ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
2023 ᠣᠨ᠎ᠤ ᠪᠥᠬᠥ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠵᠢᠯ᠎ᠤᠨ ᠡᠴᠦᠰ ᠎ᠤᠨ ᠳ᠋ᠦᠩᠨᠡᠨ ᠰᠢᠯᠵᠢᠭᠦᠯᠬᠦ ᠠᠵᠢᠯ᠎ᠤᠨ ᠮᠠᠰᠢᠨ᠎ᠢ ᠵᠤᠭᠰᠤᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠵᠠᠷ
ᠨᠡᠶ᠋ᠢᠲᠡᠯᠡᠭᠰᠡᠨ ᠴᠠᠭ᠄ 2023-12-19

   ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠎ᠳᠤ 《ᠣᠨ᠎ᠤ ᠬᠦᠦ ᠮᠥᠩᠭᠥ       ᠪᠤᠳᠤᠬᠤ》 ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠪᠥᠬᠥ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠤᠨ ᠭᠠᠳᠠᠭᠰᠢ ᠦᠢ᠍ᠯᠡᠴᠢᠯᠡᠬᠦ ᠵᠢ ᠲᠦᠷ ᠵᠣᠭᠰᠣᠭ᠋ᠠᠬᠤ ᠴᠢᠬᠤᠯᠠᠲᠠᠶ᠂ ᠡᠳᠦᠭᠡ ᠬᠣᠯᠪᠣᠭᠳᠠᠯ ᠪᠥᠬᠥᠶ ᠵᠦᠢ᠍ᠯᠡᠰ᠎ᠢ ᠳᠤᠤᠷᠠᠬᠢ ᠮᠡᠲᠦ ᠵᠠᠷᠯᠠᠪᠠ᠄

   ᠨᠢᠭᠡ᠂ ᠮᠠᠰᠢᠨ ᠵᠣᠭᠰᠣᠬᠤ ᠴᠠᠭ

  2023 ᠣᠨ᠎ᠤ 12  ᠳ᠋ᠤᠭ᠋ᠠᠷ ᠰᠠᠷ᠎ᠠ ᠵᠢᠨ 31᠎ᠤ ᠡᠳᠦᠷ᠎ᠤᠨ 18᠄ 00᠎ᠠᠴᠠ 2024 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠤᠨ 08᠄ 00 ᠪᠣᠯᠲᠠᠯ᠎ᠠ᠃

   ᠬᠣᠶᠠᠷ᠂ ᠦᠢ᠍ᠯᠡᠴᠢᠯᠡᠭᠡᠨ᠎ᠤ ᠬᠡᠪᠴᠢᠶ᠎ᠡ ᠵᠢ ᠲᠦᠷ ᠵᠣᠭᠰᠣᠭ᠋ᠠᠬᠤ

   ᠨᠢᠰᠬᠡᠯ ᠵᠣᠭᠰᠣᠬᠤ ᠬᠤᠭᠤᠴᠠᠭ᠋ᠠᠨ᠎ᠳᠤ᠂ ᠪᠥᠬᠥ ᠣᠷᠣᠨ᠎ᠤ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ ᠪᠠ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠪᠣᠶ ᠪᠥᠬᠥᠶ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠵᠢ ᠵᠣᠭᠰᠣᠭ᠋ᠠᠨ᠎ᠠ᠂ ᠡᠭᠦᠨ᠎ᠳᠤ ᠪᠥᠬᠥ ᠣᠷᠣᠨ᠎ᠤ ᠲᠤᠭᠳᠠᠭᠰᠠᠨ ᠴᠡᠭ᠎ᠤᠨ ᠪᠠᠶ᠋ᠢᠭᠤᠯᠤᠮᠵᠢ ᠵᠢᠨ ᠡᠮᠴᠢᠯᠡᠭᠡᠨ ᠎ᠤ ᠳᠠᠭ᠋ᠠᠳᠬᠠᠯ᠎ᠤᠨ ᠲᠡᠰᠦᠯᠦᠨ ᠪᠤᠳᠤᠬᠤ᠂ ᠣᠷᠣᠨ᠎ᠤ ᠳᠣᠲᠣᠷ᠎ᠠ ᠤᠨᠳᠤᠤ ᠭᠠᠵᠠᠷ ᠪᠠ ᠮᠤᠵᠢ ᠠᠯᠤᠰᠯᠠᠨ ᠡᠮᠨᠡᠭᠦᠯᠬᠦ ᠡᠮᠴᠢᠯᠡᠭᠡᠨ᠎ᠤ ᠳᠠᠭ᠋ᠠᠳᠬᠠᠯ᠎ᠤᠨ ᠲᠡᠰᠦᠯᠦᠨ ᠪᠤᠳᠤᠬᠤ ᠵᠡᠷᠭᠡ ᠲᠤᠬᠠᠶ᠋ᠢᠯᠠᠭᠰᠠᠨ ᠠᠵᠢᠯ᠎ᠢ ᠲᠦᠷ ᠵᠣᠭᠰᠣᠭ᠋ᠠᠬᠤ ᠪᠠᠭᠲᠠᠨ᠎ᠠ᠃

   ᠬᠦᠦ ᠮᠥᠩᠭᠥ ᠵᠢ ᠪᠤᠳᠤᠵᠤ ᠳ᠋ᠦᠩᠨᠡᠨ ᠰᠢᠯᠵᠢᠭᠦᠯᠬᠦ᠎ᠨᠢ ᠮᠡᠳᠡᠭᠡ ᠵᠠᠩᠭᠢ ᠵᠢᠨ ᠬᠤᠪᠢᠷᠠᠯᠲᠠ ᠵᠢ ᠨᠥᠯᠥᠭᠡᠯᠡᠭᠰᠡᠨ᠎ᠠᠴᠠ ᠪᠣᠯᠵᠣ᠂ ᠥᠪᠥᠷ ᠮᠣᠩᠭᠣᠯ᠎ᠤᠨ ᠡᠮᠴᠢᠯᠡᠭᠡᠨ᠎ᠤ ᠳᠠᠭ᠋ᠠᠳᠬᠠᠯ᠎ᠤᠨ APP᠂ ᠥᠪᠥᠷ ᠮᠣᠩᠭᠣᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ ᠥᠪᠥᠷ ᠮᠣᠩᠭᠣᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠂ ᠥᠪᠡᠰᠦᠪᠡᠨ ᠦᠢ᠍ᠯᠡᠴᠢᠯᠡᠬᠦ ᠦᠵᠦᠭᠦᠷ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠠᠷᠭ᠎ᠠ ᠵᠠᠮ᠎ᠢ ᠪᠦᠬᠦᠨ᠎ᠢ ᠲᠦᠷ ᠵᠣᠭᠰᠣᠭ᠋ᠠᠬᠤ᠎ᠪᠠᠷ ᠪᠣᠶ᠃

   ᠭᠤᠷᠪᠠ᠂ ᠳᠣᠲᠣᠨᠣᠰᠣᠭ ᠰᠠᠨᠠᠭᠤᠯᠤᠮᠵᠢ

  (ᠨᠢᠭᠡ) ᠮᠠᠰᠢᠨ ᠵᠣᠭᠰᠣᠬᠤ᠎ᠠᠴᠠ ᠡᠮᠦᠨ᠎ᠡ᠂ ᠳᠠᠭ᠋ᠠᠳᠬᠠᠯ᠎ᠳᠤ ᠣᠷᠣᠯᠴᠠᠭᠴᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠪᠠᠶ᠋ᠢᠳᠠᠯ᠎ᠢ᠎ᠨᠢ ᠦᠵᠡᠵᠦ ᠤᠷᠢᠳᠴᠢᠯᠠᠨ ᠡᠮ ᠪᠡᠯᠡᠳᠬᠡᠵᠦ ᠪᠣᠯᠤᠨ᠎ᠠ᠃

  (ᠬᠣᠶᠠᠷ) ᠮᠠᠰᠢᠨ ᠵᠶ᠋ᠠᠨ ᠵᠣᠭᠰᠣᠭ᠋ᠠᠭᠰᠠᠨ ᠬᠤᠭᠤᠴᠠᠭ᠋ᠠᠨ᠎ᠳᠤ᠂ ᠡᠮᠨᠡᠯᠭᠡ᠎ᠳᠤ ᠰᠠᠭᠤᠵᠤ ᠡᠮᠨᠡᠭᠦᠯᠬᠦ ᠴᠢᠬᠤᠯᠠᠲᠠᠶ ᠪᠣᠯ᠂ ᠤᠷᠢᠳᠠᠪᠠᠷ ᠥᠪᠡᠷ᠎ᠤᠨ ᠰᠦᠢ᠍ᠳᠭᠡᠯ ᠵᠶ᠋ᠠᠷ ᠵᠶ᠋ᠠᠨ ᠡᠮᠨᠡᠯᠭᠡ᠎ᠳᠤ ᠰᠠᠭᠤᠵᠤ ᠡᠮᠨᠡᠭᠦᠯᠵᠦ᠂ ᠰᠢᠰᠲ᠋ᠧᠮ᠎ᠨᠢ ᠨᠡᠭᠡᠭᠡᠭᠰᠡᠨ᠎ᠤ ᠳᠠᠷᠠᠭ᠎ᠠ ᠡᠮᠴᠢᠯᠡᠭᠡᠨ᠎ᠤ ᠳᠠᠭ᠋ᠠᠳᠬᠠᠯ᠎ᠤᠨ ᠳ᠋ᠦᠩᠨᠡᠨ ᠪᠤᠳᠤᠬᠤ ᠵᠢ ᠭᠦᠢ᠍ᠴᠡᠳᠭᠡᠵᠦ ᠪᠣᠯᠤᠨ᠎ᠠ᠃

   ᠥᠷᠭᠡᠨ ᠣᠯᠠᠨ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠂ ᠳᠠᠭ᠋ᠠᠳᠬᠠᠯ᠎ᠳᠤ ᠣᠷᠣᠯᠴᠠᠭᠰᠠᠳ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠤᠨ ᠭᠦᠢ᠍ᠴᠡᠳᠭᠡᠬᠦ ᠴᠠᠭ ᠵᠶ᠋ᠠᠨ ᠵᠣᠬᠢᠰᠲᠠᠶ ᠲᠣᠬᠢᠷᠠᠭᠤᠯᠬᠤ ᠵᠢᠨ ᠬᠠᠮᠲᠤ ᠬᠠᠷᠢᠯᠴᠠᠨ ᠳᠠᠮᠵᠢᠭᠤᠯᠤᠭ᠋ᠠᠷᠠᠶ᠃ ᠡᠭᠦᠨ᠎ᠠᠴᠠ ᠪᠣᠯᠤᠭᠰᠠᠨ ᠳᠥᠭᠥᠮ ᠪᠤᠰᠤ ᠠᠰᠠᠭᠤᠳᠠᠯ᠎ᠢ ᠡᠯ᠎ᠡ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠂ ᠳᠠᠭ᠋ᠠᠳᠬᠠᠯ᠎ᠳᠤ ᠣᠷᠣᠯᠴᠠᠭᠰᠠᠳ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠠᠭᠤᠴᠢᠯᠠᠬᠤ ᠵᠢ ᠬᠦᠰᠡᠵᠦ ᠪᠠᠶ᠋ᠢᠨ᠎ᠠ᠃

  

         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ

      2023 ᠣᠨ᠎ᠤ 12 ᠳ᠋ᠤᠭ᠋ᠠᠷ ᠰᠠᠷ᠎ᠠ ᠵᠢᠨ 19᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ 2022 ᠣᠨ᠎ᠤ ᠰᠢᠯᠭ᠋ᠠᠨ ᠬᠢᠨᠠᠭᠰᠠᠨ ᠪᠠᠶ᠋ᠢᠳᠠᠯ᠎ᠤᠨ ᠲᠤᠬᠠᠶ ᠵᠠᠷᠯᠠᠯ
ᠬᠤᠪᠢ ᠬᠥᠮᠦᠨ᠎ᠤ ᠲᠠᠩᠰᠠᠨ ᠡᠷᠦᠬᠡ ᠵᠢᠨ ᠪᠡᠯᠡ ᠮᠥᠩᠬᠦ ᠵᠢᠴᠢ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠵᠢ ᠬᠤᠳᠠᠯ ᠬᠠᠭᠤᠷᠮᠠᠭ ᠵᠶ᠋ᠠᠷ ᠤᠬᠠᠭᠤᠯᠤᠨ ᠲᠤᠭᠳᠠᠭ᠋ᠠᠯ᠎ᠠᠴᠠ ᠵᠦᠷᠢᠴᠠᠨ ᠬᠡᠷᠡᠭᠯᠡᠬᠦ ᠵᠢ ᠴᠢᠩᠭ᠎ᠠ ᠬᠣᠷᠢᠭᠯᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠵᠠᠷᠯᠠᠯ
ᠨᠡᠶ᠋ᠢᠭᠡᠮ᠎ᠤᠨ ᠳᠠᠭ᠋ᠠᠳᠬᠠᠯ᠎ᠤᠨ ᠵᠠᠷᠤᠳᠠᠯ᠎ᠤᠨ ᠭᠠᠶ᠋ᠢᠯᠢ ᠵᠢᠨ ᠶᠠᠪᠤᠳᠠᠯ᠎ᠤᠨ ᠲᠠᠲᠠᠪᠤᠷᠢᠯᠠᠨ ᠲᠤᠰᠢᠶᠠᠬᠤ ᠰᠢᠰᠲ᠋ᠧᠮ᠎ᠢ ᠲᠠᠰ ᠳᠡᠪᠰᠢᠭᠦᠯᠦᠨ ᠬᠠᠮᠠᠭ᠋ᠠᠯᠠᠬᠤ ᠲᠤᠬᠠᠶ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠵᠠᠷᠯᠠᠯ
ᠬᠡᠰᠡᠭ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠬᠤ ᠲᠤᠬᠠᠢ ᠵᠠᠷᠯᠠᠯ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 2023 ᠣᠨ᠎ᠤ ᠳᠠᠭ᠋ᠠᠳᠬᠠᠯ᠎ᠤᠨ ᠮᠡᠬᠡᠯᠡᠯ᠎ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠵᠢᠨ ᠪᠠᠶ᠋ᠢᠳᠠᠯ᠎ᠤᠨ ᠲᠤᠬᠠᠶ ᠮᠡᠳᠡᠭᠡᠯᠡᠯ
 
            