ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠦᠭᠡ᠂ ᠶᠢᠰᠦᠨ ᠶᠠᠮᠤᠨ ᠵᠥᠪᠯᠡᠯ ᠬᠠᠮᠲᠤᠷᠠᠨ ᠳᠠᠷᠤᠮᠠᠯᠠᠯᠠᠨ ᠲᠠᠷᠬᠠᠭ᠋ᠠᠭᠰᠠᠨ 《2022 ᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶ᠎ᠡ ᠬᠡᠪᠴᠢᠶ᠎ᠡ ᠪᠠ ᠡᠮᠴᠢᠯᠡᠭᠡᠨ᠎ᠤ ᠦᠢ᠍ᠯᠡᠴᠢᠯᠡᠭᠡ ᠵᠢᠨ ᠲᠥᠪ ᠪᠤᠰᠤ ᠰᠤᠷᠲᠠᠯ᠎ᠢ ᠵᠠᠯᠠᠷᠠᠭᠤᠯᠬᠤ ᠠᠵᠢᠯ᠎ᠤᠨ ᠭᠤᠤᠯᠳᠠᠯᠭ᠎ᠠ》 ᠵᠢᠨ ᠱᠠᠭ᠋ᠠᠷᠳᠠᠯᠭ᠎ᠠ ᠶᠣᠰᠣᠭ᠋ᠠᠷ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠡᠮᠦᠨᠡᠬᠢ ᠬᠤᠭᠤᠴᠠᠭ᠋ᠠᠨ᠎ᠤ ᠪᠠᠶ᠋ᠢᠴᠠᠭ᠋ᠠᠯᠲᠠ ᠪᠠ ᠠᠵᠢᠯ ᠲᠥᠷᠥᠯ᠎ᠤᠨ ᠰᠠᠨᠠᠯ᠎ᠢ ᠬᠤᠷᠢᠶᠠᠭᠰᠠᠨ ᠪᠠᠶ᠋ᠢᠳᠠᠯ᠎ᠲᠠᠢ ᠤᠶᠠᠯᠳᠤᠭᠤᠯᠤᠨ᠂ 《ᠠᠮᠠᠨ ᠬᠥᠨᠳᠡᠶ᠎ᠳᠤ ᠲᠠᠷᠢᠬᠤ ᠡᠮᠴᠢᠯᠡᠭᠡᠨ᠎ᠤ ᠦᠢ᠍ᠯᠡᠴᠢᠯᠡᠭᠡ ᠵᠢᠨ ᠵᠠᠷᠤᠳᠠᠯ ᠬᠤᠷᠢᠶᠠᠬᠤ ᠪᠠ ᠬᠣᠷᠣᠭᠳᠠᠯ ᠮᠠᠲ᠋ᠧᠷᠢᠶᠠᠯ᠎ᠤᠨ ᠦᠨ᠎ᠡ ᠬᠠᠩᠰᠢ ᠵᠢᠨ ᠲᠤᠰᠬᠠᠶ ᠵᠠᠰᠠᠯᠲᠠ ᠵᠢ ᠥᠷᠨᠢᠭᠦᠯᠬᠦ ᠲᠤᠬᠠᠶ ᠮᠡᠳᠡᠭᠳᠡᠯ (ᠰᠠᠨᠠᠯ ᠬᠤᠷᠢᠶᠠᠬᠤ ᠨᠤᠤᠷᠠᠭ)》᠎ᠢ ᠲᠤᠭᠤᠷᠪᠢᠪᠠ᠃ ᠡᠳᠦᠭᠡ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠵᠤ ᠪᠣᠢ᠂ ᠣᠯᠠᠨ ᠲᠥᠮᠡᠨ ᠢᠮᠧᠯ ᠪᠤᠶᠤ ᠪᠢᠴᠢᠭ᠎ᠤᠨ ᠬᠡᠯᠪᠡᠷᠢ᠎ᠪᠠᠷ ᠬᠠᠷᠢᠭᠤ ᠳᠤᠰᠬᠠᠨ ᠰᠠᠨᠠᠯ ᠳᠤᠷᠠᠳᠴᠤ ᠪᠣᠯᠤᠨ᠎ᠠ᠂ ᠡᠳᠦᠷ ᠰᠠᠷ᠎ᠠ ᠵᠢ 2020 ᠣᠨ᠎ᠤ 8 ᠰᠠᠷ᠎ᠠ ᠵᠢᠨ 27᠎ᠤ ᠡᠳᠦᠷ ᠪᠣᠯᠲᠠᠯ᠎ᠠ ᠬᠢᠵᠠᠭ᠋ᠠᠷᠯᠠᠨ᠎ᠠ᠃
ᠢᠮᠧᠯ᠄ jgzcs@nhsa.gov.cn;
ᠬᠠᠶᠢᠭ᠄ ᠪᠡᠭᠡᠵᠢᠩ ᠬᠣᠲᠠ ᠵᠢᠨ ᠰᠢ ᠴᠧᠩ ᠲᠣᠭᠣᠷᠢᠭ᠎ᠤᠨ ᠶᠤᠸᠠᠢ ᠲᠠᠨ ᠬᠣᠶ᠋ᠢᠲᠤ ᠵᠡᠭᠡᠯᠢ ᠵᠢᠨ 2 ᠳ᠋ᠤᠭ᠋ᠠᠷ ᠨᠣᠮᠧᠷ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠡᠮ ᠡᠮᠨᠡᠯᠭᠡ ᠵᠢᠨ ᠦᠨ᠎ᠡ ᠬᠠᠩᠰᠢ ᠪᠠ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠵᠤᠷᠭ᠋ᠠᠨ᠂ ᠰᠢᠦᠳᠠᠨ ᠨᠣᠮᠧᠷ 100830
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2022 ᠣᠨ᠎ᠤ 8 ᠳ᠋ᠤᠭ᠋ᠠᠷ ᠰᠠᠷ᠎ᠠ ᠵᠢᠨ 18᠎ᠤ ᠡᠳᠦᠷ
ᠠᠮᠠᠨ ᠬᠥᠨᠳᠡᠢ᠎ᠳᠤ ᠲᠠᠷᠢᠬᠤ ᠡᠮᠴᠢᠯᠡᠭᠡᠨ᠎ᠤ ᠦᠢ᠍ᠯᠡᠴᠢᠯᠡᠭᠡ ᠵᠢᠨ ᠵᠠᠷᠤᠳᠠᠯ ᠬᠤᠷᠢᠶᠠᠬᠤ ᠪᠠ ᠬᠣᠷᠣᠭᠳᠠᠯ
ᠮᠠᠲ᠋ᠧᠷᠢᠶᠠᠯ᠎ᠤᠨ ᠦᠨ᠎ᠡ ᠬᠠᠩᠰᠢ ᠵᠢᠨ ᠲᠤᠰᠬᠠᠢ ᠵᠠᠰᠠᠯᠲᠠ ᠵᠢ ᠥᠷᠨᠢᠭᠦᠯᠬᠦ ᠲᠤᠬᠠᠢ ᠮᠡᠳᠡᠭᠳᠡᠯ
(ᠰᠠᠨᠠᠯ ᠬᠤᠷᠢᠶᠠᠬᠤ ᠨᠤᠤᠷᠠᠭ)
ᠠᠮᠠᠨ ᠬᠥᠨᠳᠡᠶ᠎ᠳᠤ ᠲᠠᠷᠢᠬᠤ ᠬᠦᠷᠢᠶᠡᠨ᠎ᠤ ᠵᠠᠷᠤᠳᠠᠯ ᠬᠤᠷᠢᠶᠠᠬᠤ ᠵᠢᠷᠤᠮᠵᠢᠯ ᠥᠬᠡᠶ᠂ ᠵᠠᠷᠤᠳᠠᠯ᠎ᠤᠨ ᠳᠠᠷᠤᠭ᠋ᠠᠰᠤ ᠬᠦᠨᠳᠦ ᠪᠠᠶ᠋ᠢᠬᠤ ᠵᠡᠷᠭᠡ ᠠᠰᠠᠭᠤᠳᠠᠯ ᠣᠷᠳᠣ ᠬᠤᠭᠤᠴᠠᠭ᠎ᠠ᠎ᠪᠠᠷ ᠣᠷᠣᠰᠢᠵᠤ᠂ ᠠᠮᠢᠳᠤᠷᠠᠯ᠎ᠤᠨ ᠬᠢᠷᠢ ᠲᠦᠪᠰᠢᠨ᠎ᠤ ᠳᠡᠭᠡᠭᠰᠢᠯᠡᠯᠲᠡ ᠪᠠ ᠬᠥᠮᠦᠨ ᠠᠮᠠ ᠵᠢᠨ ᠨᠠᠰᠤᠵᠢᠯᠲᠠ ᠵᠢᠨ ᠭᠦᠨᠵᠡᠭᠡᠶ᠋ᠢᠷᠡᠬᠦ ᠵᠢ ᠳᠠᠭ᠋ᠠᠯᠳᠤᠨ᠂ ᠣᠯᠠᠨ ᠲᠦᠮᠡᠨ᠎ᠢ ᠭᠠᠴᠢᠭᠳᠠᠭᠤᠯᠵᠤ ᠪᠠᠶ᠋ᠢᠭ᠎ᠠ ᠠᠷᠠᠳ᠎ᠤᠨ ᠠᠮᠢᠳᠤᠷᠠᠯ᠎ᠤᠨ ᠳᠠᠷᠤᠭ᠋ᠠᠰᠤ ᠪᠣᠯᠵᠣ ᠪᠠᠶ᠋ᠢᠨ᠎ᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠷᠠᠳ ᠣᠯᠠᠨ᠎ᠳᠤ ᠴᠢᠨᠠᠷ ᠰᠠᠶ᠋ᠢᠲᠠᠶ᠂ ᠦᠷ᠎ᠡ ᠪᠦᠲᠦᠮᠵᠢᠲᠡᠶ᠂ ᠳᠠᠭ᠋ᠠᠭ᠋ᠠᠵᠤ ᠳᠡᠢ᠌ᠯᠬᠦᠢ᠌ᠴᠡ ᠤᠨᠠᠭᠰᠠᠨ ᠰᠢᠳᠦ ᠵᠢ ᠨᠥᠬᠦᠬᠦ ᠦᠢ᠍ᠯᠡᠴᠢᠯᠡᠭᠡ ᠭᠦᠷᠲᠡᠭᠡᠬᠦ ᠵᠢ ᠪᠠᠲᠤᠯᠠᠨ᠂ ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠬᠠᠩᠭ᠋ᠠᠵᠤ᠂ ᠠᠮᠠᠨ ᠬᠥᠨᠳᠡᠶ᠎ᠳᠤ ᠲᠠᠷᠢᠬᠤ ᠵᠢᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠬᠤ ᠵᠢᠨ ᠲᠥᠯᠦᠭᠡ᠂ ᠶᠢᠰᠦᠨ ᠶᠠᠮᠤᠨ ᠵᠥᠪᠯᠡᠯ᠎ᠠᠴᠠ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《2022 ᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶ᠎ᠡ ᠬᠡᠪᠴᠢᠶ᠎ᠡ ᠪᠠ ᠡᠮᠴᠢᠯᠡᠭᠡᠨ᠎ᠤ ᠦᠢ᠍ᠯᠡᠴᠢᠯᠡᠭᠡ ᠵᠢᠨ ᠲᠥᠪ ᠪᠤᠰᠤ ᠰᠤᠷᠲᠠᠯ᠎ᠢ ᠵᠠᠯᠠᠷᠠᠭᠤᠯᠬᠤ ᠠᠵᠢᠯ᠎ᠤᠨ ᠭᠤᠤᠯᠳᠠᠯᠭ᠎ᠠ》 ᠵᠢᠨ ᠱᠠᠭ᠋ᠠᠷᠳᠠᠯᠭ᠎ᠠ ᠶᠣᠰᠣᠭ᠋ᠠᠷ ᠠᠮᠠᠨ ᠬᠥᠨᠳᠡᠶ᠎ᠳᠤ ᠲᠠᠷᠢᠬᠤ ᠡᠮᠴᠢᠯᠡᠭᠡᠨ᠎ᠤ ᠦᠢ᠍ᠯᠡᠴᠢᠯᠡᠭᠡ ᠵᠢᠨ ᠵᠠᠷᠤᠳᠠᠯ ᠬᠤᠷᠢᠶᠠᠬᠤ ᠪᠠ ᠬᠣᠷᠣᠭᠳᠠᠯ ᠮᠠᠲ᠋ᠧᠷᠢᠶᠠᠯ᠎ᠤᠨ ᠦᠨ᠎ᠡ ᠬᠠᠩᠰᠢ ᠵᠢᠨ ᠲᠤᠰᠬᠠᠶ ᠵᠠᠰᠠᠯᠲᠠ ᠵᠢ ᠥᠷᠨᠢᠭᠦᠯᠪᠡ᠃ ᠡᠳᠦᠭᠡ ᠬᠣᠯᠪᠣᠭᠳᠠᠯ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠳᠣᠣᠷᠠᠬᠢ ᠮᠡᠲᠦ ᠮᠡᠳᠡᠭᠳᠡᠪᠡ᠄
ᠨᠢᠭᠡ᠂ ᠠᠮᠠᠨ ᠬᠥᠨᠳᠡᠶ ᠳᠤ ᠲᠠᠷᠢᠬᠤ ᠡᠮᠴᠢᠯᠡᠭᠡᠨ᠎ᠤ ᠦᠢ᠍ᠯᠡᠴᠢᠯᠡᠭᠡ ᠪᠠ ᠬᠣᠷᠣᠭᠳᠠᠯ ᠮᠠᠲ᠋ᠧᠷᠢᠶᠠᠯ᠎ᠤᠨ ᠵᠠᠷᠤᠳᠠᠯ ᠬᠤᠷᠢᠶᠠᠬᠤ ᠠᠷᠭ᠎ᠠ ᠮᠠᠶᠢᠭ᠎ᠢ ᠵᠢᠷᠤᠮᠵᠢᠭᠤᠯᠤᠨ᠎ᠠ
(ᠨᠢᠭᠡ) ᠠᠮᠠᠨ ᠬᠥᠨᠳᠡᠶ᠎ᠳᠤ ᠲᠠᠷᠢᠬᠤ ᠡᠮᠴᠢᠯᠡᠭᠡᠨ᠎ᠤ ᠦᠢ᠍ᠯᠡᠴᠢᠯᠡᠭᠡ ᠵᠢᠨ 《ᠮᠡᠷᠭᠡᠵᠢᠯ ᠪᠠ ᠬᠣᠷᠣᠭᠳᠠᠯ ᠮᠠᠲ᠋ᠧᠷᠢᠶᠠᠯ᠎ᠤᠨ ᠦᠨ᠎ᠡ ᠵᠢ ᠰᠠᠯᠭ᠋ᠠᠨ ᠪᠣᠳᠣᠬᠤ》 ᠵᠢ ᠡᠮᠬᠢ ᠵᠢᠷᠤᠮ᠎ᠲᠠᠢ ᠠᠬᠢᠭᠤᠯᠤᠨ᠎ᠠ᠃ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠠᠮᠠᠨ ᠬᠥᠨᠳᠡᠶ᠎ᠳᠤ ᠲᠠᠷᠢᠬᠤ ᠡᠮᠴᠢᠯᠡᠭᠡᠨ᠎ᠤ ᠦᠢ᠍ᠯᠡᠴᠢᠯᠡᠭᠡ ᠵᠢ ᠬᠠᠩᠭ᠋ᠠᠵᠤ᠂ ᠭᠤᠤᠯᠳᠠᠭᠤ 《ᠦᠢ᠍ᠯᠡᠴᠢᠯᠡᠭᠡᠨ᠎ᠤ ᠲᠥᠰᠦᠯ + ᠲᠤᠰᠬᠠᠶ ᠬᠡᠷᠡᠭᠯᠡᠬᠦ ᠬᠣᠷᠣᠭᠳᠠᠯ ᠮᠠᠲ᠋ᠧᠷᠢᠶᠠᠯ》 ᠭᠡᠵᠦ ᠰᠠᠯᠭ᠋ᠠᠨ ᠦᠨ᠎ᠡ ᠬᠠᠩᠰᠢ ᠵᠢ ᠪᠣᠳᠤᠬᠤ ᠵᠠᠷᠤᠳᠠᠯ ᠬᠤᠷᠢᠶᠠᠬᠤ ᠠᠷᠭ᠎ᠠ ᠮᠠᠶᠢᠭ᠎ᠢ ᠬᠡᠷᠡᠭᠯᠡᠨ᠎ᠡ᠃ ᠲᠤᠬᠠᠢ᠌ᠯᠠᠪᠠᠯ᠂ ᠰᠢᠳᠦ ᠲᠠᠷᠢᠬᠤ ᠵᠠᠷᠤᠳᠠᠯ ᠪᠠ ᠲᠠᠷᠢᠬᠤ ᠰᠢᠳᠦᠨᠤ ᠬᠣᠷᠣᠭᠳᠠᠯ ᠮᠠᠲ᠋ᠧᠷᠢᠶᠠᠯ᠎ᠤᠨ ᠰᠢᠰᠲ᠋ᠧᠮ᠎ᠤᠨ ᠦᠨ᠎ᠡ ᠵᠢ ᠰᠠᠯᠭ᠋ᠠᠵᠤ ᠪᠣᠳᠣᠨ᠎ᠠ; ᠰᠢᠳᠦᠨᠤ ᠲᠢᠲᠢᠮᠢ ᠲᠠᠯᠪᠢᠬᠤ ᠵᠠᠷᠤᠳᠠᠯ ᠪᠠ ᠰᠢᠳᠦᠨᠤ ᠲᠢᠲᠢᠮ᠎ᠤᠨ ᠦᠢ᠍ᠯᠡᠳᠭᠦᠨ᠎ᠤ ᠦᠨ᠎ᠡ ᠵᠢ ᠰᠠᠯᠭ᠋ᠠᠵᠤ ᠪᠣᠳᠣᠨ᠎ᠠ; ᠰᠢᠳᠦ ᠲᠠᠷᠢᠬᠤ ᠮᠡᠰᠡ ᠵᠠᠰᠠᠯ᠎ᠤᠨ ᠵᠠᠷᠤᠳᠠᠯ ᠪᠠ ᠶᠠᠰᠤᠨ ᠲᠠᠯᠬ᠎ᠠ᠂ ᠶᠠᠰᠤᠨ᠎ᠤ ᠪᠥᠷᠬᠦᠭᠦᠯ᠎ᠤᠨ ᠦᠨ᠎ᠡ ᠵᠢ ᠰᠠᠯᠭ᠋ᠠᠵᠤ ᠪᠣᠳᠣᠨ᠎ᠠ᠃ ᠣᠳᠣ ᠵᠢᠨ ᠬᠣᠷᠣᠭᠳᠠᠯ ᠮᠠᠲ᠋ᠧᠷᠢᠶᠠᠯ᠎ᠢ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠲᠥᠰᠦᠯ᠎ᠲᠠᠢ ᠨᠡᠶ᠋ᠢᠯᠡᠭᠦᠯᠵᠦ ᠵᠠᠷᠤᠳᠠᠯ ᠬᠤᠷᠢᠶᠠᠬᠤ ᠪᠠᠶ᠋ᠢᠳᠠᠯ᠎ᠳᠤ᠂ 《ᠮᠡᠷᠭᠡᠵᠢᠯ ᠪᠠ ᠬᠣᠷᠣᠭᠳᠠᠯ ᠮᠠᠲ᠋ᠧᠷᠢᠶᠠᠯ᠎ᠢ ᠰᠠᠯᠭ᠋ᠠᠨ ᠪᠣᠳᠣᠬᠤ》 ᠵᠢ ᠬᠡᠷᠡᠭᠵᠢᠭᠦᠯᠬᠦ ᠦᠶᠡᠰ ᠬᠠᠮᠢᠶ᠎ᠠ ᠪᠥᠬᠥᠶ ᠬᠣᠷᠣᠭᠳᠠᠯ ᠮᠠᠲ᠋ᠧᠷᠢᠶᠠᠯ᠎ᠤᠨ ᠰᠦᠯᠵᠢᠶᠡᠨ᠎ᠳᠤ ᠬᠤᠳᠠᠯᠳᠤᠨ ᠠᠪᠤᠭᠰᠠᠨ ᠳᠤᠮᠳᠠᠴᠢ ᠦᠨ᠎ᠡ ᠵᠢ ᠬᠠᠰᠤᠵᠤ ᠠᠪᠬᠤ ᠠᠷᠭ᠎ᠠ ᠮᠠᠶᠢᠭ ᠵᠶ᠋ᠠᠷ ᠲᠥᠰᠦᠯ᠎ᠤᠨ ᠦᠨ᠎ᠡ ᠬᠠᠩᠰᠢ ᠵᠢ ᠵᠡᠷᠭᠡ᠎ᠪᠠᠷ ᠪᠠᠭᠤᠷᠠᠭᠤᠯᠤᠨ᠎ᠠ᠃
(ᠬᠣᠶᠠᠷ) ᠲᠠᠷᠢᠬᠤ ᠰᠢᠳᠦᠨᠤ ᠳᠢᠲᠢᠮᠤᠨ ᠵᠣᠬᠢᠰᠲᠠᠶ ᠦᠨ᠎ᠡ ᠬᠠᠩᠰᠢ ᠵᠢ ᠳᠣᠭᠲᠠᠭ᠋ᠠᠬᠤ ᠵᠢ ᠬᠥᠲᠥᠯᠦᠨ ᠵᠢᠯᠣᠭᠣᠳᠤᠨ᠎ᠠ᠃ ᠲᠠᠷᠢᠬᠤ ᠰᠢᠳᠦᠨᠤ ᠲᠢᠲᠢᠮᠢ ᠰᠦᠯᠵᠢᠶᠡᠨ᠎ᠳᠤ ᠡᠯᠭᠦᠵᠦ ᠬᠤᠳᠠᠯᠳᠤᠨ ᠠᠪᠬᠤ ᠵᠢ ᠬᠡᠷᠡᠭᠵᠢᠭᠦᠯᠵᠦ᠂ ᠠᠯᠪᠠᠨ᠎ᠠᠴᠠ ᠪᠠᠶ᠋ᠢᠭᠤᠯᠤᠭᠰᠠᠨ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ ᠡᠵᠡᠨ ᠮᠡᠳᠡᠨ ᠰᠣᠩᠭᠣᠬᠤ ᠵᠢᠨ ᠬᠠᠮᠲᠤ ᠪᠣᠳᠠᠲᠠᠶ ᠬᠤᠳᠠᠯᠳᠤᠨ ᠠᠪᠤᠭᠰᠠᠨ ᠦᠨ᠎ᠡ ᠬᠠᠩᠰᠢ᠎ᠲᠠᠢ 《ᠵᠥᠷᠢᠶ᠎ᠡ ᠥᠬᠡᠶ》 ᠦᠨ᠎ᠡ᠎ᠪᠠᠷ ᠪᠣᠷᠣᠯᠠᠭᠤᠯᠤᠨ ᠬᠤᠳᠠᠯᠳᠤᠨ᠎ᠠ᠃ ᠰᠧᠴᠤᠸᠠᠨ ᠮᠤᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠮᠤᠵᠢ ᠵᠢᠨ ᠳᠣᠲᠤᠷᠠᠬᠢ ᠡᠮᠴᠢᠯᠡᠭᠡᠨ᠎ᠤ ᠭᠤᠤᠯ ᠵᠦᠢ᠍ᠯ ᠪᠣᠯᠬᠤ ᠴᠤᠯ ᠱᠠᠭ᠋ᠠᠵᠠᠩ ᠰᠢᠳᠦᠨᠤ ᠲᠢᠲᠢᠮ᠎ᠤᠨ ᠦᠨ᠎ᠡ ᠬᠠᠶᠠᠯᠴᠠᠨ ᠦᠷᠢᠰᠦᠯᠳᠦᠬᠦ ᠵᠢ ᠵᠣᠬᠢᠶᠠᠨ ᠪᠠᠢ᠌ᠭᠤᠯᠵᠤ᠂ ᠥᠷᠢᠰᠥᠯᠳᠦᠭᠡᠨ᠎ᠠᠴᠠ ᠪᠣᠶ ᠪᠣᠯᠤᠭᠰᠠᠨ ᠢᠯᠡ ᠳᠣᠲᠤᠷᠬᠠᠢ ᠦᠨ᠎ᠡ᠎ᠪᠠᠷ ᠰᠦᠯᠵᠢᠶᠡᠨ᠎ᠳᠤ ᠡᠯᠭᠦᠵᠦ᠂ ᠪᠤᠰᠤᠳ ᠮᠠᠲ᠋ᠧᠷᠢᠶᠠᠯ᠎ᠢ ᠴᠤᠯ ᠱᠠᠭ᠋ᠠᠵᠠᠩ ᠰᠢᠳᠦᠨᠤ ᠲᠢᠲᠢᠮ᠎ᠤᠨ ᠦᠨ᠎ᠡ᠎ᠪᠠᠷ ᠯᠠᠪᠯᠠᠯᠲᠠ ᠪᠣᠯᠭ᠋ᠠᠵᠤ ᠰᠦᠯᠵᠢᠶᠡᠨ᠎ᠳᠤ ᠡᠯᠭᠦᠨ᠎ᠡ᠃ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠪᠤᠰᠤᠳ ᠮᠤᠵᠢ ᠣᠷᠣᠨ᠎ᠢ ᠵᠢᠯᠣᠭᠣᠳᠴᠤ ᠦᠨ᠎ᠡ ᠬᠠᠩᠰᠢ ᠵᠢᠨ ᠬᠣᠯᠪᠤᠯᠳᠤᠨ ᠬᠥᠳᠡᠯᠦᠯᠴᠡᠬᠦ ᠵᠢ ᠬᠡᠷᠡᠭᠵᠢᠭᠦᠯᠵᠦ᠂ ᠬᠢᠵᠠᠭ᠋ᠠᠷᠯᠠᠭᠰᠠᠨ ᠦᠨ᠎ᠡ᠎ᠪᠠᠷ ᠰᠦᠯᠵᠢᠶᠡᠨ᠎ᠳᠤ ᠡᠯᠭᠦᠵᠦ᠂ ᠰᠢᠳᠦᠨᠤ ᠲᠢᠲᠢᠮ᠎ᠤᠨ ᠦᠨ᠎ᠡ ᠬᠠᠩᠰᠢ ᠢᠯᠡ ᠲᠣᠳᠤᠷᠬᠠᠢ ᠪᠠᠶ᠋ᠢᠬᠤ ᠵᠢ ᠠᠬᠢᠭᠤᠯᠤᠨ᠎ᠠ᠃ ᠡᠮᠴᠢᠯᠡᠭᠡᠨ᠎ᠤ ᠪᠠᠶ᠋ᠢᠭᠤᠯᠤᠮᠵᠢ ᠰᠢᠳᠦᠨᠤ ᠲᠢᠲᠢᠮᠢ ᠥᠪᠡᠰᠦᠪᠡᠨ ᠪᠣᠯᠪᠠᠰᠤᠷᠠᠭᠤᠯᠵᠤ ᠲᠠᠷᠢᠪᠠᠯ᠂ ᠡᠮᠴᠢᠯᠡᠭᠡᠨ᠎ᠤ ᠪᠠᠶ᠋ᠢᠭᠤᠯᠤᠮᠵᠢ᠎ᠠᠴᠠ ᠪᠣᠳᠠᠰ᠎ᠤᠨ ᠮᠠᠲ᠋ᠧᠷᠢᠶᠠᠯ᠎ᠤᠨ ᠥᠪᠡᠷ᠎ᠤᠨ ᠥᠷᠲᠡᠭ᠂ ᠪᠣᠯᠪᠠᠰᠤᠷᠠᠭᠤᠯᠬᠤ ᠦᠢ᠍ᠯᠡᠴᠢᠯᠡᠭᠡ ᠵᠡᠷᠭᠡ᠎ᠪᠠᠷ ᠰᠠᠭᠤᠷᠢ ᠪᠣᠯᠭ᠋ᠠᠵᠤ᠂ ᠵᠣᠬᠢᠰᠲᠠᠶ ᠥᠪᠡᠷ᠎ᠤᠨ ᠥᠷᠲᠡᠭ᠎ᠢ ᠪᠤᠴᠠᠭ᠋ᠠᠨ ᠬᠤᠷᠢᠶᠠᠬᠤ ᠨᠣᠷᠮ᠎ᠠ᠎ᠪᠠᠷ ᠦᠨ᠎ᠡ ᠬᠠᠩᠰᠢ ᠵᠢ ᠥᠪᠡᠰᠦᠪᠡᠨ ᠲᠣᠭᠲᠠᠭ᠋ᠠᠬᠤ ᠪᠥᠭᠡᠳ ᠰᠦᠯᠵᠢᠶᠡᠨ᠎ᠳᠤ ᠡᠯᠭᠦᠵᠦ᠂ ᠥᠷᠢᠰᠦᠯᠳᠦᠭᠡᠨ᠎ᠤ ᠦᠨ᠎ᠡ᠎ᠪᠠᠷ ᠰᠦᠯᠵᠢᠶᠡᠨ᠎ᠳᠤ ᠡᠯᠭᠦᠭᠰᠡᠨ ᠰᠢᠳᠦᠨᠤ ᠲᠢᠲᠢᠮᠯᠦᠭᠡ ᠵᠢᠨ ᠠᠳᠠᠯᠢᠳᠬᠠᠯ ᠦᠨ᠎ᠡ ᠵᠢᠨ ᠬᠠᠷᠢᠴᠠᠭ᠎ᠠ ᠵᠢ ᠵᠦᠶ ᠵᠣᠬᠢᠰᠲᠠᠶ ᠣᠷᠣᠨ ᠵᠠᠢ᠎ᠳᠤ ᠪᠠᠶ᠋ᠢᠯᠭ᠋ᠠᠨ᠎ᠠ᠃
(ᠭᠤᠷᠪᠠ) ᠠᠮᠠᠨ ᠬᠥᠨᠳᠡᠶ᠎ᠳᠤ ᠲᠠᠷᠢᠬᠤ ᠦᠨ᠎ᠡ ᠬᠠᠩᠰᠢ ᠵᠢᠨ ᠲᠥᠰᠦᠯ᠎ᠢ ᠵᠢᠷᠤᠮᠵᠢᠭᠤᠯᠵᠤ ᠡᠮᠬᠢᠯᠡᠨ ᠨᠡᠶ᠋ᠢᠯᠡᠭᠦᠯᠦᠨᠡ᠃ 《ᠦᠢ᠍ᠯᠡᠳᠪᠦᠷᠢᠯᠡᠬᠦ᠎ᠪᠠᠷ ᠤᠳᠤᠷᠢᠳᠤᠮᠵᠢ ᠪᠣᠯᠭ᠋ᠠᠬᠤ》 ᠦᠨᠳᠦᠰᠦᠨ ᠵᠠᠷᠴᠢᠮ ᠶᠣᠰᠣᠭ᠋ᠠᠷ ᠠᠮᠠᠨ ᠬᠥᠨᠳᠡᠶ᠎ᠳᠤ ᠲᠠᠷᠢᠬᠤ᠎ᠳᠤ ᠬᠣᠯᠪᠣᠭᠳᠠᠬᠤ ᠡᠮᠴᠢᠯᠡᠭᠡ ᠵᠢᠨ ᠦᠢ᠍ᠯᠡᠳᠭᠦᠨ᠎ᠤ ᠦᠨ᠎ᠡ ᠬᠠᠩᠰᠢ ᠵᠢᠨ ᠲᠥᠰᠦᠯ᠎ᠢ ᠨᠢᠭᠡᠳᠬᠡᠨ᠎ᠡ᠃ ᠡᠭᠦᠨ᠎ᠳᠤ᠂ ᠨᠢᠭᠡᠳᠦᠭᠡᠷ ᠬᠤᠭᠤᠴᠠᠭ᠋ᠠᠨ᠎ᠤ ᠰᠢᠳᠦ ᠲᠠᠷᠢᠬᠤ ᠮᠡᠰᠡ ᠵᠠᠰᠠᠯ (ᠰᠢᠳᠦ ᠲᠠᠷᠢᠬᠤ) ᠪᠠ ᠬᠣᠶᠠᠳᠤᠭ᠋ᠠᠷ ᠬᠤᠭᠤᠴᠠᠭ᠋ᠠᠨ᠎ᠤ ᠮᠡᠰᠡ ᠵᠠᠰᠠᠯ (ᠡᠳᠡᠭᠡᠬᠦ ᠰᠠᠭᠤᠷᠢ ᠵᠢ ᠲᠠᠯᠪᠢᠬᠤ)᠎ᠢ ᠲᠥᠯᠥᠪᠯᠡᠬᠦ᠂ ᠪᠡᠯᠡᠳᠬᠡᠬᠦ ᠪᠠ ᠬᠢᠬᠦ ᠵᠡᠷᠭᠡ ᠵᠢ ᠨᠡᠶ᠋ᠢᠯᠡᠭᠦᠯᠦᠭᠡᠳ ᠰᠢᠳᠦ ᠲᠠᠷᠢᠬᠤ ᠲᠥᠰᠦᠯ ᠪᠣᠯᠭ᠋ᠠᠨ᠎ᠠ; ᠰᠢᠳᠦᠨᠤ ᠳᠢᠲᠢᠮᠢ ᠲᠠᠯᠪᠢᠬᠤ ᠦᠢ᠍ᠯᠡᠴᠢᠯᠡᠭᠡ᠂ ᠡᠭᠦᠨ᠎ᠳᠤ ᠬᠡᠪ ᠠᠪᠬᠤ᠂ ᠡᠷᠡᠦ ᠵᠢᠨ ᠪᠠᠶ᠋ᠢᠷᠢ ᠵᠢᠨ ᠪᠠᠢ᠌ᠳᠠᠯ᠎ᠤᠨ ᠲᠡᠮᠳᠡᠭᠯᠡᠯ ᠪᠠ ᠰᠢᠯᠵᠢᠯᠲᠡ᠂ ᠰᠠᠭᠤᠷᠢ ᠪᠠ ᠰᠢᠳᠦᠨᠤ ᠳᠢᠲᠢᠮᠢ ᠤᠭᠰᠠᠷᠠᠬᠤ᠂ ᠲᠣᠬᠢᠷᠠᠭᠤᠯᠤᠨ ᠲᠤᠷᠰᠢᠬᠤ ᠪᠠ ᠵᠠᠰᠠᠬᠤ ᠵᠡᠷᠭᠡ ᠵᠢ ᠨᠡᠶ᠋ᠢᠯᠡᠭᠦᠯᠵᠦ ᠲᠠᠷᠢᠬᠤ ᠰᠢᠳᠦᠨᠤ ᠳᠢᠲᠢᠮᠤᠨ ᠲᠥᠰᠦᠯ᠎ᠳᠤ ᠣᠷᠣᠭᠤᠯᠤᠨ᠎ᠠ; ᠰᠢᠳᠦ ᠲᠠᠷᠢᠬᠤ ᠮᠡᠰᠡ ᠵᠠᠰᠠᠯ ᠬᠢᠬᠦ᠂ ᠵᠥᠭᠡᠯᠡᠨ ᠨᠡᠬᠡᠳᠡᠰᠦ ᠵᠢ ᠰᠡᠷᠭᠦᠭᠡᠬᠦ᠂ ᠲᠠᠷᠢᠬᠤ ᠰᠢᠳᠦ ᠵᠢ ᠵᠠᠰᠠᠬᠤ ᠪᠠ ᠠᠪᠴᠤ ᠬᠠᠶᠠᠬᠤ ᠵᠡᠷᠭᠡ ᠰᠢᠳᠦ ᠲᠠᠷᠢᠬᠤ ᠲᠥᠬᠦᠷ ᠦᠢ᠍ᠯᠡᠴᠢᠯᠡᠭᠡ ᠵᠢ ᠬᠡᠷᠡᠭᠵᠢᠭᠦᠯᠵᠦ᠂ ᠪᠡᠶ᠎ᠡ᠎ᠪᠠᠨ ᠳᠠᠭ᠋ᠠᠭ᠋ᠠᠭᠰᠠᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠲᠥᠰᠦᠯ᠎ᠢ ᠲᠣᠬᠢᠷᠠᠭᠤᠯᠤᠨ᠎ᠠ᠃ ᠪᠥᠬᠥ ᠰᠢᠳᠦᠨᠤ ᠨᠣᠮᠣᠯᠵᠢᠨ ᠬᠡᠯᠪᠡᠷᠢ ᠵᠢ ᠵᠠᠰᠠᠨ ᠲᠠᠷᠢᠬᠤ᠂ ᠳᠡᠭᠡᠳᠦ ᠳᠣᠣᠷᠠᠲᠣ ᠡᠷᠡᠤᠳᠤ ᠲᠠᠷᠢᠬᠤ ᠵᠡᠷᠭᠡ ᠨᠠᠷᠢᠨ ᠪᠤᠳᠤᠯᠢᠶᠠᠨᠲᠠᠶ ᠲᠠᠷᠢᠬᠤ ᠮᠡᠰᠡ ᠵᠠᠰᠠᠯ᠎ᠳᠤ᠂ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠲᠥᠰᠦᠯ᠎ᠤᠨ ᠲᠠᠯ᠎ᠠ᠎ᠪᠠᠷ᠎ᠬᠢ ᠵᠥᠷᠢᠶ᠎ᠡ ᠵᠢ ᠢᠯᠡᠷᠡᠭᠦᠯᠵᠦ ᠪᠣᠯᠤᠨ᠎ᠠ᠃ ᠡᠮᠴᠢᠯᠡᠭᠡᠨ᠎ᠤ ᠪᠠᠶ᠋ᠢᠭᠤᠯᠤᠮᠵᠢ᠎ᠨᠢ ᠤᠨᠠᠭᠰᠠᠨ ᠰᠢᠳᠦ ᠵᠢ ᠵᠠᠰᠠᠬᠤ ᠣᠨᠣᠪᠴᠢ ᠵᠢᠨ ᠬᠡᠮᠵᠢᠶ᠎ᠡ ᠵᠢ ᠦᠨᠡᠨ ᠬᠦ᠌ ᠪᠠᠲᠤᠯᠠᠵᠤ᠂ ᠠᠨᠠᠭ᠋ᠠᠬᠤ ᠤᠬᠠᠭ᠋ᠠᠨ᠎ᠤ ᠵᠢᠷᠤᠭ ᠳᠦᠷᠰᠦ ᠵᠡᠷᠭᠡ ᠡᠯ᠎ᠡ ᠲᠥᠷᠥᠯ᠎ᠤᠨ ᠪᠠᠶ᠋ᠢᠴᠠᠭ᠋ᠠᠬᠤ ᠠᠷᠭ᠎ᠠ ᠪᠠᠷᠢᠯ ᠪᠠ ᠲᠣᠭ᠋ᠠᠴᠢᠯᠠᠭᠰᠠᠨ ᠮᠡᠷᠭᠡᠵᠢᠯ᠂ ᠬᠢᠮᠡᠯ ᠣᠶᠤᠨ ᠵᠡᠷᠭᠡ ᠵᠢ ᠠᠰᠢᠭᠯᠠᠨ ᠳᠠᠭᠤᠷᠢᠶᠠᠮᠠᠯ 3 D ᠵᠠᠭᠪᠤᠷ᠎ᠢ ᠪᠠᠶ᠋ᠢᠭᠤᠯᠵᠤ᠂ ᠡᠪᠡᠳᠴᠢᠨ᠎ᠤ ᠭᠣᠯᠤᠮᠲᠠ ᠵᠢᠨ ᠵᠠᠭᠪᠤᠷ ᠪᠤᠶᠤ ᠮᠡᠰᠡ ᠵᠠᠰᠠᠯ᠎ᠤᠨ ᠵᠠᠯᠠᠭᠤᠷ ᠬᠠᠪᠲᠠᠰᠤ ᠵᠢ ᠦᠢ᠍ᠯᠡᠳᠦᠭᠰᠡᠨ ᠪᠣᠯ ᠦᠢ᠍ᠯᠡᠴᠢᠯᠡᠭᠡ ᠪᠠ ᠦᠢ᠍ᠯᠡᠳᠪᠦᠷᠢᠯᠡᠯ ᠶᠣᠰᠣᠭ᠋ᠠᠷ ᠵᠣᠬᠢᠬᠤ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠲᠥᠰᠦᠯ᠎ᠢ ᠲᠣᠰ ᠲᠣᠰ ᠪᠠᠶ᠋ᠢᠭᠤᠯᠤᠨ᠎ᠠ᠃ ᠠᠮᠠᠨ ᠬᠥᠨᠳᠡᠶ᠎ᠳᠤ ᠪᠣᠳᠠᠲᠠᠢ ᠲᠠᠷᠢᠬᠤ ᠲᠥᠷᠥᠯ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠲᠥᠰᠦᠯ᠎ᠢ ᠲᠣᠭᠲᠠᠭ᠋ᠠᠬᠤ ᠵᠦᠭᠯᠡᠭᠦᠷ᠎ᠢ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠠᠰᠲᠤᠨᠢ ᠨᠡᠶ᠋ᠢᠲᠡᠯᠡᠨ᠎ᠡ᠃ ᠡᠯ᠎ᠡ ᠮᠤᠵᠢ ᠵᠢᠨ ᠳᠡᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ ᠵᠢᠨ᠎ᠬᠢᠨ 2022 ᠣᠨ᠎ᠤ ** ᠰᠠᠷ᠎ᠠ ᠵᠢᠨ ᠰᠡᠭᠦᠯᠴᠢ᠎ᠠᠴᠠ ᠡᠮᠦᠨ᠎ᠡ ᠪᠢᠴᠢᠭ ᠮᠠᠲ᠋ᠧᠷᠢᠶᠠᠯ ᠪᠠᠭᠤᠯᠭ᠋ᠠᠵᠤ ᠲᠣᠰ ᠭᠠᠵᠠᠷ ᠣᠷᠣᠨ᠎ᠤ᠎ᠪᠠᠨ ᠦᠨ᠎ᠡ ᠬᠠᠩᠰᠢ ᠵᠢᠨ ᠲᠥᠰᠦᠯ᠎ᠢ ᠵᠢᠷᠤᠮᠵᠢᠭᠤᠯᠤᠨ ᠡᠮᠬᠢᠯᠡᠨ ᠨᠡᠢ᠌ᠯᠡᠭᠦᠯᠦᠨ᠎ᠡ᠃
ᠬᠣᠶᠠᠷ᠂ ᠠᠮᠠᠨ ᠬᠥᠨᠳᠡᠶ᠎ᠳᠤ ᠳᠠᠷᠢᠬᠤ ᠵᠡᠷᠭᠡ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢ ᠳᠣᠭᠢᠷᠠᠭᠤᠯᠤᠨ ᠡᠵᠡᠮᠳᠡᠬᠦ ᠵᠢ ᠴᠢᠩᠭ᠋ᠠᠷᠠᠭᠤᠯᠤᠨ᠎ᠠ
(ᠳᠥᠷᠪᠡ) ᠰᠢᠳᠦ ᠲᠠᠷᠢᠬᠤ ᠪᠦᠬᠦ ᠶᠠᠪᠤᠴᠠ ᠵᠢᠨ ᠲᠣᠭᠣᠷᠢᠨ᠎ᠳᠤ ᠦᠨ᠎ᠡ ᠬᠠᠩᠰᠢ ᠵᠢ ᠲᠣᠬᠢᠷᠠᠭᠤᠯᠤᠨ ᠡᠵᠡᠮᠳᠡᠬᠦ ᠠᠵᠢᠯ᠎ᠢ ᠰᠠᠶ᠋ᠢᠲᠤᠷ ᠬᠢᠨ᠎ᠡ᠃ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠡᠩ᠎ᠤᠨ ᠳᠠᠩ ᠰᠢᠳᠦ ᠲᠠᠷᠢᠬᠤ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ᠎ᠪᠠᠷ ᠭᠣᠣᠯᠳᠠᠯᠭ᠎ᠠ ᠪᠣᠯᠭ᠋ᠠᠨ᠂ ᠪᠦᠬᠦ ᠶᠠᠪᠤᠴᠠ᠎ᠳᠤ ᠦᠨ᠎ᠡ ᠬᠠᠩᠰᠢ ᠵᠢ ᠲᠣᠬᠢᠷᠠᠭᠤᠯᠤᠨ ᠡᠵᠡᠮᠳᠡᠬᠦ ᠬᠠᠷᠠᠯᠲᠠ ᠵᠢ ᠲᠣᠳᠣᠷᠬᠠᠶ᠋ᠢᠯᠠᠵᠤ᠂ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠵᠢ ᠵᠢᠯᠣᠭᠣᠳᠴᠤ᠂ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠲᠥᠰᠦᠯ᠎ᠢ ᠵᠢᠷᠤᠮᠵᠢᠭᠤᠯᠬᠤ ᠵᠢᠴᠢ ᠠᠮᠠᠨ ᠬᠥᠨᠳᠡᠶ᠎ᠳᠤ ᠲᠠᠷᠢᠬᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠬᠢᠷᠠᠭᠤᠯᠤᠨ ᠡᠵᠡᠮᠳᠡᠬᠦ ᠵᠡᠷᠭᠡ ᠴᠡᠭᠴᠡᠯᠡᠨ ᠵᠠᠰᠠᠬᠤ ᠠᠵᠢᠯ᠎ᠢ ᠴᠢᠩᠭ᠋ᠠᠳᠬᠠᠬᠤ ᠬᠡᠷᠡᠭᠲᠡᠶ᠃ ᠡᠩ᠎ᠤᠨ ᠳᠠᠩ ᠰᠢᠳᠦ ᠲᠠᠷᠢᠬᠤ᠎ᠳᠤ 《ᠪᠠᠢ᠌ᠴᠠᠭ᠋ᠠᠵᠤ ᠲᠥᠰᠦᠪᠯᠡᠬᠦ + ᠰᠢᠳᠦ ᠲᠠᠷᠢᠬᠤ + ᠰᠢᠳᠦᠨᠤ ᠳᠢᠲᠢᠮᠢ ᠲᠠᠯᠪᠢᠬᠤ + ᠲᠤᠰᠬᠠᠶ ᠬᠡᠷᠡᠭᠯᠡᠬᠦ ᠬᠣᠷᠣᠭᠳᠠᠯ ᠮᠠᠲ᠋ᠧᠷᠢᠶᠠᠯ》᠎ᠤᠨ ᠪᠥᠬᠥ ᠶᠠᠪᠤᠴᠠ ᠵᠢᠨ ᠦᠨᠡᠨ᠎ᠢ * * * ᠲᠥᠭᠥᠷᠢᠭ᠎ᠠᠴᠠ ᠳᠡᠭᠡᠭᠰᠢᠬᠢ ᠭᠠᠵᠠᠷ ᠣᠷᠣᠨ᠎ᠳᠤ ᠬᠠᠨᠳᠤᠯᠭ᠋ᠠᠲᠠᠢ ᠠᠷᠭ᠎ᠠ ᠬᠡᠮᠵᠢᠶ᠎ᠡ ᠠᠪᠴᠤ᠂ ᠪᠥᠬᠥ ᠶᠠᠪᠤᠴᠠ ᠵᠢᠨ ᠦᠨ᠎ᠡ ᠬᠠᠩᠰᠢ ᠵᠢ * * * ᠲᠥᠭᠥᠷᠢᠭ᠎ᠠᠴᠠ ᠬᠡᠲᠦᠷᠡᠭᠦᠯᠬᠦ ᠥᠬᠡᠶ ᠰᠢᠨ᠎ᠡ ᠣᠷᠣᠨ ᠵᠠᠢ᠎ᠳᠤ ᠣᠷᠣᠭᠤᠯᠬᠤ ᠵᠢᠨ ᠬᠠᠮᠲᠤ ᠪᠥᠬᠥ ᠶᠠᠪᠤᠴᠠ ᠵᠢᠨ ᠦᠨ᠎ᠡ ᠬᠠᠩᠰᠢ᠎ᠳᠠᠬᠢ ᠰᠢᠲᠦ ᠲᠠᠷᠢᠬᠤ ᠮᠡᠰᠡ ᠵᠠᠰᠠᠯ ᠵᠢᠴᠢ ᠰᠢᠳᠦᠨᠤ ᠳᠢᠲᠢᠮᠢ ᠲᠠᠯᠪᠢᠬᠤ ᠦᠨ᠎ᠡ ᠬᠠᠩᠰᠢ ᠵᠢᠨ ᠡᠵᠡᠯᠡᠬᠦ ᠬᠠᠷᠢᠴᠠᠯ᠎ᠢ 60 % ᠣᠷᠴᠢᠮ᠎ᠳᠤ ᠬᠢᠵᠠᠭ᠋ᠠᠷᠯᠠᠵᠤ᠂ ᠪᠠᠶ᠋ᠢᠴᠠᠭ᠋ᠠᠨ ᠲᠥᠯᠥᠪᠯᠡᠭᠰᠡᠨ ᠦᠨ᠎ᠡ ᠬᠠᠩᠰᠢ ᠵᠢᠨ ᠡᠵᠡᠯᠡᠬᠦ ᠬᠠᠷᠢᠴᠠᠯ᠎ᠢ 10 % ᠣᠷᠴᠢᠮ᠎ᠳᠤ ᠬᠢᠵᠠᠭ᠋ᠠᠷᠯᠠᠵᠤ᠂ ᠪᠥᠬᠥ ᠰᠢᠳᠦ ᠲᠠᠷᠢᠬᠤ ᠦᠢ᠍ᠯᠡᠴᠢᠯᠡᠭᠡ᠎ᠳᠤ ᠬᠥᠳᠡᠯᠮᠦᠷᠢ ᠮᠡᠷᠭᠡᠵᠢᠯ᠎ᠤᠨ ᠦᠨ᠎ᠡ ᠥᠷᠲᠡᠭ᠎ᠢ ᠳᠣᠪᠣᠶ᠋ᠢᠯᠭ᠋ᠠᠨ ᠢᠯᠡᠷᠡᠭᠦᠯᠦᠨ᠎ᠡ᠃
(ᠲᠠᠪᠤ) ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠮᠠᠨ ᠬᠥᠨᠳᠡᠶ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠵᠢᠨ ᠵᠢᠯᠣᠭᠣᠳᠣᠯᠭ᠎ᠠ ᠵᠢ ᠴᠢᠩᠭ᠋ᠠᠳᠬᠠᠨ᠎ᠠ᠃ ᠰᠢᠲᠦ ᠲᠠᠷᠢᠬᠤ ᠵᠠᠷᠤᠳᠠᠯ᠂ ᠰᠢᠳᠦᠨᠤ ᠲᠢᠲᠢᠮᠢ ᠲᠠᠯᠪᠢᠬᠤ ᠵᠠᠷᠤᠳᠠᠯ᠂ ᠰᠢᠳᠦ ᠲᠠᠷᠢᠬᠤ ᠮᠡᠰᠡ ᠵᠠᠰᠠᠯ᠎ᠤᠨ ᠵᠠᠷᠤᠳᠠᠯ ᠵᠡᠷᠭᠡ ᠠᠮᠠᠨ ᠬᠥᠨᠳᠡᠶ᠎ᠳᠤ ᠲᠠᠷᠢᠬᠤ ᠲᠥᠰᠦᠯ᠎ᠳᠤ ᠵᠠᠰᠠᠭ᠎ᠤᠨ ᠣᠷᠳᠣᠨ᠎ᠤ ᠵᠢᠯᠣᠭᠣᠳᠤᠯᠭ᠎ᠠ ᠵᠢᠨ ᠦᠨ᠎ᠡ ᠵᠢᠨ ᠬᠠᠮᠢᠶᠠᠷᠤᠯᠲᠠ ᠵᠢ ᠬᠡᠷᠡᠭᠵᠢᠭᠦᠯᠵᠦ ᠪᠠᠶ᠋ᠢᠭ᠎ᠠ ᠭᠠᠵᠠᠷ ᠣᠷᠣᠨ᠎ᠳᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠦᠨ᠎ᠡ ᠬᠠᠩᠰᠢ ᠵᠢᠨ ᠲᠥᠰᠦᠯ᠎ᠢ ᠵᠢᠷᠤᠮᠵᠢᠭᠤᠯᠬᠤ ᠵᠢᠨ ᠬᠠᠮᠲᠤ ᠵᠠᠰᠠᠭ᠎ᠤᠨ ᠣᠷᠳᠣᠨ᠎ᠤ ᠵᠢᠯᠣᠭᠣᠳᠤᠯᠭ᠎ᠠ ᠵᠢᠨ ᠦᠨ᠎ᠡ ᠵᠢ ᠳᠠᠬᠢᠵᠤ ᠲᠣᠭᠲᠠᠭ᠋ᠠᠨ ᠨᠡᠢ᠌ᠲᠡᠯᠡᠬᠦ ᠬᠡᠷᠡᠭᠲᠡᠢ᠃ ᠡᠯ᠎ᠡ ᠮᠤᠵᠢ ᠵᠢᠨ ᠳᠡᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ 2022 ᠣᠨ᠎ᠤ ** ᠰᠠᠷ᠎ᠠ ᠵᠢᠨ ᠰᠡᠭᠦᠯᠴᠢ᠎ᠠᠴᠠ ᠡᠮᠦᠨ᠎ᠡ ᠠᠮᠠᠨ ᠬᠥᠨᠳᠡᠶ᠎ᠳᠤ ᠲᠠᠷᠢᠬᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ᠎ᠳᠤ ᠲᠣᠬᠢᠷᠠᠭᠤᠯᠤᠯᠲᠠ ᠬᠢᠬᠦ ᠠᠵᠢᠯ᠎ᠢ ᠪᠡᠶᠡᠯᠡᠭᠦᠯᠬᠦ ᠬᠡᠷᠡᠭᠲᠡᠶ᠃ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠠᠴᠠ ᠡᠵᠡᠨ ᠮᠡᠳᠡᠵᠦ ᠦᠨ᠎ᠡ ᠬᠠᠩᠰᠢ ᠵᠢ ᠲᠣᠭᠲᠠᠭ᠋ᠠᠬᠤ ᠵᠢ ᠬᠡᠷᠡᠭᠵᠢᠭᠦᠯᠵᠦ ᠪᠠᠶ᠋ᠢᠭ᠎ᠠ ᠭᠠᠵᠠᠷ ᠣᠷᠣᠨ᠎ᠳᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠪᠥᠬᠥ ᠶᠠᠪᠤᠴᠠ᠎ᠳᠤ ᠦᠨ᠎ᠡ ᠬᠠᠩᠰᠢ ᠵᠢ ᠳᠣᠭᠢᠷᠠᠭᠤᠯᠤᠨ ᠡᠵᠡᠮᠳᠡᠬᠦ ᠬᠠᠷᠠᠯᠲᠠ ᠶᠣᠰᠣᠭ᠋ᠠᠷ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠤᠨ ᠲᠥᠰᠦᠯ ᠪᠠᠢ᠌ᠭᠤᠯᠤᠭᠰᠠᠨ ᠵᠦᠭᠯᠡᠭᠦᠷ ᠶᠣᠰᠣᠭ᠋ᠠᠷ ᠰᠢᠨ᠎ᠡ ᠦᠨ᠎ᠡ ᠬᠠᠩᠰᠢ ᠵᠢᠨ ᠲᠥᠰᠦᠯ᠎ᠢ ᠨᠡᠶ᠋ᠢᠲᠡᠯᠡᠨ ᠬᠡᠷᠡᠭᠵᠢᠭᠦᠯᠦᠭᠰᠡᠨ ** ᠰᠠᠷ᠎ᠠ ᠵᠢᠨ ᠳᠣᠲᠣᠷ᠎ᠠ ᠦᠨ᠎ᠡ ᠬᠠᠩᠰᠢ ᠵᠢ ᠳᠠᠬᠢᠨ ᠨᠡᠶ᠋ᠢᠲᠡᠯᠡᠵᠦ᠂ ᠦᠨ᠎ᠡ ᠬᠠᠩᠰᠢ ᠵᠢ ᠲᠣᠭᠲᠠᠭ᠋ᠠᠬᠤ ᠬᠢᠷᠢ ᠲᠦᠪᠰᠢᠨ᠎ᠢ ᠡᠮᠨᠡᠯᠭᠡ ᠵᠢᠨ ᠬᠣᠷᠢᠶ᠎ᠠ ᠵᠢᠨ ᠵᠡᠷᠭᠡ ᠳᠡᠰ᠂ ᠲᠤᠰᠬᠠᠶ ᠮᠡᠷᠭᠡᠵᠢᠯ᠎ᠤᠨ ᠪᠠᠶ᠋ᠢᠷᠢ ᠰᠠᠭᠤᠷᠢ᠂ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠᠯᠤᠭᠠ ᠬᠠᠷᠢᠯᠴᠠᠨ ᠲᠣᠬᠢᠷᠠᠭᠤᠯᠬᠤ ᠵᠢ ᠠᠬᠢᠭᠤᠯᠤᠨ᠂ ᠲᠣᠰ ᠭᠠᠵᠠᠷ ᠣᠷᠣᠨ᠎ᠤ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠵᠡᠨ ᠮᠡᠳᠡᠵᠦ ᠦᠨ᠎ᠡ ᠬᠠᠩᠰᠢ ᠲᠣᠭᠲᠠᠭ᠋ᠠᠬᠤ ᠳᠤᠮᠳᠠᠴᠢ ᠬᠢᠷᠢ ᠲᠦᠪᠰᠢᠨ᠎ᠢ ᠲᠣᠭᠲᠠᠮᠠᠯ ᠬᠤᠭᠤᠴᠠᠭ᠋ᠠᠲᠠᠢ ᠨᠡᠶ᠋ᠢᠲᠡᠯᠡᠬᠦ ᠬᠡᠷᠡᠭᠲᠡᠶ᠃
(ᠵᠢᠷᠭᠤᠭ᠎ᠠ) ᠳᠡᠭᠡᠭᠰᠢᠯᠡᠯᠲᠡ ᠪᠠ ᠪᠠᠭᠤᠷᠠᠯᠲᠠ᠎ᠲᠠᠢ ᠪᠠᠶ᠋ᠢᠬᠤ ᠵᠢ ᠪᠠᠷᠢᠮᠲᠠᠯᠠᠵᠤ᠂ ᠬᠠᠮᠢᠶ᠎ᠠ ᠪᠥᠬᠥᠶ ᠡᠮᠴᠢᠯᠡᠭᠡᠨ᠎ᠤ ᠦᠢ᠍ᠯᠡᠴᠢᠯᠡᠭᠡ ᠵᠢᠨ ᠠᠳᠠᠯᠢᠳᠬᠠᠯ ᠦᠨ᠎ᠡ ᠵᠢᠨ ᠬᠠᠷᠢᠴᠠᠭ᠎ᠠ ᠵᠢ ᠰᠢᠯᠤᠭᠤᠳᠬᠠᠨ᠎ᠠ᠃ ᠣᠯᠠᠨ ᠲᠦᠮᠡᠨ᠎ᠤ ᠲᠤᠰᠬᠠᠯ ᠴᠢᠩᠭ᠎ᠠ᠂ ᠵᠠᠷᠤᠳᠠᠯ᠎ᠤᠨ ᠳᠠᠷᠤᠭ᠋ᠠᠰᠤ ᠬᠦᠨᠳᠦ ᠪᠠᠶ᠋ᠢᠭ᠎ᠠ ᠰᠢᠳᠦ ᠲᠠᠷᠢᠬᠤ ᠵᠠᠷᠤᠳᠠᠯ᠂ ᠰᠢᠳᠦᠨᠤ ᠳᠢᠲᠢᠮ ᠲᠠᠯᠪᠢᠬᠤ ᠵᠠᠷᠤᠳᠠᠯ᠂ ᠰᠢᠲᠦ ᠲᠠᠷᠢᠬᠤ ᠮᠡᠰᠡ ᠵᠠᠰᠠᠯ᠎ᠤᠨ ᠵᠠᠷᠤᠳᠠᠯ᠎ᠢ ᠪᠠᠭᠤᠷᠠᠭᠤᠯᠬᠤ᠎ᠪᠠᠷ ᠭᠤᠤᠯ ᠪᠣᠯᠭ᠋ᠠᠨ᠎ᠠ᠃ ᠡᠭᠦᠨ᠎ᠳᠤ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠵᠠᠰᠠᠭ᠎ᠤᠨ ᠣᠷᠳᠣᠨ᠎ᠤ ᠵᠢᠯᠣᠭᠣᠳᠤᠯᠭ᠎ᠠ ᠵᠢᠨ ᠦᠨᠡᠨ᠎ᠢ ᠲᠤᠰ ᠭᠠᠵᠠᠷ ᠣᠷᠣᠨ᠎ᠤ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠢᠨ ᠳᠤᠮᠳᠠᠴᠢ ᠦᠨ᠎ᠡ ᠬᠠᠩᠰᠢ᠎ᠠᠴᠠ ᠢᠯᠡᠳᠲᠡ ᠥᠨᠳᠥᠷ ᠪᠣᠯ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠵᠠᠷᠴᠢᠮ᠎ᠢ ᠪᠠᠷᠢᠮᠲᠠᠯᠠᠨ᠂ ᠲᠤᠰᠬᠠᠶ ᠰᠡᠳᠦᠪ ᠵᠶ᠋ᠠᠷ ᠨᠤᠲᠠᠯᠠᠵᠤ᠂ ᠦᠨ᠎ᠡ ᠬᠠᠩᠰᠢ ᠵᠢ ᠭᠣᠣᠯᠳᠠᠯᠭ᠎ᠠ᠎ᠲᠠᠢ ᠪᠠᠭᠤᠷᠠᠭᠤᠯᠤᠨ᠎ᠠ; ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠵᠡᠨ ᠮᠡᠳᠡᠵᠦ ᠳᠣᠭᠲᠠᠭ᠋ᠠᠭᠰᠠᠨ ᠦᠨ᠎ᠡ ᠬᠠᠩᠰᠢ ᠵᠢᠨ ᠡᠮᠨᠡᠯᠭᠡ ᠵᠢᠨ ᠬᠣᠷᠢᠶᠠᠨ᠎ᠤ ᠬᠣᠭᠣᠷᠣᠨᠳᠣᠬᠢ ᠵᠥᠷᠢᠶ᠎ᠡ ᠶᠡᠬᠡ ᠪᠣᠯ ᠦᠨ᠎ᠡ ᠬᠠᠩᠰᠢ ᠵᠢᠨ ᠳᠡᠰ ᠳᠠᠷᠠᠭ᠋ᠠᠯᠠᠯ᠎ᠤᠨ ᠵᠢᠭᠰᠠᠭ᠋ᠠᠯᠲᠠ᠎ᠳᠤ ᠡᠮᠦᠨᠡᠭᠦᠷ ᠣᠷᠣᠨ᠂ ᠳᠤᠮᠳᠠᠴᠢ ᠬᠢᠷᠢ ᠬᠡᠮᠵᠢᠶ᠎ᠡ᠎ᠠᠴᠠ ᠢᠯᠡᠳᠲᠡ ᠥᠨᠳᠥᠷ ᠪᠠᠶ᠋ᠢᠬᠤ ᠡᠮᠴᠢᠯᠡᠭᠡᠨ᠎ᠤ ᠪᠠᠶ᠋ᠢᠭᠤᠯᠤᠮᠵᠢ ᠵᠢ ᠱᠠᠭ᠋ᠠᠷᠳᠠᠵᠤ ᠰᠠᠨᠠᠭ᠋ᠠᠴᠢᠯᠠᠭ᠎ᠠ᠎ᠠᠴᠠ᠎ᠪᠠᠨ ᠳᠠᠬᠢᠨ ᠲᠣᠬᠢᠷᠠᠭᠤᠯᠬᠤ ᠬᠡᠷᠡᠭᠲᠡᠶ᠃ ᠬᠠᠴᠠᠷ᠎ᠤᠨ ᠶᠠᠰᠤ᠎ᠲᠠᠢ ᠬᠣᠯᠪᠤᠬᠤ ᠮᠡᠰᠡ ᠵᠠᠰᠠᠯ ᠬᠢᠬᠦ᠂ ᠨᠠᠷᠢᠨ ᠪᠤᠳᠤᠯᠢᠶᠠᠨᠲᠠᠶ ᠰᠢᠲᠦ ᠲᠠᠷᠢᠬᠤ ᠵᠡᠷᠭᠡ ᠮᠡᠷᠭᠡᠵᠢᠯ᠎ᠤᠨ ᠬᠦᠴᠢᠷ᠎ᠤᠨ ᠬᠡᠮᠵᠢᠶ᠎ᠡ᠎ᠪᠠᠷ ᠶᠡᠬᠡ᠂ ᠲᠦᠭᠰᠢᠭᠦᠷᠢ ᠵᠢᠨ ᠬᠡᠮᠵᠢᠶ᠎ᠡ᠎ᠪᠠᠷ ᠥᠨᠳᠥᠷ ᠲᠥᠰᠦᠯ᠎ᠢ ᠡᠩ᠎ᠤᠨ ᠰᠢᠳᠦ ᠳᠠᠷᠢᠬᠤ ᠮᠡᠰᠡ ᠵᠠᠰᠠᠯ᠎ᠤᠨ ᠦᠨ᠎ᠡ ᠬᠠᠩᠰᠢᠯᠤᠭᠠ ᠵᠣᠬᠢᠬᠤ ᠵᠥᠷᠢᠶ᠎ᠡ ᠭᠠᠷᠭ᠋ᠠᠬᠤ ᠵᠢ ᠵᠥᠪᠰᠢᠶᠡᠷᠡᠨ᠎ᠡ᠃ ᠲᠣᠭᠲᠠᠮᠠᠯ ᠬᠢᠮᠡᠯ ᠰᠢᠳᠦ᠂ ᠠᠪᠴᠤ ᠪᠣᠯᠬᠤ ᠰᠢᠳᠦ ᠵᠡᠷᠭᠡ ᠤᠨᠠᠭᠰᠠᠨ ᠰᠢᠳᠦ ᠵᠢ ᠨᠥᠬᠦᠬᠦ ᠠᠷᠭ᠎ᠠ ᠮᠠᠶᠢᠭ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ᠎ᠨᠢ ᠠᠮᠠᠨ ᠬᠥᠨᠳᠡᠶ᠎ᠳᠤ ᠲᠠᠷᠢᠬᠤᠯᠤᠭᠠ ᠵᠦᠶ ᠵᠣᠬᠢᠰᠲᠠᠶ ᠠᠳᠠᠯᠢᠳᠬᠠᠯ ᠦᠨ᠎ᠡ ᠵᠢᠨ ᠬᠠᠷᠢᠴᠠᠭ᠎ᠠ ᠵᠢ ᠪᠠᠲᠤᠯᠠᠵᠤ᠂ ᠡᠮᠴᠢᠯᠡᠭᠡᠨ᠎ᠤ ᠪᠠᠶ᠋ᠢᠭᠤᠯᠤᠮᠵᠢ ᠵᠢ ᠵᠣᠷᠢᠭᠵᠢᠭᠤᠯᠵᠤ ᠡᠪᠡᠳᠴᠢᠲᠡᠨ᠎ᠳᠤ ᠤᠨᠠᠭᠰᠠᠨ ᠰᠢᠳᠦ ᠵᠢ ᠨᠥᠬᠦᠬᠦ ᠲᠣᠬᠢᠷᠠᠮᠵᠢᠲᠠᠶ ᠦᠢ᠍ᠯᠡᠴᠢᠯᠡᠭᠡ ᠵᠢ ᠤᠷᠢᠳ ᠵᠶ᠋ᠠᠷ ᠬᠠᠩᠭ᠋ᠠᠨ᠎ᠠ᠃ ᠰᠢᠳᠦ ᠠᠪᠬᠤ᠂ ᠰᠢᠳᠦᠨᠤ ᠲᠣᠭᠣᠷᠢᠨ᠎ᠢ ᠴᠡᠪᠡᠷᠯᠡᠨ ᠵᠠᠰᠠᠬᠤ᠂ ᠰᠢᠳᠦ ᠨᠥᠬᠥᠬᠦ ᠵᠡᠷᠭᠡ ᠮᠡᠷᠭᠡᠵᠢᠯ᠎ᠤᠨ ᠬᠥᠳᠡᠯᠮᠦᠷᠢ ᠦᠢ᠍ᠯᠡᠴᠢᠯᠡᠭᠡ᠎ᠪᠠᠷ ᠭᠣᠣᠯ ᠪᠣᠯᠭ᠋ᠠᠭᠰᠠᠨ ᠲᠥᠰᠦᠯ᠎ᠤᠨ ᠥᠩᠭᠡᠷᠡᠭᠰᠡᠨ᠎ᠤ ᠦᠨ᠎ᠡ ᠬᠠᠩᠰᠢ᠎ᠨᠢ ᠳᠣᠣᠷ᠎ᠠ ᠰᠢᠭ᠋ ᠪᠣᠯ ᠦᠨ᠎ᠡ ᠵᠢ ᠵᠣᠬᠢᠰᠲᠠᠶ ᠥᠰᠬᠡᠵᠦ ᠪᠣᠯᠤᠨ᠎ᠠ᠃
(ᠳᠣᠯᠣᠭ᠎ᠠ) ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠮᠠᠨ ᠬᠥᠨᠳᠡᠶ᠎ᠳᠤ ᠲᠠᠷᠢᠬᠤ ᠦᠨ᠎ᠡ ᠬᠠᠩᠰᠢ ᠵᠢ ᠬᠢᠨᠠᠵᠤ ᠬᠠᠮᠢᠶᠠᠷᠬᠤ ᠪᠠ ᠬᠥᠲᠥᠯᠦᠨ ᠵᠢᠯᠣᠭᠣᠳᠬᠤ ᠵᠢ ᠴᠢᠩᠭ᠋ᠠᠳᠬᠠᠨ᠎ᠠ᠃ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠮᠠᠨ ᠬᠥᠨᠳᠡᠶ᠎ᠳᠤ ᠰᠢᠳᠦ ᠳᠠᠷᠢᠬᠤ ᠵᠡᠷᠭᠡ ᠦᠢ᠍ᠯᠡᠴᠢᠯᠡᠭᠡᠨ᠎ᠤ ᠦᠨ᠎ᠡ ᠬᠠᠩᠰᠢ᠎ᠳᠤ ᠵᠠᠬ᠎ᠠ ᠳᠡᠯᠭᠡᠭᠦᠷ᠎ᠤᠨ ᠲᠣᠬᠢᠷᠠᠭᠤᠯᠤᠯᠲᠠ ᠵᠢ ᠬᠡᠷᠡᠭᠵᠢᠭᠦᠯᠵᠦ᠂ ᠦᠨ᠎ᠡ ᠬᠠᠩᠰᠢ ᠲᠣᠭᠲᠠᠭ᠋ᠠᠬᠤ᠎ᠳᠤ ᠲᠥᠪ ᠭᠤᠤᠯᠴᠢ᠂ ᠬᠠᠤᠯᠢ ᠶᠣᠰᠣᠨ᠎ᠤ᠂ ᠦᠨᠡᠨᠴᠢ ᠢᠲᠡᠭᠡᠮᠵᠢᠲᠡᠶ ᠪᠠ ᠶᠠᠰᠤ ᠴᠢᠨᠠᠷ ᠪᠣᠯᠤᠨ ᠦᠨ᠎ᠡ ᠬᠠᠩᠰᠢ ᠬᠠᠷᠢᠯᠴᠠᠨ ᠨᠡᠶ᠋ᠢᠴᠡᠬᠦ ᠵᠠᠷᠴᠢᠮ᠎ᠢ ᠵᠢᠷᠤᠮᠯᠠᠬᠤ ᠵᠢᠨ ᠬᠠᠮᠲᠤ ᠢᠯᠡ ᠲᠣᠳᠣᠷᠬᠠᠶ ᠣᠷᠣᠨ ᠪᠦᠰᠡ᠎ᠳᠤ ᠲᠣᠭᠲᠠᠭ᠋ᠠᠯ ᠶᠣᠰᠣᠭ᠋ᠠᠷ ᠰᠠᠨᠠᠭ᠋ᠠᠴᠢᠯᠠᠭ᠎ᠠ᠎ᠠᠴᠠ᠎ᠪᠠᠨ ᠦᠨ᠎ᠡ ᠬᠠᠩᠰᠢ ᠵᠢ ᠢᠯᠡ ᠨᠡᠶ᠋ᠢᠲᠡᠯᠡᠬᠦ ᠵᠢᠨ ᠬᠠᠮᠲᠤ ᠢᠯᠡ ᠨᠡᠶ᠋ᠢᠲᠡᠯᠡᠭᠰᠡᠨ ᠮᠡᠳᠡᠭᠡ ᠵᠠᠩᠭᠢ ᠵᠢᠨ ᠦᠨᠡᠨ ᠪᠣᠳᠠᠲᠤ ᠴᠢᠨᠠᠷ᠂ ᠴᠠᠭ ᠲᠤᠬᠠᠶ᠋ᠢᠴᠢ ᠴᠢᠨᠠᠷ ᠪᠠ ᠪᠦᠷᠢᠨ ᠪᠦᠲᠦᠨ ᠴᠢᠨᠠᠷ᠎ᠢ ᠪᠠᠲᠤᠯᠠᠬᠤ ᠬᠡᠷᠡᠭᠲᠡᠶ᠃ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠥᠪᠡᠷ᠎ᠤᠨ ᠦᠨ᠎ᠡ ᠬᠠᠩᠰᠢ ᠵᠢᠨ ᠦᠢ᠍ᠯᠡ ᠠᠵᠢᠯᠯᠠᠭ᠎ᠠ᠎ᠪᠠᠨ ᠴᠢᠩᠭ᠎ᠠ ᠵᠢᠷᠤᠮᠵᠢᠭᠤᠯᠵᠤ᠂ ᠬᠤᠳᠠᠯ ᠬᠠᠭᠤᠷᠮᠠᠭ ᠪᠤᠶᠤ ᠪᠤᠷᠤᠭᠤ᠎ᠪᠠᠷ ᠵᠢᠯᠣᠭᠣᠳᠴᠤ ᠪᠠᠢ᠌ᠭ᠎ᠠ 《ᠨᠥᠬᠥᠪᠥᠷᠢ ᠥᠭᠬᠦ》᠂ 《ᠦᠨᠡᠨ᠎ᠢ ᠬᠢᠮᠳᠠ》 ᠭᠡᠵᠦ ᠤᠬᠠᠭᠤᠯᠬᠤ ᠦᠨ᠎ᠡ ᠬᠠᠩᠰᠢ ᠵᠢᠨ ᠮᠡᠬᠡᠯᠡᠯ᠎ᠤᠨ ᠠᠷᠭ᠎ᠠ ᠪᠠᠷᠢᠯ ᠵᠶ᠋ᠠᠷ ᠡᠪᠡᠳᠴᠢᠲᠡᠨ᠎ᠢ ᠥᠳᠥᠭᠡᠨ ᠮᠡᠬᠡᠯᠡᠵᠦ ᠪᠣᠯᠬᠤ ᠥᠬᠡᠶ᠃ ᠣᠷᠣᠨ ᠪᠦᠰᠡ ᠵᠢᠨ ᠲᠠᠷᠢᠬᠤ ᠰᠢᠳᠦ ᠵᠢ ᠲᠥᠪᠯᠡᠷᠡᠭᠦᠯᠦᠨ ᠬᠤᠳᠠᠯᠳᠤᠨ ᠠᠪᠬᠤ ᠵᠢ ᠮᠡᠳᠡᠭᠦᠯᠬᠦ ᠬᠡᠮᠵᠢᠶ᠎ᠡ ᠥᠨᠳᠥᠷ᠂ ᠰᠣᠩᠭᠣᠭᠳᠠᠭᠰᠠᠨ ᠦᠢ᠍ᠯᠡᠳᠭᠦᠨ᠎ᠤ ᠬᠡᠷᠡᠭᠯᠡᠬᠦ ᠨᠣᠷᠮ᠎ᠠ ᠥᠨᠳᠥᠷ᠂ ᠦᠨ᠎ᠡ ᠬᠠᠩᠰᠢ ᠵᠢ ᠪᠥᠬᠥ ᠶᠠᠪᠤᠴᠠ᠎ᠳᠤ ᠲᠣᠬᠢᠷᠠᠭᠤᠯᠤᠨ ᠡᠵᠡᠮᠳᠡᠬᠦ ᠵᠢ ᠰᠠᠨᠠᠭ᠋ᠠᠴᠢᠯᠠᠭ᠎ᠠ᠎ᠠᠴᠠ᠎ᠪᠠᠨ ᠠᠮᠠᠯᠳᠠᠵᠤ ᠬᠦᠯᠢᠶᠡᠨ ᠠᠪᠬᠤ᠂ ᠠᠮᠠᠨ ᠬᠥᠨᠳᠡᠶ᠎ᠳᠤ ᠲᠠᠷᠢᠬᠤ ᠵᠠᠷᠤᠳᠠᠯ᠎ᠤᠨ ᠠᠵᠤ ᠠᠬᠤᠶ ᠵᠢᠨ ᠳᠠᠪᠠᠭᠤᠯᠢᠭ᠎ᠪᠠᠷ ᠲᠣᠪᠤᠢ᠌ᠭᠰᠠᠨ᠂ ᠦᠨᠡᠯᠡᠭᠰᠡᠨ ᠨᠡᠷᠡᠰ᠎ᠤᠨ ᠵᠢᠭᠰᠠᠭ᠋ᠠᠯᠲᠠ᠎ᠳᠤ ᠡᠮᠦᠨᠡᠭᠦᠷ ᠵᠢᠭᠰᠠᠭ᠋ᠠᠭᠳᠠᠭᠰᠠᠨ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠢᠨ ᠦᠨ᠎ᠡ ᠬᠠᠩᠰᠢ ᠪᠠ ᠵᠠᠷᠤᠳᠠᠯ᠎ᠤᠨ ᠪᠠᠶ᠋ᠢᠳᠠᠯ᠎ᠢ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠠᠯᠪᠠᠨ᠎ᠤ ᠰᠦᠯᠵᠢᠶᠡᠨ᠎ᠳᠤ ᠢᠯᠡ᠎ᠪᠠᠷ ᠦᠵᠡᠭᠦᠯᠵᠦ᠂ ᠡᠪᠡᠳᠴᠢᠲᠡᠨ ᠡᠪᠡᠳᠴᠢᠨ ᠦᠵᠡᠭᠦᠯᠬᠦ᠎ᠳᠤ ᠵᠢᠯᠣᠭᠣᠳᠤᠮᠵᠢ ᠬᠠᠩᠭ᠋ᠠᠨ᠎ᠠ᠃
ᠭᠤᠷᠪᠠ᠂ ᠲᠠᠷᠢᠬᠤ ᠰᠢᠳᠦᠨᠤ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠵᠢ ᠨᠠᠷᠢᠨ ᠬᠢᠨᠠᠮᠠᠭ᠋ᠠᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ
(ᠨᠠᠢ᠍ᠮᠠ) ᠲᠠᠷᠢᠬᠤ ᠰᠢᠳᠦᠨᠤ ᠬᠣᠷᠣᠭᠳᠠᠯ ᠮᠠᠲ᠋ᠧᠷᠢᠶᠠᠯ᠎ᠤᠨ ᠮᠤᠵᠢ ᠵᠢᠨ ᠬᠣᠭᠣᠷᠤᠨᠳᠤᠬᠢ ᠬᠤᠳᠠᠯᠳᠤᠨ ᠠᠪᠬᠤ ᠬᠣᠯᠪᠣᠭ᠎ᠠ ᠵᠢ ᠪᠠᠶ᠋ᠢᠭᠤᠯᠤᠨ᠎ᠠ᠃ ᠰᠧᠴᠤᠸᠠᠨ ᠮᠤᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠲᠦᠷᠦᠭᠦᠯᠡᠨ ᠲᠠᠷᠢᠬᠤ ᠰᠢᠳᠦᠨᠤ ᠬᠣᠷᠣᠭᠳᠠᠯ ᠮᠠᠲ᠋ᠧᠷᠢᠶᠠᠯ᠎ᠤᠨ ᠮᠤᠵᠢ ᠵᠢᠨ ᠬᠣᠭᠣᠷᠣᠨᠳᠣᠬᠢ ᠬᠤᠳᠠᠯᠳᠤᠨ ᠠᠪᠬᠤ ᠬᠣᠯᠪᠣᠭ᠎ᠠ ᠵᠢ ᠵᠣᠬᠢᠶᠠᠨ ᠪᠠᠶ᠋ᠢᠭᠤᠯᠵᠤ᠂ ᠡᠯ᠎ᠡ ᠮᠤᠵᠢ ᠣᠷᠣᠨ ᠴᠥᠮ ᠣᠷᠣᠯᠴᠠᠨ᠎ᠠ᠃ ᠲᠠᠷᠢᠬᠤ ᠰᠢᠳᠦᠨᠤ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ᠎ᠳᠤ ᠳᠠᠭ᠋ᠠᠭ᠋ᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠵᠢ ᠨᠢᠭᠡᠳᠭᠡᠬᠦ᠂ ᠬᠡᠮᠵᠢᠶ᠎ᠡ ᠪᠠ ᠦᠨ᠎ᠡ ᠬᠠᠩᠰᠢ ᠵᠢ ᠬᠣᠯᠪᠣᠭᠳᠠᠭᠤᠯᠬᠤ ᠦᠨᠳᠦᠰᠦᠨ ᠵᠠᠷᠴᠢᠮ᠎ᠢ ᠪᠠᠷᠢᠮᠲᠠᠯᠠᠵᠤ᠂ ᠵᠠᠰᠠᠭ᠎ᠤᠨ ᠣᠷᠳᠣᠨ᠎ᠠᠴᠠ ᠵᠣᠬᠢᠶᠠᠨ ᠪᠠᠶ᠋ᠢᠭᠤᠯᠬᠤ᠂ ᠬᠣᠯᠪᠣᠭ᠋ᠠᠯᠠᠨ ᠬᠤᠳᠠᠯᠳᠤᠨ ᠠᠪᠬᠤ᠂ ᠲᠠᠪᠴᠠᠩ᠎ᠳᠤ ᠠᠵᠢᠯᠯᠠᠭᠤᠯᠬᠤ ᠶᠡᠷᠦᠩᠬᠡᠶ ᠰᠡᠳᠬᠢᠮᠵᠢ ᠶᠣᠰᠣᠭ᠋ᠠᠷ ᠲᠠᠷᠢᠬᠤ ᠰᠢᠳᠦᠨᠤ ᠬᠣᠷᠣᠭᠳᠠᠯ ᠮᠠᠲ᠋ᠧᠷᠢᠶᠠᠯ᠎ᠢ ᠦᠢ᠍ᠯᠡᠳᠪᠦᠷᠢᠯᠡᠬᠦ᠂ ᠬᠠᠩᠭ᠋ᠠᠬᠤ ᠪᠠ ᠡᠮᠴᠢᠯᠡᠭᠡᠨ᠎ᠳᠤ ᠬᠡᠷᠡᠭᠯᠡᠬᠦ ᠵᠡᠷᠭᠡ ᠲᠠᠯ᠎ᠠ ᠵᠢᠨ ᠣᠨᠴᠠᠯᠢᠭ᠎ᠢ ᠭᠦᠢ᠍ᠴᠡᠳ ᠪᠣᠳᠣᠯᠬᠢᠯᠠᠨ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠡᠷᠬᠡ ᠲᠡᠭᠰᠢ᠎ᠪᠠᠷ ᠥᠷᠢᠰᠥᠯᠳᠦᠭᠦᠯᠦᠨ᠎ᠡ᠃ ᠬᠤᠳᠠᠯᠳᠤᠨ ᠠᠪᠬᠤ ᠪᠣᠳᠠᠲᠠᠶ ᠲᠥᠰᠦᠯ᠎ᠢ ᠰᠧᠴᠤᠸᠠᠨ ᠮᠤᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠡᠯ᠎ᠡ ᠬᠣᠯᠪᠣᠭ᠋ᠠᠨ᠎ᠤ ᠮᠤᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠲᠥᠪᠯᠡᠷᠡᠭᠦᠯᠦᠨ ᠬᠤᠳᠠᠯᠳᠤᠨ ᠠᠪᠬᠤ᠎ᠳᠤ ᠢᠵᠢ ᠪᠦᠷᠢᠳᠦᠭᠦᠯᠦᠭᠰᠡᠨ ᠲᠠᠷᠢᠬᠤ ᠰᠢᠳᠦᠨᠤ ᠰᠢᠰᠲ᠋ᠧᠮ ᠵᠶ᠋ᠡᠷ ᠨᠢᠭᠡᠴᠢ ᠪᠣᠯᠭ᠋ᠠᠵᠤ᠂ ᠲᠠᠷᠢᠬᠤ ᠰᠢᠳᠦ᠂ ᠨᠥᠬᠦᠨ ᠵᠠᠰᠠᠬᠤ ᠰᠠᠭᠤᠷᠢ ᠵᠢᠴᠢ ᠪᠦᠷᠬᠦᠬᠦ ᠱᠤᠷᠠᠭ᠂ ᠡᠳᠡᠭᠡᠬᠦ ᠰᠠᠭᠤᠷᠢ᠂ ᠰᠢᠯᠵᠢᠭᠦᠯᠬᠦ ᠡᠰᠢ᠂ ᠣᠷᠣᠯᠠᠬᠤ ᠰᠢᠳᠦ ᠵᠡᠷᠭᠡ ᠰᠡᠯᠪᠢᠭ ᠲᠣᠨᠣᠭ᠎ᠢ ᠪᠠᠭᠲᠠᠭ᠋ᠠᠨ᠎ᠠ᠃
(ᠶᠢᠰᠦ) ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠣᠷᠣᠯᠴᠠᠬᠤ ᠵᠢ ᠥᠷᠭᠡᠨ ᠵᠶ᠋ᠠᠷ ᠳᠠᠶ᠋ᠢᠴᠢᠯᠠᠨ᠎ᠠ᠃ ᠵᠠᠷᠴᠢᠮ ᠳᠡᠭᠡᠷ᠎ᠡ᠎ᠪᠠᠨ ᠡᠯ᠎ᠡ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ᠎ᠤ ᠡᠨᠡ ᠤᠳᠠᠭ᠋ᠠᠨ᠎ᠤ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠬᠤ ᠡᠮᠴᠢᠯᠡᠭᠡᠨ᠎ᠤ ᠪᠠᠶ᠋ᠢᠭᠤᠯᠤᠮᠵᠢ ᠵᠢᠨ ᠲᠣᠭ᠎ᠠ (ᠠᠷᠠᠳ᠎ᠠᠴᠠ ᠡᠵᠡᠩᠨᠡᠭᠰᠡᠨᠢ ᠪᠠᠭᠲᠠᠭ᠋ᠠᠨ᠎ᠠ)᠎ᠨᠢ ᠰᠢᠳᠦ ᠳᠠᠷᠢᠬᠤ᠎ᠳᠤ ᠦᠢ᠍ᠯᠡᠴᠢᠯᠡᠬᠦ ᠡᠮᠴᠢᠯᠡᠭᠡᠨ᠎ᠤ ᠪᠠᠶ᠋ᠢᠭᠤᠯᠤᠮᠵᠢ ᠵᠢᠨ ᠲᠣᠭ᠋ᠠᠨ᠎ᠳᠤ ᠡᠵᠡᠯᠡᠬᠦ ᠬᠠᠷᠢᠴᠠᠯ᠎ᠢ 40 %᠎ᠠᠴᠠ ᠳᠡᠭᠡᠭᠰᠢ ᠪᠠᠢ᠌ᠯᠭ᠋ᠠᠵᠤ᠂ ᠲᠣᠰ ᠣᠷᠣᠨ ᠪᠦᠰᠡ ᠵᠢᠨ ᠮᠡᠳᠡᠭᠦᠯᠦᠨ ᠬᠦᠷᠭᠡᠬᠦ ᠬᠡᠷᠡᠭᠴᠡᠭᠡ ᠱᠠᠭ᠋ᠠᠷᠳᠠᠯᠭ᠎ᠠ ᠵᠢᠨ ᠶᠡᠷᠦᠩᠬᠡᠶ ᠬᠡᠮᠵᠢᠶᠡᠨ᠎ᠤ ᠳᠡᠭᠡᠷ᠎ᠡ ᠵᠢᠯ᠎ᠤᠨ ᠪᠣᠳᠠᠲᠠᠶ ᠬᠡᠷᠡᠭᠯᠡᠭᠰᠡᠨ ᠶᠡᠷᠦᠩᠬᠡᠶ ᠬᠡᠮᠵᠢᠶᠡᠨ᠎ᠳᠠᠬᠢ ᠡᠵᠡᠯᠡᠬᠦ ᠬᠠᠷᠢᠴᠠᠯ᠎ᠢ 50 %᠎ᠠᠴᠠ ᠳᠡᠭᠡᠭᠰᠢ ᠪᠠᠢ᠌ᠯᠭ᠋ᠠᠬᠤ ᠬᠡᠷᠡᠭᠲᠡᠶ᠃ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠬᠠᠷᠢᠶ᠎ᠠ ᠣᠷᠣᠨ᠎ᠳᠠᠬᠢ ᠰᠢᠳᠦ ᠳᠠᠷᠢᠬᠤ ᠦᠢ᠍ᠯᠡᠴᠢᠯᠡᠭᠡᠨ᠎ᠤ ᠴᠢᠳᠠᠪᠤᠷᠢ᠎ᠲᠠᠢ ᠡᠮᠴᠢᠯᠡᠭᠡᠨ᠎ᠤ ᠪᠠᠶ᠋ᠢᠭᠤᠯᠤᠮᠵᠢ ᠵᠢ ᠥᠷᠭᠡᠨ ᠵᠶ᠋ᠠᠷ ᠳᠠᠶ᠋ᠢᠴᠢᠯᠠᠵᠤ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ (ᠴᠡᠷᠢᠭ ᠠᠩᠭᠢ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢ ᠪᠠᠭᠲᠠᠭ᠋ᠠᠨ᠎ᠠ) ᠵᠢ ᠵᠣᠬᠢᠶᠠᠨ ᠪᠠᠶ᠋ᠢᠭᠤᠯᠤᠨ ᠪᠥᠭᠦᠨ᠎ᠢ ᠰᠢᠳᠦ ᠳᠠᠷᠢᠬᠤ᠎ᠳᠤ ᠬᠡᠷᠡᠭᠰᠡᠬᠦ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠭᠤᠯᠵᠤ᠂ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠢᠨ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠬᠤ ᠵᠢ ᠪᠥᠬᠥ ᠬᠦᠴᠦᠨ ᠵᠶ᠋ᠠᠷ ᠳᠠᠶ᠋ᠢᠴᠢᠯᠠᠨ᠂ ᠡᠮᠴᠢᠯᠡᠭᠡᠨ᠎ᠤ ᠪᠠᠶ᠋ᠢᠭᠤᠯᠤᠮᠵᠢ᠎ᠳᠤ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠂ ᠣᠯᠠᠨ ᠲᠦᠮᠡᠨ᠎ᠤ ᠬᠦᠰᠡᠯ ᠡᠷᠡᠮᠡᠯᠵᠡᠯ ᠪᠠ ᠡᠮᠴᠢᠯᠡᠭᠡᠨ᠎ᠤ ᠪᠠᠶ᠋ᠢᠭᠤᠯᠤᠮᠵᠢ ᠵᠢᠨ ᠨᠡᠶ᠋ᠢᠭᠡᠮ᠎ᠤᠨ ᠬᠠᠷᠢᠭᠤᠴᠠᠯᠭ᠎ᠠ ᠵᠢ ᠲᠣᠳᠣᠷᠬᠠᠶ ᠶᠠᠷᠢᠵᠤ᠂ ᠲᠥᠪᠯᠡᠷᠡᠭᠦᠯᠦᠨ ᠬᠤᠳᠠᠯᠳᠤᠨ ᠠᠪᠤᠭᠰᠠᠨ᠎ᠤ ᠳᠠᠷᠠᠭ᠋ᠠᠬᠢ ᠠᠵᠢᠯ ᠲᠥᠷᠥᠯ᠎ᠤᠨ ᠪᠠᠢ᠌ᠷᠢᠰᠢᠯᠠᠭᠤᠯᠤᠯᠲᠠ ᠪᠠ ᠡᠪᠡᠳᠴᠢᠲᠡᠨ᠎ᠤ ᠡᠪᠡᠳᠴᠢᠨ ᠦᠵᠡᠭᠦᠯᠬᠦ ᠦᠢ᠍ᠯᠡ ᠠᠵᠢᠯᠯᠠᠭ᠎ᠠ ᠵᠢᠨ ᠬᠤᠪᠢᠷᠠᠯᠲᠠ ᠵᠢᠨ ᠬᠠᠨᠳᠤᠰᠢ ᠵᠢ ᠵᠠᠳᠠᠯᠵᠤ᠂ ᠬᠠᠮᠢᠶ᠎ᠠ ᠪᠦᠬᠦᠢ ᠢᠵᠢ ᠪᠦᠷᠢᠳᠦᠭᠦᠯᠦᠭᠰᠡᠨ ᠪᠠ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠵᠢ ᠴᠢᠬᠤᠯᠠᠴᠢᠯᠠᠨ᠂ ᠡᠮᠴᠢᠯᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠤᠯᠤᠰ᠎ᠠᠴᠠ ᠰᠠᠨᠠᠭ᠋ᠠᠴᠢᠯᠠᠭᠰᠠᠨ ᠪᠠ ᠠᠷᠠᠳ ᠣᠯᠠᠨ᠎ᠤ ᠬᠦᠰᠡᠯ ᠡᠷᠡᠮᠡᠯᠵᠡᠯᠯᠦᠭᠡ ᠵᠡᠷᠭᠡ᠎ᠪᠠᠷ ᠬᠥᠭᠵᠢᠭᠦᠯᠬᠦ ᠠᠵᠠ ᠲᠣᠬᠢᠶᠠᠯ᠎ᠢ ᠣᠯᠭᠣᠨ᠎ᠠ᠃ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢ᠎ᠨᠢ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠡᠷᠭᠡ ᠣᠯᠠᠨ ᠴᠡᠭ᠎ᠲᠤ ᠠᠵᠢᠯ ᠡᠷᠭᠢᠯᠡᠬᠦ ᠵᠢᠨ ᠬᠠᠮᠲᠤ ᠬᠠᠷᠢᠭᠤᠴᠠᠯᠭ᠋ᠠᠲᠠᠨ ᠪᠤᠶᠤ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ ᠪᠣᠯᠤᠭᠰᠠᠨ ᠪᠣᠯ ᠲᠣᠰ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠲᠡᠭᠦᠨ᠎ᠢ ᠰᠢᠮᠳᠠᠭᠤᠯᠵᠤ ᠲᠥᠪᠯᠡᠷᠡᠭᠦᠯᠦᠨ ᠬᠤᠳᠠᠯᠳᠤᠨ ᠠᠪᠬᠣ᠎ᠳᠤ ᠣᠷᠣᠯᠴᠠᠭᠤᠯᠤᠨ᠎ᠠ᠃ ᠡᠮᠴᠢᠯᠡᠭᠡᠨ᠎ᠤ ᠪᠠᠶ᠋ᠢᠭᠤᠯᠤᠮᠵᠢ᠎ᠨᠢ ᠲᠣᠰ ᠤᠳᠠᠭ᠋ᠠᠨ᠎ᠤ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠭᠰᠠᠨ ᠪᠤᠶᠤ ᠣᠷᠣᠯᠴᠠᠭᠰᠠᠨ ᠥᠬᠡᠶ᠎ᠪᠠᠨ ᠪᠢᠴᠢᠭ ᠵᠶ᠋ᠠᠷ ᠬᠠᠷᠢᠭᠤ ᠳᠤᠰᠬᠠᠵᠤ᠂ ᠣᠷᠣᠯᠴᠠᠭᠰᠠᠨ ᠥᠬᠡᠶ ᠪᠣᠯ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠃
(ᠠᠷᠪᠠ) ᠲᠠᠷᠢᠬᠤ ᠰᠢᠳᠦ ᠵᠢ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶ᠎ᠡ ᠵᠢ ᠦᠨᠡᠨ ᠮᠥᠨ ᠵᠶ᠋ᠠᠷ᠎ᠨᠢ ᠨᠠᠷᠢᠯᠢᠭ ᠣᠨᠣᠴᠠᠲᠠᠢ ᠲᠠᠭᠯᠠᠨ ᠮᠡᠳᠡᠭᠦᠯᠦᠨ᠎ᠡ᠃ ᠡᠯ᠎ᠡ ᠮᠤᠵᠢ ᠵᠢᠨ ᠳᠡᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ ᠲᠣᠰ ᠲᠣᠰ ᠮᠤᠵᠢ ᠵᠢᠨ ᠳᠣᠲᠤᠷ᠎ᠠ᠎ᠪᠠᠨ ᠡᠨᠡ ᠤᠳᠠᠭ᠋ᠠᠨ᠎ᠤ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠭᠰᠠᠨ ᠠᠯᠪᠠᠨ᠎ᠠᠴᠠ ᠪᠠᠶ᠋ᠢᠭᠤᠯᠤᠭᠰᠠᠨ ᠪᠠ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ ᠲᠠᠷᠢᠬᠤ ᠰᠢᠳᠦᠨᠤ ᠬᠣᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢ ᠲᠠᠭᠯᠠᠨ ᠮᠡᠳᠡᠭᠦᠯᠦᠨ᠎ᠡ᠃ ᠲᠠᠭᠯᠠᠨ ᠮᠡᠳᠡᠭᠦᠯᠬᠦ ᠠᠭᠤᠯᠭ᠎ᠠ᠎ᠳᠤ ᠲᠤᠰ ᠨᠢᠭᠡᠴᠢ ᠵᠢᠨ ᠲᠠᠷᠢᠬᠤ ᠰᠢᠳᠦᠨᠤ ᠬᠣᠷᠣᠭᠳᠠᠯ ᠮᠠᠲ᠋ᠧᠷᠢᠶᠠᠯ᠎ᠤᠨ ᠳᠡᠭᠡᠷ᠎ᠡ ᠨᠢᠭᠡ ᠵᠢᠯ᠎ᠤᠨ ᠪᠣᠳᠠᠲᠠᠶ ᠬᠤᠳᠠᠯᠳᠤᠨ ᠠᠪᠤᠭᠰᠠᠨ ᠬᠡᠮᠵᠢᠶ᠎ᠡ᠂ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶ᠎ᠡ ᠵᠢ ᠪᠠᠭᠲᠠᠭ᠋ᠠᠨ᠎ᠠ᠃ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶ᠎ᠡ ᠵᠢ ᠲᠠᠭᠯᠠᠨ ᠮᠡᠳᠡᠭᠦᠯᠬᠦ᠎ᠳᠤ ᠵᠠᠷᠴᠢᠮ ᠳᠡᠭᠡᠷ᠎ᠡ᠎ᠪᠠᠨ ᠳᠡᠭᠡᠷ᠎ᠡ ᠨᠢᠭᠡ ᠵᠢᠯ᠎ᠤᠨ ᠪᠣᠳᠠᠲᠠᠶ ᠬᠤᠳᠠᠯᠳᠤᠨ ᠠᠪᠤᠭᠰᠠᠨ ᠬᠡᠮᠵᠢᠶ᠎ᠡ᠎ᠠᠴᠠ ᠳᠤᠤᠷ᠎ᠠ ᠪᠠᠶ᠋ᠢᠯᠭ᠋ᠠᠵᠤ ᠪᠣᠯᠬᠤ ᠥᠬᠡᠶ᠂ ᠡᠭᠦᠨ᠎ᠤ ᠬᠠᠮᠲᠤ᠂ ᠰᠢᠳᠦ ᠳᠠᠷᠢᠬᠤ ᠬᠡᠷᠡᠭᠴᠡᠭᠡ ᠱᠠᠭ᠋ᠠᠷᠳᠠᠯᠭ᠎ᠠ ᠵᠢᠨ ᠨᠡᠮᠡᠭᠳᠡᠯ ᠡᠯᠧᠮᠧᠨ᠋ᠲ᠎ᠢ ᠤᠷᠢᠳᠠᠴᠢ ᠴᠢᠨᠠᠷᠲᠠᠶ᠎ᠪᠠᠷ ᠪᠣᠳᠣᠯᠬᠢᠯᠠᠵᠤ᠂ ᠮᠡᠳᠡᠭᠦᠯᠬᠦ ᠬᠡᠮᠵᠢᠶ᠎ᠡ ᠵᠥᠪ ᠣᠨᠣᠪᠴᠢᠲᠠᠶ ᠵᠦᠶ ᠵᠣᠬᠢᠰᠲᠠᠶ ᠪᠠᠶ᠋ᠢᠬᠤ ᠵᠢ ᠦᠨᠡᠨ ᠬᠦ᠌ ᠪᠠᠲᠤᠯᠠᠨ᠂ ᠬᠡᠮᠵᠢᠶ᠎ᠡ᠎ᠪᠠᠷ ᠦᠨ᠎ᠡ ᠰᠣᠯᠢᠬᠤ ᠵᠢ ᠨᠠᠩ ᠰᠠᠶ᠋ᠢᠨ ᠪᠡᠶᠡᠯᠡᠭᠦᠯᠵᠦ᠂ ᠰᠣᠩᠭᠣᠭᠳᠠᠭᠰᠠᠨ ᠠᠵᠤ ᠠᠬᠤᠶ᠋ᠢᠯᠠᠯ᠎ᠤᠨ ᠬᠠᠩᠭ᠋ᠠᠯᠭ᠎ᠠ ᠵᠢ ᠪᠠᠲᠤᠯᠠᠬᠤ᠎ᠳᠤ ᠲᠥᠬᠥᠮ ᠦᠵᠡᠭᠦᠯᠦᠨ᠎ᠡ᠃ ᠰᠢᠳᠦ ᠳᠠᠷᠢᠬᠤ ᠦᠢ᠍ᠯᠡᠴᠢᠯᠡᠭᠡ ᠵᠢ ᠥᠷᠨᠢᠭᠦᠯᠬᠦ᠎ᠳᠤ᠎ᠪᠠᠨ ᠮᠡᠳᠡᠭᠦᠯᠦᠭᠰᠡᠨ ᠥᠬᠡᠶ ᠪᠤᠶᠤ ᠮᠡᠳᠡᠭᠦᠯᠦᠭᠰᠡᠨ ᠬᠡᠮᠵᠢᠶ᠎ᠡ ᠵᠢᠨ ᠨᠣᠷᠮ᠎ᠠ᠎ᠨᠢ ᠳᠡᠭᠡᠷ᠎ᠡ ᠵᠢᠯ᠎ᠤᠨ ᠪᠣᠳᠠᠲᠠᠶ ᠬᠡᠷᠡᠭᠯᠡᠭᠰᠡᠨ ᠬᠡᠮᠵᠢᠶ᠎ᠡ ᠵᠢᠨ 80 %᠎ᠳᠤ ᠬᠥᠷᠬᠥ ᠥᠬᠡᠶ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠵᠦᠷᠢᠶ᠎ᠡ ᠭᠠᠷᠭ᠋ᠠᠬᠤ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠂ ᠡᠭᠦᠨ᠎ᠳᠤ᠂ ᠰᠢᠳᠦ ᠳᠠᠷᠢᠬᠤ ᠪᠠ ᠰᠢᠳᠦᠨᠤ ᠳᠢᠲᠢᠮ ᠲᠠᠯᠪᠢᠬᠤ ᠮᠡᠰᠡ ᠵᠠᠰᠠᠯ᠎ᠳᠤ ᠵᠠᠰᠠᠭ᠎ᠤᠨ ᠣᠷᠳᠣᠨ᠎ᠤ ᠵᠢᠯᠣᠭᠣᠳᠤᠯᠭ᠎ᠠ ᠵᠢᠨ ᠦᠨ᠎ᠡ ᠵᠢᠨ ᠬᠠᠮᠢᠶᠠᠷᠤᠯᠲᠠ ᠵᠢ ᠬᠡᠷᠡᠭᠵᠢᠭᠦᠯᠦᠭᠰᠡᠨ ᠭᠠᠵᠠᠷ ᠣᠷᠣᠨ᠎ᠳᠤ᠂ ᠳᠡᠭᠡᠷ᠎ᠡ ᠳᠤᠷᠠᠳᠤᠭᠰᠠᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠪᠣᠳᠠᠲᠠᠶ ᠬᠤᠷᠢᠶᠠᠬᠤ ᠵᠠᠷᠤᠳᠠᠯ᠎ᠢ ᠵᠠᠰᠠᠭ᠎ᠤᠨ ᠣᠷᠳᠣᠨ᠎ᠤ ᠵᠢᠯᠣᠭᠣᠳᠤᠯᠭ᠎ᠠ ᠵᠢᠨ ᠦᠨ᠎ᠡ ᠵᠢᠨ 80 %᠎ᠠᠴᠠ ᠬᠡᠲᠦᠷᠡᠭᠦᠯᠵᠦ ᠪᠣᠯᠬᠤ ᠥᠬᠡᠶ; ᠡᠵᠡᠨ ᠮᠡᠳᠡᠵᠦ ᠦᠨ᠎ᠡ ᠲᠣᠭᠲᠠᠭ᠋ᠠᠬᠤ ᠵᠢ ᠬᠡᠷᠡᠭᠵᠢᠭᠦᠯᠵᠦ ᠪᠠᠶ᠋ᠢᠭ᠎ᠠ ᠭᠠᠵᠠᠷ ᠣᠷᠣᠨ᠎ᠳᠤ᠂ ᠳᠡᠭᠡᠷ᠎ᠡ ᠳᠤᠷᠠᠳᠤᠭᠰᠠᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠪᠣᠳᠠᠲᠠᠶ ᠬᠤᠷᠢᠶᠠᠬᠤ ᠵᠠᠷᠤᠳᠠᠯ᠎ᠢ ᠲᠣᠰ ᠭᠠᠵᠠᠷ ᠣᠷᠣᠨ᠎ᠤ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠵᠡᠨ ᠮᠡᠳᠡᠵᠦ ᠦᠨ᠎ᠡ ᠲᠣᠭᠲᠠᠭ᠋ᠠᠬᠤ ᠳᠤᠮᠳᠠᠴᠢ ᠬᠢᠷᠢ ᠲᠦᠪᠰᠢᠨ᠎ᠤ 80 %᠎ᠠᠴᠠ ᠬᠡᠲᠦᠷᠡᠭᠦᠯᠵᠦ ᠪᠣᠯᠬᠤ ᠥᠬᠡᠶ᠃
ᠳᠥᠷᠪᠡ᠂ ᠠᠮᠠᠨ ᠬᠥᠨᠳᠡᠶ᠎ᠳᠤ ᠳᠠᠷᠢᠬᠤ ᠵᠠᠷᠤᠳᠠᠯ ᠬᠤᠷᠢᠶᠠᠬᠤ ᠵᠢ ᠶᠡᠷᠦᠩᠬᠡᠶ᠋ᠢᠯᠡᠨ ᠵᠠᠰᠠᠬᠤ ᠵᠢ ᠬᠡᠷᠡᠭᠵᠢᠭᠦᠯᠦᠨ᠎ᠡ
(ᠠᠷᠪᠠᠨ ᠨᠢᠭᠡ) ᠠᠮᠠᠨ ᠬᠥᠨᠳᠡᠶ᠎ᠳᠤ ᠳᠠᠷᠢᠬᠤ ᠬᠡᠪ᠎ᠤᠨ ᠪᠤᠰᠤ ᠦᠨ᠎ᠡ ᠬᠠᠩᠰᠢ ᠵᠢ ᠰᠡᠡᠷᠡᠮᠵᠢᠯᠡᠭᠦᠯᠬᠦ ᠲᠦᠷᠢᠮ᠎ᠢ ᠰᠦᠪᠡᠭᠴᠢᠯᠡᠨ ᠪᠠᠶ᠋ᠢᠭᠤᠯᠤᠨ᠎ᠠ᠃ ᠡᠯ᠎ᠡ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠣᠷᠣᠨ ᠨᠤᠲᠤᠭ ᠪᠠ ᠬᠣᠲᠠ᠎ᠪᠠᠷ ᠨᠢᠭᠡᠴᠢ ᠪᠣᠯᠭ᠋ᠠᠨ ᠠᠮᠠᠨ ᠬᠥᠨᠳᠡᠶ᠎ᠳᠤ ᠳᠠᠷᠢᠬᠤ ᠬᠡᠪ᠎ᠤᠨ ᠪᠤᠰᠤ ᠦᠨ᠎ᠡ ᠬᠠᠩᠰᠢ ᠵᠢᠨ ᠪᠠᠶ᠋ᠢᠳᠠᠯ᠎ᠢ ᠰᠡᠷᠡᠮᠵᠢᠯᠡᠭᠦᠯᠬᠦ ᠲᠦᠷᠢᠮ᠎ᠢ ᠪᠠᠶ᠋ᠢᠭᠤᠯᠵᠤ᠂ ᠦᠨ᠎ᠡ ᠬᠠᠩᠰᠢ ᠵᠢ ᠵᠠᠭ᠋ᠠᠯᠳᠤᠵᠤ ᠢᠯᠡᠴᠢᠯᠡᠨ ᠮᠡᠳᠡᠭᠦᠯᠦᠭᠰᠡᠨ ᠵᠶ᠋ᠡᠷ ᠨᠡᠯᠢᠶᠡᠳ ᠠᠷᠪᠢᠨ᠂ ᠲᠣᠭᠲᠠᠭ᠋ᠠᠭᠰᠠᠨ ᠦᠨᠡᠨ᠎ᠢ ᠲᠤᠬᠠᠶ ᠵᠢᠨ ᠭᠠᠵᠠᠷ᠎ᠤᠨ ᠳᠤᠮᠳᠠᠴᠢ ᠬᠢᠷᠢ ᠲᠦᠪᠰᠢᠨ᠎ᠠᠴᠠ ᠢᠯᠡᠳᠲᠡ ᠥᠨᠳᠥᠷ᠂ ᠳᠠᠷᠢᠬᠤ ᠰᠢᠳᠦ ᠵᠢ ᠲᠥᠪᠯᠡᠷᠡᠭᠦᠯᠦᠨ ᠬᠤᠳᠠᠯᠳᠤᠨ ᠠᠪᠬᠤ ᠵᠢ ᠲᠡᠪᠴᠢᠭᠰᠡᠨ ᠪᠤᠶᠤ ᠨᠠᠵᠠᠭ᠋ᠠᠶ᠎ᠪᠠᠷ ᠣᠷᠣᠯᠴᠠᠭᠰᠠᠨ ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢ ᠬᠡᠪ᠎ᠤᠨ ᠪᠤᠰᠤ ᠦᠨ᠎ᠡ ᠬᠠᠩᠰᠢ ᠵᠢᠨ ᠪᠠᠶ᠋ᠢᠳᠠᠯ᠎ᠢ ᠰᠡᠷᠡᠮᠵᠢᠯᠡᠭᠦᠯᠬᠦ ᠨᠡᠷᠡᠰ᠎ᠲᠤ ᠵᠢᠭᠰᠠᠭ᠋ᠠᠨ ᠣᠷᠣᠭᠤᠯᠬᠤ ᠵᠢᠨ ᠬᠠᠮᠲᠤ ᠤᠯᠠᠷᠢᠯ ᠪᠦᠷᠢ ᠲᠤᠬᠠᠶ ᠵᠢᠨ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠰᠦᠯᠵᠢᠶ᠎ᠡ᠎ᠳᠤ ᠢᠯᠡ ᠨᠡᠶ᠋ᠢᠲᠡᠯᠡᠬᠦ ᠬᠡᠷᠡᠭᠲᠡᠶ᠃ ᠵᠢᠯ᠎ᠤᠨ ᠳᠣᠲᠣᠷ᠎ᠠ ᠣᠯᠠᠨ ᠤᠳᠠᠭ᠎ᠠ ᠰᠡᠷᠡᠮᠵᠢᠯᠡᠭᠦᠯᠬᠦ ᠨᠡᠷᠡᠰ᠎ᠲᠤ ᠣᠷᠣᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠮᠤᠵᠢ ᠵᠢᠨ ᠳᠡᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠲᠥᠪᠯᠡᠷᠡᠭᠦᠯᠦᠨ ᠮᠡᠳᠡᠭᠳᠡᠨ᠎ᠡ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠣᠯ ᠤᠯᠤᠰ᠎ᠤᠨ ᠡᠮᠴᠢᠯᠡᠭᠡᠨ ᠪᠠᠲᠤᠯᠠᠭ᠎ᠠ ᠵᠢᠨ ᠲᠣᠪᠴᠢᠶ᠎ᠠ᠎ᠠᠴᠠ ᠨᠢᠭᠡᠳᠦᠯᠲᠡᠢ ᠢᠯᠡᠴᠢᠯᠡᠬᠦ ᠬᠡᠷᠡᠭᠲᠡᠢ᠃ ᠬᠡᠪ᠎ᠤᠨ ᠪᠤᠰᠤ ᠦᠨ᠎ᠡ ᠬᠠᠩᠰᠢ ᠵᠢ ᠰᠡᠷᠡᠮᠵᠢᠯᠡᠭᠦᠯᠬᠦ ᠨᠡᠷᠡᠰ᠎ᠲᠤ ᠵᠢᠭᠰᠠᠭ᠋ᠠᠨ ᠣᠷᠣᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠬᠢᠨᠠᠨ ᠪᠠᠢ᠌ᠴᠠᠭ᠋ᠠᠵᠤ ᠰᠡᠷᠡᠮᠵᠢᠯᠡᠭᠦᠯᠬᠦ᠂ ᠵᠠᠬᠢᠳᠠᠯ ᠵᠶ᠋ᠠᠷ ᠠᠰᠠᠭᠤᠵᠤ ᠪᠣᠯᠵᠣᠨ ᠶᠠᠷᠢᠯᠴᠠᠬᠤ᠂ ᠰᠠᠨᠠᠭᠤᠯᠵᠤ ᠰᠡᠷᠡᠮᠵᠢᠯᠡᠭᠦᠯᠬᠦ᠂ ᠥᠪᠡᠷ᠎ᠤᠨ ᠥᠷᠲᠡᠭ᠎ᠤᠨ ᠪᠠᠶ᠋ᠢᠴᠠᠭ᠋ᠠᠯᠲᠠ ᠬᠢᠬᠦ᠂ ᠮᠡᠳᠡᠭᠡ ᠵᠠᠩᠭᠢ ᠵᠢ ᠨᠡᠶ᠋ᠢᠲᠡᠯᠡᠬᠦ᠂ ᠢᠯᠡᠴᠢᠯᠡᠬᠦ ᠵᠡᠷᠭᠡ ᠬᠢᠨᠠᠨ ᠬᠠᠮᠢᠶᠠᠷᠬᠤ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠵᠠᠬ᠎ᠠ ᠳᠡᠯᠭᠡᠭᠦᠷ᠎ᠤᠨ ᠰᠠᠶ᠋ᠢᠨ ᠰᠠᠶ᠋ᠢᠬᠠᠨ ᠡᠮᠬᠢ ᠳᠢᠭᠯᠢᠮ᠎ᠢ ᠪᠣᠶ ᠪᠣᠯᠭ᠋ᠠᠬᠤ ᠵᠢ ᠠᠬᠢᠭᠤᠯᠬᠤ ᠬᠡᠷᠡᠭᠲᠡᠶ; ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠬᠠᠷᠢᠶᠠᠯᠠᠭᠳᠠᠪᠠᠯ᠂ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢ ᠳᠣᠭᠢᠷᠠᠭᠤᠯᠬᠤ᠂ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠳᠥᠰᠦᠯᠢ ᠰᠢᠨ᠎ᠡ᠎ᠪᠠᠷ ᠨᠡᠮᠡᠭᠳᠡᠭᠦᠯᠬᠦ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠵᠡᠷᠭᠡ ᠲᠠᠯ᠎ᠠ᠎ᠪᠠᠷ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃
(ᠠᠷᠪᠠᠨ ᠬᠣᠶᠠᠷ) ᠠᠮᠠᠨ ᠬᠥᠨᠳᠡᠶ᠎ᠳᠤ ᠲᠠᠷᠢᠬᠤ ᠦᠨ᠎ᠡ ᠬᠠᠩᠰᠢ ᠵᠢᠨ ᠲᠤᠰᠬᠠᠶ ᠪᠠᠶ᠋ᠢᠴᠠᠭ᠋ᠠᠯᠲᠠ ᠵᠢ ᠦᠷᠭᠦᠯᠵᠢᠯᠡᠨ ᠥᠷᠨᠢᠭᠦᠯᠦᠨ᠎ᠡ᠃ ᠲᠤᠰᠬᠠᠶ ᠵᠠᠰᠠᠯᠲᠠ ᠵᠢ ᠡᠬᠢᠯᠡᠭᠦᠯᠬᠦ ᠱᠠᠲᠤ (2022 ᠣᠨ᠎ᠤ 8 ᠳ᠋ᠤᠭ᠋ᠠᠷ ᠰᠠᠷ᠎ᠠ)᠎ᠳᠤ᠂ 《ᠬᠥᠨᠳᠡᠯᠡᠨ ᠵᠶ᠋ᠠᠷ ᠬᠥᠪᠡᠭᠡ ᠵᠠᠬ᠎ᠠ᠎ᠳᠤᠨᠢ ᠬᠦᠷᠬᠦ᠂ ᠭᠤᠯᠳᠤ᠎ᠪᠠᠷ ᠲᠤᠭᠤᠰᠢᠲᠠᠶ ᠪᠠᠶ᠋ᠢᠯᠭ᠋ᠠᠬᠤ᠂ ᠪᠦᠬᠦᠨ᠎ᠢ ᠬᠠᠮᠤᠷᠬᠤ》 ᠵᠠᠷᠴᠢᠮ ᠶᠣᠰᠣᠭ᠋ᠠᠷ ᠠᠮᠠᠨ ᠬᠥᠨᠳᠡᠶ᠎ᠳᠤ ᠲᠠᠷᠢᠬᠤ ᠵᠠᠷᠤᠳᠠᠯ ᠬᠤᠷᠢᠶᠠᠬᠤ ᠪᠠ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢ ᠪᠠᠶ᠋ᠢᠴᠠᠭ᠋ᠠᠨ ᠳᠠᠩᠰᠠᠯᠠᠬᠤ ᠵᠢ ᠪᠥᠬᠥ ᠲᠠᠯ᠎ᠠ᠎ᠪᠠᠷ ᠥᠷᠨᠢᠭᠦᠯᠵᠦ᠂ ᠲᠥᠰᠦᠯ ᠪᠠ ᠦᠨ᠎ᠡ ᠬᠠᠩᠰᠢ ᠵᠢ ᠵᠢᠷᠤᠮᠵᠢᠭᠤᠯᠤᠨ᠂ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠵᠢ ᠬᠡᠷᠡᠭᠵᠢᠭᠦᠯᠬᠦ᠎ᠳᠤ ᠪᠠᠲᠤ ᠪᠠᠬᠢ ᠰᠠᠭᠤᠷᠢ ᠲᠠᠯᠪᠢᠨ᠎ᠠ᠃ ᠪᠠᠶ᠋ᠢᠴᠠᠭ᠋ᠠᠵᠤ ᠳᠠᠩᠰᠠᠯᠠᠭᠤᠯᠬᠤ ᠬᠤᠭᠤᠴᠠᠭ᠋ᠠᠨ᠎ᠳᠤ ᠣᠯᠵᠤ ᠮᠡᠳᠡᠭᠰᠡᠨ ᠲᠣᠭᠲᠠᠭ᠋ᠠᠯ᠎ᠠᠴᠠ ᠵᠥᠷᠢᠴᠡᠨ ᠵᠠᠷᠤᠳᠠᠯ ᠬᠤᠷᠢᠶᠠᠭᠰᠠᠨ ᠰᠦᠪᠡᠭᠴᠢ ᠵᠢ ᠴᠠᠭ ᠲᠤᠬᠠᠶ᠎ᠳᠤᠨᠢ ᠪᠠᠶ᠋ᠢᠴᠠᠭ᠋ᠠᠨ ᠰᠢᠢ᠍ᠳᠪᠦᠷᠢᠯᠡᠵᠦ ᠵᠠᠯᠠᠷᠠᠭᠤᠯᠬᠤ ᠬᠡᠷᠡᠭᠲᠡᠶ᠃ ᠳᠤᠰᠬᠠᠢ ᠵᠠᠰᠠᠯᠲᠠ ᠵᠢ ᠬᠡᠷᠡᠭᠵᠢᠭᠦᠯᠬᠦ ᠱᠠᠲᠤ (2022 ᠣᠨ᠎ᠤ** ᠰᠠᠷ᠎ᠠ)᠎ᠳᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠬᠢᠨᠠᠨ ᠪᠠᠢ᠌ᠴᠠᠭ᠋ᠠᠬᠤ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠵᠦ᠂ ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠮᠠᠨ ᠬᠥᠨᠳᠡᠶ᠎ᠳᠤ ᠲᠠᠷᠢᠬᠤ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢ ᠬᠡᠷᠡᠭᠵᠢᠭᠦᠯᠦᠭᠰᠡᠨ ᠪᠠᠶ᠋ᠢᠳᠠᠯ ᠪᠠ ᠲᠠᠷᠢᠬᠤ ᠰᠢᠳᠦ ᠵᠡᠷᠭᠡ ᠬᠣᠷᠣᠭᠳᠠᠯ ᠮᠠᠲ᠋ᠧᠷᠢᠶᠠᠯ᠎ᠢ ᠪᠣᠳᠠᠲᠠᠶ ᠬᠤᠳᠠᠯᠳᠤᠨ ᠠᠪᠤᠭᠰᠠᠨ ᠪᠠᠶ᠋ᠢᠳᠠᠯ ᠵᠢᠴᠢ ᠲᠠᠷᠢᠬᠤ ᠰᠢᠳᠦᠨᠤ ᠬᠣᠷᠣᠭᠳᠠᠯ ᠮᠠᠲ᠋ᠧᠷᠢᠶᠠᠯ᠂ ᠲᠠᠷᠢᠬᠤ ᠰᠢᠳᠦᠨᠤ ᠮᠡᠰᠡ ᠵᠠᠰᠠᠯ᠎ᠤᠨ ᠦᠨ᠎ᠡ ᠬᠠᠩᠰᠢ᠂ ᠡᠪᠡᠳᠴᠢᠲᠡᠨ᠎ᠤ ᠤᠳᠠᠭ᠎ᠠ ᠪᠦᠷᠢ ᠵᠢᠨ ᠳᠤᠮᠳᠠᠴᠢ ᠵᠠᠷᠤᠳᠠᠯ ᠵᠡᠷᠭᠡ ᠭᠣᠣᠯᠳᠠᠯᠭ᠎ᠠ᠎ᠲᠠᠢ ᠭᠦᠢ᠍ᠴᠡᠳᠭᠡᠯ ᠲᠣᠭ᠎ᠠ ᠵᠢᠨ ᠬᠤᠪᠢᠷᠠᠯᠲᠠ ᠵᠢ ᠨᠢᠭᠲᠠ ᠠᠩᠬᠠᠷᠴᠤ᠂ ᠡᠯ᠎ᠡ ᠵᠦᠢ᠍ᠯ᠎ᠤᠨ ᠵᠠᠰᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ ᠨᠠᠷᠢᠯᠢᠬ᠍ᠵᠢᠭᠤᠯᠬᠤ ᠵᠢ ᠦᠨᠡᠨ ᠬᠦ᠌ ᠪᠠᠲᠤᠯᠠᠵᠤ᠂ ᠮᠤᠵᠢ ᠵᠢᠨ ᠳᠡᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠮᠤᠵᠢ᠎ᠪᠠᠷ ᠨᠢᠭᠡᠴᠢ ᠪᠣᠯᠭ᠋ᠠᠨ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠶ᠃ 2023 ᠣᠨ᠎ᠤ * * ᠰᠠᠷ᠎ᠠ᠎ᠠᠴᠠ ᠡᠬᠢᠯᠡᠨ᠂ ᠠᠮᠠᠨ ᠬᠥᠨᠳᠡᠢ᠎ᠳᠤ ᠲᠠᠷᠢᠬᠤ ᠦᠨ᠎ᠡ ᠬᠠᠩᠰᠢ ᠵᠢᠨ ᠵᠠᠰᠠᠯᠲᠠ ᠵᠢᠨ 《ᠪᠤᠴᠠᠨ ᠬᠠᠷᠠᠬᠤ》 ᠠᠵᠢᠯ᠎ᠢ ᠥᠷᠨᠢᠭᠦᠯᠵᠦ᠂ ᠡᠯ᠎ᠡ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠣᠷᠣᠨ ᠪᠦᠰᠡ ᠵᠢᠨ ᠳᠣᠲᠤᠷ᠎ᠠ ᠦᠨ᠎ᠡ ᠬᠠᠩᠰᠢ ᠵᠢᠨ ᠨᠡᠷᠡᠰ᠎ᠤᠨ ᠵᠢᠭᠰᠠᠭ᠋ᠠᠯᠲᠠ ᠡᠮᠦᠨᠡᠭᠦᠷ ᠣᠷᠣᠵᠤ᠂ ᠣᠯᠠᠨ ᠲᠦᠮᠡᠨ ᠵᠠᠭ᠋ᠠᠯᠳᠤᠯᠭ᠎ᠠ ᠬᠢᠵᠦ ᠢᠯᠡᠴᠢᠯᠡᠨ ᠮᠡᠳᠡᠭᠦᠯᠦᠭᠰᠡᠨ᠎ᠨᠢ ᠨᠡᠯᠢᠶᠡᠳ ᠠᠷᠪᠢᠨ᠂ ᠲᠠᠷᠢᠬᠤ ᠰᠢᠳᠦ ᠵᠢ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠣᠯᠴᠠᠬᠤ ᠵᠢ ᠲᠡᠪᠴᠢᠭᠰᠡᠨ ᠪᠤᠶᠤ ᠲᠣᠭ᠎ᠠ ᠬᠡᠮᠵᠢᠶ᠎ᠡ᠎ᠪᠠᠨ ᠨᠢᠭᠤᠨ ᠳᠠᠯᠳᠠᠯᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠪᠠᠢ᠌ᠴᠠᠭ᠋ᠠᠬᠤ ᠭᠣᠣᠯᠳᠠᠯᠭ᠎ᠠ ᠪᠣᠯᠭ᠋ᠠᠵᠤ᠂ ᠪᠠᠶ᠋ᠢᠴᠠᠭ᠋ᠠᠬᠤ ᠶᠠᠪᠤᠴᠠ᠎ᠳᠤ ᠡᠮᠴᠢᠯᠡᠭᠡᠨ᠎ᠤ ᠪᠠᠶ᠋ᠢᠭᠤᠯᠤᠮᠵᠢ ᠵᠢᠨ ᠳᠠᠪᠬᠤᠷᠳᠠᠭᠤᠯᠤᠨ ᠵᠠᠷᠤᠳᠠᠯ ᠬᠤᠷᠢᠶᠠᠭᠰᠠᠨ᠂ ᠦᠨ᠎ᠡ ᠬᠠᠩᠰᠢᠢ ᠮᠡᠬᠡᠯᠡᠭᠰᠡᠨ᠂ ᠬᠤᠳᠠᠯ ᠬᠠᠭᠤᠷᠮᠠᠭ ᠵᠶ᠋ᠠᠷ ᠤᠬᠠᠭᠤᠯᠤᠭᠰᠠᠨ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠰᠦᠪᠡᠭᠴᠢ ᠵᠢᠴᠢ ᠠᠮᠠᠨ ᠬᠥᠨᠳᠡᠢ᠎ᠳᠤ ᠲᠠᠷᠢᠬᠤ ᠡᠮᠴᠢᠯᠡᠭᠡᠨ᠎ᠤ ᠦᠢ᠍ᠯᠡᠴᠢᠯᠡᠭᠡ ᠵᠢ ᠬᠠᠩᠭ᠋ᠠᠬᠤ ᠶᠠᠪᠤᠴᠠ᠎ᠳᠤ ᠵᠦᠢ ᠵᠣᠬᠢᠰ ᠦᠭᠡᠢ ᠪᠥᠭᠡᠳ ᠵᠢᠷᠤᠮᠵᠢᠯ ᠦᠭᠡᠢ ᠪᠠᠶ᠋ᠢᠴᠠᠭ᠋ᠠᠵᠤ ᠣᠨᠣᠰᠢᠯᠠᠨ ᠡᠮᠨᠡᠵᠦ ᠪᠠᠢ᠌ᠭ᠎ᠠ ᠠᠵᠢᠯᠯᠠᠭ᠎ᠠ ᠵᠢ ᠣᠯᠵᠤ ᠮᠡᠳᠡᠪᠡᠯ᠂ ᠠᠵᠢᠯ ᠲᠥᠷᠥᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃
ᠡᠯ᠎ᠡ ᠭᠠᠵᠠᠷ᠎ᠤᠨ᠎ᠬᠢᠨ ᠠᠮᠠᠨ ᠬᠥᠨᠳᠡᠶ᠎ᠳᠤ ᠲᠠᠷᠢᠬᠤ ᠵᠡᠷᠭᠡ ᠤᠨᠠᠭᠰᠠᠨ ᠰᠢᠳᠦ ᠵᠢ ᠨᠥᠬᠦᠬᠦ ᠲᠥᠷᠥᠯ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠪᠠ ᠬᠣᠷᠣᠭᠳᠠᠯ ᠮᠠᠲ᠋ᠧᠷᠢᠶᠠᠯ᠎ᠢ ᠳᠤᠰᠬᠠᠢ ᠵᠠᠰᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠥᠬᠥ ᠠᠵᠢᠯ ᠲᠥᠷᠥᠯ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠭᠦᠢ᠍ᠴᠡᠳᠭᠡᠨ᠂ ᠲᠤᠰᠬᠠᠶ ᠬᠦᠴᠦᠨ᠎ᠢ ᠵᠣᠬᠢᠶᠠᠨ ᠪᠠᠶ᠋ᠢᠭᠤᠯᠵᠤ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠨᠠᠷᠢᠨ ᠬᠢᠨᠠᠮᠠᠭ᠋ᠠᠶ ᠠᠬᠢᠭᠤᠯᠤᠨ᠂ ᠠᠯᠪᠠᠨ᠎ᠠᠴᠠ ᠪᠠᠶ᠋ᠢᠭᠤᠯᠤᠭᠰᠠᠨ ᠪᠠ ᠠᠷᠠᠳ᠎ᠠᠴᠠ ᠡᠵᠡᠩᠨᠡᠭᠰᠡᠨ ᠡᠮᠴᠢᠯᠡᠭᠡᠨ᠎ᠤ ᠪᠠᠶ᠋ᠢᠭᠤᠯᠤᠮᠵᠢ ᠵᠢ ᠪᠦᠷᠢᠨ ᠪᠦᠷᠬᠦᠭᠦᠯᠬᠦ ᠵᠢ ᠪᠡᠶᠡᠯᠡᠭᠦᠯᠬᠦ ᠬᠡᠷᠡᠭᠲᠡᠶ᠃ ᠠᠷᠠᠳ ᠲᠦᠮᠡᠨ ᠵᠶ᠋ᠠᠷ ᠭᠣᠣᠯᠯᠠᠭᠤᠯᠬᠤ ᠲᠦᠷᠦ ᠪᠠᠷᠢᠬᠤ ᠣᠨᠣᠯᠵᠢᠬᠤᠨ᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠲᠠᠷᠢᠬᠤ ᠰᠢᠳᠤᠨᠤ ᠡᠮᠴᠢᠯᠡᠭᠡᠨ᠎ᠤ ᠦᠢ᠍ᠯᠡᠴᠢᠯᠡᠭᠡ ᠪᠣᠯᠤᠨ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠬᠠᠮᠵᠢᠯᠴᠠᠭ᠎ᠠ ᠵᠢ ᠴᠢᠩᠭ᠋ᠠᠳᠬᠠᠵᠤ᠂ ᠲᠠᠷᠢᠬᠤ ᠰᠢᠳᠤᠨᠤ ᠡᠮᠴᠢᠯᠡᠭᠡᠨ᠎ᠤ ᠦᠢ᠍ᠯᠡᠴᠢᠯᠡᠭᠡ ᠪᠣᠯᠤᠨ ᠬᠣᠷᠣᠭᠳᠠᠯ ᠮᠠᠲ᠋ᠧᠷᠢᠶᠠᠯ᠎ᠤᠨ ᠬᠡᠶ᠋ᠢᠰᠪᠦᠷᠢ ᠥᠨᠳᠥᠷ ᠦᠨ᠎ᠡ ᠵᠢ ᠦᠨᠡᠨ ᠬᠦ᠌ ᠪᠠᠭᠤᠷᠠᠭᠤᠯᠵᠤ᠂ ᠠᠷᠠᠳ ᠤᠯᠠᠨ᠎ᠤ ᠵᠠᠷᠤᠳᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ᠃