ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠤᠷᠪᠠᠯᠵᠢ᠂ ᠥᠳᠥᠭᠡᠭᠴᠢ ᠵᠢᠴᠢ ᠢᠵᠢ ᠪᠦᠷᠢᠳᠦᠭᠦᠯᠦᠭᠰᠡᠨ ᠬᠣᠷᠣᠭᠳᠠᠯ ᠮᠠᠲ᠋ᠧᠷᠢᠶᠠᠯ᠎ᠤᠨ ᠬᠢᠵᠠᠭ᠋ᠠᠷᠯᠠᠭᠰᠠᠨ ᠦᠨ᠎ᠡ ᠵᠢᠨ ᠬᠣᠯᠪᠤᠯᠳᠤᠨ ᠬᠥᠳᠡᠯᠦᠯᠴᠡᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2022-12-08

      ᠥᠪᠥᠷ ᠡᠮᠴᠢᠯᠡᠭᠡᠨ᠎ᠤ ᠪᠠᠲᠤᠯᠠᠭ᠎ᠠ ᠠᠯᠪᠠᠨ ᠥᠰᠥᠭ [2022] 220 ᠳ᠋ᠤᠭ᠋ᠠᠷ ᠲᠣᠭ᠋ᠠᠲᠤ

 

ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ᠄

   《ᠰᠢᠨ᠎ᠡ ᠲᠢᠲᠢᠮᠯᠢᠭ ᠸᠢᠷᠦ᠋ᠰ᠎ᠤᠨ ᠥᠳᠥᠭᠡᠭᠴᠢ᠎ᠤᠨ ᠪᠠᠢ᠌ᠴᠠᠭ᠋ᠠᠯᠲᠠ ᠵᠢ ᠬᠡᠷᠡᠭᠯᠡᠬᠦ ᠲᠥᠰᠦᠯ (ᠲᠤᠷᠰᠢᠨ ᠬᠡᠷᠡᠭᠵᠢᠭᠦᠯᠬᠦ)》 (ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠲᠣᠭᠲᠠᠴᠠ ᠵᠢᠨ ᠶᠡᠷᠦᠩᠬᠡᠶ᠋ᠢᠯᠡᠨ ᠲᠠᠷᠬᠠᠭ᠋ᠠᠭᠰᠠᠨ [2022] 21 ᠳ᠋ᠦ᠍ᠭᠡᠷ ᠲᠣᠭ᠋ᠠᠲᠤ) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠤᠷᠪᠠᠯᠵᠢ ᠵᠢᠴᠢ ᠢᠵᠢ ᠪᠦᠷᠢᠳᠦᠭᠦᠯᠦᠭᠰᠡᠨ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠪᠢᠴᠢᠭ ᠮᠠᠲ᠋ᠧᠷᠢᠶᠠᠯ (NMG-HC2021-2)》 (ᠳᠣᠷᠣᠭᠰᠢ 《ᠬᠤᠳᠠᠯᠳᠤᠨ ᠠᠪᠬᠤ ᠪᠢᠴᠢᠭ ᠮᠠᠲ᠋ᠧᠷᠢᠶᠠᠯ》 ᠭᠡᠵᠦ ᠲᠣᠪᠴᠢᠯᠠᠨ᠎ᠠ)᠎ᠤᠨ ᠲᠣᠭᠲᠠᠭ᠋ᠠᠯ ᠶᠣᠰᠣᠭ᠋ᠠᠷ᠂ ᠡᠳᠦᠭᠡ ᠪᠣᠳᠠᠲᠠᠶ᠎ᠲᠠᠢ ᠤᠶᠠᠯᠳᠤᠭᠤᠯᠤᠨ᠂ ᠮᠠᠨ᠎ᠤ ᠣᠷᠣᠨ᠎ᠤ ᠰᠢᠨ᠎ᠡ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠤᠷᠪᠠᠯᠵᠢ᠂ ᠥᠳᠥᠭᠡᠭᠴᠢ ᠵᠢᠴᠢ ᠢᠵᠢ ᠪᠦᠷᠢᠳᠦᠭᠦᠯᠦᠭᠰᠡᠨ ᠬᠣᠷᠣᠭᠳᠠᠯ ᠮᠠᠲ᠋ᠧᠷᠢᠶᠠᠯ᠎ᠤᠨ ᠬᠢᠵᠠᠭ᠋ᠠᠷᠯᠠᠭᠰᠠᠨ ᠦᠨ᠎ᠡ ᠵᠢᠨ ᠬᠣᠯᠪᠤᠯᠳᠤᠨ ᠬᠥᠳᠡᠯᠦᠯᠴᠡᠬᠦ ᠠᠵᠢᠯ᠎ᠢ ᠰᠠᠶ᠋ᠢᠲᠤᠷ ᠬᠢᠬᠦ ᠲᠤᠬᠠᠶ ᠬᠣᠯᠪᠣᠭᠳᠠᠯ ᠪᠥᠬᠥᠶ ᠵᠦᠢ᠍ᠯ᠎ᠢ ᠳᠤᠤᠷᠠᠬᠢ ᠮᠡᠲᠦ ᠮᠡᠳᠡᠭᠳᠡᠪᠡ᠃

    ᠨᠢᠭᠡ᠂ ᠬᠡᠷᠡᠭᠵᠢᠭᠦᠯᠬᠦ ᠬᠡᠪᠴᠢᠶ᠎ᠡ

    ᠦᠢ᠍ᠯᠡᠳᠭᠦᠨ᠎ᠤ ᠬᠡᠪᠴᠢᠶ᠎ᠡ᠄ ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ (2019-nCoV)᠎ᠤᠨ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠤᠷᠪᠠᠯᠵᠢ᠂ ᠪᠣᠯᠪᠠᠰᠤᠷᠠᠭᠤᠯᠬᠤ ᠤᠷᠪᠠᠯᠵᠢ᠂ ᠥᠳᠥᠭᠡᠭᠴᠢ ᠪᠠ ᠨᠢᠭᠡ ᠯᠡ ᠤᠳᠠᠭ᠎ᠠ ᠵᠢᠨ ᠴᠢᠨᠠᠷᠲᠠᠶ ᠸᠢᠷᠦ᠋ᠰ᠎ᠤᠨ ᠥᠯᠢᠭᠡᠷ ᠠᠪᠬᠤ ᠬᠤᠷᠤᠭᠤ ᠰᠢᠯ᠃

    ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠪᠴᠢᠶ᠎ᠡ᠄ ᠪᠥᠬᠦ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ (ᠴᠡᠷᠢᠭ ᠠᠩᠭᠢ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢ ᠪᠠᠭᠲᠠᠭ᠋ᠠᠨ᠎ᠠ᠂ ᠳᠣᠷᠣᠭᠰᠢ ᠠᠳᠠᠯᠢ)᠂ ᠡᠮᠴᠢᠯᠡᠭᠡᠨ᠎ᠤ ᠪᠠᠲᠤᠯᠠᠭ᠎ᠠ ᠵᠢᠨ ᠴᠡᠭ ᠲᠣᠭᠲᠠᠭ᠋ᠠᠭᠰᠠᠨ ᠨᠡᠶ᠋ᠢᠭᠡᠮ᠎ᠠᠴᠠ ᠡᠷᠬᠢᠯᠡᠭᠰᠡᠨ ᠡᠮᠴᠢᠯᠡᠭᠡᠨ᠎ᠤ ᠪᠠᠶ᠋ᠢᠭᠤᠯᠤᠮᠵᠢ᠃

     ᠬᠣᠶᠠᠷ᠂ ᠭᠦᠢ᠍ᠴᠡᠳᠬᠡᠬᠦ ᠴᠠᠭ

   2022 ᠣᠨ᠎ᠤ 12 ᠰᠠᠷ᠎ᠠ ᠵᠢᠨ 16᠎ᠤ ᠡᠳᠦᠷ᠎ᠤᠨ ᠲᠡᠭ ᠴᠠᠭ᠎ᠠᠴᠠ ᠡᠬᠢᠯᠡᠵᠦ ᠬᠡᠷᠡᠭᠵᠢᠭᠦᠯᠦᠨ᠎ᠡ᠃ 《ᠥᠪᠡᠷᠲᠡᠭᠡᠨ ᠵᠠᠰᠠᠬᠤ ᠣᠷᠣᠨ᠎ᠤ ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠤᠷᠪᠠᠯᠵᠢ ᠵᠢᠴᠢ ᠢᠵᠢ ᠪᠦᠷᠢᠳᠦᠭᠦᠯᠦᠭᠰᠡᠨ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠢ ᠨᠠᠶ᠋ᠢᠳᠠᠪᠤᠷᠢᠵᠢᠭᠤᠯᠬᠤ ᠲᠤᠬᠠᠶ ᠮᠡᠳᠡᠭᠳᠡᠯ》 (ᠥᠪᠥᠷ ᠡᠮᠴᠢᠯᠡᠭᠡᠨ᠎ᠤ ᠪᠠᠲᠤᠯᠠᠭ᠎ᠠ ᠠᠯᠪᠠᠨ ᠲᠠᠷᠬᠠᠭ᠋ᠠᠭᠰᠠᠨ [2021] 35 ᠳ᠋ᠤᠭ᠋ᠠᠷ ᠲᠣᠭ᠋ᠠᠲᠤ)᠎ᠢ ᠵᠡᠷᠭᠡ᠎ᠳᠤ᠎ᠨᠢ ᠬᠦᠴᠦᠨ ᠥᠬᠡᠶ ᠪᠣᠯᠭ᠋ᠠᠨ᠎ᠠ᠃

     ᠭᠤᠷᠪᠠ᠂ ᠰᠦᠯᠵᠢᠶᠡᠨ᠎ᠳᠤ ᠡᠯᠭᠦᠬᠦ ᠪᠠ ᠬᠤᠳᠠᠯᠳᠤᠨ ᠠᠪᠬᠤ

   ᠡᠨᠡ ᠤᠳᠠᠭ᠋ᠠᠨ᠎ᠤ ᠦᠢ᠍ᠯᠡᠳᠭᠦᠨ᠎ᠤ ᠰᠦᠯᠵᠢᠶᠡᠨ᠎ᠳᠤ ᠡᠯᠭᠦᠬᠦ ᠦᠨ᠎ᠡ ᠬᠠᠩᠰᠢ ᠵᠢ ᠪᠥᠬᠥ ᠤᠯᠤᠰ᠎ᠤᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠤᠭᠳᠠᠭᠰᠠᠨ ᠬᠠᠮᠤᠭ᠎ᠤᠨ ᠳᠤᠤᠷ᠎ᠠ ᠦᠨ᠎ᠡ ᠬᠠᠩᠰᠢ᠎ᠲᠠᠢ ᠬᠣᠯᠪᠤᠭᠳᠠᠭᠤᠯᠤᠨ᠂ ᠥᠪᠡᠷᠲᠡᠭᠡᠨ ᠵᠠᠰᠠᠬᠤ ᠣᠷᠣᠨ᠎ᠠᠴᠠ ᠦᠢ᠍ᠯᠡᠳᠭᠦᠨ᠎ᠢ ᠰᠦᠯᠵᠢᠶᠡᠨ᠎ᠳᠤ ᠡᠯᠭᠦᠬᠦ ᠬᠠᠮᠤᠭ᠎ᠤᠨ ᠥᠨᠳᠥᠷ ᠪᠠᠷᠢᠮᠵᠢᠶ᠎ᠠ ᠵᠢ ᠲᠣᠭᠲᠠᠭ᠋ᠠᠵᠤ᠂ ᠨᠥᠬᠥᠴᠡᠯ᠎ᠳᠤ ᠨᠡᠢ᠌ᠴᠡᠭᠰᠡᠨ ᠠᠵᠤ ᠠᠬᠤᠶ᠋ᠢᠯᠠᠯ ᠰᠠᠨᠠᠭ᠋ᠠᠴᠢᠯᠠᠭ᠎ᠠ᠎ᠠᠴᠠ᠎ᠪᠠᠨ ᠰᠦᠯᠵᠢᠶᠡᠨ᠎ᠳᠤ ᠡᠯᠭᠦᠬᠦ᠎ᠪᠠᠷ ᠭᠤᠶᠤᠴᠢᠯᠠᠵᠤ᠂ ᠨᠢᠭᠡᠨᠲᠡ ᠰᠦᠯᠵᠢᠶᠡᠨ᠎ᠳᠤ ᠡᠯᠭᠦᠭᠰᠡᠨ ᠦᠢ᠍ᠯᠡᠳᠭᠦᠨ᠎ᠤ ᠰᠦᠯᠵᠢᠶᠡᠨ᠎ᠳᠤ ᠡᠯᠭᠦᠭᠰᠡᠨ ᠦᠨ᠎ᠡ ᠬᠠᠩᠰᠢ ᠵᠢ ᠲᠣᠬᠢᠷᠠᠭᠤᠯᠤᠨ᠎ᠠ᠃ ᠡᠮᠴᠢᠯᠡᠭᠡᠨ᠎ᠤ ᠪᠠᠶ᠋ᠢᠭᠤᠯᠤᠮᠵᠢ᠎ᠨᠢ ᠠᠵᠤ ᠠᠬᠤᠶ᠋ᠢᠯᠠᠯ᠎ᠤᠨ ᠰᠦᠯᠵᠢᠶᠡᠨ᠎ᠳᠤ ᠡᠯᠭᠦᠭᠰᠡᠨ ᠦᠨ᠎ᠡ᠎ᠠᠴᠠ ᠥᠨᠳᠥᠷ ᠪᠣᠰᠤ ᠦᠨ᠎ᠡ᠎ᠪᠠᠷ ᠬᠤᠳᠠᠯᠳᠤᠨ ᠠᠪᠴᠤ ᠬᠡᠷᠡᠭᠯᠡᠨ᠂ ᠬᠤᠳᠠᠯᠳᠤᠨ ᠠᠪᠤᠭᠰᠠᠨ ᠨᠠᠷᠠᠲᠤ ᠲᠡᠮᠳᠡᠭᠲᠦ᠂ ᠬᠡᠪ ᠪᠠᠷᠢᠮᠵᠢᠶ᠎ᠠ ᠬᠡᠯᠪᠡᠷᠢ ᠮᠠᠶᠢᠭ᠂ ᠲᠣᠭ᠎ᠠ ᠬᠡᠮᠵᠢᠶ᠎ᠡ ᠵᠡᠷᠭᠡ ᠵᠢ ᠡᠮᠴᠢᠯᠡᠭᠡᠨ᠎ᠤ ᠪᠠᠶ᠋ᠢᠭᠤᠯᠤᠮᠵᠢ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ ᠡᠵᠡᠨ ᠮᠡᠳᠡᠵᠦ ᠲᠣᠭᠲᠠᠭ᠋ᠠᠨ᠎ᠠ᠃

    ᠳᠥᠷᠪᠡ᠂ ᠦᠢ᠍ᠯᠡᠳᠬᠦᠨ᠎ᠢ ᠬᠠᠩᠭ᠋ᠠᠵᠤ ᠲᠣᠬᠢᠷᠠᠭᠤᠯᠤᠨ ᠬᠦᠷᠭᠡᠬᠦ

    ᠠᠵᠤ ᠠᠬᠤᠶ᠋ᠢᠯᠠᠯ ᠪᠣᠯ ᠬᠠᠩᠭ᠋ᠠᠯᠭ᠎ᠠ ᠵᠢ ᠪᠠᠲᠤᠯᠠᠬᠤ ᠨᠢᠭᠡᠳᠦᠭᠡᠷ ᠬᠠᠷᠢᠭᠤᠴᠠᠯᠭ᠋ᠠᠲᠠᠨ ᠪᠣᠯᠤᠭᠰᠠᠨ᠎ᠤ ᠬᠤᠪᠢ᠎ᠳᠤ᠂ ᠬᠤᠳᠠᠯᠳᠤᠨ ᠠᠪᠬᠤ ᠪᠠ ᠪᠣᠷᠣᠯᠠᠭᠤᠯᠬᠤ ᠬᠡᠯᠡᠯᠴᠡᠭᠡᠷ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠠᠩᠭ᠋ᠠᠬᠤ ᠪᠠ ᠬᠡᠷᠡᠭᠰᠡᠬᠦ ᠬᠣᠶᠠᠷ ᠲᠠᠯ᠎ᠠ᠎ᠪᠠᠷ ᠵᠶ᠋ᠠᠨ ᠨᠥᠬᠥᠷᠰᠡᠭ ᠵᠶ᠋ᠠᠷ ᠬᠡᠯᠡᠯᠴᠡᠭᠰᠡᠨ ᠰᠠᠭᠤᠷᠢᠨ ᠳᠡᠭᠡᠷ᠎ᠡ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠢ ᠡᠵᠡᠨ ᠮᠡᠳᠡᠨ ᠰᠣᠩᠭᠣᠨ ᠲᠣᠭᠲᠠᠭ᠋ᠠᠵᠤ᠂ ᠰᠣᠩᠭᠣᠭᠳᠠᠭᠰᠠᠨ ᠦᠢ᠍ᠯᠡᠳᠬᠦᠨ᠎ᠢ ᠲᠣᠬᠢᠷᠠᠭᠤᠯᠤᠨ ᠬᠦᠷᠭᠡᠬᠦ ᠠᠵᠢᠯ᠎ᠢ ᠡᠭᠦᠷᠭᠡᠯᠡᠵᠦ ᠪᠠᠶ᠋ᠢᠭ᠎ᠠ ᠲᠣᠬᠢᠷᠠᠭᠤᠯᠤᠨ ᠬᠦᠷᠭᠡᠬᠦ ᠡᠯ᠎ᠡ ᠠᠵᠤ ᠠᠬᠤᠶ᠋ᠢᠯᠠᠯ ᠡᠮᠴᠢᠯᠡᠭᠡᠨ᠎ᠤ ᠪᠠᠶ᠋ᠢᠭᠤᠯᠤᠮᠵᠢ ᠵᠢᠨ ᠵᠠᠬᠢᠶᠠᠯᠠᠭ᠎ᠠ ᠵᠢ ᠴᠠᠭ ᠲᠤᠬᠠᠶ᠎ᠳᠤ᠎ᠨᠢ ᠪᠡᠶᠡᠯᠡᠭᠦᠯᠵᠦ᠂ ᠡᠮᠴᠢᠯᠡᠭᠡᠨ᠎ᠳᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠶ᠃

    ᠲᠠᠪᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠯᠣᠭᠣᠳᠣᠯᠭ᠎ᠠ ᠵᠢ ᠰᠠᠶ᠋ᠢᠲᠤᠷ ᠬᠢᠬᠦ ᠬᠡᠷᠡᠭᠲᠡᠶ

    ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠰᠦᠯᠵᠢᠶᠡᠨ᠎ᠳᠤ ᠡᠯᠭᠦᠭᠰᠡᠨ ᠦᠢ᠍ᠯᠡᠳᠭᠦᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠰᠠᠶ᠋ᠢᠲᠤᠷ ᠬᠢᠵᠦ᠂ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ ᠠᠵᠢᠯ᠎ᠢ ᠴᠠᠭ ᠲᠤᠬᠠᠶ᠎ᠳᠤ᠎ᠨᠢ ᠰᠠᠶ᠋ᠢᠲᠤᠷ ᠬᠢᠵᠦ᠂ ᠶᠠᠷᠢᠶ᠎ᠠ ᠬᠡᠯᠡᠯᠴᠡᠭᠡᠨ᠎ᠤ ᠪᠦᠬᠦᠯᠢ ᠴᠣᠭᠴᠠ ᠵᠢᠨ ᠲᠣᠭᠲᠠᠭᠤᠨ᠎ᠢ ᠦᠨᠡᠨ ᠬᠦ᠌ ᠪᠠᠲᠤᠯᠠᠨ᠂ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃

 

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ

       2022 ᠣᠨ᠎ᠤ 12 ᠰᠠᠷ᠎ᠠ ᠵᠢᠨ 6᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠲᠦᠷ ᠵᠤᠭᠰᠤᠭ᠋ᠠᠬᠤ ᠠᠯᠪᠠᠨ ᠵᠠᠷᠯᠠᠯ
ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠦᠨ᠎ᠡ ᠬᠠᠩᠰᠢ᠎ᠳᠤ ᠲᠤᠬᠢᠷᠠᠭᠤᠯᠤᠯᠲᠠ ᠬᠢᠬᠦ ᠲᠤᠬᠠᠢ ᠮᠡᠳᠡᠭᠳᠡᠯ
ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠯᠵᠢᠶᠡᠨ ᠭᠠᠳᠠᠨᠠᠬᠢ ᠦᠢ᠍ᠯᠡᠴᠢᠯᠡᠭᠡ ᠵᠢ ᠲᠦᠷ ᠵᠣᠭᠰᠤᠭ᠋ᠠᠬᠤ ᠲᠤᠬᠠᠢ ᠮᠡᠳᠡᠭᠳᠡᠯ
ᠠᠵᠢᠯᠯᠠᠭ᠎ᠠ ᠲᠦᠷ ᠵᠣᠭᠰᠣᠬᠤ ᠠᠯᠪᠠᠨ ᠵᠠᠷ
 
            