ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠯ᠎ᠡ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠄
ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢ ᠴᠢᠩᠭ᠋ᠠᠳᠬᠠᠨ ᠵᠢᠷᠤᠮᠵᠢᠭᠤᠯᠬᠤ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠬᠣᠲᠠ ᠪᠠᠯᠭ᠋ᠠᠰᠤ ᠵᠢᠨ ᠠᠵᠢᠯᠲᠠᠨ ᠠᠵᠢᠯᠴᠢᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠦᠢ᠍ᠯᠡᠴᠢᠯᠡᠭᠡᠨ᠎ᠤ ᠵᠥᠪᠯᠡᠯᠴᠡᠭᠡᠷ》 (ᠳᠣᠷᠣᠭᠰᠢ 《ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠵᠥᠪᠯᠡᠯᠴᠡᠭᠡᠷ》 ᠭᠡᠵᠦ ᠲᠣᠪᠴᠢᠯᠠᠨ᠎ᠠ) ᠪᠠ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 2022 ᠣᠨ᠎ᠤ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠵᠥᠪᠯᠡᠯᠴᠡᠭᠡᠷ ᠵᠶ᠋ᠠᠨ ᠭᠦᠢ᠍ᠴᠡᠳᠭᠡᠭᠰᠡᠨ ᠪᠠᠶ᠋ᠢᠳᠠᠯ᠎ᠢ ᠰᠢᠯᠭ᠋ᠠᠨ ᠬᠢᠨᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠦᠨᠳᠦᠰᠦᠯᠡᠨ᠂ ᠮᠠᠨ᠎ᠤ ᠲᠥᠪ᠎ᠨᠢ ᠲᠤᠤᠷᠵᠢᠭᠤᠯᠤᠨ ᠬᠠᠷᠢᠯᠴᠠᠨ ᠪᠠᠶ᠋ᠢᠴᠠᠭ᠋ᠠᠬᠤ᠂ ᠳᠠᠬᠢᠨ ᠪᠠᠶ᠋ᠢᠴᠠᠭ᠋ᠠᠬᠤ ᠪᠠ ᠭᠤᠷᠪᠠᠳᠠᠬᠢ ᠡᠲᠡᠭᠡᠳ᠎ᠠᠴᠠ ᠪᠠᠶ᠋ᠢᠴᠠᠭ᠋ᠠᠬᠤ ᠠᠷᠭ᠎ᠠ ᠮᠠᠶᠢᠭ᠎ᠢ ᠠᠪᠴᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 1736 ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ 2022 ᠣᠨ᠎ᠤ ᠵᠥᠪᠯᠡᠯᠴᠡᠭᠡᠷ ᠵᠶ᠋ᠠᠨ ᠭᠦᠢ᠍ᠴᠡᠳᠭᠡᠭᠰᠡᠨ ᠪᠠ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ᠎ᠢ ᠶᠡᠷᠦᠩᠬᠡᠶ᠋ᠢᠯᠡᠨ ᠰᠢᠯᠭ᠋ᠠᠪᠠ᠃ ᠤᠳᠤ ᠬᠣᠯᠪᠣᠭᠳᠠᠯ ᠪᠦᠬᠦᠢ ᠪᠠᠶ᠋ᠢᠳᠠᠯ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠬᠢᠨᠠᠨ ᠰᠢᠯᠭ᠋ᠠᠭᠰᠠᠨ ᠪᠠᠶ᠋ᠢᠳᠠᠯ
ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮ ᠰᠣᠯᠢᠬᠤ᠂ ᠬᠡᠮᠵᠢᠶ᠎ᠡ᠎ᠠᠴᠠ ᠬᠡᠲᠦᠷᠡᠭᠦᠯᠦᠨ ᠡᠮ ᠬᠠᠩᠭ᠋ᠠᠬᠤ᠂ ᠬᠡᠪᠴᠢᠶ᠎ᠡ᠎ᠠᠴᠠ ᠬᠡᠲᠦᠷᠡᠭᠦᠯᠦᠨ ᠡᠮ ᠬᠠᠩᠭ᠋ᠠᠬᠤ᠂ ᠵᠣᠷ ᠦᠭᠡᠢ᠎ᠪᠠᠷ ᠡᠮ ᠬᠠᠩᠭ᠋ᠠᠬᠤ ᠵᠡᠷᠭᠡ ᠲᠠᠯ᠎ᠠ᠎ᠳᠤ ᠭᠤᠤᠯᠳᠠᠯᠭ᠎ᠠ᠎ᠲᠠᠢ ᠶᠡᠷᠦᠩᠬᠡᠶ᠋ᠢᠯᠡᠭᠰᠡᠨ ᠰᠢᠯᠭ᠋ᠠᠨ ᠬᠢᠨᠠᠯᠲᠠ ᠬᠢᠨ᠎ᠡ᠃
(ᠨᠢᠭᠡ) ᠶᠡᠷᠦᠩᠬᠡᠶ ᠪᠠᠶ᠋ᠢᠳᠠᠯ
ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠨᠢ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠦᠢ᠍ᠯᠡᠴᠢᠯᠡᠭᠡᠨ᠎ᠤ ᠬᠡᠯᠡᠯᠴᠡᠭᠡᠷ᠎ᠢ ᠭᠦᠢ᠍ᠴᠡᠳᠭᠡᠨ᠂ ᠣᠯᠠᠨ ᠲᠦᠮᠡᠨ᠎ᠳᠤ ᠠᠮᠤᠷ ᠲᠦᠪᠰᠢᠨ᠂ ᠪᠦᠲᠦᠮᠵᠢᠲᠡᠶ᠂ ᠳᠥᠭᠥᠮ ᠳᠥᠲᠡ ᠡᠮ ᠬᠤᠳᠠᠯᠳᠤᠨ ᠠᠪᠬᠤ ᠦᠢ᠍ᠯᠡᠴᠢᠯᠡᠭᠡ ᠬᠠᠩᠭ᠋ᠠᠵᠤ ᠴᠢᠳᠠᠨ᠎ᠠ᠃ ᠨᠢᠭᠡ᠎ᠳᠤ᠂ 《ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠵᠥᠪᠯᠡᠯᠴᠡᠭᠡᠷ》᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠨ ᠳᠠᠭ᠋ᠠᠳᠬᠠᠯ᠎ᠳᠤ ᠣᠷᠣᠯᠴᠠᠭᠰᠠᠳ᠎ᠲᠤ ᠡᠮ᠎ᠤᠨ ᠵᠦᠢ᠍ᠯ᠎ᠤᠨ ᠯᠠᠪᠯᠠᠯᠭ᠎ᠠ᠂ ᠡᠮᠴᠢᠯᠡᠭᠡᠨ᠎ᠤ ᠳᠠᠭ᠋ᠠᠳᠬᠠᠯ᠎ᠤᠨ ᠡᠮ᠎ᠤᠨ ᠵᠦᠢ᠍ᠯ᠎ᠤᠨ ᠪᠣᠷᠣᠯᠠᠭᠤᠯᠭ᠎ᠠ᠂ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠳ᠋ᠦᠩᠨᠡᠨ ᠪᠣᠳᠣᠬᠤ ᠵᠡᠷᠭᠡ ᠦᠢ᠍ᠯᠡᠴᠢᠯᠡᠭᠡ ᠬᠠᠩᠭ᠋ᠠᠨ᠎ᠠ; ᠬᠣᠶᠠᠷ᠎ᠲᠤ᠂ ᠳᠣᠲᠣᠭ᠋ᠠᠳᠤ ᠵᠢᠨ ᠬᠠᠮᠢᠶᠠᠷᠤᠯᠲᠠ ᠵᠢᠨ ᠲᠦᠷᠢᠮ᠂ ᠵᠣᠷ᠎ᠤᠨ ᠡᠮ ᠬᠤᠳᠠᠯᠳᠤᠨ ᠠᠪᠬᠤ ᠵᠢ ᠳᠠᠩᠰᠠᠯᠠᠬᠤ ᠲᠦᠷᠢᠮ᠎ᠢ ᠪᠠᠶ᠋ᠢᠭᠤᠯᠬᠤ ᠵᠢᠨ ᠬᠠᠮᠲᠤ ᠵᠠᠭ᠋ᠠᠯᠳᠤᠯᠭ᠎ᠠ ᠵᠢᠨ ᠬᠠᠶ᠋ᠢᠷᠴᠠᠭ ᠪᠠ ᠡᠮᠴᠢᠯᠡᠭᠡᠨ᠎ᠤ ᠳᠠᠭ᠋ᠠᠳᠬᠠᠯ᠎ᠤᠨ ᠤᠬᠠᠭᠤᠯᠭ᠎ᠠ ᠵᠢᠨ ᠪᠤᠯᠤᠩ ᠭᠠᠷᠭ᠋ᠠᠨ᠎ᠠ; ᠭᠤᠷᠪᠠ᠎ᠳᠤ᠂ ᠠᠵᠢᠯᠲᠠᠳ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠭᠡ᠂ ᠡᠭᠦᠳᠡᠨ ᠡᠮᠨᠡᠯᠭᠡ ᠵᠢᠨ ᠤᠵᠢᠭ ᠡᠪᠡᠳᠴᠢᠨ᠂ ᠡᠭᠦᠳᠡᠨ ᠡᠮᠨᠡᠯᠭᠡ ᠵᠢᠨ ᠣᠨᠴᠠᠭ᠋ᠠᠶ ᠡᠮ ᠬᠡᠷᠡᠭᠯᠡᠬᠦ ᠵᠡᠷᠭᠡ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠰᠠᠶ᠋ᠢᠨ ᠮᠡᠳᠡᠨ᠎ᠡ; ᠳᠥᠷᠪᠡ᠎ᠳᠤ᠂ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠡᠪᠡᠳᠴᠢᠨ᠂ ᠡᠭᠦᠳᠡᠨ ᠡᠮᠨᠡᠯᠭᠡ ᠵᠢᠨ ᠣᠨᠴᠠᠭ᠋ᠠᠶ ᠡᠮ ᠬᠡᠷᠡᠭᠯᠡᠬᠦ ᠲᠣᠭᠲᠠᠭᠰᠠᠨ ᠡᠮ᠎ᠤᠨ ᠳᠡᠯᠭᠡᠭᠦᠷ᠎ᠲᠤ ᠵᠣᠬᠢᠴᠠᠩᠭᠤᠶ ᠬᠠᠮᠢᠶᠠᠷᠤᠯᠲᠠ ᠵᠢᠨ ᠲᠦᠷᠢᠮ ᠪᠠᠶ᠋ᠢᠭᠤᠯᠵᠤ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠲᠠᠩᠰᠠ ᠡᠪᠬᠡᠮᠡᠯ᠂ ᠬᠤᠪᠢ ᠬᠥᠮᠦᠨ᠎ᠤ ᠡᠬᠡ ᠲᠠᠩᠰᠠ ᠪᠠ ᠡᠬᠡ ᠲᠠᠩᠰᠠ᠂ ᠮᠡᠳᠡᠭᠦᠯᠬᠦ ᠬᠦᠰᠦᠨᠦᠭᠲᠦ ᠵᠢ ᠳᠡᠪᠲᠡᠷᠯᠡᠬᠦ ᠵᠢᠷᠤᠮᠵᠢᠯ᠂ ᠬᠡᠮᠵᠢᠶ᠎ᠡ᠎ᠠᠴᠠ ᠬᠡᠲᠦᠷᠡᠭᠦᠯᠦᠨ ᠡᠮ ᠬᠠᠩᠭ᠋ᠠᠬᠤ ᠪᠠ ᠬᠡᠪᠴᠢᠶ᠎ᠡ᠎ᠠᠴᠠ ᠬᠡᠲᠦᠷᠡᠭᠦᠯᠦᠨ ᠡᠮ ᠬᠠᠩᠭ᠋ᠠᠬᠤ ᠦᠵᠡᠭᠳᠡᠯ᠎ᠢ ᠢᠯᠡᠳᠲᠡ ᠪᠠᠭ᠋ᠠᠰᠬᠠᠨ᠎ᠠ᠃
(ᠬᠣᠶᠠᠷ) ᠣᠷᠣᠰᠢᠵᠤ ᠪᠠᠶ᠋ᠢᠭ᠎ᠠ ᠠᠰᠠᠭᠤᠳᠠᠯ
ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮᠴᠢᠯᠡᠭᠡᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠠᠵᠢᠯ᠎ᠳᠤ ᠮᠥᠨ ᠬᠦᠷᠦᠯᠴᠡᠬᠦ ᠥᠬᠡᠶ ᠲᠠᠯ᠎ᠠ ᠪᠠ ᠠᠰᠠᠭᠤᠳᠠᠯ ᠣᠷᠣᠰᠢᠵᠤ ᠪᠠᠶ᠋ᠢᠨ᠎ᠠ᠂ ᠭᠤᠤᠯᠳᠠᠭᠤ ᠳᠤᠤᠷᠠᠬᠢ ᠬᠡᠳᠦᠨ ᠲᠠᠯ᠎ᠠ᠎ᠪᠠᠷ ᠢᠯᠡᠷᠡᠵᠦ ᠪᠠᠶ᠋ᠢᠨ᠎ᠠ᠃ ᠨᠢᠭᠡ᠎ᠳᠤ᠂ ᠣᠨᠴᠠ ᠵᠠᠷᠢᠮ ᠲᠤᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠨᠢ ᠡᠮᠴᠢᠯᠡᠭᠡᠨ᠎ᠤ ᠳᠠᠭ᠋ᠠᠳᠬᠠᠯ᠎ᠤᠨ ᠠᠵᠢᠯ᠎ᠢ ᠴᠢᠬᠤᠯᠠᠴᠢᠯᠠᠭᠰᠠᠨ ᠵᠶ᠋ᠠᠷ ᠬᠦᠷᠦᠯᠴᠡᠬᠦ ᠥᠬᠡᠶ᠂ ᠳᠣᠲᠣᠭ᠋ᠠᠳᠤ ᠵᠢᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠭᠰᠠᠨ ᠥᠬᠡᠶ᠂ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠰᠠᠶ᠋ᠢᠨ ᠮᠡᠳᠡᠬᠦ ᠥᠬᠡᠶ᠂ ᠡᠮᠴᠢᠯᠡᠭᠡᠨ᠎ᠤ ᠳᠠᠭ᠋ᠠᠳᠬᠠᠯ᠎ᠤᠨ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠥᠬᠡᠶ ᠪᠠᠶ᠋ᠢᠨ᠎ᠠ; ᠬᠣᠶᠠᠷ᠎ᠲᠤ᠂ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠪᠤᠯᠤᠩ ᠭᠠᠷᠭ᠋ᠠᠭᠰᠠᠨ ᠥᠬᠡᠶ ᠪᠤᠶᠤ ᠠᠭᠤᠯᠭ᠎ᠠ ᠵᠢ ᠴᠠᠭ ᠲᠤᠬᠠᠶ᠎ᠳᠤᠨᠢ ᠰᠢᠨᠡᠳᠬᠡᠭᠰᠡᠨ ᠥᠬᠡᠶ; ᠭᠤᠷᠪᠠ᠎ᠳᠤ᠂ ᠡᠮ᠎ᠤᠨ ᠵᠦᠢ᠍ᠯ᠎ᠢ ᠬᠠᠷᠢᠯᠴᠠᠨ ᠰᠣᠯᠢᠬᠤ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠶ᠋ᠢᠨ᠎ᠠ; ᠳᠥᠷᠪᠡ᠎ᠳᠤ᠂ ᠬᠡᠰᠡᠭ ᠡᠭᠦᠳᠡᠨ ᠡᠮᠨᠡᠯᠭᠡ ᠵᠢᠨ ᠣᠨᠴᠠᠭ᠋ᠠᠶ ᠤᠳᠠᠭ᠋ᠠᠨ ᠴᠢᠨᠠᠷᠲᠠᠶ ᠡᠪᠡᠳᠴᠢᠨ᠎ᠤ ᠲᠣᠭᠲᠠᠭᠰᠠᠨ ᠡᠮ᠎ᠤᠨ ᠳᠡᠯᠭᠡᠭᠦᠷ᠎ᠤᠨ ᠳᠣᠲᠣᠭ᠋ᠠᠳᠤ ᠵᠢᠨ ᠲᠦᠷᠢᠮ᠎ᠨᠢ ᠲᠡᠭᠦᠯᠳᠡᠷ ᠪᠤᠰᠤ᠂ ᠬᠡᠮᠵᠢᠶ᠎ᠡ᠎ᠠᠴᠠ ᠬᠡᠲᠦᠷᠡᠭᠦᠯᠦᠨ ᠡᠮ ᠬᠠᠩᠭ᠋ᠠᠵᠤ᠂ ᠬᠡᠪᠴᠢᠶ᠎ᠡ᠎ᠠᠴᠠ ᠬᠡᠲᠦᠷᠡᠭᠦᠯᠦᠨ ᠡᠮ ᠬᠠᠩᠭ᠋ᠠᠵᠤ ᠪᠠᠶ᠋ᠢᠨ᠎ᠠ; ᠲᠠᠪᠤ᠎ᠳᠤ᠂ ᠬᠡᠰᠡᠭ ᠡᠮ᠎ᠤᠨ ᠳᠡᠯᠭᠡᠭᠦᠷ᠎ᠲᠤ ᠵᠣᠷ ᠥᠬᠡᠶ ᠡᠮ ᠬᠠᠩᠭ᠋ᠠᠬᠤ᠂ ᠵᠣᠷ ᠥᠬᠡᠶ ᠪᠣᠷᠣᠯᠠᠭᠤᠯᠭ᠎ᠠ ᠵᠢᠨ ᠳᠡᠩᠰᠡᠯᠡᠯᠲᠡ ᠵᠢᠨ ᠲᠡᠮᠳᠡᠭᠯᠡᠯ᠂ ᠡᠮ᠎ᠤᠨ ᠵᠣᠷ ᠪᠤᠶᠤ ᠪᠣᠷᠣᠯᠠᠭᠤᠯᠭ᠎ᠠ ᠵᠢᠨ ᠲᠡᠮᠳᠡᠭᠯᠡᠯ ᠥᠬᠡᠶ ᠵᠡᠷᠭᠡ ᠪᠠᠶ᠋ᠢᠳᠠᠯ ᠣᠷᠣᠰᠢᠵᠤ ᠪᠠᠶ᠋ᠢᠨ᠎ᠠ᠃
ᠬᠣᠶᠠᠷ᠂ ᠰᠢᠯᠭ᠋ᠠᠨ ᠬᠢᠨᠠᠭᠰᠠᠨ ᠦᠷ᠎ᠡ ᠳ᠋ᠦᠩ
(ᠨᠢᠭᠡ) ᠬᠢᠷᠢ ᠲᠡᠩᠴᠡᠭᠰᠡᠨ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ (1732 ᠭᠡᠷ)
ᠨᠠᠷᠢᠨ ᠵᠦᠢ᠍ᠯ᠎ᠢ ᠳᠠᠭ᠋ᠠᠯᠳᠤᠭᠤᠯᠤᠯ᠎ᠳᠤ ᠦᠵᠡ᠃
(ᠬᠣᠶᠠᠷ) ᠬᠢᠷᠢ ᠲᠡᠩᠴᠡᠬᠦ ᠦᠭᠡᠢ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ (4 ᠭᠡᠷ)
ᠥᠪᠥᠷ ᠮᠣᠩᠭᠣᠯ᠎ᠤᠨ ᠪᠥᠸᠧ ᠢᠦᠶ ᠶᠡᠬᠡ ᠡᠮ᠎ᠤᠨ ᠳᠡᠯᠭᠡᠭᠦᠷ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠢ ᠴᠢᠩ ᠲᠠᠩ ᠡᠮ ᠡᠮᠨᠡᠯᠭᠡ ᠵᠢᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠲᠦᠩ ᠯᠢᠩ ᠡᠮ ᠡᠮᠨᠡᠯᠭᠡ ᠵᠢᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠱᠧᠨ ᠺᠠᠩ ᠳᠡᠯᠭᠡᠭᠦᠷ᠂ ᠥᠪᠥᠷ ᠮᠣᠩᠭᠣᠯ᠎ᠤᠨ ᠰᠠᠶ᠋ᠢᠨ ᠡᠮ ᠨᠠᠶ᠋ᠢᠷᠠᠭᠴᠢ ᠰᠢᠤᠸᠠᠨ ᡁᠢ ᠡᠮ ᠡᠮᠨᠡᠯᠭᠡ ᠵᠢᠨ ᠬᠢᠵᠠᠭ᠋ᠠᠷᠲᠤ ᠺᠣᠮᠫᠠᠨᠢ᠃
ᠭᠤᠷᠪᠠ᠂ ᠰᠢᠢ᠍ᠳᠪᠦᠷᠢᠯᠡᠬᠦ ᠰᠠᠨᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠬᠣᠲᠠ ᠪᠠᠯᠭ᠋ᠠᠰᠤ ᠵᠢᠨ ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠦᠢ᠍ᠯᠡᠴᠢᠯᠡᠭᠡᠨ᠎ᠤ ᠵᠥᠪᠯᠡᠯᠴᠡᠭᠡᠷ》 ᠵᠢᠴᠢ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠣᠨ᠎ᠤ ᠶᠡᠷᠦᠩᠬᠡᠶ᠋ᠢᠯᠡᠭᠰᠡᠨ ᠬᠤᠪᠢ ᠲᠣᠭᠲᠠᠭ᠋ᠠᠭᠰᠠᠨ ᠦᠷ᠎ᠡ ᠳ᠋ᠦᠩ᠎ᠢ ᠦᠨᠳᠦᠰᠦᠯᠡᠨ᠂ 4 ᠶᠡᠷᠦᠩᠬᠡᠶ᠋ᠢᠯᠡᠭᠰᠡᠨ ᠬᠤᠪᠢ ᠲᠣᠭᠲᠠᠭ᠋ᠠᠭᠰᠠᠨ᠎ᠨᠢ ᠬᠢᠷᠢ ᠲᠡᠩᠴᠡᠬᠦ ᠦᠭᠡᠶ᠂ ᠭᠠᠷᠴᠠᠭ᠎ᠤᠨ ᠭᠠᠳᠠᠨ᠎ᠠ᠎ᠠᠴᠠ ᠰᠣᠯᠢᠭᠰᠠᠨ᠎ᠨᠢ ᠲᠣᠭᠲᠠᠭ᠋ᠠᠯ᠎ᠠᠴᠠ ᠵᠥᠷᠢᠴᠡᠭᠰᠡᠨ ᠵᠢᠴᠢ ᠡᠵᠡᠩᠨᠡᠬᠦ ᠵᠢ᠎ᠨᠢ ᠨᠢᠭᠡᠨᠲᠡ ᠵᠣᠭᠰᠣᠭ᠋ᠠᠭᠰᠠᠨ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ 26 ᠡᠮ᠎ᠤᠨ ᠳᠡᠯᠭᠡᠭᠦᠷ᠎ᠲᠤ 《ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠵᠥᠪᠯᠡᠯᠴᠡᠭᠡᠷ》᠎ᠢ᠎ᠨᠢ ᠬᠦᠴᠦᠨ ᠦᠭᠡᠶ ᠪᠣᠯᠭ᠋ᠠᠵᠤ᠂ ᠨᠢᠭᠡ ᠵᠢᠯ᠎ᠤᠨ ᠳᠣᠲᠣᠷ᠎ᠠ ᠲᠣᠭᠲᠠᠭᠰᠠᠨ ᠴᠡᠭ ᠵᠶ᠋ᠠᠷ᠎ᠨᠢ ᠰᠢᠢ᠍ᠳᠪᠦᠷᠢᠯᠡᠭᠦᠯᠬᠦ᠎ᠪᠠᠷ ᠮᠡᠳᠡᠭᠦᠯᠵᠦ ᠪᠣᠯᠬᠤ ᠦᠭᠡᠶ᠃
(ᠨᠢᠭᠡ) ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠦᠭᠡᠢ (4 ᠭᠡᠷ)
ᠥᠪᠥᠷ ᠮᠣᠩᠭᠣᠯ᠎ᠤᠨ ᠪᠥᠸᠧ ᠢᠦᠶ ᠶᠡᠬᠡ ᠡᠮ᠎ᠤᠨ ᠳᠡᠯᠭᠡᠭᠦᠷ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠢ ᠴᠢᠩ ᠲᠠᠩ ᠡᠮ ᠡᠮᠨᠡᠯᠭᠡ ᠵᠢᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠲᠦᠩ ᠯᠢᠩ ᠡᠮ ᠡᠮᠨᠡᠯᠭᠡ ᠵᠢᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠱᠧᠨ ᠺᠠᠩ ᠳᠡᠯᠭᠡᠭᠦᠷ᠂ ᠥᠪᠥᠷ ᠮᠣᠩᠭᠣᠯ᠎ᠤᠨ ᠰᠠᠶ᠋ᠢᠨ ᠡᠮ ᠨᠠᠶ᠋ᠢᠷᠠᠭᠴᠢ ᠰᠢᠤᠸᠠᠨ ᡁᠢ ᠡᠮ ᠡᠮᠨᠡᠯᠭᠡ ᠵᠢᠨ ᠬᠢᠵᠠᠭ᠋ᠠᠷᠲᠤ ᠺᠣᠮᠫᠠᠨᠢ᠃
(ᠬᠣᠶᠠᠷ) ᠭᠠᠷᠴᠠᠭ᠎ᠤᠨ ᠭᠠᠳᠠᠭᠤᠷ ᠰᠣᠯᠢᠯᠴᠠᠬᠤ (2 ᠭᠡᠷ)
ᠬᠦᠬᠡᠬᠤᠲᠠ ᠵᠢᠨ ᠭᠦᠸᠧ ᠱᠧᠩ ᠶᠡᠬᠡ ᠡᠮ᠎ᠤᠨ ᠳᠡᠯᠭᠡᠭᠦᠷ᠎ᠤᠨ ᠬᠢᠵᠠᠭ᠋ᠠᠷᠲᠤ ᠺᠣᠮᠫᠠᠨᠢ ᠥᠪᠥᠷ ᠮᠣᠩᠭᠣᠯ᠎ᠤᠨ ᠷᠧᠨ ᠾᠧ ᠲᠠᠩ ᠡᠮ ᠡᠮᠨᠡᠯᠭᠡ ᠵᠢᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠠᠷᠪᠠ ᠶᠢᠰᠦᠳᠦᠭᠡᠷ ᠳᠡᠯᠭᠡᠭᠦᠷ᠃
(ᠭᠤᠷᠪᠠ) ᠡᠵᠡᠩᠨᠡᠯᠲᠡ ᠵᠢ᠎ᠨᠢ ᠵᠣᠭᠰᠣᠭ᠋ᠠᠭᠰᠠᠨ᠎ᠨᠢ (26 ᠭᠡᠷ)
ᠥᠪᠥᠷ ᠮᠣᠩᠭᠣᠯ᠎ᠤᠨ ᠬᠤᠢ ᠹᠧᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠵᠠᠭᠤ ᠨᠠᠶᠠᠨ ᠨᠢᠭᠡᠳᠦᠭᠡᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠧᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠶᠡᠷᠡ ᠶᠢᠰᠦᠳᠦᠭᠡᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠧᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠵᠠᠭᠤ ᠵᠢᠷᠠᠨ ᠨᠠᠢ᠍ᠮᠠᠳᠤᠭ᠋ᠠᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠧᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠭᠤᠴᠢᠨ ᠵᠢᠷᠭᠤᠳᠤᠭ᠋ᠠᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠧᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠵᠠᠭᠤ ᠳᠥᠴᠢᠨ ᠨᠠᠢ᠍ᠮᠠᠳᠤᠭ᠋ᠠᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠸᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠲᠠᠪᠢᠨ ᠭᠤᠷᠪᠠᠳᠤᠭ᠋ᠠᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠸᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠵᠠᠭᠤ ᠪᠥᠭᠡᠳ ᠳᠥᠷᠪᠡᠳᠦᠭᠡᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠸᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠨᠠᠶᠠᠨ ᠨᠢᠭᠡᠳᠦᠭᠡᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠸᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠳᠠᠯᠠᠨ ᠨᠢᠭᠡᠳᠦᠭᠡᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠸᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠬᠣᠷᠢᠨ ᠨᠠᠢ᠍ᠮᠠᠳᠤᠭ᠋ᠠᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠸᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠵᠠᠭᠤ ᠭᠤᠴᠢᠨ ᠭᠤᠷᠪᠠᠳᠤᠭ᠋ᠠᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠸᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠵᠠᠭᠤ ᠨᠠᠶᠠᠨ ᠭᠤᠷᠪᠠᠳᠤᠭ᠋ᠠᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠸᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠳᠥᠴᠢ ᠶᠢᠰᠦᠳᠦᠭᠡᠷ ᠳᠡᠯᠭᠡᠭᠦᠷ᠂ ᠥᠪᠥᠷ ᠮᠣᠩᠭᠣᠯ᠎ᠤᠨ ᠬᠤᠢ ᠹᠸᠩ ᠬᠢᠲᠠᠳ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠵᠠᠭᠤ ᠪᠥᠭᠡᠳ ᠲᠠᠪᠤᠳᠤᠭ᠋ᠠᠷ ᠳᠡᠯᠭᠡᠭᠦᠷ᠂ ᠥᠪᠥᠷ ᠮᠣᠩᠭᠣᠯ᠎ᠤᠨ ᠰᠠᠢ᠌ᠨ ᠪᠠᠢ᠌ᠨᠤ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠬᠣᠷᠢᠨ ᠲᠠᠪᠤᠳᠤᠭ᠋ᠠᠷ ᠳᠡᠯᠭᠡᠭᠦᠷ᠂ ᠬᠥᠬᠡᠬᠣᠲᠠ ᠵᠢᠨ ᠵᠢᠩ ᠶᠤᠸᠠᠨ ᠶᠡᠬᠡ ᠡᠮ᠎ᠤᠨ ᠳᠡᠯᠭᠡᠭᠦᠷ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ᠎ᠲᠠᠢ ᠳ᠋ᠠ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠭᠤᠴᠢᠨ ᠳᠥᠷᠪᠡᠳᠦᠭᠡᠷ ᠬᠤᠪᠢᠶᠠᠷᠢ ᠺᠣᠮᠫᠠᠨᠢ᠂ ᠥᠪᠥᠷ ᠮᠣᠩᠭᠣᠯ᠎ᠤᠨ ᠸᠠᠩ ᠶᠠᠩ ᠬᠣᠩ ᠡᠮ ᠡᠮᠨᠡᠯᠭᠡ ᠵᠢᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠮᠣᠩᠭᠣᠯ᠎ᠲᠠᠢ ᠳ᠋ᠠ ᠡᠮ᠎ᠤᠨ ᠳᠡᠯᠭᠡᠭᠦᠷ᠎ᠤᠨ ᠬᠣᠯᠪᠣᠭ᠋ᠠᠲᠤ ᠬᠢᠵᠠᠭ᠋ᠠᠷᠲᠤ ᠺᠣᠮᠫᠠᠨᠢ ᠵᠢᠨ ᠬᠣᠷᠢᠨ ᠲᠠᠪᠤᠳᠤᠭ᠋ᠠᠷ ᠬᠤᠪᠢᠶᠠᠷᠢ ᠺᠣᠮᠫᠠᠨᠢ᠂ ᠥᠪᠥᠷ ᠮᠣᠩᠭᠣᠯ᠎ᠤᠨ ᠹᠦ᠋ ᠯᠢ ᠶᠡᠬᠡ ᠡᠮ᠎ᠤᠨ ᠳᠡᠯᠭᠡᠭᠦᠷ᠎ᠤᠨ ᠬᠢᠵᠠᠭ᠋ᠠᠷᠲᠤ ᠺᠣᠮᠫᠠᠨᠢ᠂ ᠬᠣᠲᠣᠩ ᠠᠷᠠᠳ᠎ᠤᠨ ᠲᠣᠭᠣᠷᠢᠭ᠎ᠤᠨ ᠳ᠋ᠠ ᠰᠢ ᠳ᠋ᠢ ᠴᠢᠩ ᠰᠦᠩ ᠶᠡᠬᠡ ᠡᠮ᠎ᠤᠨ ᠳᠡᠯᠭᠡᠭᠦᠷ᠃
ᠳᠥᠷᠪᠡ᠂ ᠠᠵᠢᠯ᠎ᠤᠨ ᠱᠠᠭ᠋ᠠᠷᠳᠠᠯᠭ᠎ᠠ
(ᠨᠢᠭᠡ) ᠡᠯ᠎ᠡ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠳ ᠬᠢᠨᠠᠨ ᠰᠢᠯᠭ᠋ᠠᠬᠤ ᠳᠤᠮᠳᠠ ᠢᠯᠡᠷᠡᠭᠦᠯᠦᠭᠰᠡᠨ ᠠᠰᠠᠭᠤᠳᠠᠯ᠎ᠢ ᠦᠨᠳᠦᠰᠦᠯᠡᠨ᠂ ᠨᠢᠭᠡ᠎ᠠᠴᠠ ᠨᠥᠭᠥᠭᠡ ᠵᠢ ᠵᠦᠢ᠍ᠴᠢᠯᠡᠨ ᠮᠡᠳᠡᠵᠦ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭ᠋ᠠᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠶ᠃
(ᠬᠤᠶᠠᠷ) ᠵᠥᠪᠳᠡᠯᠴᠡᠬᠡᠷ᠎ᠢ ᠴᠢᠩᠭ᠎ᠠ ᠭᠦᠢ᠍ᠴᠡᠳᠬᠡᠵᠦ᠂ ᠳᠣᠲᠣᠭ᠋ᠠᠳᠤ ᠬᠠᠮᠢᠶᠠᠷᠤᠯᠲᠠ᠎ᠪᠠᠨ ᠴᠢᠩᠭ᠋ᠠᠳᠬᠠᠨ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠡᠮ᠎ᠤᠨ ᠵᠦᠢ᠍ᠯ᠎ᠢ ᠰᠦᠯᠪᠡᠭᠡᠯᠡᠨ ᠰᠣᠯᠢᠬᠤ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠭᠠᠷᠬᠤ ᠵᠢ ᠡᠷᠡᠰ ᠬᠣᠷᠢᠭᠯᠠᠬᠤ ᠬᠡᠷᠡᠭᠲᠡᠶ᠃
(ᠭᠤᠷᠪᠠ) ᠡᠭᠦᠳᠡᠨ ᠡᠮᠨᠡᠯᠭᠡ ᠵᠢᠨ ᠣᠨᠴᠠᠭ᠋ᠠᠢ ᠠᠷᠬᠠᠭ ᠡᠪᠡᠳᠴᠢᠨ᠎ᠳᠤ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠬᠦ ᠡᠮ᠎ᠤᠨ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠨᠢ ᠡᠮ᠎ᠤᠨ ᠵᠦᠢ᠍ᠯ᠎ᠤᠨ ᠭᠠᠷᠴᠠᠭ ᠵᠶ᠋ᠠᠨ ᠴᠠᠭ ᠲᠤᠬᠠᠶ᠎ᠳᠤᠨᠢ ᠰᠢᠨᠡᠳᠬᠡᠵᠦ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠨ ᠡᠮ ᠬᠠᠩᠭ᠋ᠠᠵᠤ᠂ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠨᠠᠶ᠋ᠢᠳᠠᠪᠤᠷᠢᠵᠢᠭᠤᠯᠬᠤ ᠬᠡᠷᠡᠭᠲᠡᠶ᠃
(ᠳᠥᠷᠪᠡ) ᠲᠥᠷᠥ ᠵᠢᠨ ᠪᠣᠳᠣᠯᠭ᠎ᠠ ᠵᠢᠨ ᠰᠤᠷᠤᠯᠴᠠᠯᠭ᠎ᠠ ᠪᠠ ᠤᠬᠠᠭᠤᠯᠭ᠎ᠠ ᠵᠢ ᠴᠢᠩᠭ᠋ᠠᠳᠬᠠᠵᠤ᠂ ᠠᠵᠢᠯᠲᠠᠳ᠎ᠤᠨ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ ᠵᠢ ᠦᠨᠡᠨᠬᠦ ᠪᠠᠲᠤᠯᠠᠵᠤ᠂ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠳᠤ ᠵᠥᠪ ᠲᠠᠯ᠎ᠠ ᠵᠢᠨ ᠤᠬᠠᠭᠤᠯᠭ᠎ᠠ ᠵᠢ ᠰᠠᠶ᠋ᠢᠲᠤᠷ ᠬᠢᠬᠦ ᠬᠡᠷᠡᠭᠲᠡᠶ᠃
ᠳᠠᠭ᠋ᠠᠯᠳᠤᠭᠤᠯᠤᠯ᠄ ᠬᠢᠷᠢ ᠲᠡᠩᠴᠡᠭᠰᠡᠨ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠨᠡᠷᠡᠰ
ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠡᠤᠷᠣᠠᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠦᠪ
2023 ᠣᠨ᠎ᠤ 12 ᠳ᠋ᠤᠭ᠋ᠠᠷ ᠰᠠᠷ᠎ᠠ ᠵᠢᠨ 8᠎ᠤ ᠡᠳᠦᠷ