ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠯ᠎ᠡ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠎ᠳᠤ᠄
ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢ ᠴᠢᠩᠭ᠋ᠠᠳᠬᠠᠨ ᠵᠢᠷᠤᠮᠵᠢᠭᠤᠯᠬᠤ ᠵᠢᠨ ᠲᠥᠯᠥᠭᠡ᠂ ᠦᠨᠳᠦᠰᠦ ᠪᠠᠷᠢᠮᠲᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠬᠣᠲᠠ ᠪᠠᠯᠭ᠋ᠠᠰᠤ ᠵᠢᠨ ᠠᠵᠢᠯᠲᠠᠨ ᠠᠵᠢᠯᠴᠢᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠦᠢ᠍ᠯᠡᠴᠢᠯᠡᠭᠡᠨ᠎ᠤ ᠵᠥᠪᠯᠡᠯᠴᠡᠭᠡᠷ》 (ᠳᠣᠷᠣᠭᠰᠢ 《ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠵᠥᠪᠯᠡᠯᠴᠡᠭᠡᠷ》 ᠭᠡᠵᠦ ᠲᠣᠪᠴᠢᠯᠠᠨ᠎ᠠ) ᠪᠠ 《ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ 2022 ᠣᠨ᠎ᠤ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠵᠥᠪᠯᠡᠯᠴᠡᠭᠡᠷ ᠵᠶ᠋ᠠᠨ ᠭᠦᠢ᠍ᠴᠡᠳᠬᠡᠭᠰᠡᠨ ᠪᠠᠶ᠋ᠢᠳᠠᠯ᠎ᠢ ᠰᠢᠯᠭ᠋ᠠᠨ ᠬᠢᠨᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠂ ᠮᠠᠨ᠎ᠤ ᠲᠥᠪ ᠲᠤᠤᠷᠴᠢᠯᠠᠭᠰᠠᠨ ᠬᠠᠷᠢᠯᠴᠠᠨ ᠪᠠᠢ᠌ᠴᠠᠭ᠋ᠠᠯᠲᠠ ᠬᠢᠨ᠎ᠡ᠂ ᠲᠡᠬᠢᠠ ᠪᠠᠶ᠋ᠢᠴᠠᠭ᠋ᠠᠬᠤ᠂ DIP ᠬᠤᠪᠢᠶᠠᠷᠢ ᠬᠡᠮᠵᠢᠭᠳᠡᠯ᠎ᠤᠨ ᠰᠢᠰᠲ᠋ᠧᠮ᠎ᠤᠨ ᠰᠢᠭᠰᠢᠨ ᠪᠠᠶ᠋ᠢᠴᠠᠭ᠋ᠠᠯᠲᠠ᠂ ᠭᠤᠷᠪᠠᠳᠠᠬᠢ ᠡᠲᠡᠭᠡᠳ᠎ᠤᠨ ᠪᠠᠶ᠋ᠢᠴᠠᠭ᠋ᠠᠯᠲᠠ ᠵᠢᠴᠢ ᠡᠳᠦᠷ ᠲᠤᠲᠤᠮ᠎ᠤᠨ ᠪᠠᠶ᠋ᠢᠴᠠᠭ᠋ᠠᠯᠲᠠ ᠵᠢᠨ ᠠᠷᠭ᠎ᠠ ᠮᠠᠶᠢᠭ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 797 ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ 2022 ᠣᠨ᠎ᠳᠤ ᠵᠥᠪᠯᠡᠯᠴᠡᠭᠡᠷ᠎ᠢ ᠭᠦᠢ᠍ᠴᠡᠳᠭᠡᠭᠰᠡᠨ ᠪᠠ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ᠎ᠢ ᠶᠡᠷᠦᠩᠬᠡᠶ᠋ᠢᠯᠡᠨ ᠰᠢᠯᠭ᠋ᠠᠨ ᠬᠢᠨᠠᠬᠤ ᠬᠡᠷᠡᠭᠲᠡᠶ᠃ ᠤᠳᠤ ᠬᠣᠯᠪᠣᠭᠳᠠᠯ ᠪᠦᠬᠦᠢ ᠪᠠᠶ᠋ᠢᠳᠠᠯ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠬᠢᠨᠠᠨ ᠰᠢᠯᠭ᠋ᠠᠭᠰᠠᠨ ᠪᠠᠶ᠋ᠢᠳᠠᠯ
ᠡᠪᠡᠳᠴᠢᠨ᠎ᠤ ᠥᠩᠭᠡᠷᠡᠯᠲᠡ᠂ ᠵᠠᠷᠤᠳᠠᠯ᠎ᠤᠨ ᠨᠠᠷᠢᠨ ᠵᠦᠢ᠍ᠯᠡᠰ᠂ ᠳ᠋ᠦᠩᠨᠡᠨ ᠪᠤᠳᠤᠭᠰᠠᠨ ᠫᠢᠶᠣᠣ ᠪᠠᠷᠢᠮᠲᠠ᠂ ᠳᠠᠭ᠋ᠠᠳᠬᠠᠯ᠎ᠳᠤ ᠣᠷᠣᠯᠴᠠᠭᠰᠠᠳ᠎ᠤᠨ ᠣᠯᠭᠣᠮᠵᠢ ᠵᠢ ᠪᠦᠷᠢᠳᠬᠡᠨ ᠳᠠᠩᠰᠠᠯᠠᠭᠰᠠᠨ ᠲᠠᠩᠰᠠ ᠡᠪᠬᠡᠮᠡᠯ᠂ ᠳᠣᠲᠣᠭ᠋ᠠᠳᠤ ᠵᠢᠨ ᠲᠦᠷᠢᠮ ᠲᠣᠭᠲᠠᠭ᠋ᠠᠯ᠎ᠢ ᠪᠠᠶ᠋ᠢᠴᠠᠭ᠋ᠠᠨ ᠦᠵᠡᠬᠦ᠂ ᠲᠤᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠰᠢᠰᠲ᠋ᠧᠮ᠎ᠤᠨ ᠡᠮᠴᠢᠯᠡᠭᠡᠨ᠎ᠤ ᠳᠠᠭ᠋ᠠᠳᠬᠠᠯ᠂ ᠡᠳ᠋᠎ᠤᠨ ᠶᠠᠪᠤᠳᠠᠯ᠎ᠤᠨ ᠣᠷᠣᠵᠤ ᠭᠠᠷᠬᠤ ᠪᠠ ᠬᠣᠷᠣᠭᠳᠠᠯ ᠮᠠᠲ᠋ᠧᠷᠢᠶᠠᠯ᠎ᠤᠨ ᠪᠣᠷᠣᠯᠠᠭᠤᠯᠭ᠎ᠠ ᠵᠢᠨ ᠲᠣᠭ᠎ᠠ ᠪᠠᠷᠢᠮᠲᠠ ᠵᠢᠴᠢ DIP ᠰᠢᠰᠲ᠋ᠧᠮ᠎ᠤᠨ ᠲᠣᠭ᠎ᠠ ᠪᠠᠷᠢᠮᠲᠠ ᠵᠡᠷᠭᠡ ᠵᠢ ᠰᠢᠯᠵᠢᠭᠦᠯᠦᠨ ᠠᠪᠬᠤ᠎ᠪᠠᠷ ᠳᠠᠮᠵᠢᠭᠤᠯᠤᠨ᠂ ᠲᠤᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠵᠦᠶ ᠵᠣᠬᠢᠰ ᠥᠬᠡᠶ ᠣᠨᠣᠰᠢᠯᠠᠨ ᠡᠮᠨᠡᠬᠦ᠂ ᠵᠦᠶ ᠵᠣᠬᠢᠰ ᠥᠬᠡᠶ ᠰᠦᠢ᠍ᠳᠭᠡᠯ ᠬᠤᠷᠢᠶᠠᠬᠤ᠂ ᠡᠮ᠎ᠤᠨ ᠵᠦᠢ᠍ᠯ᠂ ᠬᠣᠷᠣᠭᠳᠠᠯ ᠮᠠᠲ᠋ᠧᠷᠢᠶᠠᠯ᠎ᠢ ᠰᠣᠯᠢᠯᠴᠠᠬᠤ ᠵᠢᠴᠢ ᠣᠨᠣᠰᠢᠯᠠᠨ ᠡᠮᠨᠡᠬᠦ ᠲᠥᠷᠥᠯ ᠵᠦᠢ᠍ᠯ᠂ ᠡᠮᠴᠢᠯᠡᠭᠡᠨ᠎ᠤ ᠦᠢ᠍ᠯᠡ ᠠᠵᠢᠯᠯᠠᠭ᠎ᠠ ᠵᠢᠨ ᠬᠡᠪ᠎ᠤᠨ ᠪᠤᠰᠤ ᠭᠦᠢ᠍ᠴᠡᠳᠭᠡᠯ ᠲᠣᠭ᠎ᠠ ᠵᠡᠷᠭᠡ ᠲᠠᠯ᠎ᠠ᠎ᠳᠤ ᠶᠡᠷᠦᠩᠬᠡᠶ᠋ᠢᠯᠡᠭᠰᠡᠨ ᠰᠢᠯᠭ᠋ᠠᠨ ᠬᠢᠨᠠᠯᠲᠠ ᠬᠢᠨ᠎ᠠ᠃
(ᠨᠢᠭᠡ) ᠶᠡᠷᠦᠩᠬᠡᠶ ᠪᠠᠶ᠋ᠢᠳᠠᠯ
1 . ᠡᠮᠨᠡᠯᠭᠡ᠎ᠳᠤ ᠰᠠᠭᠤᠬᠤ ᠬᠠᠮᠢᠶᠠᠷᠤᠯᠲᠠ ᠵᠢᠨ ᠲᠠᠯ᠎ᠠ᠎ᠪᠠᠷ᠃ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ 《ᠡᠮᠴᠢᠯᠡᠭᠡᠨ᠎ᠤ ᠳᠠᠭ᠋ᠠᠳᠬᠠᠯ᠎ᠤᠨ ᠵᠥᠪᠯᠡᠯᠴᠡᠭᠡᠷ》᠎ᠢ ᠦᠨᠡᠨ ᠬᠦ᠌ ᠭᠦᠢ᠍ᠴᠡᠳᠭᠡᠵᠦ᠂ ᠡᠯ᠎ᠡ ᠵᠦᠢ᠍ᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠳᠤ ᠴᠢᠨᠠᠷ ᠰᠠᠶ᠋ᠢᠲᠠᠶ᠂ ᠳᠥᠭᠥᠮ ᠳᠥᠲᠡ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡ ᠬᠠᠩᠭ᠋ᠠᠵᠤ ᠴᠢᠳᠠᠨ᠎ᠠ᠃ ᠨᠢᠭᠡ᠎ᠳᠤ᠂ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠣᠬᠢᠶᠠᠨ ᠪᠠᠶ᠋ᠢᠭᠤᠯᠤᠯᠲᠠ ᠵᠢᠨ ᠪᠦᠲᠦᠴᠡ ᠵᠢ ᠲᠡᠭᠦᠯᠳᠡᠷᠵᠢᠭᠦᠯᠦᠨ᠂ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠢ ᠪᠣᠯᠭ᠋ᠠᠪᠠ᠃ ᠬᠣᠶᠠᠷ᠎ᠲᠤ᠂ ᠡᠪᠡᠳᠴᠢᠨ᠎ᠳᠤ᠎ᠨᠢ ᠲᠣᠬᠢᠷᠠᠭᠤᠯᠤᠨ ᠡᠮᠨᠡᠨ ᠵᠠᠰᠠᠬᠤ ᠵᠠᠷᠴᠢᠮ᠎ᠢ ᠲᠤᠭᠤᠰᠢᠯᠠᠭᠤᠯᠵᠤ᠂ ᠵᠦᠶ ᠵᠣᠬᠢᠰᠲᠠᠶ ᠪᠠᠶ᠋ᠢᠴᠠᠭ᠋ᠠᠬᠤ᠂ ᠵᠦᠶ ᠵᠣᠬᠢᠰᠲᠠᠶ᠎ᠪᠠᠷ ᠡᠮᠨᠡᠨ ᠵᠠᠰᠠᠬᠤ᠂ ᠵᠦᠶ ᠵᠣᠬᠢᠰᠲᠠᠶ᠎ᠪᠠᠷ ᠡᠮ ᠬᠡᠷᠡᠭᠯᠡᠬᠦ᠂ ᠣᠨᠣᠰᠢᠯᠠᠨ ᠡᠮᠨᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠶ᠃ ᠭᠤᠷᠪᠠ᠎ᠳᠤ᠂ ᠡᠮ ᠡᠮᠨᠡᠯᠭᠡ ᠵᠢᠨ ᠠᠵᠢᠯᠲᠠᠨ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠪᠣᠯᠪᠠᠰᠤᠷᠠᠩᠭᠤᠶ ᠡᠵᠡᠮᠰᠢᠵᠦ ᠴᠢᠳᠠᠬᠤ ᠪᠥᠭᠡᠳ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠳᠤ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠤᠬᠠᠭᠤᠯᠵᠤ ᠴᠢᠳᠠᠨ᠎ᠠ᠃
2. DIP ᠬᠠᠮᠢᠶᠠᠷᠤᠯᠲᠠ ᠵᠢᠨ ᠲᠠᠯ᠎ᠠ᠎ᠪᠠᠷ᠃ ᠲᠣᠭ᠋ᠠᠴᠠᠭ᠎ᠠ ᠬᠢᠬᠦ ᠠᠷᠭ᠎ᠠ ᠮᠠᠶᠢᠭ᠎ᠲᠤ ᠥᠭᠡᠷᠡᠴᠢᠯᠡᠯᠲᠡ ᠬᠢᠵᠦ ᠬᠠᠮᠢᠶᠠᠷᠬᠤ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠦ᠂ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠨ᠂ ᠡᠪᠡᠳᠴᠢᠨ᠎ᠤ ᠬᠡᠷᠡᠭ᠂ ᠮᠡᠳᠡᠭᠡ ᠵᠠᠩᠭᠢ᠂ ᠡᠮᠨᠡᠯᠭᠡ ᠵᠡᠷᠭᠡ ᠰᠠᠯᠠᠭ᠎ᠠ ᠮᠥᠴᠢᠷ᠎ᠲᠠᠢ ᠬᠣᠯᠪᠣᠭ᠋ᠠᠯᠠᠵᠤ ᠪᠠᠶ᠋ᠢᠭ᠋ᠠᠳ ᠬᠠᠮᠵᠢᠯᠴᠠᠨ ᠠᠬᠢᠭᠤᠯᠵᠤ᠂ DIP ᠠᠵᠢᠯ᠎ᠢ ᠪᠣᠳᠠᠲᠠᠶ᠋ᠢᠵᠢᠭᠤᠯᠤᠨ ᠦᠷ᠎ᠡ ᠪᠦᠲᠦᠮᠵᠢ ᠤᠯᠬᠤ ᠵᠢ ᠠᠬᠢᠭᠤᠯᠤᠨ᠎ᠠ᠃ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠳ᠋ᠦᠩᠨᠡᠨ ᠪᠤᠳᠤᠬᠤ ᠨᠠᠷᠢᠨ ᠬᠠᠭᠤᠳᠠᠰᠤ ᠵᠢ ᠲᠣᠭ᠎ᠠ ᠴᠢᠨᠠᠷ᠎ᠢ ᠪᠠᠲᠤᠯᠠᠨ ᠳᠡᠭᠡᠭᠰᠢ ᠳᠠᠮᠵᠢᠭᠤᠯᠵᠤ᠂ DIP ᠣᠨ᠎ᠤ ᠰᠢᠯᠭ᠋ᠠᠨ ᠬᠢᠨᠠᠬᠤ᠂ ᠣᠨᠴᠠ ᠡᠪᠡᠳᠴᠢᠨ᠎ᠢ ᠲᠤᠰᠠᠭ᠋ᠠᠷ ᠵᠥᠪᠯᠡᠬᠦ᠂ ᠲᠣᠭ᠋ᠠᠴᠠᠭ᠎ᠠ ᠬᠢᠬᠦ᠎ᠠᠴᠠ ᠪᠤᠰᠤᠳ ᠵᠡᠷᠭᠡ ᠠᠵᠢᠯ᠎ᠳᠤ ᠢᠳᠡᠪᠬᠢᠲᠡᠶ ᠬᠠᠮᠵᠢᠯᠴᠠᠨ᠎ᠠ᠃ ᠡᠭᠦᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ᠂ ᠴᠢᠯᠥᠭᠡᠯᠡᠬᠦ ᠴᠡᠷᠢᠭ᠎ᠤᠨ ᠬᠠᠮᠲᠤᠷᠠᠭᠰᠠᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠡᠷᠢᠭ ᠠᠩᠭᠢ ᠵᠢᠨ 969 ᠡᠮᠨᠡᠯᠭᠡ ᠵᠢᠨ ᠬᠣᠷᠢᠶᠠᠨ᠎ᠤ ᠡᠪᠡᠳᠴᠢᠨ᠎ᠤ ᠲᠠᠩᠰᠠ ᠵᠢᠨ ᠬᠠᠮᠢᠶᠠᠷᠤᠯᠲᠠ ᠵᠢᠨ ᠠᠷᠭ᠎ᠠ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠠᠷᠭ᠎ᠠ ᠵᠠᠮ᠎ᠤᠨ ᠬᠠᠮᠢᠶᠠᠷᠤᠯᠲᠠ ᠵᠢᠨ ᠠᠷᠭ᠎ᠠ᠂ ᠥᠪᠥᠷ ᠮᠣᠩᠭᠣᠯ᠎ᠤᠨ ᠴᠤᠤ ᠵᠢᠤᠢ ᠨᠢᠳᠦᠨ᠎ᠤ ᠡᠮᠨᠡᠯᠭᠡ ᠵᠢᠨ ᠬᠣᠷᠢᠶᠠᠨ᠎ᠤ ᠬᠠᠮᠵᠢᠯᠴᠠᠨ ᠠᠬᠢᠭᠤᠯᠬᠤ ᠳᠣᠲᠣᠭ᠋ᠠᠳᠤ ᠵᠢᠨ ᠡᠵᠡᠩᠨᠡᠯᠲᠡ ᠵᠢᠨ ᠲᠣᠭᠲᠠᠴᠠ᠂ ᠥᠪᠥᠷ ᠮᠣᠩᠭᠣᠯ᠎ᠤᠨ ᠰᠠᠨᠰᠠᠷ᠎ᠤᠨ ᠠᠶᠠᠯᠠᠯ᠎ᠤᠨ ᠡᠮᠨᠡᠯᠭᠡ ᠵᠢᠨ ᠬᠣᠷᠢᠶᠠᠨ᠎ᠤ DIP ᠰᠦᠢ᠍ᠳᠭᠡᠯ ᠲᠤᠰᠢᠶᠠᠬᠤ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠠᠵᠢᠯ᠎ᠤᠨ ᠲᠦᠷᠢᠮ ᠵᠢᠴᠢ ᠰᠢᠨ᠎ᠡ ᠬᠣᠲᠠ ᠲᠣᠭᠣᠷᠢᠭ᠎ᠤᠨ ᠡᠮᠨᠡᠯᠭᠡ ᠵᠢᠨ ᠬᠣᠷᠢᠶᠠᠨ᠎ᠤ DIP ᠬᠠᠮᠢᠶᠠᠷᠤᠯᠲᠠ ᠵᠢᠨ ᠠᠵᠢᠯ᠎ᠳᠤ ᠴᠥᠮ ᠬᠢᠯᠠᠰ ᠴᠡᠭ᠎ᠲᠠᠢ ᠶᠤᠮ᠃
3 . ᠡᠭᠦᠳᠡᠨ ᠡᠮᠨᠡᠯᠭᠡ ᠵᠢᠨ ᠬᠠᠮᠢᠶᠠᠷᠤᠯᠲᠠ ᠵᠢᠨ ᠲᠠᠯ᠎ᠠ᠎ᠪᠠᠷ᠃ ᠦᠢ᠍ᠯᠡᠴᠢᠯᠡᠭᠡᠨ᠎ᠤ ᠵᠥᠪᠯᠡᠯᠴᠡᠭᠡᠷ ᠵᠶ᠋ᠠᠨ ᠴᠢᠩᠭ᠎ᠠ ᠭᠦᠢ᠍ᠴᠡᠳᠭᠡᠵᠦ᠂ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ᠎ᠪᠠᠨ ᠵᠢᠷᠤᠮᠵᠢᠭᠤᠯᠤᠨ᠂ ᠦᠢ᠍ᠯᠡᠴᠢᠯᠡᠭᠡᠨ᠎ᠤ ᠦᠵᠡᠯ ᠤᠬᠠᠮᠰᠠᠷ ᠵᠶ᠋ᠠᠨ ᠴᠢᠩᠭ᠋ᠠᠷᠠᠭᠤᠯᠵᠤ᠂ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠳᠤ ᠴᠢᠨᠠᠷ ᠰᠠᠶ᠋ᠢᠲᠠᠶ ᠡᠮᠨᠡᠯᠭᠡ ᠵᠢᠨ ᠳᠠᠭ᠋ᠠᠳᠬᠠᠯ᠎ᠤᠨ ᠦᠢ᠍ᠯᠡᠴᠢᠯᠡᠭᠡᠨ ᠬᠠᠩᠭ᠋ᠠᠬᠤ ᠬᠡᠷᠡᠭᠲᠡᠶ᠃ ᠡᠭᠦᠳᠡᠨ ᠡᠮᠨᠡᠯᠭᠡ ᠵᠢᠨ ᠣᠨᠴᠠᠭ᠋ᠠᠢ ᠤᠵᠢᠭ ᠡᠪᠡᠳᠴᠢᠨ᠂ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠬᠦ ᠡᠮ᠎ᠤᠨ ᠡᠬᠡ ᠳᠠᠩᠰᠠ᠂ ᠮᠡᠳᠡᠭᠦᠯᠬᠦ ᠬᠦᠰᠦᠨᠦᠭᠲᠦ ᠵᠢ ᠦᠳᠡᠬᠦ᠎ᠨᠢ ᠵᠢᠷᠤᠮᠵᠢᠯ᠎ᠲᠠᠢ᠂ ᠬᠡᠮᠵᠢᠶ᠎ᠡ᠎ᠠᠴᠠ ᠬᠡᠲᠦᠷᠡᠭᠦᠯᠦᠨ ᠡᠮ ᠬᠠᠩᠭ᠋ᠠᠬᠤ ᠪᠠ ᠬᠡᠪᠴᠢᠶ᠎ᠡ᠎ᠠᠴᠠ ᠬᠡᠲᠦᠷᠡᠭᠦᠯᠦᠨ ᠡᠮ ᠬᠠᠩᠭ᠋ᠠᠬᠤ ᠦᠵᠡᠭᠳᠡᠯ᠎ᠢ ᠢᠯᠡᠳᠲᠡ ᠪᠠᠭ᠋ᠠᠰᠬᠠᠨ᠎ᠠ᠃
(ᠬᠣᠶᠠᠷ) ᠣᠷᠣᠰᠢᠵᠤ ᠪᠠᠶ᠋ᠢᠭ᠎ᠠ ᠠᠰᠠᠭᠤᠳᠠᠯ
ᠣᠨ᠎ᠤ ᠰᠢᠯᠭ᠋ᠠᠨ ᠬᠢᠨᠠᠬᠤ ᠶᠡᠷᠦᠩᠬᠡᠶ ᠪᠠᠶ᠋ᠢᠳᠠᠯ᠎ᠠᠴᠠ ᠦᠵᠡᠪᠡᠯ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠠᠵᠢᠯ᠎ᠳᠤ ᠮᠥᠨᠬᠦ ᠵᠠᠷᠢᠮ ᠬᠦᠷᠦᠯᠴᠡᠬᠦ ᠥᠬᠡᠶ ᠲᠠᠯ᠎ᠠ ᠪᠠ ᠠᠰᠠᠭᠤᠳᠠᠯ ᠣᠷᠣᠰᠢᠵᠤ᠂ ᠭᠤᠤᠯᠳᠠᠭᠤ ᠳᠤᠤᠷᠠᠬᠢ ᠬᠡᠳᠦᠨ ᠲᠠᠯ᠎ᠠ᠎ᠪᠠᠷ ᠢᠯᠡᠷᠡᠵᠦ ᠪᠠᠶ᠋ᠢᠨ᠎ᠠ᠃
1 . ᠡᠮᠨᠡᠯᠭᠡ᠎ᠳᠤ ᠰᠠᠭᠤᠬᠤ ᠬᠠᠮᠢᠶᠠᠷᠤᠯᠲᠠ ᠵᠢᠨ ᠲᠠᠯ᠎ᠠ᠎ᠪᠠᠷ᠃ ᠨᠢᠭᠡ᠎ᠳᠤ ᠢᠯᠡᠭᠦᠦ ᠰᠦᠢ᠍ᠳᠭᠡᠯ ᠬᠤᠷᠢᠶᠠᠬᠤ᠂ ᠳᠠᠪᠬᠤᠷᠳᠠᠭᠤᠯᠤᠨ ᠰᠦᠢ᠍ᠳᠦᠯ ᠰᠦᠢ᠍ᠳᠭᠡᠯ ᠬᠤᠷᠢᠶᠠᠬᠤ᠂ ᠳᠠᠭ᠋ᠠᠭ᠋ᠠᠴᠢᠯᠠᠨ ᠰᠦᠢ᠍ᠳᠭᠡᠯ ᠬᠤᠷᠢᠶᠠᠬᠤ᠂ ᠢᠵᠢ ᠲᠥᠷᠥᠯ ᠵᠦᠢ᠍ᠯ᠎ᠤᠨ ᠰᠦᠢ᠍ᠳᠭᠡᠯ ᠬᠤᠷᠢᠶᠠᠬᠤ᠂ ᠪᠠᠷᠢᠮᠵᠢᠶ᠎ᠠ᠎ᠠᠴᠠ ᠬᠡᠲᠦᠷᠡᠭᠦᠯᠦᠨ ᠰᠦᠢ᠍ᠳᠭᠡᠯ ᠬᠤᠷᠢᠶᠠᠬᠤ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢᠨ ᠬᠡᠪᠴᠢᠶ᠎ᠡ᠎ᠠᠴᠠ ᠳᠠᠪᠠᠭᠰᠠᠨ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ; ᠬᠣᠶᠠᠷ᠎ᠲᠤ᠂ ᠬᠢᠵᠠᠭ᠋ᠠᠷᠯᠠᠯ᠎ᠠᠴᠠ ᠬᠡᠲᠦᠷᠡᠭᠦᠯᠦᠨ ᠡᠮ ᠬᠡᠷᠡᠭᠯᠡᠬᠦ᠂ ᠦᠨᠳᠦᠰᠦ ᠪᠠᠷᠢᠮᠲᠠ ᠥᠬᠡᠶ᠎ᠪᠠᠷ ᠡᠮ ᠬᠡᠷᠡᠭᠯᠡᠬᠦ᠂ ᠬᠡᠪᠴᠢᠶ᠎ᠡ᠎ᠠᠴᠠ ᠬᠡᠲᠦᠷᠡᠭᠦᠯᠦᠨ ᠡᠮ ᠬᠡᠷᠡᠭᠯᠡᠬᠦ᠂ ᠬᠡᠮᠵᠢᠶ᠎ᠡ᠎ᠠᠴᠠ ᠬᠡᠲᠦᠷᠡᠭᠦᠯᠦᠨ ᠡᠮ ᠬᠡᠷᠡᠭᠯᠡᠬᠦ᠂ ᠬᠡᠲᠦᠷᠡᠲᠡᠯ᠎ᠡ ᠡᠮ ᠬᠡᠷᠡᠭᠯᠡᠬᠦ᠂ ᠠᠳᠠᠯᠢ ᠲᠥᠷᠥᠯ᠎ᠤᠨ ᠡᠮ᠎ᠢ ᠳᠠᠪᠬᠤᠴᠠᠭᠤᠯᠤᠨ ᠬᠡᠷᠡᠭᠯᠡᠬᠦ ᠵᠢ ᠪᠠᠭᠲᠠᠭ᠋ᠠᠭᠰᠠᠨ ᠲᠣᠭᠲᠠᠭ᠋ᠠᠯ᠎ᠠᠴᠠ ᠵᠥᠷᠢᠴᠡᠨ ᠡᠮ ᠬᠡᠷᠡᠭᠯᠡᠬᠦ ᠠᠰᠠᠭᠤᠳᠠᠯ ᠣᠷᠣᠰᠢᠵᠤ ᠪᠠᠶ᠋ᠢᠨ᠎ᠠ; ᠡᠮ ᠬᠡᠷᠡᠭᠯᠡᠬᠦ᠎ᠨᠢ ᠡᠮᠴᠢ ᠵᠢᠨ ᠵᠢᠭ᠋ᠠᠪᠤᠷᠢ᠎ᠲᠠᠢ ᠨᠡᠶ᠋ᠢᠴᠡᠬᠦ ᠦᠭᠡᠢ᠂ ᠲᠡᠮᠳᠡᠭᠯᠡᠯ ᠦᠭᠡᠢ ᠪᠤᠶᠤ ᠲᠡᠮᠳᠡᠭᠯᠡᠯ᠎ᠨᠢ ᠪᠣᠳᠠᠲᠤ ᠪᠠᠶ᠋ᠢᠳᠠᠯ᠎ᠲᠠᠢ ᠨᠢᠭᠡᠳᠦᠯ ᠦᠭᠡᠢ ᠵᠡᠷᠭᠡ ᠠᠰᠠᠭᠤᠳᠠᠯ; ᠭᠤᠷᠪᠠ᠎ᠳᠤ᠂ ᠲᠣᠭᠲᠠᠭ᠋ᠠᠯ᠎ᠠᠴᠠ ᠵᠥᠷᠢᠴᠡᠨ ᠪᠠᠶ᠋ᠢᠴᠠᠭ᠋ᠠᠵᠤ ᠡᠮᠨᠡᠨ ᠵᠠᠰᠠᠬᠤ᠂ ᠪᠠᠶ᠋ᠢᠴᠠᠭ᠋ᠠᠬᠤ᠂ ᠡᠮᠨᠡᠨ ᠵᠠᠰᠠᠬᠤ᠎ᠨᠢ ᠡᠮᠴᠢ ᠵᠢᠨ ᠵᠢᠭ᠋ᠠᠪᠤᠷᠢ᠎ᠲᠠᠢ ᠨᠡᠶ᠋ᠢᠴᠡᠬᠦ ᠥᠬᠡᠶ᠂ ᠬᠡᠷᠡᠭᠯᠡᠬᠦ ᠬᠡᠪᠴᠢᠶ᠎ᠡ ᠵᠢ ᠬᠢᠵᠠᠭ᠋ᠠᠷᠯᠠᠭᠰᠠᠨ᠎ᠠᠴᠠ ᠬᠡᠲᠦᠷᠡᠭᠰᠡᠨ᠂ ᠡᠪᠡᠳᠴᠢᠨ᠎ᠳᠤ ᠥᠯᠥ ᠳᠣᠭᠢᠷᠠᠬᠤ ᠵᠡᠷᠭᠡ ᠣᠨᠣᠰᠢᠯᠠᠨ ᠡᠮᠨᠡᠬᠦ ᠦᠢ᠍ᠯᠡᠴᠢᠯᠡᠭᠡ ᠵᠢ ᠲᠣᠭᠲᠠᠭ᠋ᠠᠯ᠎ᠠᠴᠠ ᠵᠥᠷᠢᠴᠡᠨ ᠬᠡᠷᠡᠭᠯᠡᠬᠦ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ; ᠳᠥᠷᠪᠡ᠎ᠳᠤ᠂ ᠡᠪᠡᠳᠴᠢᠨ᠎ᠤ ᠲᠡᠦᠬᠡ ᠵᠢᠨ ᠲᠠᠯ᠎ᠠ᠎ᠪᠠᠷ ᠡᠮᠴᠢ ᠵᠢᠨ ᠵᠠᠬᠢᠭᠰᠠᠨ ᠬᠢᠲᠠᠳ ᠡᠮ᠎ᠤᠨ ᠵᠦᠢ᠍ᠯ ᠵᠢᠴᠢ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠪᠢᠴᠢᠭᠰᠡᠨ᠎ᠨᠢ ᠵᠢᠷᠤᠮᠵᠢᠯ ᠥᠬᠡᠶ᠂ ᠡᠪᠡᠳᠴᠢᠨ᠎ᠤ ᠲᠠᠩᠰᠠ ᠵᠢᠨ ᠲᠦᠷᠦᠭᠦᠦ ᠨᠢᠭᠤᠷ ᠵᠢᠴᠢ ᠡᠪᠡᠳᠴᠢᠨ᠎ᠤ ᠶᠠᠪᠤᠴᠠ ᠵᠢᠨ ᠲᠡᠮᠳᠡᠭᠯᠡᠯ᠎ᠨᠢ ᠪᠦᠷᠢᠨ ᠪᠤᠰᠤ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃
2 . DIP ᠬᠠᠮᠢᠶᠠᠷᠤᠯᠲᠠ ᠵᠢᠨ ᠲᠠᠯ᠎ᠠ᠎ᠪᠠᠷ᠃ ᠨᠢᠭᠡ᠎ᠳᠤ᠂ ᠣᠨᠴᠠ ᠵᠠᠷᠢᠮ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠲᠣᠭᠲᠠᠭᠰᠠᠨ ᠴᠠᠭ᠎ᠲᠤ ᠳ᠋ᠦᠩᠨᠡᠨ ᠪᠤᠳᠤᠬᠤ ᠨᠠᠷᠢᠨ ᠲᠠᠩᠰᠠ ᠵᠢ ᠳᠡᠭᠡᠭᠰᠢ ᠳᠠᠮᠵᠢᠭᠤᠯᠤᠭᠰᠠᠨ ᠥᠬᠡᠶ᠂ ᠡᠰᠡᠬᠦᠯ᠎ᠡ ᠳ᠋ᠦᠩᠨᠡᠨ ᠪᠤᠳᠤᠬᠤ ᠨᠠᠷᠢᠨ ᠲᠠᠩᠰᠠ ᠵᠢ ᠳᠡᠭᠡᠭᠰᠢ ᠳᠠᠮᠵᠢᠭᠤᠯᠬᠤ ᠦᠶ᠎ᠡ᠎ᠳᠤ ᠴᠠᠭ ᠲᠤᠬᠠᠶ᠋ᠢᠴᠢ ᠴᠢᠨᠠᠷ᠂ ᠪᠦᠷᠢᠨ ᠪᠦᠲᠦᠨ ᠴᠢᠨᠠᠷ᠂ ᠵᠦᠶ ᠶᠣᠰᠣᠴᠢ ᠴᠢᠨᠠᠷ᠂ ᠵᠢᠷᠤᠮᠵᠢᠯ᠎ᠤᠨ ᠴᠢᠨᠠᠷ᠎ᠤᠨ ᠱᠠᠭ᠋ᠠᠷᠳᠠᠯᠭ᠎ᠠ᠎ᠳᠤ ᠭᠦᠷᠦᠭᠰᠡᠨ ᠥᠬᠡᠶ; ᠬᠣᠶᠠᠷ᠎ᠲᠤ᠂ ᠲᠣᠭᠲᠠᠮᠠᠯ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠎ᠳᠤ ᠲᠤᠰᠬᠠᠶ ᠮᠡᠷᠭᠡᠵᠢᠯ᠎ᠤᠨ ᠠᠵᠢᠯᠲᠠᠨ ᠨᠡᠶ᠋ᠢᠳᠡᠮ ᠳᠤᠲᠠᠭᠳᠠᠵᠤ᠂ ᠣᠲᠣ ᠪᠠᠶ᠋ᠢᠭ᠎ᠠ ᠠᠵᠢᠯᠲᠠᠨ᠎ᠨᠢ ᠲᠤᠰᠢᠶᠠᠯ ᠬᠠᠪᠰᠤᠷᠭ᠋ᠠᠭᠰᠠᠨ ᠮᠥᠷᠲᠡᠭᠡᠨ ᠠᠵᠢᠯ᠎ᠤᠨ ᠪᠠᠶ᠋ᠢᠷᠢ ᠵᠢᠨ ᠬᠤᠪᠢᠷᠠᠯᠲᠠ ᠣᠯᠠᠨ ᠪᠠᠶ᠋ᠢᠵᠤ᠂ DIP ᠠᠵᠢᠯ᠎ᠢ ᠵᠣᠯᠭ᠋ᠠᠯᠳᠤᠭᠤᠯᠬᠤ ᠪᠠ ᠠᠬᠢᠭᠤᠯᠬᠤ᠎ᠳᠤ ᠠᠰᠢᠭ ᠥᠬᠡᠶ ᠪᠠᠶ᠋ᠢᠨ᠎ᠠ᠃ ᠭᠤᠷᠪᠠ᠎ᠳᠤ᠂ ᠬᠡᠰᠡᠭ ᠡᠮᠴᠢᠯᠡᠭᠡᠨ᠎ᠤ ᠪᠠᠶ᠋ᠢᠭᠤᠯᠤᠮᠵᠢ ᠵᠢᠨ ᠬᠣᠶᠠᠳᠠᠬᠢ ᠤᠳᠠᠭ᠎ᠠ ᠡᠮᠨᠡᠯᠭᠡ᠎ᠳᠤ ᠣᠷᠣᠬᠤ ᠨᠣᠷᠮ᠎ᠠ᠂ ᠳᠤᠤᠷ᠎ᠠ ᠪᠠᠷᠢᠮᠵᠢᠶ᠎ᠠ᠎ᠪᠠᠷ ᠡᠮᠨᠡᠯᠭᠡ᠎ᠳᠤ ᠣᠷᠣᠬᠤ ᠨᠣᠷᠮ᠎ᠠ᠂ ᠣᠷᠳᠣ ᠬᠤᠭᠤᠴᠠᠭ᠎ᠠ᠎ᠪᠠᠷ ᠡᠮᠨᠡᠯᠭᠡ᠎ᠳᠤ ᠰᠠᠭᠤᠬᠤ ᠨᠣᠷᠮ᠎ᠠ᠂ ᠳᠤᠤᠷ᠎ᠠ ᠲᠦᠭᠰᠢᠭᠦᠷᠢᠲᠦ ᠡᠪᠡᠳᠴᠢᠨ᠎ᠤ ᠳᠤᠭᠤᠶ᠋ᠢᠯᠠᠩ᠎ᠤᠨ ᠦᠬᠦᠯᠲᠡ ᠵᠢᠨ ᠨᠣᠷᠮ᠎ᠠ ᠵᠡᠷᠭᠡ ᠶᠠᠰᠤ ᠴᠢᠨᠠᠷ᠎ᠤᠨ ᠭᠦᠢ᠍ᠴᠡᠳᠭᠡᠯ ᠲᠣᠭ᠎ᠠ ᠨᠡᠯᠢᠶᠡᠳ ᠳᠤᠤᠷ᠎ᠠ ᠪᠠᠶ᠋ᠢᠵᠤ᠂ ᠡᠮᠴᠢᠯᠡᠭᠡᠨ᠎ᠤ ᠦᠢ᠍ᠯᠡᠴᠢᠯᠡᠭᠡ ᠵᠢᠨ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ᠎ᠳᠤ ᠠᠰᠢᠭ ᠥᠬᠡᠶ ᠪᠠᠶ᠋ᠢᠨ᠎ᠠ᠃
3 . ᠡᠭᠦᠳᠡᠨ ᠡᠮᠨᠡᠯᠭᠡ ᠵᠢᠨ ᠣᠨᠴᠠᠭ᠋ᠠᠢ ᠤᠵᠢᠭ ᠡᠪᠡᠳᠴᠢᠨ ᠵᠢᠴᠢ ᠡᠭᠦᠳᠡᠨ ᠡᠮᠨᠡᠯᠭᠡ ᠵᠢᠨ ᠤᠨᠴᠠᠭ᠋ᠠᠢ ᠡᠮ ᠬᠡᠷᠡᠭᠯᠡᠬᠦ ᠬᠠᠮᠢᠶᠠᠷᠤᠯᠲᠠ ᠵᠢᠨ ᠲᠠᠯ᠎ᠠ᠎ᠪᠠᠷ᠃ ᠨᠢᠭᠡ᠎ᠳᠤ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠮᠡᠳᠡᠭᠦᠯᠦᠭᠰᠡᠨ᠂ ᠡᠮᠨᠡᠭᠦᠯᠦᠭᠰᠡᠨ ᠲᠡᠮᠳᠡᠭᠯᠡᠯ᠂ ᠡᠪᠡᠳᠴᠢᠨ᠎ᠤ ᠲᠠᠩᠰᠠ ᠮᠠᠲ᠋ᠧᠷᠢᠶᠠᠯ᠎ᠢ ᠪᠦᠷᠢᠨ ᠭᠦᠢ᠍ᠴᠡᠳ ᠬᠠᠳᠠᠭ᠋ᠠᠯᠠᠭᠰᠠᠨ ᠥᠬᠡᠶ᠂ ᠡᠬᠡ ᠲᠠᠩᠰᠠ ᠵᠢ ᠪᠠᠯᠠᠯᠤᠨ ᠵᠠᠰᠠᠭᠰᠠᠨ᠂ ᠬᠦᠰᠦᠨᠦᠭᠲᠦ ᠵᠡᠷᠭᠡ ᠮᠠᠲ᠋ᠧᠷᠢᠶᠠᠯ᠎ᠢ ᠳᠡᠪᠲᠡᠷᠯᠡᠭᠰᠡᠨ᠎ᠨᠢ ᠵᠢᠷᠤᠮᠵᠢᠯ ᠥᠬᠡᠶ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ; ᠬᠣᠶᠠᠷ᠎ᠲᠤ᠂ ᠬᠢᠨᠠᠨ ᠵᠥᠪᠰᠢᠶᠡᠷᠡᠬᠦ᠎ᠳᠤ ᠬᠢᠵᠠᠭ᠋ᠠᠷᠯᠠᠯ᠎ᠠᠴᠠ ᠬᠡᠲᠦᠷᠡᠭᠦᠯᠦᠨ ᠲᠣᠭᠲᠠᠭ᠋ᠠᠭᠰᠠᠨ ᠬᠡᠷᠡᠭᠯᠡᠬᠦ ᠬᠡᠪᠴᠢᠶ᠎ᠡ᠂ ᠬᠡᠲᠦᠷᠡᠲᠡᠯ᠎ᠡ ᠣᠨᠣᠰᠢᠯᠠᠨ ᠡᠮᠨᠡᠬᠦ ᠪᠤᠶᠤ ᠡᠪᠡᠳᠴᠢᠨ ᠡᠮᠭᠡᠭ᠎ᠢ ᠣᠨᠣᠰᠢᠯᠠᠬᠤ ᠪᠠ ᠡᠮ ᠬᠡᠷᠡᠭᠯᠡᠬᠦ᠎ᠨᠢ ᠨᠡᠶ᠋ᠢᠴᠡᠬᠦ ᠥᠬᠡᠶ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ; ᠭᠤᠷᠪᠠ᠎ᠳᠤ᠂ ᠪᠠᠶ᠋ᠢᠴᠠᠭ᠋ᠠᠬᠤ᠂ ᠡᠮᠨᠡᠨ ᠵᠠᠰᠠᠬᠤ᠂ ᠡᠮ ᠬᠡᠷᠡᠭᠯᠡᠭᠰᠡᠨ ᠲᠡᠮᠳᠡᠭᠯᠡᠯ ᠥᠬᠡᠶ ᠪᠤᠶᠤ ᠲᠡᠮᠳᠡᠭᠯᠡᠯ᠎ᠨᠢ ᠡᠪᠡᠳᠴᠢᠨ᠎ᠤ ᠪᠠᠶ᠋ᠢᠳᠠᠯ᠎ᠲᠠᠢ ᠨᠢᠭᠡᠳᠦᠯ ᠥᠬᠡᠶ᠃
4 . ᠡᠭᠦᠳᠡᠨ ᠡᠮᠨᠡᠯᠭᠡ ᠵᠢᠨ ᠬᠠᠮᠢᠶᠠᠷᠤᠯᠲᠠ ᠵᠢᠨ ᠲᠠᠯ᠎ᠠ᠎ᠪᠠᠷ᠃ ᠨᠢᠭᠡ᠎ᠳᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠪᠤᠯᠤᠩ ᠪᠠᠶ᠋ᠢᠭᠤᠯᠤᠭᠰᠠᠨ ᠥᠬᠡᠶ ᠪᠤᠶᠤ ᠠᠭᠤᠯᠭ᠎ᠠ᠎ᠪᠠᠨ ᠴᠠᠭ ᠲᠤᠬᠠᠶ᠎ᠳᠤᠨᠢ ᠰᠢᠨᠡᠳᠬᠡᠭᠰᠡᠨ ᠥᠬᠡᠶ᠂ ᠡᠮ᠎ᠤᠨ ᠵᠦᠢ᠍ᠯ ᠵᠢᠴᠢ ᠡᠮᠴᠢᠯᠡᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢ ᠢᠯᠡ ᠨᠡᠶ᠋ᠢᠲᠡᠯᠡᠭᠰᠡᠨ ᠥᠬᠡᠶ; ᠬᠣᠶᠠᠷ᠎ᠲᠤ᠂ ᠡᠭᠦᠳᠡᠨ ᠡᠮᠨᠡᠯᠭᠡ ᠵᠢᠨ ᠳ᠋ᠦᠩᠨᠡᠨ ᠪᠤᠳᠤᠬᠤ ᠬᠠᠮᠢᠶᠠᠷᠤᠯᠲᠠ ᠵᠢ ᠪᠣᠳᠠᠲᠠᠶ᠋ᠢᠵᠢᠭᠤᠯᠤᠭᠰᠠᠨ ᠥᠬᠡᠶ᠂ ᠳ᠋ᠦᠩᠨᠡᠨ ᠪᠤᠳᠤᠭᠰᠠᠨ ᠵᠢᠵᠢᠭ ᠪᠠᠷᠢᠮᠲᠠ᠂ ᠵᠣᠷ᠂ ᠰᠢᠢ᠍ᠳᠪᠦᠷᠢᠯᠡᠭᠰᠡᠨ ᠬᠠᠭᠤᠳᠠᠰᠤ ᠵᠢ ᠱᠠᠭ᠋ᠠᠷᠳᠠᠯᠭ᠎ᠠ ᠶᠣᠰᠣᠭ᠋ᠠᠷ ᠬᠠᠮᠢᠶᠠᠷᠤᠭᠰᠠᠨ ᠥᠬᠡᠶ᠂ ᠲᠠᠩᠰᠠ ᠡᠪᠬᠡᠮᠡᠯ᠎ᠳᠤ ᠣᠷᠣᠭᠤᠯᠤᠭᠰᠠᠨ ᠥᠬᠡᠶ; ᠭᠤᠷᠪᠠ᠎ᠳᠤ᠂ ᠣᠨᠴᠠ ᠵᠠᠷᠢᠮ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠲᠥᠷᠥᠯ ᠵᠦᠢ᠍ᠯ ᠰᠣᠯᠢᠬᠤ ᠪᠤᠶᠤ ᠭᠠᠷᠴᠠᠭ᠎ᠠᠴᠠ ᠭᠠᠳᠠᠨᠠᠬᠢ ᠲᠥᠷᠥᠯ ᠵᠦᠢ᠍ᠯ᠎ᠢ ᠬᠡᠷᠡᠭᠯᠡᠬᠦ ᠦᠵᠡᠭᠳᠡᠯ ᠣᠷᠣᠰᠢᠵᠤ ᠪᠠᠶ᠋ᠢᠨ᠎ᠠ; ᠳᠥᠷᠪᠡ᠎ᠳᠤ᠂ ᠪᠠᠶ᠋ᠢᠴᠠᠭ᠋ᠠᠬᠤ᠂ ᠡᠮᠨᠡᠨ ᠵᠠᠰᠠᠬᠤ᠂ ᠡᠮ ᠬᠡᠷᠡᠭᠯᠡᠭᠰᠡᠨ ᠲᠡᠮᠳᠡᠭᠯᠡᠯ ᠥᠬᠡᠶ ᠪᠤᠶᠤ ᠲᠡᠮᠳᠡᠭᠯᠡᠯ᠎ᠨᠢ ᠪᠣᠳᠠᠲᠤ ᠪᠠᠶ᠋ᠢᠳᠠᠯ᠎ᠲᠠᠢ ᠨᠢᠭᠡᠳᠦᠯ ᠥᠬᠡᠶ ᠪᠠᠶ᠋ᠢᠬᠤ ᠵᠡᠷᠭᠡ ᠠᠰᠠᠭᠤᠳᠠᠯ᠃
ᠬᠣᠶᠠᠷ᠂ ᠰᠢᠯᠭ᠋ᠠᠨ ᠬᠢᠨᠠᠭᠰᠠᠨ ᠦᠷ᠎ᠡ ᠳ᠋ᠦᠩ
(ᠨᠢᠭᠡ) DIP ᠲᠤᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ
ᠰᠢᠯᠭ᠋ᠠᠨ ᠬᠢᠨᠠᠬᠤ ᠠᠭᠤᠯᠭ᠎ᠠ ᠵᠢᠴᠢ ᠬᠤᠪᠢ ᠣᠯᠭᠣᠬᠤ ᠪᠠᠷᠢᠮᠵᠢᠶ᠎ᠠ ᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠷᠣᠨ ᠪᠦᠰᠡ ᠵᠢᠨ ᠴᠡᠭ᠎ᠤᠨ ᠠᠷᠭ᠎ᠠ ᠵᠢᠨ ᠶᠡᠷᠦᠩᠬᠡᠶ ᠲᠣᠭ᠎ᠠ ᠵᠢᠨ ᠲᠥᠰᠦᠪ ᠪᠠ ᠡᠪᠡᠳᠴᠢᠨ᠎ᠤ ᠲᠥᠷᠥᠯ᠎ᠤᠨ ᠥᠷᠲᠡᠭ ᠵᠶ᠋ᠠᠷ ᠵᠠᠷᠤᠳᠠᠯ ᠲᠤᠰᠢᠶᠠᠬᠤ (DIP) ᠰᠢᠯᠭ᠋ᠠᠨ ᠬᠢᠨᠠᠵᠤ ᠦᠨᠡᠯᠡᠬᠦ ᠬᠠᠮᠢᠶᠠᠷᠤᠯᠲᠠ ᠵᠢᠨ ᠠᠷᠭ᠎ᠠ》 (ᠥᠪᠥᠷ ᠡᠮᠨᠡᠯᠭᠡ ᠳᠠᠭ᠋ᠠᠳᠬᠠᠯ ᠲᠠᠷᠬᠠᠭ᠋ᠠᠭᠰᠠᠨ [2023] 2 ᠳ᠋ᠤᠭ᠋ᠠᠷ ᠲᠣᠭ᠋ᠠᠲᠤ) ᠶᠣᠰᠣᠭ᠋ᠠᠷ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ DIP ᠰᠢᠯᠭ᠋ᠠᠨ ᠬᠢᠨᠠᠵᠤ ᠬᠤᠪᠢ ᠲᠣᠭᠲᠠᠭ᠋ᠠᠬᠤ ᠬᠦᠰᠦᠨᠦᠭᠲᠦ》 (ᠳᠠᠭ᠋ᠠᠯᠳᠤᠭᠤᠯᠤᠯ 1)᠎ᠳᠤ ᠨᠠᠷᠢᠨ ᠦᠵᠡᠭᠡᠷᠡᠶ᠃
(ᠬᠣᠶᠠᠷ) DIP ᠲᠤᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠪᠤᠰᠤ᠃
1 . ᠲᠤᠭᠲᠠᠭᠰᠠᠨ ᠴᠡᠭ᠎ᠤᠨ ᠡᠮᠴᠢᠯᠡᠭᠡᠨ᠎ᠤ ᠰᠢᠯᠢᠳᠡᠭ ᠪᠠᠶ᠋ᠢᠭᠤᠯᠤᠮᠵᠢ (10 ᠭᠡᠷ)
ᠬᠥᠬᠡᠬᠣᠲᠠ ᠵᠢᠨ ᠬᠣᠩ ᠴᠢᠶᠠᠩ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠶᠦᠩ ᠺᠠᠩ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠥᠪᠥᠷ ᠮᠣᠩᠭᠣᠯ᠎ᠤᠨ ᠡᠮᠴᠢᠯᠡᠭᠡᠨ᠎ᠤ ᠲᠤᠰᠬᠠᠶ ᠪᠣᠯᠪᠠᠰᠤᠷᠠᠯ᠎ᠤᠨ ᠳᠡᠭᠡᠳᠦ ᠰᠤᠷᠭ᠋ᠠᠭᠤᠯᠢ ᠵᠢᠨ ᠬᠠᠷᠢᠶᠠᠲᠤ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠬᠣᠩ ᠢᠦᠶ ᠬᠢᠲᠠᠳ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠮᠢᠨ ᠺᠠᠩ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠵᠢᠶ ᠮᠢᠨ ᠡᠮᠨᠡᠯᠭᠡ ᠵᠢᠨ ᠬᠣᠷᠢᠶ᠎ᠠ᠂ ᠰᠢᠨ᠎ᠡ ᠬᠣᠲᠠ ᠲᠣᠭᠣᠷᠢᠭ᠎ᠤᠨ ᠳ᠋ᠦᠩ ᠹᠸᠩ ᠵᠠᠮ᠎ᠤᠨ ᠬᠡᠷᠡᠭ ᠡᠷᠬᠢᠯᠡᠬᠦ ᠭᠠᠵᠠᠷ᠎ᠤᠨ ᠨᠡᠶ᠋ᠢᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠂ ᠦᠴᠦᠸᠠᠨ ᠰᠢᠶᠠᠨ᠎ᠤ ᠷᠧᠨ ᡁᠢ ᠭᠠᠩ ᠬᠢᠲᠠᠳ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠢ ᠱᠧᠩ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠹᠦ᠋ ᠨᠢᠩ ᠮᠡᠳᠡᠷᠡᠯ᠎ᠤᠨ ᠡᠪᠡᠳᠴᠢᠨ᠎ᠤ ᠡᠮᠨᠡᠯᠭᠡ ᠵᠢᠨ ᠬᠣᠷᠢᠶ᠎ᠠ᠃
2 . ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ (12 ᠭᠡᠷ)
ᠬᠣᠷᠢᠨᠭᠡᠷ ᠰᠢᠶᠠᠨ᠎ᠤ ᠡᠮᠨᠡᠯᠭᠡ ᠵᠢᠨ ᠬᠣᠷᠢᠶ᠎ᠠ᠂ ᠦᠴᠦᠸᠠᠨ ᠰᠢᠶᠠᠨ᠎ᠤ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠢᠦᠶ ᠴᠢᠤᠸᠠᠨ ᠲᠣᠭᠣᠷᠢᠭ᠎ᠤᠨ ᠸᠸᠨ ᠺᠠᠩ ᠳ᠋ᠸ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠠᠶ ᠮᠢᠨ ᠬᠤᠸᠠ ᠷᠦᠢ ᠡᠮᠨᠡᠯᠭᠡ ᠵᠢᠨ ᠬᠣᠷᠢᠶᠠᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ᠂ ᠬᠥᠬᠡᠬᠣᠲᠠ ᠵᠢᠨ ᠷᠧᠨ ᠰᠢᠶᠠᠩ ᠬᠢᠲᠠᠳ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠪᠥᠸᠧ ᠠᠶ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠳ᠋ᠦᠩ ᠳ᠋ᠡ ᠬᠣᠰᠬᠢᠨᠠᠭ᠎ᠤᠨ ᠡᠮᠨᠡᠯᠭᠡ ᠵᠢᠨ ᠬᠣᠷᠢᠶ᠎ᠠ᠂ ᠥᠪᠥᠷ ᠮᠣᠩᠭᠣᠯ᠎ᠤᠨ ᠠᠶ ᠮᠢᠩ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠰᠢᠨ ᠶᠠ ᠡᠮᠨᠡᠯᠭᠡ ᠵᠢᠨ ᠬᠣᠷᠢᠶ᠎ᠠ᠂ ᠬᠥᠬᠡᠬᠣᠲᠠ ᠵᠢᠨ ᠰᠠᠨ ᠺᠦᠩ ᠯᠢ ᠣᠪᠣᠭᠲᠤ ᠵᠢᠨ ᠶᠠᠰᠤ ᠪᠠᠷᠢᠬᠤ ᠡᠮᠨᠡᠯᠭᠡ ᠵᠢᠨ ᠬᠣᠷᠢᠶᠠᠨ᠎ᠤ ᠬᠢᠵᠠᠭ᠋ᠠᠷᠲᠤ ᠺᠣᠮᠫᠠᠨᠢ᠂ ᠬᠥᠬᠡᠬᠣᠲᠠ ᠵᠢᠨ ᠺᠠᠶ ᠯᠢᠨ ᠴᠢᠬᠢ ᠬᠠᠮᠠᠷ ᠬᠣᠭᠣᠯᠠᠶ ᠵᠢᠨ ᠲᠤᠰᠬᠠᠶ ᠡᠮᠨᠡᠯᠭᠡ ᠵᠢᠨ ᠬᠣᠷᠢᠶᠠᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠵᠠᠮ᠎ᠤᠨ ᠬᠡᠷᠡᠭ ᠡᠷᠬᠢᠯᠡᠬᠦ ᠭᠠᠵᠠᠷ᠎ᠤᠨ ᠨᠡᠶ᠋ᠢᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠃
3 . ᠬᠢᠷᠢ ᠲᠡᠩᠴᠡᠭᠰᠡᠨ ᠲᠤᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ (745 ᠭᠡᠷ)
ᠨᠠᠷᠢᠨ ᠵᠦᠢ᠍ᠯ᠎ᠢ ᠳᠠᠭ᠋ᠠᠯᠳᠤᠭᠤᠯᠤᠯ 2᠎ᠲᠤ ᠦᠵᠡ᠃
4 . ᠬᠢᠷᠢ ᠲᠡᠩᠴᠡᠬᠦ ᠦᠭᠡᠶ ᠲᠤᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ (4 ᠭᠡᠷ)᠃
ᠬᠥᠬᠡᠬᠣᠲᠠ ᠵᠢᠨ ᠬᠤᠢ ᠷᠧᠨ ᠡᠮᠨᠡᠯᠭᠡ ᠵᠢᠨ ᠬᠣᠷᠢᠶ᠎ᠠ᠂ ᠵᠠᠩ ᠱ᠌ᠢ ᠺᠠᠢ ᠵᠢᠨ ᠬᠢᠲᠠᠳ ᠡᠮᠨᠡᠯᠭᠡ ᠵᠢᠨ ᠭᠠᠵᠠᠷ᠂ ᠬᠣᠲᠣᠩ ᠠᠷᠠᠳ᠎ᠤᠨ ᠲᠣᠭᠣᠷᠢᠭ᠎ᠤᠨ ᠵᠤᠤ ᠴᠦᠨ᠎ᠲᠤ ᠵᠢᠨ ᠧᠦ᠋ᠷᠣᠫᠠ ᠡᠮᠨᠡᠯᠭᠡ ᠵᠢᠨ ᠭᠠᠵᠠᠷ᠂ ᠬᠣᠲᠣᠩ ᠠᠷᠠᠳ᠎ᠤᠨ ᠲᠣᠭᠣᠷᠢᠭ᠎ᠤᠨ ᠵᠢᠶᠠᠨ ᠱᠧᠨ ᠪᠦᠦ ᠵᠢᠨ ᠠᠮᠠᠨ ᠬᠥᠨᠳᠡᠢ ᠵᠢᠨ ᠡᠮᠨᠡᠯᠭᠡ ᠵᠢᠨ ᠭᠠᠵᠠᠷ᠃
ᠭᠤᠷᠪᠠ᠂ ᠱᠠᠩᠨᠠᠵᠤ ᠲᠣᠷᠭ᠋ᠠᠬᠤ ᠰᠠᠨᠠᠯ
(ᠨᠢᠭᠡ) ᠲᠡᠷᠢᠭᠦᠨ᠎ᠤ᠎ᠬᠢ ᠵᠢ ᠬᠥᠬᠢᠭᠦᠯᠦᠨ ᠰᠠᠶ᠋ᠢᠰᠢᠶᠠᠨ᠎ᠠ
ᠡᠯ᠎ᠡ ᠲᠤᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠠᠵᠢᠯ᠎ᠢ ᠥᠷᠨᠢᠭᠦᠯᠦᠭᠰᠡᠨ ᠪᠠᠶ᠋ᠢᠳᠠᠯ ᠵᠢᠴᠢ ᠣᠨ᠎ᠤ ᠰᠢᠯᠭ᠋ᠠᠨ ᠬᠢᠨᠠᠭᠰᠠᠨ ᠪᠠᠶ᠋ᠢᠳᠠᠯ᠎ᠲᠠᠢ ᠤᠶᠠᠯᠳᠤᠭᠤᠯᠤᠨ᠂ ᠡᠮᠴᠢᠯᠡᠭᠡᠨ᠎ᠤ ᠦᠢ᠍ᠯᠡᠴᠢᠯᠡᠭᠡ ᠵᠢᠨ ᠬᠡᠯᠡᠯᠴᠡᠭᠡᠷ᠎ᠢ ᠴᠢᠩᠭ᠎ᠠ ᠭᠦᠢ᠍ᠴᠡᠳᠭᠡᠵᠦ᠂ ᠬᠠᠮᠢᠶᠠᠷᠤᠯᠲᠠ᠎ᠨᠢ ᠵᠢᠷᠤᠮᠵᠢᠯ᠎ᠲᠠᠢ᠂ ᠦᠢ᠍ᠯᠡᠴᠢᠯᠡᠭᠡᠨ᠎ᠢ ᠰᠢᠯᠢᠳᠡᠭ᠂ ᠡᠮᠴᠢᠯᠡᠭᠡᠨ᠎ᠤ ᠳᠠᠭ᠋ᠠᠳᠬᠠᠯ᠎ᠤᠨ ᠠᠵᠢᠯ᠎ᠤᠨ ᠴᠡᠭ ᠲᠤᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ ᠵᠢᠴᠢ ᠬᠤᠪᠢ ᠬᠥᠮᠦᠨ᠎ᠳᠤ ᠮᠡᠳᠡᠭᠡᠯᠡᠨ ᠰᠠᠶ᠋ᠢᠰᠢᠶᠠᠨ᠎ᠠ᠃
1 . ᠲᠡᠷᠢᠭᠦᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ (12 ᠭᠡᠷ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ ᠵᠢᠨ ᠬᠣᠷᠢᠶᠠᠨ᠎ᠤ ᠲᠥᠯᠥᠪᠯᠡᠭᠡᠲᠦ ᠡᠳ᠋᠎ᠤᠨ ᠶᠠᠪᠤᠳᠠᠯ ᠡᠮᠨᠡᠯᠭᠡ ᠵᠢᠨ ᠳᠠᠭ᠋ᠠᠳᠬᠠᠯ᠎ᠤᠨ ᠭᠠᠵᠠᠷ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠵᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠭᠠᠵᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠤᠯᠤᠰ᠎ᠤᠨ ᠮᠣᠩᠭᠣᠯ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠵᠠᠷ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠣᠶᠠᠳᠤᠭ᠋ᠠᠷ ᠬᠠᠷᠢᠶᠠᠲᠤ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠪᠠᠷᠠᠭ᠋ᠠᠨ᠎ᠤ ᠦᠨ᠎ᠡ ᠵᠢᠨ ᠬᠡᠯᠲᠡᠰ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠠᠷᠠᠳ᠎ᠤᠨ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠵᠠᠷ᠂ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠤᠨ ᠬᠣᠷᠢᠶᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ᠂ ᠴᠢᠯᠥᠭᠡᠯᠡᠬᠦ ᠴᠡᠷᠢᠭ᠎ᠤᠨ ᠬᠠᠮᠲᠤᠷᠠᠭᠰᠠᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠡᠷᠢᠭ ᠠᠩᠭᠢ ᠵᠢᠨ 969 ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠠᠯᠪᠠᠨ ᠬᠡᠷ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠶ ᠠᠩᠭᠢ ᠵᠢᠨ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ᠂ ᠬᠥᠬᠡᠬᠣᠲᠠ ᠵᠢᠨ ᠨᠢᠭᠡᠳᠦᠭᠡᠷ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠵᠠᠷ᠂ ᠬᠥᠬᠡᠬᠣᠲᠠ ᠵᠢᠨ ᠬᠣᠶᠠᠳᠤᠭ᠋ᠠᠷ ᠡᠮᠨᠡᠯᠭᠡ ᠵᠢᠨ ᠬᠣᠷᠢᠶᠠᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ᠂ ᠬᠥᠬᠡᠬᠣᠲᠠ ᠵᠢᠨ ᠮᠣᠩᠭᠣᠯ ᠬᠢᠲᠠᠳ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ᠃
2 . ᠲᠡᠷᠢᠭᠦᠨ᠎ᠤ ᠬᠤᠪᠢ ᠬᠥᠮᠦᠨ (38 ᠬᠥᠮᠦᠨ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ᠄ ᠫᠠᠩ ᠵᠢᠨ ᠰᠢᠶᠠ᠂ ᠷᠧᠨ ᠵᠢᠶᠦ᠋ᠨ ᠹᠧᠩ᠂ ᠰᠤᠷᠤᠨ᠎ᠠ᠂ ᠸᠠᠩ ᠳ᠋ᠠᠨ᠂ ᠶᠦᠨ ᠵᠤᠤ ᠴᠢᠶᠠᠨ;
ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠡᠮᠨᠡᠯᠭᠡ ᠵᠢᠨ ᠬᠣᠷᠢᠶ᠎ᠠ᠄ ᠭᠦᠸᠧ ᠪᠢᠨ᠂ ᠮᠤᠤ ᠰᠢᠤᠢ ᠴᠤᠸᠠᠨ᠂ ᠶᠠᠩ ᠷᠦᠢ ᠴᠢᠩ᠂ ᠰᠦ ᠵᠢᠨ ᠢᠦᠶ᠂ ᠤᠷᠭᠤᠮᠠᠯ;
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ ᠵᠢᠨ ᠬᠣᠷᠢᠶ᠎ᠠ᠄ ᠵᠠᠩ ᠳ᠋ᠦᠩ ᠷᠦᠩ᠂ ᠴᠢᠦᠶ ᠶᠤᠸᠠᠨ ᠮᠢᠩ᠂ ᠸᠠᠩ ᠨᠠ;
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠤᠯᠤᠰ᠎ᠤᠨ ᠮᠣᠩᠭᠣᠯ ᠡᠮᠨᠡᠯᠭᠡ ᠵᠢᠨ ᠬᠣᠷᠢᠶ᠎ᠠ᠄ ᠮᠠᠨᠳᠤᠯ᠎ᠠ᠂ ᠵᠢᠨ ᠱᠣ᠌ ᠳ᠋ᠦᠩ᠂ ᠹᠦ᠋ ᠶᠢᠩ;
ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠣᠶᠠᠳᠤᠭ᠋ᠠᠷ ᠬᠠᠷᠢᠶᠠᠲᠤ ᠡᠮᠨᠡᠯᠭᠡ ᠵᠢᠨ ᠬᠣᠷᠢᠶ᠎ᠠ᠄ ᠯᠢ ᠹᠸᠩ᠂ ᠬᠤᠤ ᠲᠢᠩ᠂ ᠵᠠᠶ ᠵᠥᠩ ᠸᠸᠨ;
ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠠᠷᠠᠳ᠎ᠤᠨ ᠡᠮᠨᠡᠯᠭᠡ ᠵᠢᠨ ᠬᠣᠷᠢᠶ᠎ᠠ᠄ ᠯᠢᠦ ᠵᠢᠶᠠᠨ ᠵᠥᠩ᠂ ᠵᠢᠶᠤᠤ ᠵᠢᠩ;
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠤᠨ ᠡᠮᠨᠡᠯᠭᠡ ᠵᠢᠨ ᠬᠣᠷᠢᠶ᠎ᠠ᠄ ᠰᠢ ᠸᠧᠨ ᠮᠢᠩ᠂ ᠮᠠ ᠵᠢᠩ ᠴᠤᠤ᠂ ᠹᠦ᠋ ᠷᠤᠤ;
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠡᠷᠡᠭᠦᠯ ᠬᠠᠮᠠᠭ᠋ᠠᠯᠠᠯ᠎ᠤᠨ ᠲᠥᠪ᠄ ᠾᠧᠦ ᠹᠦ᠋ ᠰᠢᠶᠠᠩ;
ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠎ᠤᠨ ᠬᠠᠮᠲᠤᠷᠠᠭᠰᠠᠨ ᠠᠷᠤ ᠲᠠᠯ᠎ᠠ ᠵᠢᠨ ᠠᠵᠢᠯ᠎ᠤᠨ ᠪᠠᠲᠤᠯᠠᠭ᠎ᠠ ᠵᠢᠨ ᠴᠡᠷᠢᠭ ᠠᠩᠭᠢ ᠵᠢᠨ 969 ᠡᠮᠨᠡᠯᠭᠡ ᠵᠢᠨ ᠬᠣᠷᠢᠶ᠎ᠠ᠄ ᠪᠦᠦ ᠸᠧᠶ ᠬᠤᠸᠠ᠂ ᠽᠸᠤ ᠵᠢᠤᠸᠠᠨ;
ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠶ ᠠᠩᠭᠢ ᠵᠢᠨ ᠡᠮᠨᠡᠯᠭᠡ ᠵᠢᠨ ᠬᠣᠷᠢᠶ᠎ᠠ᠄ ᠯᠢᠦ ᠹᠠᠩ ᠴᠢᠩ;
ᠬᠥᠬᠡᠬᠣᠲᠠ ᠵᠢᠨ ᠨᠢᠭᠡᠳᠦᠭᠡᠷ ᠡᠮᠨᠡᠯᠭᠡ ᠵᠢᠨ ᠬᠣᠷᠢᠶ᠎ᠠ᠄ ᠭᠤᠤ ᠴᠢᠶᠠᠩ᠂ ᠴᠠᠩ ᠬᠠᠶ ᠯᠢᠶᠠᠩ᠂ ᠰᠢ ᠮᠢᠩ;
ᠬᠥᠬᠡᠬᠣᠲᠠ ᠵᠢᠨ ᠬᠣᠶᠠᠳᠤᠭ᠋ᠠᠷ ᠡᠮᠨᠡᠯᠭᠡ ᠵᠢᠨ ᠬᠣᠷᠢᠶ᠎ᠠ᠄ ᠵᠣᠣ ᡁᠢ ᠵᠢᠶᠦ᠋ᠨ;
ᠬᠥᠬᠡᠬᠣᠲᠠ ᠵᠢᠨ ᠮᠣᠩᠭᠣᠯ ᠬᠢᠲᠠᠳ ᠡᠮᠨᠡᠯᠭᠡ ᠵᠢᠨ ᠬᠣᠷᠢᠶ᠎ᠠ᠄ ᠰᠤ᠌ ᠱᠠᠨ;
ᠬᠥᠬᠡᠬᠣᠲᠠ ᠵᠢᠨ ᠣᠶᠤᠨ ᠮᠡᠳᠡᠷᠡᠯ᠎ᠤᠨ ᠡᠷᠡᠭᠦᠯᠵᠢᠯ᠎ᠤᠨ ᠡᠮᠨᠡᠯᠭᠡ ᠵᠢᠨ ᠬᠣᠷᠢᠶ᠎ᠠ᠄ ᠰᠦᠨ ᠨᠠᠨ;
ᠬᠥᠬᠡᠬᠣᠲᠠ ᠵᠢᠨ ᠰᠢᠨ᠎ᠡ ᠬᠤᠳᠠ ᠲᠣᠭᠣᠷᠢᠭ᠎ᠤᠨ ᠡᠮᠨᠡᠯᠭᠡ ᠵᠢᠨ ᠬᠣᠷᠢ᠊ ᠢ᠎ᠠ᠄ ᠯᠢ ᠷᠦᠨ ᠬᠤᠸᠠᠢ;
ᠴᠤᠤ ᠵᠢᠦᠢ (ᠥᠪᠥᠷ ᠮᠣᠩᠭ᠍ᠣᠯ) ᠨᠢᠳᠦᠨ᠎ᠤ ᠡᠮᠨᠡᠯᠭᠡ ᠵᠢᠨ ᠬᠣᠷᠢᠶᠠᠨ᠎ᠤ ᠬᠢᠵᠠᠭ᠋ᠠᠷᠲᠤ ᠺᠣᠮᠫᠠᠨᠢ ᠯᠠᠨ ᠶᠢᠩ;
ᠬᠥᠬᠡᠬᠣᠲᠠ ᠵᠢᠨ ᠱᠤᠨ ᠱ᠌ᠢ ᠵᠢᠨ ᠬᠢᠲᠠᠳ ᠡᠮᠨᠡᠯᠭᠡ ᠵᠢᠨ ᠬᠣᠷᠢᠶᠠᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠄ ᠬᠤᠤ ᠯᠢ ᠪᠢᠨ;
ᠰᠢᠨ᠎ᠡ ᠬᠤᠳᠡ ᠲᠣᠭᠣᠷᠢᠭ᠎ᠤᠨ ᠳ᠋ᠦᠩ ᠹᠧᠩ ᠵᠠᠮ᠎ᠤᠨ ᠬᠡᠷᠠᠭ᠌ ᠡᠷᠬᠢᠯᠡᠬᠦ ᠭᠠᠵᠠᠷ᠎ᠤᠨ ᠨᠡᠶ᠋ᠢᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠄ ᠰᠢᠤᠶ ᠵᠢᠩ ᠴᠤᠤ᠃
(ᠬᠣᠶᠠᠷ) ᠰᠢᠢ᠍ᠳᠪᠦᠷᠢᠯᠡᠬᠦ ᠰᠠᠨᠠᠯ
ᠲᠤᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠣᠨ᠎ᠤ ᠶᠡᠷᠦᠩᠬᠡᠶ᠋ᠢᠯᠡᠭᠰᠡᠨ ᠬᠤᠪᠢ ᠲᠣᠭᠲᠠᠭ᠋ᠠᠭᠰᠠᠨ ᠦᠷ᠎ᠡ ᠳ᠋ᠦᠩ ᠵᠢᠴᠢ 《ᠡᠮᠴᠢᠯᠡᠭᠡᠨ᠎ᠤ ᠳᠠᠭ᠋ᠠᠳᠬᠠᠯ᠎ᠤᠨ ᠬᠡᠯᠡᠯᠴᠡᠭᠡᠷ》᠎ᠤᠨ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠶᠡᠷᠦᠩᠬᠡᠶ᠋ᠢᠯᠡᠭᠰᠡᠨ ᠬᠤᠪᠢ ᠲᠣᠭᠲᠠᠭ᠋ᠠᠬᠤ᠎ᠳᠤ ᠬᠢᠷᠢ ᠲᠡᠩᠴᠡᠭᠰᠡᠨ ᠥᠬᠡᠶ 4 ᠡᠷᠦᠬᠡ ᠵᠢᠴᠢ ᠡᠵᠡᠩᠨᠡᠬᠦ ᠵᠢ᠎ᠨᠢ ᠵᠣᠭᠰᠣᠭ᠋ᠠᠭᠰᠠᠨ ᠲᠤᠭᠲᠠᠭᠰᠠᠨ ᠴᠡᠭ᠎ᠤᠨ 5 ᠡᠮᠴᠢᠯᠡᠭᠡᠨ᠎ᠤ ᠪᠠᠶ᠋ᠢᠭᠤᠯᠤᠮᠵᠢ ᠵᠢᠨ 《ᠡᠮᠴᠢᠯᠡᠭᠡᠨ᠎ᠤ ᠳᠠᠭ᠋ᠠᠳᠬᠠᠯ᠎ᠤᠨ ᠬᠡᠯᠡᠯᠴᠡᠭᠡᠷ》᠎ᠢ ᠬᠦᠴᠦᠨ ᠥᠬᠡᠶ ᠪᠣᠯᠭ᠋ᠠᠵᠤ᠂ ᠨᠢᠭᠡ ᠵᠢᠯ᠎ᠤᠨ ᠳᠣᠲᠣᠷ᠎ᠠ ᠲᠤᠭᠲᠠᠭᠰᠠᠨ ᠴᠡᠭ᠎ᠤᠨ ᠰᠢᠢ᠍ᠳᠪᠦᠷᠢᠯᠡᠭᠦᠯᠬᠦ᠎ᠪᠠᠷ ᠭᠤᠶᠤᠴᠢᠯᠠᠨ ᠮᠡᠳᠡᠭᠦᠯᠵᠦ ᠪᠣᠯᠬᠤ ᠥᠬᠡᠶ᠃
1 . ᠬᠢᠷᠢ ᠲᠡᠩᠴᠡᠬᠦ ᠦᠭᠡᠶ ᠲᠤᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ (4 ᠭᠡᠷ)
ᠬᠥᠬᠡᠬᠣᠲᠠ ᠵᠢᠨ ᠬᠤᠢ ᠷᠧᠨ ᠡᠮᠨᠡᠯᠭᠡ ᠵᠢᠨ ᠬᠣᠷᠢᠶ᠎ᠠ᠂ ᠵᠠᠩ ᠱ᠌ᠢ ᠺᠠᠢ ᠵᠢᠨ ᠬᠢᠲᠠᠳ ᠡᠮᠨᠡᠯᠭᠡ ᠵᠢᠨ ᠭᠠᠵᠠᠷ᠂ ᠬᠣᠲᠣᠩ ᠠᠷᠠᠳ᠎ᠤᠨ ᠲᠣᠭᠣᠷᠢᠭ᠎ᠤᠨ ᠵᠤᠤ ᠴᠦᠨ᠎ᠲᠤ ᠵᠢᠨ ᠧᠦ᠋ᠷᠣᠫᠠ ᠡᠮᠨᠡᠯᠭᠡ ᠵᠢᠨ ᠭᠠᠵᠠᠷ᠂ ᠬᠣᠲᠣᠩ ᠠᠷᠠᠳ᠎ᠤᠨ ᠲᠣᠭᠣᠷᠢᠭ᠎ᠤᠨ ᠵᠢᠶᠠᠨ ᠱᠧᠨ ᠪᠦᠦ ᠵᠢᠨ ᠠᠮᠠᠨ ᠬᠥᠨᠳᠡᠢ ᠵᠢᠨ ᠡᠮᠨᠡᠯᠭᠡ ᠵᠢᠨ ᠭᠠᠵᠠᠷ᠃
2 . ᠡᠵᠡᠩᠨᠡᠯᠲᠡ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢ ᠵᠤᠭᠰᠤᠭ᠋ᠠᠬᠤ (5 ᠭᠡᠷ)
ᠰᠢᠨ᠎ᠡ ᠬᠤᠳᠡ ᠲᠣᠭᠣᠷᠢᠭ᠎ᠤᠨ ᠶᠠᠩ ᠵᠢᠶ ᠱᠧᠩ ᠧᠦ᠋ᠷᠣᠫᠠ ᠡᠮᠨᠡᠯᠭᠡ ᠵᠢᠨ ᠡᠮᠨᠡᠬᠦ ᠭᠠᠵᠠᠷ᠂ ᠢᠦᠢ ᠴᠢᠤᠸᠠᠨ ᠲᠣᠭᠣᠷᠢᠭ᠎ᠤᠨ ᠪᠢᠨ ᠾᠧ ᠵᠠᠮ᠎ᠤᠨ ᠺᠥᠩ ᠰᠢᠶᠠᠩ ᠢᠦᠢ ᠬᠢᠲᠠᠳ ᠡᠮᠨᠡᠯᠭᠡ ᠵᠢᠨ ᠡᠮᠨᠡᠬᠦ ᠭᠠᠵᠠᠷ᠂ ᠵᠢᠨ ᠴᠤᠸᠠᠨ ᠨᠡᠭᠡᠭᠡᠯᠳᠡ ᠵᠢᠨ ᠲᠣᠭᠣᠷᠢᠭ᠎ᠤᠨ ᠶᠢᠦ ᠮᠤᠤ ᠯᠢᠨ ᠬᠢᠲᠠᠳ ᠡᠮᠨᠡᠯᠭᠡ ᠵᠢᠨ ᠡᠮᠨᠡᠬᠦ ᠭᠠᠵᠠᠷ᠂ ᠰᠢᠨ᠎ᠡ ᠬᠤᠳᠡ ᠲᠣᠭᠣᠷᠢᠭ᠎ᠤᠨ ᠬᠣᠩ ᠵᠢᠶᠦ᠋ᠨ ᠶᠡᠷᠦᠩᠬᠡᠶ᠋ᠢᠯᠡᠭᠰᠡᠨ ᠡᠭᠦᠳᠡᠨ ᠡᠮᠨᠡᠯᠭᠡ ᠵᠢᠨ ᠭᠠᠵᠠᠷ᠂ ᠰᠢᠨ᠎ᠡ ᠬᠤᠳᠡ ᠲᠣᠭᠣᠷᠢᠭ᠎ᠤᠨ ᠱᠧᠨ ᠢ ᠶᠡᠷᠦᠩᠬᠡᠶ᠋ᠢᠯᠡᠭᠰᠡᠨ ᠡᠭᠦᠳᠡᠨ ᠡᠮᠨᠡᠯᠭᠡ ᠵᠢᠨ ᠭᠠᠵᠠᠷ᠃
ᠳᠥᠷᠪᠡ᠂ ᠠᠵᠢᠯ᠎ᠤᠨ ᠱᠠᠭ᠋ᠠᠷᠳᠠᠯᠭ᠎ᠠ
(ᠨᠢᠭᠡ) ᠡᠯ᠎ᠡ ᠲᠤᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠬᠢᠨᠠᠨ ᠰᠢᠯᠭ᠋ᠠᠬᠤ ᠳᠤᠮᠳᠠ ᠢᠯᠡᠷᠡᠭᠦᠯᠦᠭᠰᠡᠨ ᠠᠰᠠᠭᠤᠳᠠᠯ᠎ᠢ ᠦᠨᠳᠦᠰᠦᠯᠡᠨ᠂ ᠨᠢᠭᠡ᠎ᠠᠴᠠ ᠵᠦᠢ᠍ᠴᠢᠯᠡᠨ ᠨᠥᠭᠥᠭᠡ ᠵᠢ ᠮᠡᠳᠡᠵᠦ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭ᠋ᠠᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠶ᠃
(ᠬᠣᠶᠠᠷ) ᠵᠥᠪᠳᠡᠯᠴᠡᠬᠡᠷ᠎ᠢ ᠴᠢᠩᠭ᠎ᠠ ᠬᠡᠷᠡᠭᠵᠢᠭᠦᠯᠵᠦ᠂ ᠣᠨᠣᠰᠢᠯᠠᠨ ᠡᠮᠨᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠂ ᠡᠪᠡᠳᠴᠢᠨ᠎ᠳᠤ᠎ᠨᠢ ᠲᠣᠬᠢᠷᠠᠭᠤᠯᠤᠨ ᠡᠮᠨᠡᠨ ᠵᠠᠰᠠᠬᠤ᠂ ᠵᠦᠢ ᠵᠣᠬᠢᠰᠲᠠᠶ ᠣᠨᠣᠰᠢᠯᠠᠨ ᠡᠮᠨᠡᠬᠦ ᠵᠢ ᠪᠡᠶᠡᠯᠡᠭᠦᠯᠵᠦ᠂ ᠬᠡᠲᠦᠷᠡᠲᠡᠯ᠎ᠡ ᠡᠮᠨᠡᠬᠦ᠂ ᠣᠷᠣ ᠡᠯᠭᠦᠵᠦ ᠡᠮᠨᠡᠯᠭᠡ᠎ᠳᠤ ᠰᠠᠭᠤᠬᠤ᠂ ᠡᠮᠨᠡᠯᠭᠡ᠎ᠳᠤ ᠰᠠᠭᠤᠬᠤ ᠵᠢ ᠵᠠᠳᠠᠯᠬᠤ᠂ ᠲᠥᠷᠥᠯ ᠵᠦᠢ᠍ᠯ᠎ᠤᠨ ᠰᠦᠢ᠍ᠳᠬᠡᠯ ᠬᠤᠷᠢᠶᠠᠬᠤ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠭᠠᠷᠬᠤ ᠵᠢ ᠲᠠᠰᠤ ᠵᠣᠭᠰᠣᠭ᠋ᠠᠬᠤ ᠬᠡᠷᠡᠭᠲᠡᠶ᠃
(ᠭᠤᠷᠪᠠ) DIP ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢᠨ ᠠᠵᠢᠯ᠎ᠢ ᠦᠷᠭᠦᠯᠵᠢᠯᠡᠨ ᠠᠬᠢᠭᠤᠯᠵᠤ᠂ ᠡᠮᠨᠡᠯᠭᠡ ᠵᠢᠨ ᠠᠵᠢᠯᠲᠠᠨ᠎ᠤ DIP ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠪᠠ ᠪᠣᠯᠪᠠᠰᠤᠷᠠᠭᠤᠯᠬᠤ ᠵᠢ ᠴᠢᠩᠭ᠋ᠠᠳᠬᠠᠨ᠂ ᠡᠮᠨᠡᠯᠭᠡ ᠵᠢᠨ ᠠᠵᠢᠯᠲᠠᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠡᠪᠡᠳᠴᠢᠨ᠎ᠤ ᠲᠠᠩᠰᠠ ᠵᠢᠨ ᠲᠦᠷᠦᠭᠦᠦ ᠬᠠᠭᠤᠳᠠᠰᠤ ᠵᠢ ᠵᠢᠷᠤᠮᠵᠢᠯ᠎ᠲᠠᠢ ᠪᠢᠴᠢᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠳ᠋ᠦᠩᠨᠡᠨ ᠪᠤᠳᠤᠬᠤ ᠨᠠᠷᠢᠨ ᠬᠠᠭᠤᠳᠠᠰᠤ ᠵᠢ ᠴᠠᠭ ᠲᠤᠬᠠᠶ᠎ᠳᠤᠨᠢ ᠣᠨᠣᠪᠴᠢᠲᠠᠶ᠎ᠪᠠᠷ ᠳᠡᠭᠡᠭᠰᠢ ᠳᠠᠮᠵᠢᠭᠤᠯᠤᠨ᠎ᠠ᠃ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠦᠨ᠂ ᠡᠮᠴᠢᠯᠡᠭᠡᠨ᠎ᠤ ᠵᠠᠷᠤᠳᠠᠯ᠎ᠤᠨ ᠵᠦᠢ ᠵᠣᠬᠢᠰ ᠦᠭᠡᠶ ᠨᠡᠮᠡᠭᠳᠡᠬᠦ ᠵᠢ ᠴᠢᠩᠭ᠎ᠠ ᠬᠢᠵᠠᠭ᠋ᠠᠷᠯᠠᠵᠤ᠂ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
(ᠳᠥᠷᠪᠡ) ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠤᠨ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠬᠡᠷᠡᠭᠯᠡᠭᠡᠨ᠎ᠤ ᠠᠵᠢᠯ᠎ᠢ ᠲᠦᠷᠭᠡᠳᠬᠡᠨ ᠨᠠᠶ᠋ᠢᠳᠠᠪᠤᠷᠢᠵᠢᠭᠤᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ ᠵᠢᠨ ᠪᠥᠬᠥ ᠴᠤᠪᠤᠷᠠᠯ᠎ᠢ ᠥᠭᠡᠷᠡᠴᠢᠯᠡᠬᠦ᠂ ᠰᠢᠯᠵᠢᠮᠡᠯ ᠲᠣᠭ᠋ᠠᠴᠠᠭ᠎ᠠ ᠬᠢᠬᠦ ᠵᠢᠴᠢ ᠡᠯᠧᠺᠲᠷᠣᠨ ᠵᠣᠷ᠎ᠢ ᠡᠷᠭᠢᠯᠳᠦᠭᠦᠯᠬᠦ ᠵᠢ ᠢᠳᠡᠪᠬᠢᠲᠡᠶ ᠥᠷᠨᠢᠭᠦᠯᠦᠨ᠂ ᠳᠠᠭ᠋ᠠᠳᠬᠠᠯ᠎ᠳᠤ ᠣᠷᠣᠯᠴᠠᠭᠰᠠᠨ ᠥᠷᠭᠡᠨ ᠣᠯᠠᠨ ᠲᠦᠮᠡᠨ᠎ᠳᠤ ᠨᠠᠩ ᠳᠥᠭᠥᠮ ᠳᠥᠲᠡ᠂ ᠥᠨᠳᠥᠷ ᠪᠦᠲᠦᠮᠵᠢᠲᠡᠶ᠂ ᠴᠢᠨᠠᠷ ᠰᠠᠶ᠋ᠢᠲᠠᠶ ᠦᠢ᠍ᠯᠡᠴᠢᠯᠡᠭᠡ ᠬᠠᠩᠭ᠋ᠠᠨ᠎ᠠ᠃
ᠳᠠᠭ᠋ᠠᠯᠳᠤᠭᠤᠯᠤᠯ᠄
2 . ᠬᠢᠷᠢ ᠲᠡᠩᠴᠡᠭᠰᠡᠨ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠨᠡᠷᠡᠰ
ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠡᠮᠴᠢᠡᠯᠭᠡᠨᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠦᠪ
2023 ᠣᠨ᠎ᠤ 12 ᠳ᠋ᠤᠭ᠋ᠠᠷ ᠰᠠᠷ᠎ᠠ ᠵᠢᠨ 8᠎ᠤ ᠡᠳᠦᠷ