ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠵᠢᠷᠦᠬᠡᠨ᠎ᠤ ᠴᠠᠬᠢᠯᠭ᠋ᠠᠨ ᠹᠢᠽᠢᠣᠯᠣᠭᠢ ᠵᠢᠨ ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠮᠤᠵᠢ ᠵᠢᠨ ᠬᠣᠭᠣᠷᠣᠨᠳᠣᠬᠢ ᠬᠣᠯᠪᠤᠭ᠎ᠠ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠠᠯᠪᠠᠨ ᠵᠠᠷᠯᠠᠯ (1 ᠳ᠋ᠦ᠍ᠭᠡᠷ ᠲᠣᠭ᠋ᠠᠲᠤ)
ᠨᠡᠶ᠋ᠢᠲᠡᠯᠡᠭᠰᠡᠨ ᠴᠠᠭ᠄ 2022-10-14

ᠬᠣᠯᠪᠣᠭᠳᠠᠯ ᠪᠦᠬᠦᠢ ᠠᠵᠤ ᠠᠬᠤᠶ᠋ᠢᠯᠠᠯ᠎ᠳᠤ᠄

   《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠠᠨᠠᠯ》᠂            《ᠤᠯᠤᠰ᠎ᠠᠴᠠ ᠵᠣᠬᠢᠶᠠᠨ ᠪᠠᠢ᠌ᠭᠤᠯᠤᠭᠰᠠᠨ ᠡᠮᠴᠢᠯᠡᠭᠡᠨ᠎ᠳᠤ ᠬᠡᠷᠡᠭᠯᠡᠬᠦ ᠥᠨᠳᠥᠷ ᠥᠷᠲᠡᠭᠲᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠪᠠ ᠬᠡᠷᠡᠭᠯᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠡᠷᠭᠡ 8 ᠰᠠᠯᠠᠭ᠎ᠠ ᠮᠥᠴᠢᠷ᠎ᠤᠨ ᠵᠢᠯᠣᠭᠣᠳᠬᠤ ᠰᠠᠨᠠᠯ》 (ᠡᠮᠴᠢᠯᠡᠭᠡᠨ᠎ᠤ ᠪᠠᠲᠤᠯᠠᠭ᠎ᠠ ᠲᠠᠷᠬᠠᠭ᠋ᠠᠭᠰᠠᠨ [2021] 31 ᠳ᠋ᠦ᠍ᠭᠡᠷ        ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠮᠴᠢᠯᠡᠭᠡᠨ᠎ᠳᠤ ᠬᠡᠷᠡᠭᠯᠡᠬᠦ ᠥᠨᠳᠥᠷ ᠥᠷᠲᠡᠭᠲᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠥᠭᠡᠷᠡᠴᠢᠯᠡᠯᠲᠡ ᠵᠢ ᠭᠦᠨᠵᠡᠭᠡᠶ ᠠᠬᠢᠭᠤᠯᠬᠤ ᠵᠢᠨ ᠲᠥᠯᠦᠭᠡ᠂ ᠹᠦᠵᠢᠶᠠᠨ᠂ ᠾᠧᠪᠧᠢ᠂ ᠱᠠᠨ ᠰᠢ᠂ ᠥᠪᠥᠷ ᠮᠣᠩᠭᠣᠯ᠂ ᠯᠢᠶᠣᠤᠨᠢᠩ᠂ ᠬᠢᠷᠢᠨ᠂ ᠬᠠᠷᠠᠮᠦ᠋ᠷᠡᠨ᠂ ᠵᠢᠶᠠᠩᠰᠦ᠂ ᠵᠧᠵᠢᠶᠠᠩ᠂ ᠠᠨᠾᠦ᠋ᠢ᠂ ᠵᠢᠶᠠᠩᠰᠢ᠂ ᠱᠠᠨᠳᠦ᠋ᠩ᠂ ᠾᠧᠨᠠᠨ᠂ ᠬᠤᠨᠠᠨ᠂ ᠭᠤᠸᠠᠩᠳᠦ᠋ᠩ᠂ ᠭᠤᠸᠠᠩᠰᠢ᠂ ᠬᠠᠶ᠋ᠢᠨᠠᠨ᠂ ᠴᠦᠩᠴᠢᠩ᠂ ᠭᠦᠢ᠍ᠵᠧᠦ᠂ ᠶᠦᠨᠨᠠᠨ᠂ ᠲᠥᠪᠡᠳ᠂ ᠱᠠᠨᠰᠢ᠂ ᠭᠠᠨᠰᠦ᠂ ᠬᠥᠬᠡᠨᠠᠭᠤᠷ᠂ ᠨᠢᠩᠰᠢᠶᠠ᠂ ᠰᠢᠨᠵᠢᠶᠠᠩ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ ᠵᠡᠷᠭᠡ ᠮᠤᠵᠢ (ᠣᠷᠣᠨ᠂ ᠬᠣᠲᠠ) ᠬᠤᠳᠠᠯᠳᠤᠨ ᠠᠪᠬᠤ ᠬᠣᠯᠪᠣᠭ᠎ᠠ ᠪᠠᠢ᠌ᠭᠤᠯᠵᠤ᠂ ᠡᠯ᠎ᠡ ᠭᠠᠵᠠᠷ ᠣᠷᠣᠨ᠎ᠤ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ (ᠴᠡᠷᠢᠭ ᠠᠩᠭᠢ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢ ᠪᠠᠭᠲᠠᠭ᠋ᠠᠨ᠎ᠠ) ᠵᠢᠴᠢ ᠰᠠᠶ᠋ᠢᠨ ᠳᠤᠷ᠎ᠠ᠎ᠠᠴᠠ᠎ᠪᠠᠨ ᠣᠷᠣᠯᠴᠠᠭᠰᠠᠨ ᠡᠮᠴᠢᠯᠡᠭᠡᠨ᠎ᠤ ᠪᠠᠲᠤᠯᠠᠭ᠎ᠠ ᠵᠢᠨ ᠴᠡᠭ ᠲᠣᠭᠲᠠᠭ᠋ᠠᠭᠰᠠᠨ ᠨᠡᠶ᠋ᠢᠭᠡᠮ᠎ᠠᠴᠠ ᠡᠷᠭᠢᠯᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠡᠷᠭᠡ ᠵᠢ ᠲᠥᠯᠥᠭᠡᠯᠡᠨ ᠵᠢᠷᠦᠬᠡᠨ᠎ᠤ ᠴᠠᠬᠢᠯᠭ᠋ᠠᠨ ᠹᠢᠽᠢᠣᠯᠣᠭᠢ ᠵᠢᠨ ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠮᠤᠵᠢ ᠵᠢᠨ ᠬᠣᠭᠣᠷᠣᠨᠳᠣᠬᠢ ᠬᠣᠯᠪᠣᠭ᠎ᠠ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠵᠢ ᠥᠷᠨᠢᠭᠦᠯᠪᠡ᠃ ᠵᠢᠷᠦᠬᠡᠨ᠎ᠤ ᠴᠠᠬᠢᠯᠭ᠋ᠠᠨ ᠹᠢᠽᠢᠣᠯᠣᠭᠢ ᠵᠢᠨ ᠮᠤᠵᠢ ᠵᠢᠨ ᠬᠣᠭᠣᠷᠣᠨᠳᠣᠬᠢ ᠬᠣᠯᠪᠣᠭ᠋ᠠᠨ᠎ᠤ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠠᠵᠢᠯ᠎ᠢ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠢ ᠹᠦᠵᠢᠶᠠᠨ ᠮᠤᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠳᠣᠬᠢᠷᠠᠭᠤᠯᠵᠤ᠂ ᠡᠳᠦᠷ ᠲᠤᠲᠤᠮ᠎ᠤᠨ ᠠᠵᠢᠯ ᠪᠠ ᠪᠣᠳᠠᠲᠠᠶ ᠬᠡᠷᠡᠭᠵᠢᠭᠦᠯᠬᠦ ᠵᠢ ᠹᠦᠵᠢᠶᠠᠨ ᠮᠤᠵᠢ ᠵᠢᠨ ᠡᠮ᠎ᠤᠨ ᠵᠦᠢ᠍ᠯ ᠪᠠ ᠪᠠᠭ᠋ᠠᠵᠢ ᠬᠡᠷᠡᠭᠰᠡᠯ᠎ᠢ ᠬᠣᠯᠪᠤᠭ᠋ᠠᠯᠠᠨ ᠬᠤᠳᠠᠯᠳᠤᠨ ᠠᠪᠬᠤ ᠲᠥᠪ᠎ᠠᠴᠠ ᠡᠭᠦᠷᠭᠡᠯᠡᠨ᠎ᠡ᠃

    ᠡᠳᠦᠭᠡ 《ᠵᠢᠷᠦᠬᠡᠨ᠎ᠤ ᠴᠠᠬᠢᠯᠭ᠋ᠠᠨ ᠹᠢᠽᠢᠣᠯᠣᠭᠢ ᠵᠢᠨ ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠮᠤᠵᠢ ᠵᠢᠨ ᠬᠣᠭᠣᠷᠣᠨᠳᠣᠬᠢ ᠬᠣᠯᠪᠣᠭ᠎ᠠ ᠵᠢᠨ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠪᠢᠴᠢᠭ ᠮᠠᠲ᠋ᠧᠷᠢᠶᠠᠯ (DSLLC-2022-1)》᠎ᠢ ᠨᠡᠶ᠋ᠢᠲᠡᠯᠡᠪᠡ᠂ ᠱᠠᠭ᠋ᠠᠷᠳᠠᠯᠭ᠎ᠠ᠎ᠳᠤ ᠨᠡᠶ᠋ᠢᠴᠡᠭᠰᠡᠨ ᠠᠵᠤ ᠠᠬᠤᠶ᠋ᠢᠯᠠᠯ᠎ᠤᠨ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃

 

     ᠵᠢᠷᠤᠬᠡᠨ᠎ᠤ ᠴᠠᠬᠢᠯᠭ᠋ᠠᠨ ᠹᠢᠽᠢᠣᠯᠣᠭᠢ ᠵᠢᠨ ᠮᠤᠵᠢ ᠵᠢᠨ ᠬᠣᠭᠣᠷᠣᠨᠳᠣᠬᠢ ᠬᠣᠯᠪᠣᠭ᠋ᠠᠨ᠎ᠤ ᠲᠥᠪᠯᠡᠷᠡᠭᠦᠯᠦᠨ

     ᠬᠡᠮᠵᠢᠶ᠎ᠡ᠎ᠲᠠᠢ ᠬᠤᠳᠠᠯᠳᠤᠨ ᠠᠪᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ

        2022 ᠣᠨ᠎ᠤ 10 ᠳ᠋ᠤᠭ᠋ᠠᠷ ᠰᠠᠷ᠎ᠠ ᠵᠢᠨ 14᠎ᠤ ᠡᠳᠦᠷ

 

    ᠳᠠᠭ᠋ᠠᠯᠳᠤᠭᠤᠯᠤᠯ᠄

    ᠵᠢᠷᠦᠬᠡᠨ᠎ᠤ ᠴᠠᠬᠢᠯᠭ᠋ᠠᠨ ᠹᠢᠽᠢᠣᠯᠣᠭᠢ ᠵᠢᠨ ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠮᠤᠵᠢ ᠵᠢᠨ ᠬᠣᠭᠣᠷᠣᠨᠳᠣᠬᠢ ᠬᠣᠯᠪᠣᠭ᠎ᠠ ᠵᠢᠨ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠪᠢᠴᠢᠭ ᠮᠠᠲ᠋ᠧᠷᠢᠶᠠᠯ(DSLLC-2022-1) .pdf

 

 

ᠢᠷᠡᠯᠲᠡ᠄ ᠵᠢᠷᠦᠬᠡᠨ᠎ᠤ ᠴᠠᠬᠢᠯᠭ᠋ᠠᠨ ᠹᠢᠽᠢᠣᠯᠣᠭᠢ ᠵᠢᠨ ᠮᠤᠵᠢ ᠵᠢᠨ ᠬᠣᠭᠣᠷᠣᠨᠳᠣᠬᠢ ᠬᠣᠯᠪᠣᠭ᠋ᠠᠨ᠎ᠤ ᠲᠥᠪᠯᠡᠷᠡᠭᠦᠯᠦᠨ ᠬᠡᠮᠵᠢᠶ᠎ᠡ᠎ᠲᠠᠢ ᠬᠤ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠠᠨ ᠬᠥᠨᠳᠡᠶ᠎ᠳᠤ ᠲᠠᠷᠢᠬᠤ ᠰᠢᠳᠦ ᠵᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ᠎ᠳᠤ ᠣᠷᠣᠯᠴᠠᠬᠤ ᠡᠮᠴᠢᠯᠡᠭᠡᠨ᠎ᠤ ᠪᠠᠶ᠋ᠢᠭᠤᠯᠤᠮᠵᠢ ᠵᠢᠨ ᠨᠡᠷᠡᠰ᠎ᠢ ᠨᠡᠶ᠋ᠢᠲᠡᠯᠡᠬᠦ ᠲᠤᠬᠠᠶ ᠠᠯᠪᠠᠨ ᠵᠠᠷᠯᠠᠯ
ᠬᠠᠷᠢᠮᠠᠭᠲᠤ ᠴᠠᠭ᠋ᠠᠷᠢᠭ᠎ᠤᠨ ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠮᠤᠵᠢ ᠵᠢᠨ ᠬᠣᠭᠣᠷᠣᠨᠳᠣᠬᠢ ᠬᠣᠯᠪᠣᠭ᠎ᠠ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠠᠯᠪᠠᠨ ᠵᠠᠷᠯᠠᠯ (1 ᠳ᠋ᠦ᠍ᠭᠡᠷ ᠲᠣᠭ᠋ᠠᠲᠤ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 2022 ᠣᠨ᠎ᠤ ᠡᠮ᠎ᠤᠨ ᠤᠬᠠᠭ᠋ᠠᠨ᠎ᠤ ᠰᠢᠷᠢᠰ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ᠎ᠳᠤ ᠣᠷᠣᠯᠴᠠᠬᠤ᠎ᠪᠠᠷ ᠪᠠᠶ᠋ᠢᠭ᠎ᠠ ᠬᠥᠮᠦᠰ᠎ᠤᠨ ᠪᠠᠶ᠋ᠢᠳᠠᠯ᠎ᠤᠨ ᠲᠤᠬᠠᠶ ᠠᠯᠪᠠᠨ ᠵᠠᠷᠯᠠᠯ
ᠥᠪᠡᠷᠲᠡᠭᠡᠨ ᠵᠠᠰᠠᠬᠤ ᠣᠷᠣᠨ᠎ᠤ ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠤᠷᠪᠠᠯᠵᠢ᠂ ᠥᠳᠥᠭᠡᠭᠴᠢ ᠵᠢᠴᠢ ᠢᠵᠢ ᠪᠦᠷᠢᠳᠦᠭᠦᠯᠦᠭᠰᠡᠨ ᠬᠣᠷᠣᠭᠳᠠᠯ ᠮᠠᠲ᠋ᠧᠷᠢᠶᠠᠯ᠎ᠤᠨ ᠬᠢᠵᠠᠭ᠋ᠠᠷᠯᠠᠭᠰᠠᠨ ᠦᠨ᠎ᠡ ᠵᠢᠨ ᠬᠣᠯᠪᠤᠯᠳᠤᠨ ᠬᠥᠳᠡᠯᠦᠯᠴᠡᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠲᠦᠷ ᠵᠤᠭᠰᠤᠭ᠋ᠠᠬᠤ ᠠᠯᠪᠠᠨ ᠵᠠᠷᠯᠠᠯ
 
            