ᠡᠯ᠎ᠡ ᠬᠠᠮᠢᠶ᠎ᠠ ᠪᠦᠬᠦᠢ ᠠᠵᠤ ᠠᠬᠤᠶ᠋ᠢᠯᠠᠯ᠄
《ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠤᠨ ᠵᠣᠷᠢᠭ ᠰᠠᠨᠠᠭ᠎ᠠ ᠶᠣᠰᠣᠭ᠋ᠠᠷ᠂ 《ᠡᠮᠴᠢᠯᠡᠭᠡᠨ᠎ᠤ ᠥᠨᠳᠥᠷ ᠥᠷᠲᠡᠭᠲᠦ ᠬᠣᠷᠣᠭᠳᠠᠯ ᠮᠠᠲ᠋ᠧᠷᠢᠶᠠᠯ᠎ᠢ ᠵᠠᠰᠠᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠦᠷᠦ ᠠᠯᠪᠠᠨ ᠲᠠᠷᠬᠠᠭ᠋ᠠᠭᠰᠠᠨ [ 2019] 37 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠱᠠᠨ ᠰᠢ ᠮᠤᠵᠢ᠂ ᠯᠢᠶᠣᠤᠨᠢᠩ ᠮᠣᠵᠢ᠂ ᠭᠢᠷᠢᠨ ᠮᠣᠵᠢ᠂ ᠬᠠᠷᠠᠮᠥ᠋ᠷᠡᠨ ᠮᠣᠵᠢ᠂ ᠵᠢᠶᠠᠩᠰᠢ ᠮᠣᠵᠢ᠂ ᠬᠠᠶ᠋ᠢᠨᠠᠨ ᠮᠣᠵᠢ᠂ ᠭᠦᠢ᠍ᠵᠸᠤ ᠮᠤᠵᠢ᠂ ᠲᠥᠪᠡᠳ᠎ᠤᠨ ᠥᠪᠡᠷᠲᠡᠭᠡᠨ ᠵᠠᠰᠠᠬᠤ ᠣᠷᠣᠨ᠂ ᠱᠠᠨᠰᠢ ᠮᠣᠵᠢ᠂ ᠭᠠᠨᠰᠦ ᠮᠣᠵᠢ᠂ ᠬᠥᠬᠡᠨᠠᠭᠤᠷ ᠮᠤᠵᠢ᠂ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠂ ᠰᠢᠨᠵᠢᠶᠠᠩ᠎ᠤᠨ ᠤᠶ᠋ᠢᠭᠤᠷ᠎ᠤᠨ ᠥᠪᠡᠷᠲᠡᠭᠡᠨ ᠵᠠᠰᠠᠬᠤ ᠣᠷᠣᠨ ᠵᠡᠷᠭᠡ ᠮᠣᠵᠢ (ᠥᠪᠡᠷᠲᠡᠭᠡᠨ ᠵᠠᠰᠠᠬᠤ ᠣᠷᠣᠨ) ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠶ᠋ᠢᠳᠠᠯᠭ᠎ᠠ᠎ᠪᠠᠷ᠂ ᠴᠢᠰᠤ ᠵᠣᠭᠰᠣᠭ᠋ᠠᠬᠤ ᠮᠠᠲ᠋ᠧᠷᠢᠶᠠᠯ᠎ᠤᠨ ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠮᠤᠵᠢ ᠵᠢᠨ ᠬᠣᠭᠣᠷᠣᠨᠳᠣᠬᠢ ᠬᠣᠯᠪᠣᠭ᠎ᠠ ᠵᠢ ᠲᠥᠪᠯᠡᠷᠡᠭᠦᠯᠦᠨ ᠬᠡᠮᠵᠢᠶ᠎ᠡ ᠲᠣᠭᠲᠠᠭ᠋ᠠᠵᠤ ᠬᠤᠳᠠᠯᠳᠤᠨ ᠠᠪᠬᠤ ᠠᠯᠪᠠᠨ ᠬᠡᠷ᠎ᠢ ᠪᠠᠶ᠋ᠢᠭᠤᠯᠤᠨ᠎ᠠ᠂ ᠴᠢᠰᠤ ᠵᠣᠭᠰᠣᠭ᠋ᠠᠬᠤ ᠮᠠᠲ᠋ᠧᠷᠢᠶᠠᠯ᠎ᠤᠨ ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ ᠲᠣᠭᠲᠠᠭ᠋ᠠᠨ ᠬᠤᠳᠠᠯᠳᠤᠨ ᠠᠪᠬᠤ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠪᠣᠳᠠᠲᠠᠶ ᠬᠡᠷᠡᠭᠵᠢᠭᠦᠯᠬᠦ ᠵᠢ ᠬᠠᠷᠢᠭᠤᠴᠠᠨ᠎ᠠ᠃
ᠡᠳᠦᠭᠡ 《ᠴᠢᠰᠤ ᠵᠣᠭᠰᠣᠭ᠋ᠠᠬᠤ ᠮᠠᠲ᠋ᠧᠷᠢᠶᠠᠯ᠎ᠤᠨ ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠮᠤᠵᠢ ᠵᠢᠨ ᠬᠣᠭᠣᠷᠣᠨᠳᠣᠬᠢ ᠬᠣᠯᠪᠣᠭ᠎ᠠ ᠵᠢᠨ ᠲᠥᠪᠯᠡᠷᠡᠭᠦᠯᠦᠨ ᠬᠡᠮᠵᠢᠶ᠎ᠡ ᠲᠣᠭᠲᠠᠭ᠋ᠠᠵᠤ ᠬᠤᠳᠠᠯᠳᠤᠨ ᠠᠪᠬᠤ ᠪᠢᠴᠢᠭ ᠮᠠᠲ᠋ᠧᠷᠢᠶᠠᠯ (ᠬᠤᠳᠠᠯᠳᠤᠨ ᠠᠪᠬᠤ ᠪᠢᠴᠢᠭ ᠮᠠᠲ᠋ᠧᠷᠢᠶᠠᠯ᠎ᠤᠨ ᠳ᠋ᠤᠭ᠋ᠠᠷ᠄ SJLM - HC 2023 -1)》᠎ᠢ ᠨᠡᠶ᠋ᠢᠲᠡᠯᠡᠪᠡ᠂ ᠱᠠᠭ᠋ᠠᠷᠳᠠᠯᠭ᠎ᠠ᠎ᠳᠤ ᠨᠡᠶ᠋ᠢᠴᠡᠭᠰᠡᠨ ᠠᠵᠤ ᠠᠬᠤᠶ᠋ᠢᠯᠠᠯ᠎ᠤᠨ᠎ᠬᠢᠨ᠎ᠤ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃
ᠮᠤᠵᠢ ᠵᠢᠨ ᠬᠣᠭᠣᠷᠣᠨᠳᠣᠬᠢ ᠬᠣᠯᠪᠣᠭ᠋ᠠᠨ᠎ᠤ ᠬᠤᠳᠠᠯᠳᠤᠨ ᠠᠪᠬᠤ ᠠᠯᠪᠠᠨ ᠭᠡᠷ
(ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠲᠠᠮᠠᠭ᠎ᠠ ᠵᠢ ᠣᠷᠣᠭᠤᠯᠤᠨ ᠳᠠᠷᠤᠨ᠎ᠠ)
2023 ᠣᠨ᠎ᠤ 11 ᠳ᠋ᠦ᠍ᠭᠡᠷ ᠰᠠᠷ᠎ᠠ ᠵᠢᠨ 15᠎ᠤ ᠡᠳᠦᠷ