤ ᠦᠨ᠎ᠡ ᠵᠢ ᠨᠢᠭᠡᠳᠦᠯᠲᠡᠢ ᠪᠠᠶ᠋ᠢᠯᠭ᠋ᠠᠬᠤ ᠬᠡᠷᠡᠭᠲᠡᠢ᠃ ᠲᠠᠷᠢᠬᠣ ᠰᠢᠳᠦᠨ᠎ᠠᠴᠠ ᠭᠠᠳᠠᠨᠠᠬᠢ ᠪᠤᠰᠤᠳ ᠤᠭᠰᠠᠷᠠᠭ᠎ᠠ ᠲᠣᠨᠣᠭ᠂ ᠠᠳᠠᠯᠢ ᠨᠢᠭᠡᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠰᠠᠨ ᠦᠨᠡᠮᠯᠡᠯ᠎ᠳᠠᠬᠢ ᠠᠳᠠᠯᠢ ᠨᠢᠭᠡᠨ ᠤᠭᠰᠠᠷᠠᠭ᠎ᠠ ᠲᠣᠨᠣᠭ᠎ᠢ ᠠᠳᠠᠯᠢ ᠪᠤᠰᠤ ᠦᠢ᠍ᠯᠡᠳᠭᠦᠨ᠎ᠤ ᠰᠢᠰᠲ᠋ᠧᠮ᠎ᠤᠨ ᠲᠥᠷᠥᠯ ᠢᠯᠭ᠋ᠠᠯ ᠪᠣᠯᠤᠨ ᠦᠢ᠍ᠯᠡᠳᠭᠦᠨ᠎ᠤ ᠰᠢᠰᠲ᠋ᠧᠮ᠎ᠳᠠᠬᠢ ᠦᠨ᠎ᠡ ᠵᠢ ᠨᠢᠭᠡᠳᠦᠯᠲᠡᠶ ᠪᠠᠶ᠋ᠢᠯᠭ᠋ᠠᠬᠤ ᠬᠡᠷᠡᠭᠲᠡᠶ᠃ ᠦᠢ᠍ᠯᠡᠳᠬᠦᠨ᠎ᠤ ᠰᠢᠰᠲ᠋ᠧᠮ᠎ᠤᠨ ᠮᠡᠳᠡᠭᠦᠯᠦᠭᠰᠡᠨ ᠦᠨ᠎ᠡ ᠬᠠᠩᠰᠢ ᠪᠣᠯᠤᠨ ᠦᠢ᠍ᠯᠡᠳᠬᠦᠨ᠎ᠤ ᠰᠢᠰᠲ᠋ᠧᠮ᠎ᠳᠠᠬᠢ ᠡᠯ᠎ᠡ ᠤᠭᠰᠠᠷᠠᠭ᠎ᠠ ᠲᠣᠨᠣᠭ᠎ᠤᠨ ᠦᠨ᠎ᠡ ᠬᠠᠩᠰᠢ ᠵᠢᠨ ᠨᠡᠶ᠋ᠢᠯᠡᠪᠦᠷᠢ ᠵᠢ ᠬᠠᠮᠲᠤ᠎ᠳᠤ᠎ᠨᠢ ᠮᠡᠳᠡᠭᠦᠯᠦᠭᠰᠡᠨ ᠦᠨ᠎ᠡ ᠬᠠᠩᠰᠢ᠎ᠪᠠᠷ ᠪᠠᠷᠢᠮᠵᠢᠶ᠎ᠠ ᠪᠣᠯᠭ᠋ᠠᠵᠤ᠂ ᠰᠣᠩᠭᠣᠭᠳᠠᠭᠰᠠᠨ᠎ᠤ ᠳᠠᠷᠠᠭ᠎ᠠ ᠡᠷᠬᠡᠪᠰᠢ ᠡᠯ᠎ᠡ ᠤᠭᠰᠠᠷᠠᠭ᠎ᠠ ᠲᠣᠨᠣᠭ᠎ᠤᠨ ᠦᠨ᠎ᠡ ᠬᠠᠩᠰᠢ ᠵᠢ ᠲᠡᠭᠰᠢᠳᠬᠡᠵᠦ᠂ ᠡᠯ᠎ᠡ ᠤᠭᠰᠠᠷᠠᠭ᠎ᠠ ᠲᠣᠨᠣᠭ᠎ᠤᠨ ᠨᠡᠶ᠋ᠢᠯᠡᠪᠦᠷᠢ ᠵᠢ ᠦᠢ᠍ᠯᠡᠳᠬᠦᠨ᠎ᠤ ᠰᠢᠰᠲ᠋ᠧᠮ᠎ᠤᠨ ᠮᠡᠳᠡᠭᠦᠯᠦᠭᠰᠡᠨ ᠦᠨ᠎ᠡ ᠬᠠᠩᠰᠢ᠎ᠲᠠᠢ ᠲᠡᠩᠴᠡᠭᠦᠯᠬᠦ ᠬᠡᠷᠡᠭᠲᠡᠶ᠂ ᠲᠡᠩᠴᠡᠭᠦᠯᠬᠦ ᠵᠢ ᠲᠡᠪᠴᠢᠪᠡᠯ ᠰᠣᠩᠭᠣᠭᠳᠠᠭᠰᠠᠨ ᠬᠢᠷᠢ ᠬᠡᠮ ᠵᠶ᠋ᠠᠨ ᠬᠠᠶᠠᠭᠰᠠᠨ ᠵᠶ᠋ᠠᠷ ᠦᠵᠡᠨ᠎ᠡ᠃

   2 . ᠦᠨ᠎ᠡ ᠮᠡᠳᠡᠭᠦᠯᠬᠦ ᠱᠠᠭ᠋ᠠᠷᠳᠠᠯᠭ᠎ᠠ᠃ ᠦᠢ᠍ᠯᠡᠳᠭᠦᠨ᠎ᠤ ᠰᠢᠰᠲ᠋ᠧᠮ᠎ᠨᠢ ᠲᠠᠷᠢᠬᠤ ᠰᠢᠳᠦ (ᠪᠦᠷᠬᠦᠭᠦᠯ ᠱᠤᠷᠠᠭ᠎ᠢ ᠪᠠᠭᠲᠠᠭ᠋ᠠᠨ᠎ᠠ) ᠵᠢᠨ ᠨᠢᠭᠡᠴᠢ ᠵᠢᠨ ᠦᠨ᠎ᠡ᠂ ᠨᠥᠬᠦᠬᠦ ᠰᠠᠭᠤᠷᠢ ᠵᠢᠨ ᠨᠢᠭᠡᠴᠢ ᠵᠢᠨ ᠦᠨ᠎ᠡ᠂ ᠰᠡᠯᠪᠢᠭ ᠲᠣᠨᠣᠭ᠎ᠤᠨ ᠪᠣᠭᠣᠳᠠᠯ᠎ᠤᠨ ᠨᠢᠭᠡᠴᠢ ᠵᠢᠨ ᠦᠨ᠎ᠡ (ᠡᠳᠡᠭᠡᠬᠦ ᠰᠠᠭᠤᠷᠢ ᠵᠢᠨ ᠨᠢᠭᠡᠴᠢ ᠵᠢᠨ ᠦᠨ᠎ᠡ᠂ ᠰᠢᠯᠵᠢᠭᠦᠯᠬᠦ ᠡᠰᠢ ᠵᠢᠨ ᠨᠢᠭᠡᠴᠢ ᠵᠢᠨ ᠦᠨ᠎ᠡ᠂ ᠲᠠᠷᠢᠬᠤ ᠰᠢᠳᠦ ᠵᠢ ᠣᠷᠣᠯᠠᠬᠤ ᠰᠢᠳᠦ ᠵᠢᠨ ᠨᠢᠭᠡᠴᠢ ᠵᠢᠨ ᠦᠨ᠎ᠡ) ᠵᠢᠨ ᠨᠡᠶ᠋ᠢᠯᠡᠪᠦᠷᠢ ᠵᠢ ᠮᠡᠳᠡᠭᠦᠯᠦᠭᠰᠡᠨ ᠦᠨ᠎ᠡ ᠪᠣᠯᠭ᠋ᠠᠨ ᠦᠨ᠎ᠡ ᠦᠷᠰᠦᠯᠳᠦᠭᠦᠯᠦᠨ ᠦᠨ᠎ᠡ ᠠᠳᠠᠯᠢᠳᠬᠠᠨ᠎ᠠ᠃ ᠠᠯᠢᠪᠠ ᠮᠡᠳᠡᠭᠦᠯᠦᠭᠰᠡᠨ ᠦᠢ᠍ᠯᠡᠳᠭᠦᠨ᠎ᠤ ᠰᠢᠰᠲ᠋ᠧᠮ᠎ᠨᠢ ᠴᠥᠮ ᠦᠨ᠎ᠡ ᠮᠡᠳᠡᠭᠦᠯᠬᠦ᠎ᠳᠤ ᠣᠷᠣᠯᠴᠠᠬᠤ ᠬᠡᠷᠡᠭᠲᠡᠶ ᠮᠥᠷᠲᠡᠭᠡᠨ ᠠᠳᠠᠯᠢ ᠨᠢᠭᠡᠨ ᠦᠷᠢᠰᠦᠯᠳᠦᠭᠡᠨ᠎ᠤ ᠦᠨ᠎ᠡ ᠵᠢᠨ ᠨᠢᠭᠡᠴᠢ᠎ᠳᠠᠬᠢ ᠠᠳᠠᠯᠢ ᠨᠢᠭᠡᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠴᠢ ᠵᠢᠨ ᠦᠢ᠍ᠯᠡᠳᠭᠦᠨ᠎ᠤ ᠰᠢᠰᠲ᠋ᠧᠮ᠎ᠤᠨ ᠠᠳᠠᠯᠢ ᠨᠢᠭᠡᠨ ᠤᠭᠰᠠᠷᠠᠭ᠎ᠠ ᠲᠣᠨᠣᠭ᠎ᠨᠢ ᠮᠠᠲ᠋ᠧᠷᠢᠶᠠᠯ᠎ᠤᠨ ᠴᠢᠨᠠᠷ ᠪᠠ ᠬᠡᠪ ᠪᠠᠷᠢᠮᠵᠢᠶ᠎ᠠ ᠬᠡᠯᠪᠡᠷᠢ ᠮᠠᠶᠢᠭ᠎ᠢ ᠢᠯᠭ᠋ᠠᠬᠤ ᠥᠬᠡᠶ᠂ ᠵᠥᠪᠬᠡᠨ ᠨᠢᠭᠡ ᠯᠡ ᠮᠡᠳᠡᠭᠦᠯᠬᠦ ᠦᠨ᠎ᠡ᠎ᠲᠠᠢ ᠪᠠᠢ᠌ᠬᠤ ᠵᠢ ᠵᠥᠪᠰᠢᠶᠡᠷᠡᠨ᠎ᠡ᠃

   3 . ᠠᠳᠠᠯᠢ ᠨᠢᠭᠡᠨ ᠦᠷᠢᠰᠦᠯᠳᠦᠭᠡᠨ᠎ᠤ ᠦᠨ᠎ᠡ ᠵᠢᠨ ᠨᠢᠭᠡᠴᠢ᠎ᠳᠤ᠂ ᠠᠳᠠᠯᠢ ᠨᠢᠭᠡᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ ᠵᠢᠨ ᠦᠢ᠍ᠯᠡᠳᠭᠦᠨ᠎ᠤ ᠰᠢᠰᠲ᠋ᠧᠮ᠎ᠳᠤ ᠮᠡᠳᠡᠭᠦᠯᠦᠭᠰᠡᠨ ᠦᠨ᠎ᠡ ᠵᠢ ᠪᠥᠬᠥ ᠤᠯᠤᠰ᠎ᠤᠨ ᠭᠤᠷᠪᠠᠳᠤᠭ᠋ᠠᠷ ᠳᠡᠰ᠎ᠤᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠠ ᠲᠣᠮᠣ ᠬᠡᠯᠪᠡᠷᠢᠲᠦ ᠠᠷᠠᠳ᠎ᠠᠴᠠ ᠡᠵᠡᠩᠨᠡᠭᠰᠡᠨ ᠬᠡᠯᠬᠢᠶᠡᠲᠦ ᠡᠮᠴᠢᠯᠡᠭᠡᠨ᠎ᠤ ᠪᠠᠶ᠋ᠢᠭᠤᠯᠤᠮᠵᠢ ᠵᠢᠨ 2021 ᠣᠨ᠎ᠤ ᠲᠣᠰ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ ᠵᠢᠨ ᠪᠥᠬᠦ ᠦᠢ᠍ᠯᠡᠳᠭᠦᠨ᠎ᠤ ᠰᠢᠰᠲ᠋ᠧᠮ᠎ᠤᠨ ᠪᠦᠲᠦᠮᠵᠢᠲᠡᠶ ᠬᠤᠳᠠᠯᠳᠤᠨ ᠠᠪᠬᠤ ᠦᠨ᠎ᠡ ᠬᠠᠩᠰᠢ᠎ᠠᠴᠠ ᠳᠤᠤᠷ᠎ᠠ ᠪᠠᠶ᠋ᠢᠯᠭ᠋ᠠᠵᠤ ᠪᠣᠯᠬᠤ ᠥᠬᠡᠶ (ᠳᠣᠷᠣᠭᠰᠢ 《ᠪᠦᠲᠦᠮᠵᠢᠲᠡᠶ ᠬᠤᠳᠠᠯᠳᠤᠨ ᠠᠪᠬᠤ ᠳᠤᠤᠷ᠎ᠠ ᠦᠨ᠎ᠡ》 ᠭᠡᠵᠦ ᠲᠣᠪᠴᠢᠯᠠᠨ᠎ᠠ)᠃ ᠠᠳᠠᠯᠢ ᠨᠢᠭᠡᠨ ᠦᠷᠢᠰᠦᠯᠳᠦᠭᠡᠨ ᠦᠨ᠎ᠡ ᠵᠢᠨ ᠨᠢᠭᠡᠴᠢ᠎ᠳᠤ ᠵᠢᠱ᠌ᠢᠶᠡᠯᠡᠪᠡᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠴᠢ ᠵᠢᠨ ᠪᠥᠬᠦ ᠦᠢ᠍ᠯᠡᠳᠭᠦᠨ᠎ᠤ ᠰᠢᠰᠲ᠋ᠧᠮ᠎ᠳᠤ 2021 ᠣᠨ᠎ᠤ ᠪᠥᠬᠥ ᠤᠯᠤᠰ᠎ᠤᠨ ᠭᠤᠷᠪᠠᠳᠤᠭ᠋ᠠᠷ ᠳᠡᠰ᠎ᠤᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠠ ᠲᠣᠮᠣ ᠬᠡᠯᠪᠡᠷᠢᠲᠦ ᠠᠷᠠᠳ᠎ᠠᠴᠠ ᠡᠵᠡᠩᠨᠡᠭᠰᠡᠨ ᠬᠡᠯᠬᠢᠶᠡᠲᠦ ᠡᠮᠴᠢᠯᠡᠭᠡᠨ᠎ᠤ ᠪᠠᠶ᠋ᠢᠭᠤᠯᠤᠮᠵᠢ ᠵᠢᠨ ᠬᠤᠳᠠᠯᠳᠤᠨ ᠠᠪᠬᠤ ᠦᠨ᠎ᠡ ᠪᠠᠢ᠌ᠬᠤ ᠥᠬᠡᠶ ᠪᠣᠯ ᠲᠣᠰ ᠦᠷᠢᠰᠦᠯᠳᠦᠭᠡᠨ᠎ᠤ ᠦᠨ᠎ᠡ ᠵᠢᠨ ᠨᠢᠭᠡᠴᠢ᠎ᠳᠠᠬᠢ ᠪᠥᠬᠦ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ 2021 ᠣᠨ᠎ᠤ ᠪᠦᠲᠦᠮᠵᠢᠲᠡᠶ ᠬᠤᠳᠠᠯᠳᠤᠨ ᠠᠪᠬᠤ ᠳᠤᠤᠷ᠎ᠠ ᠦᠨ᠎ᠡ ᠵᠢᠨ ᠬᠠᠮᠤᠭ᠎ᠤᠨ ᠳᠤᠤᠷ᠎ᠠ ᠦᠨ᠎ᠡ᠎ᠠᠴᠠ ᠥᠨᠳᠥᠷ ᠪᠠᠢ᠌ᠯᠭ᠋ᠠᠵᠤ ᠪᠣᠯᠬᠤ ᠥᠬᠡᠶ᠃

   4 . ᠠᠵᠤ ᠠᠬᠤᠶ᠋ᠢᠯᠠᠯ᠎ᠤᠨ ᠮᠡᠳᠡᠭᠦᠯᠦᠭᠰᠡᠨ ᠦᠭᠡᠢ ᠦᠢ᠍ᠯᠡᠳᠬᠦᠨ ᠪᠠ ᠰᠣᠩᠭᠣᠭᠳᠠᠭᠰᠠᠨ ᠦᠭᠡᠢ ᠦᠢ᠍ᠯᠡᠳᠬᠦᠨ᠎ᠢ ᠴᠥᠮ ᠰᠣᠩᠭᠣᠭᠳᠠᠭᠰᠠᠨ ᠦᠭᠡᠢ᠎ᠪᠠᠷ ᠦᠵᠡᠨ᠎ᠡ᠃ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠰᠠᠨ ᠦᠨᠡᠮᠯᠡᠯ ᠵᠢᠴᠢ ᠤᠭᠰᠠᠷᠠᠭ᠎ᠠ ᠲᠣᠨᠣᠭ᠎ᠤᠨ ᠨᠡᠷᠡᠶ᠋ᠢᠳᠦᠯ ᠵᠶ᠋ᠠᠷ ᠵᠠᠭ᠋ᠠᠭᠯᠠᠨ ᠲᠣᠭᠲᠠᠭ᠋ᠠᠨ᠎ᠠ᠃

   (ᠳᠥᠷᠪᠡ) ᠰᠣᠩᠭᠣᠭᠳᠠᠬᠤ᠎ᠪᠠᠷ ᠪᠠᠶ᠋ᠢᠭ᠎ᠠ ᠲᠦᠷᠢᠮ

    ᠡᠯ᠎ᠡ ᠦᠷᠢᠰᠦᠯᠳᠦᠭᠡᠨ᠎ᠤ ᠦᠨ᠎ᠡ ᠵᠢᠨ ᠨᠢᠭᠡᠴᠢ᠎ᠳᠠᠬᠢ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠳᠠᠩᠰᠠᠯᠠᠭᠤᠯᠤᠭᠴᠢ ᠦᠢ᠍ᠯᠡᠳᠭᠦᠨ᠎ᠤ ᠰᠢᠰᠲ᠋ᠧᠮ᠎ᠳᠤ ᠦᠨ᠎ᠡ ᠥᠷᠢᠰᠥᠯᠳᠦᠭᠦᠯᠵᠦ᠂ ᠦᠨ᠎ᠡ ᠦᠷᠢᠰᠦᠯᠳᠦᠭᠦᠯᠬᠦ᠎ᠪᠠᠷ ᠳᠠᠮᠵᠢᠭᠤᠯᠤᠨ ᠰᠣᠩᠭᠣᠭᠳᠠᠬᠤ ᠵᠶ᠋ᠡᠷ ᠪᠠᠢ᠌ᠭ᠎ᠠ ᠠᠵᠤ ᠠᠬᠤᠶ᠋ᠢᠯᠠᠯ᠎ᠢ ᠪᠣᠶ ᠪᠣᠯᠭ᠋ᠠᠨ᠎ᠠ᠃

   1 . ᠰᠣᠩᠭᠣᠭᠳᠠᠬᠤ᠎ᠪᠠᠷ ᠪᠠᠶ᠋ᠢᠭ᠎ᠠ ᠲᠦᠷᠢᠮ ᠨᠢᠭᠡ᠄ ᠠᠳᠠᠯᠢ ᠨᠢᠭᠡᠨ ᠦᠷᠢᠰᠦᠯᠳᠦᠭᠡᠨ᠎ᠤ ᠦᠨ᠎ᠡ ᠵᠢᠨ ᠨᠢᠭᠡᠴᠢ᠎ᠳᠤ᠂ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ ᠵᠢᠨ ᠮᠡᠳᠡᠭᠦᠯᠦᠭᠰᠡᠨ ᠦᠨ᠎ᠡ ᠵᠢ ᠳᠣᠣᠷ᠎ᠠ ᠦᠨ᠎ᠡ᠎ᠠᠴᠠ ᠥᠨᠳᠥᠷ ᠦᠨ᠎ᠡ ᠲᠡᠶ᠋ᠢᠰᠢ ᠵᠢᠭᠰᠠᠭ᠋ᠠᠵᠤ᠂ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠬᠢᠷᠢ ᠲᠡᠩᠴᠡᠭᠰᠡᠨ ᠳᠠᠩᠰᠠᠯᠠᠭᠤᠯᠤᠭᠴᠢ ᠵᠢ ᠲᠣᠭᠲᠠᠭ᠋ᠠᠨ᠎ᠠ᠃ ᠵᠢᠭᠰᠠᠭ᠋ᠠᠯᠲᠠ᠎ᠳᠤ ᠤᠷᠤᠭᠰᠠᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ ᠵᠢᠨ ᠮᠡᠳᠡᠭᠦᠯᠦᠭᠰᠡᠨ ᠦᠨ᠎ᠡ ᠬᠠᠩᠰᠢ᠎ᠨᠢ ᠲᠠᠷᠢᠬᠤ ᠰᠢᠳᠦᠨ᠎ᠤ ᠦᠢ᠍ᠯᠡᠳᠭᠦᠨ᠎ᠤ ᠰᠢᠰᠲ᠋ᠧᠮ᠎ᠤᠨ ᠬᠠᠮᠤᠭ᠎ᠤᠨ ᠥᠨᠳᠥᠷ ᠪᠦᠲᠦᠮᠵᠢᠲᠡᠶ ᠮᠡᠳᠡᠭᠦᠯᠬᠦ ᠦᠨ᠎ᠡ ᠬᠠᠩᠰᠢ᠎ᠠᠴᠠ ᠥᠨᠳᠥᠷ ᠪᠠᠶ᠋ᠢᠵᠤ ᠪᠣᠯᠬᠤ ᠥᠬᠡᠶ ᠮᠥᠷᠲᠡᠭᠡᠨ ᠥᠪᠡᠷ᠎ᠤᠨ 2021 ᠣᠨ᠎ᠤ ᠪᠦᠲᠦᠮᠵᠢᠲᠡᠶ ᠬᠤᠳᠠᠯᠳᠤᠨ ᠠᠪᠬᠤ ᠳᠤᠤᠷ᠎ᠠ ᠦᠨ᠎ᠡ ᠬᠠᠩᠰᠢ᠎ᠠᠴᠠ ᠥᠨᠳᠥᠷ ᠪᠠᠶ᠋ᠢᠵᠤ ᠪᠣᠯᠬᠤ ᠥᠬᠡᠶ᠂ ᠡᠯ᠎ᠡ ᠤᠭᠰᠠᠷᠠᠭ᠎ᠠ ᠲᠣᠨᠣᠭ᠎ᠤᠨ ᠨᠢᠭᠡᠴᠢ ᠵᠢᠨ ᠦᠨ᠎ᠡ ᠬᠠᠩᠰᠢ᠎ᠨᠢ ᠬᠠᠷᠠᠭ᠋ᠠᠯᠵᠠᠭᠰᠠᠨ ᠤᠭᠰᠠᠷᠠᠭ᠎ᠠ ᠲᠣᠨᠣᠭ᠎ᠤᠨ ᠬᠠᠮᠤᠭ᠎ᠤᠨ ᠥᠨᠳᠥᠷ ᠪᠦᠲᠦᠮᠵᠢᠲᠡᠶ ᠮᠡᠳᠡᠭᠦᠯᠦᠭᠰᠡᠨ ᠦᠨ᠎ᠡ ᠬᠠᠩᠰᠢ᠎ᠠᠴᠠ ᠥᠨᠳᠥᠷ ᠪᠠᠶ᠋ᠢᠵᠤ ᠪᠣᠯᠬᠤ ᠥᠬᠡᠶ᠃ ᠠᠳᠠᠯᠢ ᠨᠢᠭᠡᠨ ᠦᠷᠢᠰᠦᠯᠳᠦᠭᠡᠨ᠎ᠤ ᠦᠨ᠎ᠡ ᠵᠢᠨ ᠨᠢᠭᠡᠴᠢ ᠵᠢᠨ ᠵᠢᠭᠰᠠᠭ᠋ᠠᠯᠲᠠ᠎ᠳᠤ ᠬᠠᠮᠤᠭ᠎ᠤᠨ ᠣᠯᠠᠨ ᠤᠷᠤᠭᠰᠠᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ ᠵᠢᠨ ᠲᠣᠭ᠎ᠠ ᠵᠢ ᠠᠰ᠎ᠲᠤ᠎ᠨᠢ ᠪᠢᠴᠢᠭ ᠮᠠᠲ᠋ᠧᠷᠢᠶᠠᠯ ᠵᠶ᠋ᠠᠷ ᠨᠡᠶ᠋ᠢᠲᠡᠯᠡᠨ᠎ᠡ᠃

    ᠵᠢᠭᠰᠠᠭ᠋ᠠᠯᠲᠠ᠎ᠳᠤ ᠣᠷᠣᠬᠤ ᠬᠢᠷᠢ ᠬᠡᠮ᠎ᠢ ᠣᠯᠤᠭᠰᠠᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ ᠵᠢᠨ ᠠᠳᠠᠯᠢ ᠨᠢᠭᠡᠨ ᠦᠷᠢᠰᠦᠯᠳᠦᠭᠡᠨ᠎ᠤ ᠦᠨ᠎ᠡ ᠵᠢᠨ ᠨᠢᠭᠡᠴᠢ᠎ᠳᠤ ᠦᠢ᠍ᠯᠡᠳᠭᠦᠨ᠎ᠤ ᠰᠢᠰᠲ᠋ᠧᠮ᠎ᠤᠨ ᠮᠡᠳᠡᠭᠦᠯᠦᠭᠰᠡᠨ ᠦᠨ᠎ᠡ ᠵᠢᠨ ᠬᠠᠨᠤᠮᠵᠢᠲᠠᠢ ᠦᠨ᠎ᠡ ᠵᠢᠨ ᠵᠥᠷᠢᠶ᠎ᠡ ᠵᠢ ᠵᠦᠶ ᠵᠣᠬᠢᠰᠲᠠᠶ ᠬᠡᠪᠴᠢᠶᠡᠨ᠎ᠳᠤ ᠬᠢᠵᠠᠭ᠋ᠠᠷᠯᠠᠭᠰᠠᠨ ᠨᠥᠬᠥᠴᠡᠯ᠎ᠳᠤ ᠰᠣᠩᠭᠣᠭᠳᠠᠬᠤ ᠬᠢᠷᠢ ᠬᠡᠮ᠎ᠢ ᠣᠯᠭᠣᠨ᠎ᠠ᠃

   2 . ᠰᠣᠩᠭᠣᠭᠳᠠᠬᠤ᠎ᠪᠠᠷ ᠪᠠᠶ᠋ᠢᠭ᠎ᠠ ᠲᠦᠷᠢᠮ ᠬᠣᠶᠠᠷ᠄ ᠠᠳᠠᠯᠢ ᠨᠢᠭᠡᠨ ᠦᠢ᠍ᠯᠡᠳᠭᠦᠨ᠎ᠤ ᠰᠢᠰᠲ᠋ᠧᠮ᠎ᠤᠨ ᠲᠥᠷᠥᠯ ᠢᠯᠭ᠋ᠠᠯ᠎ᠳᠤ ᠲᠦᠷᠢᠮ ᠶᠣᠰᠣᠭ᠋ᠠᠷ ᠰᠣᠩᠭᠣᠭᠳᠠᠬᠤ ᠬᠢᠷᠢ ᠬᠡᠮ᠎ᠢ ᠣᠯᠤᠭᠰᠠᠨ ᠥᠬᠡᠶ A ᠥᠷᠢᠰᠥᠯᠳᠦᠭᠡᠨ᠎ᠤ ᠦᠨ᠎ᠡ ᠵᠢᠨ ᠨᠢᠭᠡᠴᠢ ᠵᠢᠨ ᠬᠦᠴᠦᠨ᠎ᠲᠠᠢ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ ᠵᠢᠨ ᠮᠡᠳᠡᠭᠦᠯᠦᠭᠰᠡᠨ ᠦᠨ᠎ᠡ ᠬᠠᠩᠰᠢ᠎ᠨᠢ B ᠥᠷᠢᠰᠥᠯᠳᠦᠭᠡᠨ᠎ᠤ ᠦᠨ᠎ᠡ ᠵᠢᠨ ᠨᠢᠭᠡᠴᠢ ᠵᠢᠨ ᠬᠠᠮᠤᠭ᠎ᠤᠨ ᠥᠨᠳᠥᠷ ᠰᠣᠩᠭᠣᠭᠳᠠᠬᠤ᠎ᠪᠠᠷ ᠪᠠᠶ᠋ᠢᠭ᠎ᠠ ᠦᠨ᠎ᠡ ᠬᠠᠩᠰᠢ᠎ᠠᠴᠠ ᠥᠨᠳᠥᠷ ᠪᠠᠶ᠋ᠢᠵᠤ ᠪᠣᠯᠬᠤ ᠥᠬᠡᠶ ᠮᠥᠷᠲᠡᠭᠡᠨ ᠥᠪᠡᠷ᠎ᠤᠨ 2021 ᠣᠨ᠎ᠤ ᠪᠦᠲᠦᠮᠵᠢᠲᠡᠶ ᠬᠤᠳᠠᠯᠳᠤᠨ ᠠᠪᠤᠭᠰᠠᠨ ᠳᠤᠤᠷ᠎ᠠ ᠦᠨ᠎ᠡ᠎ᠠᠴᠠ ᠥᠨᠳᠥᠷ ᠥᠬᠡᠶ ᠪᠣᠯ ᠲᠣᠰ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠴᠢ ᠰᠣᠩᠭᠣᠭᠳᠠᠬᠤ ᠬᠢᠷᠢ ᠬᠡᠮ᠎ᠲᠠᠢ ᠪᠣᠯᠤᠨ᠎ᠠ᠃

    ᠵᠣᠬᠢᠰᠲᠠᠶ ᠠᠷᠭ᠎ᠠ ᠬᠡᠯᠪᠡᠷᠢ ᠵᠢ ᠠᠪᠴᠤ᠂ ᠡᠷᠬᠡ ᠲᠡᠭᠰᠢ᠎ᠪᠠᠷ ᠥᠷᠢᠰᠥᠯᠳᠦᠬᠦ ᠵᠢ ᠪᠠᠲᠤᠯᠠᠬᠤ᠂ ᠥᠷᠢᠰᠥᠯᠳᠦᠭᠡᠨ᠎ᠤ ᠡᠷᠴᠢᠮ᠎ᠢ ᠪᠠᠲᠤᠯᠠᠬᠤ᠂ ᠬᠡᠶ᠋ᠢᠰᠪᠦᠷᠢ ᠥᠨᠳᠥᠷ ᠦᠨ᠎ᠡ ᠦᠨ᠎ᠡ ᠵᠢᠨ ᠣᠷᠣᠨ ᠵᠠᠶ ᠵᠢ ᠦᠭᠡᠢ᠌ᠰᠬᠡᠬᠦ ᠤᠷᠢᠲᠠᠯ ᠳᠤᠤᠷ᠎ᠠ ᠨᠠᠩ ᠣᠯᠠᠨ ᠠᠵᠤ ᠠᠬᠤᠶ᠋ᠢᠯᠠᠯ᠎ᠤᠨ ᠰᠣᠩᠭᠣᠭᠳᠠᠬᠤ ᠵᠢ ᠠᠬᠢᠭᠤᠯᠵᠤ᠂ ᠵᠢᠱ᠌ᠢᠯᠲᠡ ᠵᠢᠨ ᠲᠣᠭᠲᠠᠪᠤᠷᠢᠲᠤ ᠴᠢᠨᠠᠷ᠎ᠢ ᠴᠢᠩᠭ᠋ᠠᠷᠠᠭᠤᠯᠤᠨ᠎ᠠ᠃

    3 . ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠰᠠᠨ ᠦᠨᠡᠮᠯᠡᠯ᠎ᠳᠤ ᠲᠠᠷᠢᠬᠤ ᠰᠢᠳᠦ ᠰᠣᠩᠭᠤᠭᠳᠠᠭᠰᠠᠨ ᠪᠣᠯ ᠲᠤᠰ ᠳᠠᠩᠰᠠᠯᠠᠭᠤᠯᠤᠭᠰᠠᠨ ᠦᠨᠡᠮᠯᠡᠯ᠎ᠳᠠᠬᠢ ᠠᠳᠠᠯᠢ ᠨᠢᠭᠡ ᠦᠢ᠍ᠯᠡᠳᠬᠦᠨ᠎ᠤ ᠰᠢᠰᠲ᠋ᠧᠮ᠎ᠤᠨ ᠲᠦᠷᠦᠯ᠎ᠳᠤ ᠬᠠᠷᠢᠶᠠᠯᠠᠭᠳᠠᠬᠤ ᠲᠠᠷᠢᠬᠤ ᠰᠢᠳᠦᠨ᠎ᠤ ᠬᠡᠪ ᠪᠠᠷᠢᠮᠵᠢᠶ᠎ᠠ ᠬᠡᠯᠪᠡᠷᠢ ᠮᠠᠶᠢᠭ᠎ᠢ ᠢᠯᠭ᠋ᠠᠬᠤ ᠦᠭᠡᠢ ᠰᠣᠩᠭᠣᠭᠳᠠᠭᠰᠠᠨ ᠵᠶ᠋ᠠᠷ ᠦᠵᠡᠨ᠎ᠡ; ᠠᠳᠠᠯᠢ ᠨᠢᠭᠡᠨ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠳᠠᠩᠰᠠᠯᠠᠭᠤᠯᠤᠭᠰᠠᠨ ᠦᠨᠡᠮᠯᠡᠯ᠎ᠳᠤ ᠲᠠᠷᠢᠬᠤ ᠰᠢᠳᠦᠨ᠎ᠠᠴᠠ ᠭᠠᠳᠠᠨᠠᠬᠢ ᠪᠤᠰᠤᠳ ᠤᠭᠰᠠᠷᠠᠭ᠎ᠠ ᠲᠤᠨᠤᠭ ᠰᠣᠩᠭᠣᠭᠳᠠᠭᠰᠠᠨ ᠪᠣᠯ ᠲᠣᠰ ᠳᠠᠩᠰᠠᠯᠠᠭᠤᠯᠤᠭᠰᠠᠨ ᠦᠨᠡᠮᠯᠡᠯ᠎ᠳᠤ ᠪᠠᠶ᠋ᠢᠭ᠎ᠠ ᠠᠳᠠᠯᠢ ᠤᠭᠰᠠᠷᠠᠭ᠎ᠠ ᠲᠤᠨᠤᠭ᠎ᠢ ᠬᠡᠪ ᠪᠠᠷᠢᠮᠵᠢᠶ᠎ᠠ ᠪᠠ ᠮᠠᠲ᠋ᠧᠷᠢᠶᠠᠯ ᠭᠡᠵᠦ ᠢᠯᠭ᠋ᠠᠬᠤ ᠥᠬᠡᠶ᠂ ᠴᠥᠮ ᠰᠣᠩᠭᠣᠭᠳᠠᠭᠰᠠᠨ ᠵᠶ᠋ᠠᠷ ᠦᠵᠡᠨ᠎ᠡ᠃

   (ᠲᠠᠪᠤ) ᠬᠡᠮᠵᠢᠶ᠎ᠡ ᠬᠤᠪᠢᠶᠠᠬᠤ ᠳᠦᠷᠢᠮ᠃ ᠲᠣᠭ᠎ᠠ ᠬᠡᠮᠵᠢᠶ᠎ᠡ ᠪᠠ ᠦᠨ᠎ᠡ ᠬᠠᠩᠰᠢ ᠵᠢ ᠬᠣᠯᠪᠣᠭᠳᠠᠭᠤᠯᠬᠤ ᠵᠠᠷᠴᠢᠮ ᠶᠣᠰᠣᠭ᠋ᠠᠷ ᠰᠣᠩᠭᠣᠭᠳᠠᠭᠰᠠᠨ ᠳᠡᠰ ᠳᠠᠷᠠᠭ᠋ᠠᠯᠠᠯ᠎ᠤᠨ ᠡᠮᠦᠨ᠎ᠡ᠎ᠨᠢ ᠵᠢᠭᠰᠠᠭ᠋ᠠᠭᠳᠠᠭᠰᠠᠨ ᠦᠢ᠍ᠯᠡᠳᠭᠦᠨ᠎ᠢ ᠬᠡᠯᠡᠯᠴᠡᠭᠡᠷ ᠲᠣᠭᠲᠠᠵᠤ ᠬᠤᠳᠠᠯᠳᠤᠨ ᠠᠪᠬᠤ ᠬᠡᠮᠵᠢᠶ᠎ᠡ ᠵᠢ ᠳᠣᠭᠲᠠᠭ᠋ᠠᠬᠤ ᠦᠶ᠎ᠡ ᠤᠷᠢᠳ ᠵᠶ᠋ᠠᠷ ᠪᠣᠳᠣᠯᠬᠢᠯᠠᠨ᠎ᠠ᠃ ᠡᠮᠴᠢᠯᠡᠭᠡᠨ᠎ᠤ ᠪᠠᠶ᠋ᠢᠭᠤᠯᠤᠮᠵᠢ ᠵᠢᠨ ᠮᠡᠳᠡᠭᠦᠯᠦᠭᠰᠡᠨ ᠬᠤᠳᠠᠯᠳᠤᠨ ᠠᠪᠬᠤ ᠬᠡᠷᠡᠭᠴᠡᠭᠡ ᠪᠥᠬᠦᠢ ᠦᠢ᠍ᠯᠡᠳᠭᠦᠨ ᠰᠣᠩᠭᠣᠭᠳᠠᠭᠰᠠᠨ ᠪᠣᠯ ᠬᠡᠷᠡᠭᠴᠡᠭᠡᠨ᠎ᠤ ᠬᠡᠮᠵᠢᠶ᠎ᠡ ᠵᠢᠨ ᠵᠣᠬᠢᠬᠤ ᠬᠠᠷᠢᠴᠠᠯ ᠵᠶ᠋ᠠᠷ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠵᠢ ᠪᠦᠷᠢᠯᠳᠦᠭᠦᠯᠦᠨ᠎ᠡ; ᠡᠮᠴᠢᠯᠡᠭᠡᠨ᠎ᠤ ᠪᠠᠶ᠋ᠢᠭᠤᠯᠤᠮᠵᠢ ᠵᠢᠨ ᠮᠡᠳᠡᠭᠦᠯᠦᠭᠰᠡᠨ ᠬᠤᠳᠠᠯᠳᠤᠨ ᠠᠪᠬᠤ ᠬᠡᠷᠡᠭᠴᠡᠭᠡ ᠪᠥᠬᠦᠢ ᠦᠢ᠍ᠯᠡᠳᠭᠦᠨ ᠰᠣᠩᠭᠣᠭᠳᠠᠭᠰᠠᠨ ᠥᠬᠡᠶ ᠪᠤᠶᠤ ᠰᠣᠩᠭᠣᠭᠳᠠᠭᠰᠠᠨ ᠦᠢ᠍ᠯᠡᠳᠭᠦᠨ᠎ᠤ ᠪᠣᠯᠵᠣᠨ ᠲᠣᠭᠲᠠᠭᠰᠠᠨ ᠬᠡᠮᠵᠢᠶ᠎ᠡ᠎ᠠᠴᠠ ᠭᠠᠳᠠᠨᠠᠬᠢ ᠢᠯᠡᠭᠦᠦ ᠬᠡᠷᠡᠭᠴᠡᠭᠡ ᠵᠢᠨ ᠬᠡᠮᠵᠢᠶ᠎ᠡ ᠵᠢ ᠡᠮᠴᠢᠯᠡᠭᠡᠨ᠎ᠤ ᠪᠠᠶ᠋ᠢᠭᠤᠯᠤᠮᠵᠢ᠎ᠠᠴᠠ ᠲᠦᠷᠢᠮ ᠶᠣᠰᠣᠭ᠋ᠠᠷ ᠡᠵᠡᠨ ᠮᠡᠳᠡᠨ ᠰᠣᠩᠭᠣᠵᠤ᠂ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠵᠢ ᠪᠦᠷᠢᠯᠳᠦᠭᠦᠯᠦᠨ᠎ᠡ᠃ ᠳᠡᠭᠡᠷ᠎ᠡ ᠳᠤᠷᠠᠳᠤᠭᠰᠠᠨ ᠬᠣᠶᠠᠷ ᠬᠡᠰᠡᠭ᠎ᠲᠤ ᠬᠤᠳᠠᠯᠳᠤᠨ ᠠᠪᠬᠤ ᠬᠡᠮᠵᠢᠶ᠎ᠡ ᠵᠢ ᠪᠣᠯᠵᠣᠨ ᠲᠣᠭᠲᠠᠵᠤ᠂ ᠡᠮᠴᠢᠯᠡᠭᠡᠨ᠎ᠤ ᠪᠠᠶ᠋ᠢᠭᠤᠯᠤᠮᠵᠢ ᠪᠣᠯᠤᠨ ᠠᠵᠤ ᠠᠬᠤᠶ᠋ᠢᠯᠠᠯ ᠵᠥᠪᠳᠡᠯᠴᠡᠨ ᠬᠤᠳᠠᠯᠳᠤᠨ ᠠᠪᠬᠤ ᠬᠡᠮᠵᠢᠶ᠎ᠡ ᠵᠢ ᠪᠦᠷᠢᠯᠳᠦᠭᠦᠯᠵᠦ᠂ ᠡᠮᠴᠢᠯᠡᠭᠡᠨ᠎ᠤ ᠪᠠᠶ᠋ᠢᠭᠤᠯᠤᠮᠵᠢ ᠰᠣᠩᠭᠤᠭᠳᠠᠭᠰᠠᠨ ᠦᠨ᠎ᠡ ᠬᠠᠩᠰᠢ ᠵᠢᠴᠢ ᠬᠡᠯᠡᠯᠴᠡᠭᠡ ᠬᠢᠭᠰᠡᠨ ᠬᠤᠳᠠᠯᠳᠤᠨ ᠠᠪᠬᠤ ᠬᠡᠮᠵᠢᠶ᠎ᠡ ᠵᠢ ᠦᠨᠳᠦᠰᠦᠯᠡᠨ ᠬᠤᠳᠠᠯᠳᠤᠨ ᠠᠪᠤᠨ᠎ᠠ᠃

     ᠵᠢᠷᠭᠤᠭ᠎ᠠ᠂ ᠳᠠᠷᠠᠭ᠋ᠠᠴᠢ ᠵᠢᠨ ᠠᠵᠢᠯ᠎ᠤᠨ ᠲᠣᠬᠢᠷᠠᠭᠤᠯᠤᠯᠲᠠ

   (ᠨᠢᠭᠡ) ᠮᠡᠳᠡᠭᠦᠯᠬᠦ ᠠᠮᠠᠯᠠᠯᠲᠠ ᠪᠠ ᠲᠠᠩᠰᠠᠨ ᠨᠣᠮᠧᠷ ᠵᠢ ᠠᠪᠬᠤ

    ᠮᠡᠳᠡᠭᠦᠯᠬᠦ ᠠᠵᠤ ᠠᠬᠤᠶ᠋ᠢᠯᠠᠯ 《ᠰᠧᠴᠤᠸᠠᠨ ᠮᠤᠵᠢ ᠵᠢᠨ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠵᠢᠴᠢ ᠡᠮ ᠡᠮᠨᠡᠯᠭᠡ ᠵᠢᠨ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢᠨ ᠲᠠᠪᠴᠠᠩ》 (https://www.scyxzbcg.cn/std/login.html)᠎ᠳᠤ ᠳᠠᠩᠰᠠᠯᠠᠭᠤᠯᠵᠤ᠂ 《ᠬᠣᠷᠣᠭᠳᠠᠯ ᠮᠠᠲ᠋ᠧᠷᠢᠶᠠᠯ᠎ᠤᠨ ᠰᠠᠭᠤᠷᠢ ᠬᠥᠮᠥᠷᠭᠡ》᠎ᠳᠤ ᠣᠷᠣᠵᠤ᠂ 《ᠠᠮᠠᠨ ᠬᠥᠨᠳᠡᠶ ᠵᠢᠨ ᠬᠣᠷᠣᠭᠳᠠᠯ ᠮᠠᠲ᠋ᠧᠷᠢᠶᠠᠯ᠎ᠤᠨ ᠬᠡᠮᠵᠢᠶ᠎ᠡ ᠵᠢᠨ ᠲᠤᠰᠬᠠᠶ ᠬᠡᠰᠡᠭ》—《ᠠᠮᠠᠨ ᠬᠥᠨᠳᠡᠶ᠎ᠳᠤ ᠲᠠᠷᠢᠬᠤ ᠰᠢᠳᠦᠨ᠎ᠤ ᠦᠢ᠍ᠯᠡᠳᠭᠦᠨ᠎ᠤ ᠰᠢᠰᠲ᠋ᠧᠮ᠎ᠤᠨ ᠬᠠᠮ ᠮᠡᠳᠡᠭᠦᠯᠦᠯᠲᠡ》 ᠵᠢᠨ ᠬᠡᠰᠡᠭ᠎ᠠᠴᠠ ᠠᠮᠠᠨ ᠬᠥᠨᠳᠡᠶ᠎ᠳᠤ ᠲᠠᠷᠢᠬᠤ ᠰᠢᠳᠦᠨ᠎ᠤ ᠲᠣᠭ᠎ᠠ ᠪᠠᠷᠢᠮᠲᠠ ᠵᠢ ᠲᠠᠭᠯᠠᠨ ᠮᠡᠳᠡᠭᠦᠯᠬᠦ ᠰᠢᠰᠲ᠋ᠧᠮ᠎ᠤᠨ ᠲᠠᠩᠰᠠᠨ ᠨᠣᠮᠧᠷ ᠪᠠ ᠨᠢᠭᠤᠴᠠ ᠨᠣᠮᠧᠷ᠎ᠢ ᠠᠪᠤᠨ᠎ᠠ᠃

   (ᠬᠣᠶᠠᠷ) ᠦᠢ᠍ᠯᠡᠳᠭᠦᠨ᠎ᠤ ᠰᠢᠰᠲ᠋ᠧᠮ᠎ᠤᠨ ᠬᠠᠮᠲᠤᠷᠠᠯ ᠪᠠ ᠬᠠᠩᠭ᠋ᠠᠯᠭ᠎ᠠ ᠵᠢᠨ ᠣᠷᠣᠨ ᠪᠦᠰᠡ ᠵᠢᠨ ᠨᠤᠲᠠᠯᠠᠯ

    ᠳᠠᠩᠰᠠᠨ ᠨᠣᠮᠧᠷ᠎ᠢ ᠬᠡᠷᠡᠭᠯᠡᠨ ᠠᠮᠠᠨ ᠬᠥᠨᠳᠡᠶ᠎ᠳᠤ ᠲᠠᠷᠢᠬᠤ ᠰᠢᠳᠦᠨ᠎ᠤ ᠲᠣᠭ᠎ᠠ ᠪᠠᠷᠢᠮᠲᠠ ᠵᠢ ᠲᠠᠭᠯᠠᠨ ᠮᠡᠳᠡᠭᠦᠯᠬᠦ ᠰᠢᠰᠲ᠋ᠧᠮ (http://182.151.45.255:21299/#/login?redirect=%2Fdashboard)᠎ᠳᠤ ᠣᠷᠣᠭᠰᠠᠨ᠎ᠤ ᠳᠠᠷᠠᠭ᠎ᠠ᠂ 《ᠠᠮᠠᠨ ᠬᠥᠨᠳᠡᠶ᠎ᠳᠤ ᠲᠠᠷᠢᠬᠤ ᠰᠢᠳᠦᠨ᠎ᠤ ᠰᠢᠰᠲ᠋ᠧᠮ᠎ᠤᠨ ᠬᠠᠮ ᠮᠡᠳᠡᠭᠦᠯᠦᠯᠲᠡ》 ᠵᠢᠨ ᠬᠡᠰᠡᠭ᠎ᠲᠤ ᠲᠣᠰ ᠠᠵᠤ ᠠᠬᠤᠶ᠋ᠢᠯᠠᠯ᠎ᠤᠨ ᠦᠢ᠍ᠯᠡᠳᠭᠦᠨ᠎ᠤ ᠰᠢᠰᠲ᠋ᠧᠮ᠎ᠢ ᠮᠡᠳᠡᠭᠦᠯᠦᠨ᠎ᠡ; 《ᠬᠠᠩᠭ᠋ᠠᠬᠤ ᠣᠷᠣᠨ ᠪᠦᠰᠡ ᠵᠢ ᠰᠣᠩᠭᠣᠬᠤ》 ᠬᠡᠰᠡᠭ᠎ᠲᠤ ᠲᠤᠰ ᠠᠵᠤ ᠠᠬᠤᠶ᠋ᠢᠯᠠᠯ᠎ᠤᠨ ᠬᠠᠮ ᠦᠢ᠍ᠯᠡᠳᠭᠦᠨ᠎ᠤ ᠰᠢᠰᠲ᠋ᠧᠮ ᠬᠣᠯᠪᠣᠭ᠋ᠠᠨ᠎ᠤ ᠭᠠᠵᠠᠷ ᠣᠷᠣᠨ᠎ᠳᠠᠬᠢ ᠬᠠᠩᠭ᠋ᠠᠬᠤ ᠬᠡᠪᠴᠢᠶ᠎ᠡ ᠵᠢ ᠲᠣᠭᠲᠠᠭ᠋ᠠᠵᠤ᠂ ᠣᠷᠣᠨ ᠨᠤᠲᠤᠭ ᠬᠣᠲᠠ ᠵᠢᠨ ᠱᠠᠲᠤᠨ᠎ᠳᠤ ᠬᠦᠷᠲᠡᠯ᠎ᠡ ᠨᠠᠷᠢᠯᠢᠭᠵᠢᠭᠤᠯᠵᠤ᠂ ᠪᠣᠳᠠᠲᠠᠶ ᠠᠵᠢᠯᠯᠠᠬᠤ ᠠᠷᠭ᠎ᠠ ᠪᠠ ᠬᠠᠮ ᠱᠠᠭ᠋ᠠᠷᠳᠠᠯᠭ᠎ᠠ ᠵᠢ ᠲᠠᠪᠴᠠᠩ᠎ᠳᠠᠬᠢ ᠠᠵᠢᠯᠯᠠᠭ᠋ᠠᠨ᠎ᠤ ᠭᠠᠷ ᠠᠪᠤᠯᠭ᠎ᠠ᠎ᠳᠤ ᠨᠠᠷᠢᠨ ᠦᠵᠡᠭᠡᠷᠡᠶ᠃

   (ᠭᠤᠷᠪᠠ) ᠴᠠᠭ᠎ᠤᠨ ᠲᠣᠬᠢᠷᠠᠭᠤᠯᠤᠯᠲᠠ

    ᠦᠢ᠍ᠯᠡᠳᠭᠦᠨ᠎ᠤ ᠰᠢᠰᠲ᠋ᠧᠮ᠎ᠢ ᠵᠣᠬᠢᠶᠠᠨ ᠪᠠᠶ᠋ᠢᠭᠤᠯᠬᠤ ᠪᠠ ᠬᠠᠩᠭ᠋ᠠᠬᠤ ᠣᠷᠣᠨ ᠪᠦᠰᠡ ᠵᠢᠨ ᠬᠡᠪᠴᠢᠶ᠎ᠡ ᠵᠢ ᠲᠣᠭᠲᠠᠭ᠋ᠠᠬᠤ ᠴᠠᠭ᠄ 2022 ᠣᠨ᠎ᠤ 9 ᠳ᠋ᠦ᠍ᠭᠡᠷ ᠰᠠᠷ᠎ᠠ ᠵᠢᠨ 23᠎ᠤ ᠡᠳᠦᠷ᠎ᠤᠨ 9 ᠴᠠᠭ᠎ᠠᠴᠠ 2022 ᠣᠨ᠎ᠤ 9 ᠳ᠋ᠦ᠍ᠭᠡᠷ ᠰᠠᠷ᠎ᠠ ᠵᠢᠨ 30᠎ᠤ ᠡᠳᠦᠷ᠎ᠤᠨ 17 ᠴᠠᠭ ᠪᠣᠯᠲᠠᠯ᠎ᠠ᠃ ᠮᠡᠳᠡᠭᠦᠯᠬᠦ᠎ᠳᠤ ᠣᠷᠣᠯᠴᠠᠭᠰᠠᠨ ᠠᠵᠤ ᠠᠬᠤᠶ᠋ᠢᠯᠠᠯ ᠡᠷᠬᠡᠪᠰᠢ ᠲᠣᠭᠲᠠᠭᠰᠠᠨ ᠴᠠᠭ᠎ᠤᠨ ᠳᠣᠲᠣᠷ᠎ᠠ ᠪᠡᠶᠡᠯᠡᠭᠦᠯᠬᠦ ᠬᠡᠷᠡᠭᠲᠡᠶ᠃ ᠰᠢᠰᠲ᠋ᠧᠮ᠎ᠢ ᠬᠠᠭ᠋ᠠᠭᠰᠠᠨ᠎ᠤ ᠳᠠᠷᠠᠭ᠎ᠠ᠂ ᠦᠢ᠍ᠯᠡᠳᠭᠦᠨ᠎ᠤ ᠰᠢᠰᠲ᠋ᠧᠮ ᠪᠣᠯᠤᠨ ᠬᠠᠩᠭ᠋ᠠᠯᠭ᠎ᠠ ᠵᠢᠨ ᠣᠷᠣᠨ ᠪᠦᠰᠡ ᠵᠢᠨ ᠬᠡᠪᠴᠢᠶᠡᠨ᠎ᠳᠠᠬᠢ ᠬᠣᠯᠪᠣᠭᠳᠠᠯ ᠪᠥᠬᠥᠶ ᠮᠡᠳᠡᠭᠡ ᠵᠠᠩᠭᠢ ᠵᠢ ᠰᠢᠨ᠎ᠡ᠎ᠪᠠᠷ ᠨᠡᠮᠡᠬᠦ᠂ ᠬᠠᠰᠤᠬᠤ ᠪᠤᠶᠤ ᠬᠤᠪᠢᠷᠠᠭᠤᠯᠬᠤ ᠵᠢ ᠳᠠᠭᠢᠵᠤ ᠭᠥᠯᠢᠶᠡᠨ ᠠᠪᠬᠤ ᠥᠬᠡᠶ᠃

    ᠲᠤᠯᠤᠭ᠎ᠠ᠂ ᠬᠠᠷᠢᠯᠴᠠᠬᠤ ᠬᠡᠯᠪᠡᠷᠢ

    ᠬᠠᠷᠢᠯᠴᠠᠬᠤ ᠤᠲᠠᠰᠤ᠄ 028 - 85157579᠂ 028 - 86931931;

    ᠬᠠᠷᠢᠯᠴᠠᠬᠤ ᠢᠮᠧᠯ᠄ sctwzdsj@126.com᠃

    ᠦᠢ᠍ᠯᠡᠴᠢᠯᠡᠬᠦ ᠴᠠᠭ᠄ 9᠄ 00-12᠄ 00᠂ 14᠄ 00-17᠄ 00᠂ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠥᠬᠡᠶ᠃

    ᠪᠤᠰᠤᠳ ᠭᠦᠢ᠍ᠴᠡᠳ ᠪᠤᠰᠤ ᠵᠦᠢ᠍ᠯ᠎ᠢ ᠠᠰ᠎ᠲᠤ᠎ᠨᠢ ᠢᠯᠡ ᠨᠡᠶ᠋ᠢᠲᠡᠯᠡᠨ᠎ᠡ᠃

 

     ᠠᠮᠠᠨ ᠬᠥᠨᠳᠡᠶ᠎ᠳᠤ ᠲᠠᠷᠢᠬᠤ ᠰᠢᠰᠲ᠋ᠧᠮ᠎ᠤᠨ ᠮᠤᠵᠢ ᠵᠢᠨ ᠬᠣᠭᠣᠷᠣᠨᠳᠣᠬᠢ ᠬᠣᠯᠪᠣᠭ᠎ᠠ

    ᠵᠢᠨ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠠᠯᠪᠠᠨ ᠭᠡᠷ

        2022 ᠣᠨ᠎ᠤ 9 ᠰᠠᠷ᠎ᠠ ᠵᠢᠨ 22᠎ᠤᠨ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠢ ᠡᠪᠡᠳᠴᠢᠨ᠎ᠤ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠬᠦ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 2022 ᠣᠨ᠎ᠤ ᠳᠡᠭᠡᠳᠦ ᠳᠡᠰ᠎ᠤᠨ ᠮᠡᠷᠭᠡᠵᠢᠯ᠎ᠤᠨ ᠴᠣᠯᠠ ᠵᠢ ᠬᠢᠨᠠᠨ ᠳᠣᠭᠲᠠᠭ᠋ᠠᠬᠤ᠎ᠳᠤ ᠣᠷᠣᠯᠴᠠᠬᠤ᠎ᠪᠠᠷ ᠪᠠᠢ᠌ᠭ᠎ᠠ ᠬᠥᠮᠦᠰ᠎ᠤᠨ ᠪᠠᠶ᠋ᠢᠳᠠᠯ᠎ᠤᠨ ᠲᠤᠬᠠᠶ ᠢᠯᠡ ᠨᠡᠢ᠌ᠲᠡᠯᠡᠯ
ᠬᠥᠨᠳᠡᠶ ᠵᠢᠨ ᠳᠤᠷᠠᠨ᠎ᠤ ᠣᠭᠲᠤᠯᠵᠤ ᠬᠠᠭ᠋ᠠᠯᠬᠤ / ᠣᠶᠣᠵᠤ ᠨᠡᠢ᠌ᠯᠡᠭᠦᠯᠬᠦ ᠪᠠᠭ᠋ᠠᠵᠢ ᠵᠢᠨ ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠮᠤᠵᠢ ᠵᠢᠨ ᠬᠣᠭᠣᠷᠣᠨᠳᠣᠬᠢ ᠬᠣᠯᠪᠣᠭ᠎ᠠ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠠᠯᠪᠠᠨ ᠵᠠᠷᠯᠠᠯ (1 ᠳ᠋ᠦ᠍ᠭᠡᠷ ᠲᠣᠭ᠋ᠠᠲᠤ)
ᠵᠢᠷᠦᠬᠡᠨ᠎ᠤ ᠴᠠᠬᠢᠯᠭ᠋ᠠᠨ ᠹᠢᠽᠢᠣᠯᠣᠭᠢ ᠵᠢᠨ ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠮᠤᠵᠢ ᠵᠢᠨ ᠬᠣᠭᠣᠷᠣᠨᠳᠣᠬᠢ ᠬᠣᠯᠪᠤᠭ᠎ᠠ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠠᠯᠪᠠᠨ ᠵᠠᠷᠯᠠᠯ (1 ᠳ᠋ᠦ᠍ᠭᠡᠷ ᠲᠣᠭ᠋ᠠᠲᠤ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠠᠨ ᠬᠥᠨᠳᠡᠶ᠎ᠳᠤ ᠲᠠᠷᠢᠬᠤ ᠰᠢᠳᠦ ᠵᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ᠎ᠳᠤ ᠣᠷᠣᠯᠴᠠᠬᠤ ᠡᠮᠴᠢᠯᠡᠭᠡᠨ᠎ᠤ ᠪᠠᠶ᠋ᠢᠭᠤᠯᠤᠮᠵᠢ ᠵᠢᠨ ᠨᠡᠷᠡᠰ᠎ᠢ ᠨᠡᠶ᠋ᠢᠲᠡᠯᠡᠬᠦ ᠲᠤᠬᠠᠶ ᠠᠯᠪᠠᠨ ᠵᠠᠷᠯᠠᠯ
 
            