ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠲᠢᠲᠢᠮ ᠰᠤᠳᠠᠯ᠎ᠤᠨ ᠵᠠᠮᠴᠢᠯᠠᠭᠤᠷ ᠰᠢᠷᠬᠡᠭ ᠵᠡᠷᠭᠡ ᠶᠢᠰᠦᠨ ᠲᠥᠷᠥᠯ᠎ᠤᠨ ᠡᠮᠴᠢᠯᠡᠭᠡᠨ᠎ᠤ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ ᠲᠣᠭᠲᠠᠭ᠋ᠠᠨ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠢ ᠨᠠᠶ᠋ᠢᠳᠠᠪᠤᠷᠢᠵᠢᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-12-19

ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ᠄

   ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠮᠴᠢᠯᠡᠭᠡᠨ᠎ᠤ ᠥᠨᠳᠥᠷ ᠥᠷᠲᠡᠭᠲᠦ ᠬᠣᠷᠣᠭᠳᠠᠯ ᠮᠠᠲ᠋ᠧᠷᠢᠶᠠᠯ᠎ᠤᠨ ᠵᠠᠰᠠᠯᠲᠠ ᠵᠢ ᠦᠷᠭᠦᠯᠵᠢᠯᠡᠨ ᠠᠬᠢᠭᠤᠯᠬᠤ ᠵᠢᠨ ᠲᠤᠰᠠᠳᠠ᠂ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ ᠵᠡᠷᠭᠡ ᠨᠠᠢ᠍ᠮᠠᠨ ᠰᠠᠯᠠᠭ᠎ᠠ ᠮᠥᠴᠢᠷ᠎ᠤᠨ 《ᠤᠯᠤᠰ᠎ᠤᠨ ᠡᠮᠴᠢᠯᠡᠭᠡᠨ᠎ᠤ ᠥᠨᠳᠥᠷ ᠥᠷᠲᠡᠭᠲᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ ᠲᠣᠭᠲᠠᠭ᠋ᠠᠨ ᠬᠤᠳᠠᠯᠳᠤᠨ ᠠᠪᠬᠤ ᠪᠠ ᠬᠡᠷᠡᠭᠯᠡᠬᠦ ᠵᠢ ᠵᠣᠬᠢᠶᠠᠨ ᠪᠠᠶ᠋ᠢᠭᠤᠯᠬᠤ ᠲᠤᠬᠠᠶ ᠵᠢᠯᠣᠭᠣᠳᠬᠤ ᠰᠠᠨᠠᠯ》 (ᠡᠮᠴᠢᠯᠡᠭᠡᠨ᠎ᠤ ᠳᠠᠭ᠋ᠠᠳᠬᠠᠯ ᠲᠠᠷᠬᠠᠭ᠋ᠠᠭᠰᠠᠨ [2021] 31 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠲᠢᠲᠢᠮ ᠰᠤᠳᠠᠯ ᠵᠶ᠋ᠠᠷ ᠬᠥᠲᠥᠯᠥᠨ ᠵᠢᠯᠣᠭᠣᠳᠬᠤ ᠰᠢᠷᠬᠡᠭ ᠵᠡᠷᠭᠡ ᠡᠮᠴᠢᠯᠡᠭᠡᠨ᠎ᠤ ᠶᠢᠰᠦᠨ ᠲᠥᠷᠥᠯ᠎ᠤᠨ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ ᠲᠣᠭᠲᠠᠭ᠋ᠠᠨ ᠬᠤᠳᠠᠯᠳᠤᠨ ᠠᠪᠬᠤ ᠶᠠᠪᠤᠴᠠ᠎ᠳᠤ ᠰᠣᠩᠭᠣᠭᠰᠠᠨ ᠦᠷ᠎ᠡ ᠳ᠋ᠦᠩ᠎ᠢ ᠮᠠᠨ᠎ᠤ ᠣᠷᠣᠨ᠎ᠳᠤ ᠪᠣᠳᠠᠲᠠᠶ᠋ᠢᠵᠢᠭᠤᠯᠤᠨ ᠬᠡᠷᠡᠭᠵᠢᠭᠦᠯᠬᠦ ᠵᠢ ᠢᠳᠡᠪᠬᠢᠲᠡᠶ ᠪᠥᠭᠡᠳ ᠯᠠᠪᠳᠠᠭᠤᠨ ᠵᠶ᠋ᠠᠷ ᠠᠬᠢᠭᠤᠯᠵᠤ᠂ ᠡᠳᠦᠭᠡ ᠬᠣᠯᠪᠣᠭᠳᠠᠯ ᠪᠥᠬᠥᠶ ᠵᠦᠢ᠍ᠯᠡᠰ᠎ᠢ ᠳᠤᠤᠷᠠᠬᠢ ᠮᠡᠲᠦ ᠮᠡᠳᠡᠭᠳᠡᠪᠡ᠄

   ᠨᠢᠭᠡ᠂ ᠬᠡᠷᠡᠭᠵᠢᠭᠦᠯᠬᠦ ᠬᠡᠪᠴᠢᠶ᠎ᠡ ᠪᠠ ᠭᠦᠢ᠍ᠴᠡᠳᠬᠡᠬᠦ ᠴᠠᠭ ᠬᠤᠭᠤᠴᠠᠭ᠎ᠠ᠃

  (ᠨᠢᠭᠡ) ᠬᠡᠷᠡᠭᠵᠢᠭᠦᠯᠬᠦ ᠬᠡᠪᠴᠢᠶ᠎ᠡ᠄ ᠠᠯᠪᠠᠨ᠎ᠠᠴᠠ ᠪᠠᠶ᠋ᠢᠭᠤᠯᠤᠭᠰᠠᠨ ᠪᠤᠶ ᠪᠦᠬᠦᠢ ᠡᠮᠴᠢᠯᠡᠭᠡᠨ᠎ᠤ ᠪᠠᠶ᠋ᠢᠭᠤᠯᠤᠮᠵᠢ (ᠴᠡᠷᠢᠭ ᠠᠩᠭᠢ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢ ᠪᠠᠭᠲᠠᠭ᠋ᠠᠨ᠎ᠠ᠂ ᠳᠣᠷᠣᠭᠰᠢ ᠠᠳᠠᠯᠢ) ᠪᠣᠯᠤᠨ ᠡᠮᠴᠢᠯᠡᠭᠡᠨ᠎ᠤ ᠳᠠᠭ᠋ᠠᠳᠬᠠᠯ᠎ᠤᠨ ᠲᠤᠭᠲᠠᠭᠰᠠᠨ ᠴᠡᠭ᠎ᠤᠨ ᠨᠡᠶ᠋ᠢᠭᠡᠮ᠎ᠤᠨ᠎ᠬᠢᠨ ᠡᠮᠴᠢᠯᠡᠭᠡᠨ᠎ᠤ ᠪᠠᠶ᠋ᠢᠭᠤᠯᠤᠮᠵᠢ ᠡᠷᠬᠢᠯᠡᠬᠦ ᠬᠡᠷᠡᠭᠲᠡᠶ᠃

  (ᠬᠣᠶᠠᠷ) ᠭᠦᠢ᠍ᠴᠡᠳᠬᠡᠬᠦ ᠴᠠᠭ᠄ 2024 ᠣᠨ᠎ᠤ 1  ᠳ᠋ᠦ᠍ᠭᠡᠷ ᠰᠠᠷ᠎ᠠ ᠵᠢᠨ 26᠎ᠤ ᠡᠳᠦᠷ᠎ᠤᠨ ᠲᠡᠭ ᠴᠠᠭ᠃

   ᠨᠢᠭᠡ᠂ ᠬᠡᠷᠡᠭᠵᠢᠭᠦᠯᠬᠦ ᠬᠡᠪᠴᠢᠶ᠎ᠡ ᠪᠠ ᠭᠦᠢ᠍ᠴᠡᠳᠬᠡᠬᠦ ᠴᠠᠭ ᠬᠤᠭᠤᠴᠠᠭ᠎ᠠ᠃

  (ᠨᠢᠭᠡ) ᠬᠡᠷᠡᠭᠵᠢᠭᠦᠯᠬᠦ ᠬᠡᠪᠴᠢᠶ᠎ᠡ᠄ ᠠᠯᠪᠠᠨ᠎ᠠᠴᠠ ᠪᠠᠶ᠋ᠢᠭᠤᠯᠤᠭᠰᠠᠨ ᠪᠤᠶ ᠪᠦᠬᠦᠢ ᠡᠮᠴᠢᠯᠡᠭᠡᠨ᠎ᠤ ᠪᠠᠶ᠋ᠢᠭᠤᠯᠤᠮᠵᠢ (ᠴᠡᠷᠢᠭ ᠠᠩᠭᠢ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢ ᠪᠠᠭᠲᠠᠭ᠋ᠠᠨ᠎ᠠ᠂ ᠳᠣᠷᠣᠭᠰᠢ ᠠᠳᠠᠯᠢ) ᠪᠣᠯᠤᠨ ᠡᠮᠴᠢᠯᠡᠭᠡᠨ᠎ᠤ ᠳᠠᠭ᠋ᠠᠳᠬᠠᠯ᠎ᠤᠨ ᠲᠤᠭᠲᠠᠭᠰᠠᠨ ᠴᠡᠭ᠎ᠤᠨ ᠨᠡᠶ᠋ᠢᠭᠡᠮ᠎ᠤᠨ᠎ᠬᠢᠨ ᠡᠮᠴᠢᠯᠡᠭᠡᠨ᠎ᠤ ᠪᠠᠶ᠋ᠢᠭᠤᠯᠤᠮᠵᠢ ᠡᠷᠬᠢᠯᠡᠬᠦ ᠬᠡᠷᠡᠭᠲᠡᠶ᠃

  (ᠬᠣᠶᠠᠷ) ᠭᠦᠢ᠍ᠴᠡᠳᠬᠡᠬᠦ ᠴᠠᠭ᠄ 2024 ᠣᠨ᠎ᠤ 1  ᠳ᠋ᠦ᠍ᠭᠡᠷ ᠰᠠᠷ᠎ᠠ ᠵᠢᠨ 26᠎ᠤ ᠡᠳᠦᠷ᠎ᠤᠨ ᠲᠡᠭ ᠴᠠᠭ᠃

   ᠬᠣᠶᠠᠷ᠂ ᠬᠤᠳᠠᠯᠳᠤᠨ ᠠᠪᠬᠤ ᠲᠥᠷᠥᠯ ᠵᠦᠢ᠍ᠯ

  (ᠨᠢᠭᠡ) ᠲᠢᠲᠢᠮᠯᠢᠭ ᠰᠤᠳᠠᠯ᠎ᠤᠨ ᠬᠥᠲᠥᠯᠥᠭᠴᠢ ᠰᠢᠷᠬᠡᠭ;

  (ᠬᠣᠶᠠᠷ) ᠲᠢᠲᠢᠮ ᠰᠤᠳᠠᠯ ᠲᠡᠯᠡᠬᠦ ᠪᠥᠮᠪᠥᠭᠡᠨ ᠤᠭᠤᠲᠠ;

  (ᠭᠤᠷᠪᠠ) ᠲᠢᠲᠢᠮ ᠰᠤᠳᠠᠯ᠎ᠤᠨ ᠡᠮ᠎ᠤᠨ ᠪᠥᠮᠪᠥᠭᠡᠨ ᠤᠭᠤᠲᠠ;

  (ᠳᠥᠷᠪᠡ) ᠲᠠᠷᠢᠬᠢᠨ᠎ᠤ ᠬᠠᠲᠠᠭᠤ (ᠨᠤᠭᠤᠰᠤᠨ᠎ᠤ) ᠪᠦᠷᠬᠦᠪᠴᠢ ᠪᠠ ᠢᠪᠡᠷᠬᠡᠢ ᠵᠢᠨ ᠨᠥᠬᠥᠪᠥᠷᠢ ᠬᠠᠪᠲᠠᠭ᠋ᠠᠢ;

  (ᠲᠠᠪᠤ) ᠨᠢᠭᠡ ᠯᠡ ᠤᠳᠠᠭ᠎ᠠ᠎ᠳᠤ ᠨᠠᠮᠵᠢᠭᠤᠨ ᠰᠤᠳᠠᠯ ᠵᠶ᠋ᠠᠷ ᠦᠯᠡᠳᠡᠭᠡᠬᠦ ᠵᠡᠭᠦᠦ ᠵᠢ ᠬᠡᠷᠡᠭᠯᠡᠨ᠎ᠡ;

  (ᠵᠢᠷᠭᠤᠭ᠎ᠠ) ᠡᠯᠢᠭᠡᠨ ᠡᠳ᠋᠎ᠤᠨ ᠮᠠᠯᠠᠭ᠋ᠠᠢ;

  (ᠳᠣᠯᠣᠭ᠎ᠠ) ᠰᠢᠩᠭᠡᠨ ᠶᠡᠭᠦᠯᠡᠬᠦ ᠵᠠᠯᠭ᠋ᠠᠬᠤ ᠬᠣᠭᠣᠯᠠᠶ;

  (ᠨᠠᠢ᠍ᠮᠠ) ᠵᠡᠭᠦᠦ ᠦᠭᠡᠢ ᠵᠠᠯᠭ᠋ᠠᠭᠤᠷ;

  (ᠶᠢᠰᠦ) ᠨᠢᠭᠡ ᠯᠡ ᠤᠳᠠᠭ᠎ᠠ ᠬᠡᠷᠡᠭᠯᠡᠬᠦ ᠴᠢᠰᠤ ᠶᠡᠭᠦᠯᠡᠭᠦᠷ᠃ (ᠭᠠᠷᠴᠠᠭ᠎ᠢ ᠳᠠᠭ᠋ᠠᠯᠳᠤᠭᠤᠯᠤᠯ᠎ᠳᠤ ᠦᠵᠡ)

   ᠭᠤᠷᠪᠠ᠂ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠎ᠠ

   ᠲᠣᠰ ᠤᠳᠠᠭ᠋ᠠᠨ᠎ᠤ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠣᠭᠳᠠᠭᠰᠠᠨ ᠦᠷ᠎ᠡ ᠳ᠋ᠦᠩ᠎ᠢ ᠬᠤᠳᠠᠯᠳᠤᠨ ᠠᠪᠬᠤ ᠦᠶᠡᠯᠡᠯ᠎ᠨᠢ 1 ᠵᠢᠯ ᠪᠠᠶ᠋ᠢᠵᠤ᠂ ᠬᠡᠷᠡᠭᠵᠢᠭᠦᠯᠬᠦ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ ᠤᠯᠤᠰ ᠪᠠ ᠡᠯ᠎ᠡ ᠬᠣᠯᠪᠣᠭ᠎ᠠ ᠵᠢᠨ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ ᠠᠰᠲᠠᠭ᠋ᠠᠨ ᠮᠡᠳᠡᠭᠳᠡᠨ᠎ᠡ᠃ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠬᠡᠷᠪᠡ ᠪᠦᠬᠦ ᠤᠯᠤᠰ᠎ᠤᠨ ᠰᠢᠨ᠎ᠡ᠎ᠪᠠᠷ ᠰᠣᠩᠭᠣᠨ ᠲᠣᠭᠲᠠᠭ᠋ᠠᠭᠰᠠᠨ ᠬᠠᠮᠤᠭ᠎ᠤᠨ ᠳᠣᠣᠷ᠎ᠠ ᠦᠨ᠎ᠡ ᠭᠠᠷᠪᠠᠯ᠂ ᠥᠪᠡᠷᠲᠡᠭᠡᠨ ᠵᠠᠰᠠᠬᠤ ᠣᠷᠣᠨ᠎ᠠᠴᠠ ᠦᠷᠭᠦᠯᠵᠢᠯᠡᠨ ᠭᠠᠷ᠎ᠤᠨ ᠦᠰᠦᠭ ᠵᠢᠷᠤᠬᠤ᠎ᠳᠠᠭᠠᠨ ᠬᠠᠮᠲᠤ᠎ᠳᠤᠨᠢ ᠬᠠᠮᠲᠤᠷᠠᠨ ᠬᠥᠳᠡᠯᠦᠯᠴᠡᠬᠦ       ᠪᠣᠯᠤᠨ᠎ᠠ᠃

   ᠳᠥᠷᠪᠡ᠂ ᠦᠢ᠍ᠯᠡᠳᠬᠦᠨ ᠵᠶ᠋ᠠᠨ ᠲᠣᠣᠷ᠎ᠲᠤ ᠡᠯᠭᠦᠬᠦ᠂ ᠬᠤᠳᠠᠯᠳᠤᠨ ᠠᠪᠬᠤ ᠪᠠ ᠬᠡᠷᠡᠭᠯᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ

  (ᠨᠢᠭᠡ) ᠲᠢᠲᠢᠮᠯᠢᠭ ᠰᠤᠳᠠᠯ ᠵᠶ᠋ᠠᠷ ᠬᠥᠲᠥᠯᠥᠨ ᠵᠢᠯᠣᠭᠣᠳᠬᠤ ᠰᠢᠷᠬᠡᠭ᠂ ᠲᠢᠲᠢᠮᠯᠢᠭ ᠰᠤᠳᠠᠯ᠎ᠢ ᠥᠷᠭᠡᠳᠬᠡᠬᠦ ᠪᠥᠮᠪᠥᠭᠡᠨ ᠤᠭᠤᠲᠠ᠂ ᠲᠢᠲᠢᠮᠯᠢᠭ ᠰᠤᠳᠠᠯ ᠵᠶ᠋ᠠᠷ ᠡᠮᠲᠦ ᠪᠣᠳᠠᠰ᠎ᠤᠨ ᠪᠥᠮᠪᠥᠭᠡᠨ ᠤᠭᠤᠲᠠ ᠵᠡᠷᠭᠡ 3 ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠳᠡᠭᠡᠷ᠎ᠡ ᠨᠢᠭᠡ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠋ᠠᠨ᠎ᠳᠤ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠵᠢ ᠦᠷᠭᠦᠯᠵᠢᠯᠡᠭᠦᠯᠵᠦ᠂ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠳᠡᠯᠴᠡᠬᠡᠷ᠎ᠢ ᠳᠠᠬᠢᠨ ᠰᠢᠨ᠎ᠡ᠎ᠪᠠᠷ ᠲᠣᠭᠲᠠᠵᠤ᠂ ᠰᠣᠩᠭᠣᠭᠳᠠᠭᠰᠠᠨ ᠦᠨ᠎ᠡ ᠬᠠᠩᠰᠢ ᠵᠢ ᠠᠵᠤ ᠠᠬᠤᠶ᠋ᠢᠯᠠᠯ ᠰᠠᠨᠠᠭ᠋ᠠᠴᠢᠯᠠᠭ᠎ᠠ᠎ᠠᠴᠠ᠎ᠪᠠᠨ ᠭᠤᠶᠤᠴᠢᠯᠠᠨ᠂ ᠪᠥᠬᠥ ᠤᠯᠤᠰ᠎ᠤᠨ ᠲᠥᠪᠯᠡᠷᠡᠭᠦᠯᠦᠨ ᠬᠤᠳᠠᠯᠳᠤᠨ ᠠᠪᠬᠤ ᠵᠢᠨ ᠬᠠᠮᠤᠭ᠎ᠤᠨ ᠳᠤᠤᠷ᠎ᠠ ᠦᠨ᠎ᠡ ᠵᠢ ᠬᠣᠯᠪᠣᠭ᠋ᠠᠯᠠᠨ ᠬᠡᠷᠡᠭᠯᠡᠨ᠎ᠡ᠃

  (ᠬᠣᠶᠠᠷ) ᠬᠠᠲᠠᠭᠤ ᠲᠠᠷᠢᠬᠢ (ᠨᠤᠭᠤᠰᠤᠨ᠎ᠤ) ᠵᠢᠨ ᠪᠦᠷᠬᠦᠪᠴᠢ ᠪᠠ ᠢᠪᠡᠷᠬᠡᠶ ᠵᠢᠨ ᠨᠥᠬᠥᠪᠥᠷᠢ ᠢᠯᠲᠠᠰᠤ ᠵᠡᠷᠭᠡ 6 ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠳᠣᠲᠣᠷ᠎ᠠ᠎ᠠᠴᠠ ᠰᠣᠩᠭᠣᠭᠰᠠᠨ ᠦᠢ᠍ᠯᠡᠳᠭᠦᠨ᠎ᠢ ᠰᠣᠩᠭᠣᠭᠳᠠᠭᠰᠠᠨ ᠦᠨ᠎ᠡ ᠬᠠᠩᠰᠢ᠎ᠪᠠᠷ ᠥᠪᠥᠷ ᠮᠣᠩᠭᠣᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠤᠨ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠡᠯᠰᠡᠨ ᠠᠪᠬᠤ ᠬᠠᠮᠢᠶᠠᠷᠤᠯᠲᠠ ᠵᠢᠨ ᠬᠤᠪᠢᠶᠠᠷᠢ ᠰᠢᠰᠲ᠋ᠧᠮ᠎ᠳᠤ ᠰᠦᠯᠵᠢᠶᠡᠨ᠎ᠳᠤ ᠣᠷᠣᠭᠤᠯᠵᠤ᠂ ᠬᠠᠩᠭ᠋ᠠᠯᠭ᠎ᠠ ᠬᠡᠷᠡᠭᠴᠡᠭᠡ ᠬᠣᠶᠠᠷ ᠲᠠᠯ᠎ᠠ ᠵᠢ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠵᠦ᠂ ᠭᠤᠷᠪᠠᠨ ᠲᠠᠯ᠎ᠠ ᠵᠢᠨ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠳᠡᠯᠴᠡᠬᠡᠷ᠎ᠢ ᠴᠠᠭ ᠲᠤᠬᠠᠶ᠎ᠳᠤᠨᠢ ᠲᠣᠭᠲᠠᠬᠤ ᠵᠢᠨ ᠬᠠᠮᠲᠤ᠂ ᠵᠥᠪᠯᠡᠯᠴᠡᠭᠡᠷ ᠵᠶ᠋ᠠᠷ ᠬᠤᠳᠠᠯᠳᠤᠨ ᠠᠪᠬᠤ ᠬᠡᠮᠵᠢᠶ᠎ᠡ ᠵᠢ ᠴᠠᠭ ᠲᠤᠬᠠᠶ᠎ᠳᠤᠨᠢ ᠪᠡᠶᠡᠯᠡᠭᠦᠯᠦᠨ᠎ᠡ᠃

  (ᠭᠤᠷᠪᠠ) ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ ᠳᠡᠭᠡᠷ᠎ᠡ ᠬᠤᠳᠠᠯᠳᠤᠨ ᠠᠪᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠰᠣᠩᠭᠣᠭᠳᠠᠭᠰᠠᠨ ᠦᠢ᠍ᠯᠡᠳᠭᠦᠨ᠎ᠢ ᠡᠮᠨᠡᠯᠭᠡ᠎ᠳᠤ ᠣᠷᠣᠭᠤᠯᠬᠤ ᠵᠠᠮ ᠮᠥᠷ᠎ᠢ ᠰᠢᠯᠤᠭᠤᠳᠬᠠᠨ᠂ ᠡᠮᠨᠡᠯᠭᠡ᠎ᠳᠤ ᠣᠷᠣᠭᠤᠯᠬᠤ᠂ ᠬᠥᠮᠥᠷᠭᠡᠯᠡᠬᠦ ᠵᠡᠷᠭᠡ ᠭᠣᠭᠴᠣᠭ᠎ᠠ᠎ᠳᠤ ᠰᠣᠩᠭᠣᠭᠳᠠᠭᠰᠠᠨ ᠠᠵᠤ ᠠᠬᠤᠶ᠋ᠢᠯᠠᠯ᠎ᠠᠴᠠ ᠨᠡᠮᠡᠯᠲᠡ ᠵᠠᠷᠤᠳᠠᠯ ᠬᠤᠷᠢᠶᠠᠵᠤ ᠪᠣᠯᠬᠤ ᠥᠬᠡᠶ᠃ ᠵᠠᠷᠤᠳᠠᠯ᠎ᠢ ᠡᠵᠡᠮᠳᠡᠬᠦ᠂ ᠬᠡᠷᠡᠭᠯᠡᠬᠦ ᠦᠢ᠍ᠯᠡᠳᠭᠦᠨ᠎ᠤ ᠬᠡᠪ ᠪᠠᠷᠢᠮᠵᠢᠶ᠎ᠠ ᠲᠣᠭ᠎ᠠ ᠬᠡᠮᠵᠢᠶ᠎ᠡ ᠵᠢ ᠬᠢᠵᠠᠭ᠋ᠠᠷᠯᠠᠬᠤ ᠵᠢᠴᠢ ᠲᠤᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠳᠠᠩᠰᠠ ᠪᠠᠶ᠋ᠢᠭᠤᠯᠬᠤ ᠵᠡᠷᠭᠡ᠎ᠪᠠᠷ ᠰᠢᠯᠲᠠᠭ ᠪᠣᠯᠭ᠋ᠠᠵᠤ ᠰᠣᠩᠭᠣᠭᠳᠠᠭᠰᠠᠨ ᠦᠢ᠍ᠯᠡᠳᠭᠦᠨ᠎ᠢ ᠬᠤᠳᠠᠯᠳᠤᠨ ᠠᠪᠬᠤ ᠪᠠ ᠬᠡᠷᠡᠭᠯᠡᠬᠦ ᠵᠢ ᠨᠥᠯᠥᠭᠡᠯᠡᠵᠦ ᠪᠣᠯᠬᠤ ᠥᠬᠡᠶ᠃ ᠵᠥᠪᠯᠡᠯᠴᠡᠭᠡᠷ᠎ᠤᠨ ᠬᠤᠭᠤᠴᠠᠭ᠋ᠠᠨ᠎ᠳᠤ ᠵᠥᠪᠯᠡᠯᠴᠡᠭᠡᠷ ᠵᠶ᠋ᠠᠷ ᠬᠤᠳᠠᠯᠳᠤᠨ ᠠᠪᠬᠤ ᠬᠡᠮᠵᠢᠶ᠎ᠡ᠂ ᠵᠥᠪᠯᠡᠯᠴᠡᠭᠡᠷ ᠵᠶ᠋ᠠᠷ ᠬᠤᠳᠠᠯᠳᠤᠨ ᠠᠪᠬᠤ ᠬᠡᠮᠵᠢᠶ᠎ᠡ ᠵᠢ ᠪᠡᠶᠡᠯᠡᠭᠦᠯᠦᠭᠰᠡᠨ᠎ᠤ ᠳᠠᠷᠠᠭ᠎ᠠ᠂ ᠡᠮᠴᠢᠯᠡᠭᠡᠨ᠎ᠳᠤ ᠵᠦᠶ ᠵᠣᠬᠢᠰᠲᠠᠶ ᠬᠡᠷᠡᠭᠯᠡᠬᠦ᠎ᠠᠴᠠ ᠡᠭᠦᠰᠴᠦ᠂ ᠴᠢᠨᠠᠷ ᠰᠠᠶ᠋ᠢᠲᠠᠶ ᠦᠨ᠎ᠡ ᠲᠣᠬᠢᠷᠠᠮᠵᠢᠲᠠᠶ ᠰᠣᠩᠭᠣᠭᠳᠠᠭᠰᠠᠨ ᠦᠢ᠍ᠯᠡᠳᠭᠦᠨ᠎ᠢ ᠤᠷᠢᠳᠠᠪᠠᠷ ᠬᠤᠳᠠᠯᠳᠤᠨ ᠠᠪᠴᠤ ᠬᠡᠷᠡᠭᠯᠡᠬᠦ ᠬᠡᠷᠡᠭᠲᠡᠶ᠃ ᠵᠥᠪᠯᠡᠯᠴᠡᠭᠡᠷ ᠵᠶ᠋ᠠᠷ ᠬᠤᠳᠠᠯᠳᠤᠨ ᠠᠪᠬᠤ ᠬᠡᠮᠵᠢᠶ᠎ᠡ᠎ᠠᠴᠠ ᠬᠡᠲᠦᠷᠡᠭᠰᠡᠨ ᠬᠡᠰᠡᠭ᠎ᠢ ᠰᠣᠩᠭᠣᠭᠳᠠᠭᠰᠠᠨ ᠠᠵᠤ ᠠᠬᠤᠶ᠋ᠢᠯᠠᠯ ᠮᠥᠨ ᠬᠦ᠌ ᠰᠣᠩᠭᠣᠭᠳᠠᠭᠰᠠᠨ ᠦᠨ᠎ᠡ ᠬᠠᠩᠰᠢ᠎ᠪᠠᠷ ᠬᠠᠩᠭ᠋ᠠᠬᠤ ᠬᠡᠷᠡᠭᠲᠡᠶ᠂ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠎ᠠ ᠳᠦᠭᠦᠷᠬᠦ ᠪᠣᠯᠲᠠᠯ᠎ᠠ᠃ ᠬᠡᠯᠡᠯᠴᠡᠭᠡᠷ ᠬᠤᠭᠤᠴᠠᠭ᠎ᠠ᠎ᠠᠴᠠ ᠭᠠᠳᠠᠨᠠᠬᠢ ᠬᠡᠷᠡᠭᠯᠡᠬᠦ ᠬᠡᠮᠵᠢᠶ᠎ᠡ ᠵᠢ ᠬᠡᠯᠡᠯᠴᠡᠭᠡᠷ᠎ᠲᠤ ᠣᠷᠣᠭᠤᠯᠬᠤ ᠦᠭᠡᠢ᠃

   ᠲᠠᠪᠤ᠂ ᠰᠣᠩᠭᠣᠭᠳᠠᠭᠰᠠᠨ ᠦᠢ᠍ᠯᠡᠳᠭᠦᠨ᠎ᠤ ᠡᠮᠴᠢᠯᠡᠭᠡᠨ᠎ᠤ ᠳᠠᠭ᠋ᠠᠳᠬᠠᠯ᠎ᠢ ᠰᠢᠭᠤᠳ ᠳ᠋ᠦᠩᠨᠡᠨ ᠪᠤᠳᠤᠬᠤ ᠵᠢ ᠨᠠᠶ᠋ᠢᠳᠠᠪᠤᠷᠢᠵᠢᠭᠤᠯᠤᠨ᠎ᠠ᠃

   ᠡᠯ᠎ᠡ ᠭᠠᠵᠠᠷ᠎ᠤᠨ᠎ᠬᠢᠨ ᠰᠣᠩᠭᠣᠭᠳᠠᠭᠰᠠᠨ ᠦᠢ᠍ᠯᠡᠳᠭᠦᠨ᠎ᠤ ᠰᠣᠩᠭᠣᠭᠳᠠᠭᠰᠠᠨ ᠦᠨ᠎ᠡ ᠬᠠᠩᠰᠢ᠂ ᠡᠯ᠎ᠡ ᠡᠮᠴᠢᠯᠡᠭᠡᠨ᠎ᠤ ᠪᠠᠶ᠋ᠢᠭᠤᠯᠤᠮᠵᠢ᠎ᠨᠢ ᠠᠵᠤ ᠠᠬᠤᠶ᠋ᠢᠯᠠᠯ᠎ᠯᠤᠭ᠎ᠠ ᠵᠥᠪᠳᠡᠯᠴᠡᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠦᠢ᠍ᠯᠡᠳᠭᠦᠨ ᠵᠢᠴᠢ ᠲᠣᠭ᠎ᠠ ᠬᠡᠮᠵᠢᠶ᠎ᠡ ᠵᠢ ᠦᠨᠳᠦᠰᠦᠯᠡᠨ᠂ ᠵᠥᠪᠯᠡᠯᠴᠡᠭᠡᠷ ᠵᠶ᠋ᠠᠷ ᠬᠤᠳᠠᠯᠳᠤᠨ ᠠᠪᠬᠤ ᠵᠣᠭᠣᠰ᠎ᠤᠨ ᠲᠣᠭ᠎ᠠ ᠵᠢ ᠴᠠᠭ ᠲᠤᠬᠠᠶ᠎ᠳᠤᠨᠢ ᠲᠥᠰᠦᠭᠡᠯᠡᠨ ᠪᠤᠳᠤᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠴᠤ ᠳ᠋ᠦᠩᠨᠡᠨ ᠪᠤᠳᠤᠬᠤ ᠲᠤᠬᠠᠶ᠋ᠢᠯᠠᠭᠰᠠᠨ ᠠᠵᠢᠯ᠎ᠤᠨ ᠳᠦᠷᠢᠮᠯᠡᠯ᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠥᠪᠥᠷ ᠡᠮᠴᠢᠯᠡᠭᠡᠨ᠎ᠤ ᠳᠠᠭ᠋ᠠᠳᠬᠠᠯ ᠠᠯᠪᠠᠨ ᠲᠠᠷᠬᠠᠭ᠋ᠠᠭᠰᠠᠨ [ 2019] 60 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠬᠢᠭᠡᠳ ᠰᠣᠩᠭᠣᠭᠳᠠᠭᠰᠠᠨ ᠠᠵᠤ ᠠᠬᠤᠶ᠋ᠢᠯᠠᠯ ᠪᠤᠶᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠰᠢᠭᠤᠳ ᠳ᠋ᠦᠩᠨᠡᠨ ᠪᠤᠳᠤᠬᠤ ᠵᠢ ᠥᠷᠨᠢᠭᠦᠯᠬᠦ ᠬᠡᠷᠡᠭᠲᠡᠶ᠃

   ᠵᠢᠷᠭᠤᠭ᠎ᠠ᠂ ᠰᠣᠩᠭᠣᠭᠳᠠᠭᠰᠠᠨ ᠦᠢ᠍ᠯᠡᠳᠭᠦᠨ᠎ᠤ ᠲᠣᠭᠲᠠᠭᠤᠨ ᠵᠶ᠋ᠠᠷ ᠬᠠᠩᠭ᠋ᠠᠬᠤ ᠵᠢ ᠦᠨᠡᠨᠬᠦ   ᠪᠠᠲᠤᠯᠠᠨ᠎ᠠ

   ᠰᠣᠩᠭᠣᠭᠳᠠᠭᠰᠠᠨ ᠠᠵᠤ ᠠᠬᠤᠶ᠋ᠢᠯᠠᠯ ᠪᠣᠯᠤᠨ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠬᠠᠩᠭ᠋ᠠᠵᠤ ᠲᠣᠬᠢᠷᠠᠭᠤᠯᠤᠨ ᠬᠦᠷᠭᠡᠬᠦ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠰᠣᠩᠭᠣᠭᠳᠠᠭᠰᠠᠨ ᠠᠵᠤ ᠠᠬᠤᠶ᠋ᠢᠯᠠᠯ᠎ᠨᠢ ᠦᠢ᠍ᠯᠡᠳᠬᠦᠨ᠎ᠤ ᠶᠠᠰᠤ ᠴᠢᠨᠠᠷ᠂ ᠬᠠᠩᠭ᠋ᠠᠯᠭ᠎ᠠ ᠵᠢ ᠪᠠᠲᠤᠯᠠᠬᠤ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠤᠭᠰᠠᠨ᠎ᠤ ᠬᠤᠪᠢ᠎ᠳᠤ᠂ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠳᠡᠯᠴᠡᠬᠡᠷ ᠵᠶ᠋ᠠᠨ ᠴᠢᠩᠭ᠎ᠠ ᠭᠦᠢ᠍ᠴᠡᠳᠬᠡᠵᠦ᠂ ᠦᠢ᠍ᠯᠡᠳᠪᠦᠷᠢᠯᠡᠯ᠎ᠤᠨ ᠲᠥᠯᠥᠪᠯᠡᠭᠡ᠎ᠪᠠᠨ ᠤᠷᠢᠳᠴᠢᠯᠠᠨ ᠰᠠᠶ᠋ᠢᠲᠤᠷ ᠬᠢᠵᠦ᠂ ᠦᠢ᠍ᠯᠡᠳᠪᠦᠷᠢᠯᠡᠬᠦ᠂ ᠪᠣᠷᠣᠯᠠᠭᠤᠯᠬᠤ ᠪᠦᠬᠦ ᠶᠠᠪᠤᠴᠠ ᠵᠢᠨ ᠡᠬᠡ ᠳᠠᠩᠰᠠ ᠪᠠᠶ᠋ᠢᠭᠤᠯᠵᠤ᠂ ᠲᠤᠰᠬᠠᠶ ᠬᠥᠮᠦᠨ ᠵᠶ᠋ᠠᠷ ᠬᠠᠷᠢᠭᠤᠴᠠᠭᠤᠯᠬᠤ ᠬᠡᠷᠡᠭᠲᠡᠶ᠃ ᠰᠣᠩᠭᠣᠭᠳᠠᠭᠰᠠᠨ ᠠᠵᠤ ᠠᠬᠤᠶ᠋ᠢᠯᠠᠯ᠎ᠤᠨ ᠡᠵᠡᠨ ᠮᠡᠳᠡᠵᠦ ᠰᠣᠩᠭᠣᠭᠰᠠᠨ ᠦᠢ᠍ᠯᠡᠳᠭᠦᠨ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ ᠵᠶ᠋ᠠᠨ ᠰᠣᠩᠭᠣᠬᠤ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠣᠩᠭᠣᠭᠳᠠᠭᠰᠠᠨ ᠠᠵᠤ ᠠᠬᠤᠶ᠋ᠢᠯᠠᠯ᠎ᠤᠨ ᠥᠪᠡᠰᠦᠪᠡᠨ ᠳᠣᠭᠢᠷᠠᠭᠤᠯᠤᠨ ᠬᠦᠷᠭᠡᠬᠦ ᠵᠢ ᠵᠣᠷᠢᠭᠵᠢᠭᠤᠯᠤᠨ᠎ᠠ᠃ ᠰᠣᠩᠭᠣᠭᠳᠠᠭᠰᠠᠨ ᠠᠵᠤ ᠠᠬᠤᠶ᠋ᠢᠯᠠᠯ᠂ ᠲᠣᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠳ ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ ᠴᠠᠭ ᠲᠤᠬᠠᠶ᠎ᠳᠤᠨᠢ ᠲᠣᠬᠢᠷᠠᠭᠤᠯᠤᠨ ᠬᠦᠷᠭᠡᠵᠦ ᠰᠣᠩᠭᠣᠭᠳᠠᠭᠰᠠᠨ ᠪᠦᠲᠦᠭᠡᠭᠳᠡᠬᠦᠨ᠎ᠢ ᠡᠮᠴᠢᠯᠡᠭᠡᠨ᠎ᠳᠤ ᠬᠡᠷᠡᠭᠯᠡᠬᠦ ᠵᠢ ᠪᠠᠲᠤᠯᠠᠬᠤ ᠬᠡᠷᠡᠭᠲᠡᠶ᠃

   ᠳᠣᠯᠣᠭ᠎ᠠ᠂ ᠬᠢᠨᠠᠯᠲᠠ ᠬᠠᠮᠢᠶᠠᠷᠤᠯᠲᠠ ᠵᠢᠨ ᠰᠢᠯᠭ᠋ᠠᠨ ᠬᠢᠨᠠᠬᠤ ᠡᠷᠴᠢᠮ᠎ᠢ ᠴᠢᠩᠭ᠋ᠠᠷᠠᠭᠤᠯᠤᠨ᠎ᠠ

   ᠡᠯ᠎ᠡ ᠭᠠᠵᠠᠷ᠎ᠤᠨ᠎ᠬᠢᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠣᠯᠪᠣᠭᠳᠠᠯ ᠪᠥᠬᠥᠶ ᠣᠨᠣᠰᠢᠯᠠᠨ ᠡᠮᠨᠡᠬᠦ ᠵᠦᠭᠯᠡᠭᠦᠷ᠂ ᠮᠡᠷᠭᠡᠵᠢᠯ᠎ᠤᠨ ᠠᠵᠢᠯᠯᠠᠭ᠋ᠠᠨ᠎ᠤ ᠵᠢᠷᠤᠮᠵᠢᠯ ᠵᠡᠷᠭᠡ ᠵᠢ ᠴᠢᠩᠭ᠎ᠠ ᠬᠡᠷᠡᠭᠵᠢᠭᠦᠯᠬᠦ ᠵᠢ ᠴᠢᠩᠭ᠋ᠠᠳᠬᠠᠵᠤ᠂ ᠠᠮᠤᠷ ᠲᠦᠪᠰᠢᠨ᠂ ᠪᠦᠲᠦᠮᠵᠢᠲᠡᠶ᠂ ᠠᠷᠪᠢᠲᠠᠶ᠂ ᠲᠣᠬᠢᠷᠠᠮᠵᠢᠲᠠᠶ ᠪᠠᠶ᠋ᠢᠬᠤ ᠵᠠᠷᠴᠢᠮ᠎ᠢ ᠪᠠᠷᠢᠮᠲᠠᠯᠠᠨ᠂ ᠡᠮᠨᠡᠨ ᠵᠠᠰᠠᠬᠤ ᠠᠷᠭ᠎ᠠ ᠵᠢ ᠵᠦᠶ ᠵᠣᠬᠢᠰᠲᠠᠶ ᠰᠣᠩᠭᠣᠵᠤ᠂ ᠬᠣᠷᠣᠭᠳᠠᠯ ᠮᠠᠲ᠋ᠧᠷᠢᠶᠠᠯ᠎ᠤᠨ ᠲᠥᠷᠥᠯ ᠵᠦᠢ᠍ᠯ ᠪᠠ ᠲᠣᠭ᠎ᠠ ᠬᠡᠮᠵᠢᠶ᠎ᠡ ᠵᠢ ᠵᠦᠶ ᠵᠣᠬᠢᠰᠲᠠᠶ ᠲᠣᠭᠲᠠᠭ᠋ᠠᠬᠤ ᠬᠡᠷᠡᠭᠲᠡᠶ᠃ ᠰᠣᠩᠭᠣᠭᠳᠠᠭᠰᠠᠨ ᠠᠵᠤ ᠠᠬᠤᠶ᠋ᠢᠯᠠᠯ᠎ᠤᠨ ᠭᠡᠷ᠎ᠡ᠎ᠪᠠᠨ ᠭᠦᠢ᠍ᠴᠡᠳᠬᠡᠭᠰᠡᠨ ᠪᠠᠶ᠋ᠢᠳᠠᠯ᠎ᠢ ᠨᠢᠭᠲᠠ ᠬᠢᠨᠠᠨ ᠬᠡᠮᠵᠢᠵᠦ᠂ ᠭᠡᠷ᠎ᠡ ᠵᠢ ᠰᠠᠶ᠋ᠢᠲᠤᠷ ᠭᠦᠢ᠍ᠴᠡᠳᠬᠡᠵᠦ ᠳᠡᠶ᠋ᠢᠯᠬᠦ ᠦᠭᠡᠶ ᠪᠠ ᠬᠤᠳᠠᠯᠳᠤᠭ᠋ᠠᠨ᠎ᠤ ᠬᠡᠭᠡᠯᠢ ᠬᠠᠬᠤᠤᠯᠢ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠠᠴᠠ ᠪᠣᠯᠵᠤ ᠰᠢᠢ᠍ᠳᠭᠡᠯ ᠣᠯᠤᠭᠰᠠᠨ ᠰᠣᠩᠭᠣᠭᠳᠠᠭᠰᠠᠨ ᠠᠵᠤ ᠠᠬᠤᠶ᠋ᠢᠯᠠᠯ᠎ᠢ ᠡᠮ ᠡᠮᠨᠡᠯᠭᠡ ᠵᠢᠨ ᠦᠨ᠎ᠡ ᠬᠠᠩᠰᠢ ᠪᠠ ᠳᠠᠭ᠋ᠠᠭ᠋ᠠᠴᠢᠯᠠᠯᠲᠠ ᠵᠠᠷᠯᠠᠬᠤ ᠢᠲᠡᠭᠡᠮᠵᠢ ᠵᠢᠨ ᠦᠨᠡᠯᠡᠯᠲᠡ ᠵᠢᠨ ᠲᠡᠮᠳᠡᠭᠯᠡᠯ᠎ᠳᠤ ᠣᠷᠣᠭᠤᠯᠬᠤ ᠵᠢᠨ ᠬᠠᠮᠲᠤ ᠬᠦᠨᠳᠦ ᠨᠣᠴᠢᠲᠠᠶ ᠬᠡᠮᠵᠢᠶ᠎ᠡ ᠵᠢ᠎ᠨᠢ ᠦᠨᠳᠦᠰᠦᠯᠡᠨ ᠵᠣᠬᠢᠬᠤ ᠵᠠᠯᠬᠠᠭ᠋ᠠᠨ ᠴᠡᠭᠡᠷᠯᠡᠭᠦᠯᠬᠦ ᠬᠡᠷᠡᠭᠲᠡᠶ᠃ ᠴᠠᠭ᠎ᠲᠠᠭᠠᠨ ᠲᠣᠬᠢᠷᠠᠭᠤᠯᠤᠨ ᠬᠦᠷᠭᠡᠭᠰᠡᠨ ᠦᠭᠡᠶ ᠠᠵᠤ ᠠᠬᠤᠶ᠋ᠢᠯᠠᠯ᠎ᠳᠤ ᠰᠠᠨᠠᠭᠤᠯᠬᠤ᠂ ᠪᠣᠯᠵᠣᠨ ᠶᠠᠷᠢᠯᠴᠠᠬᠤ᠂ ᠲᠣᠬᠢᠷᠠᠭᠤᠯᠤᠨ ᠬᠦᠷᠭᠡᠬᠦ ᠪᠤᠶᠤ ᠰᠣᠩᠭᠣᠭᠳᠠᠬᠤ ᠬᠢᠷᠢ ᠬᠡᠮ᠎ᠢ ᠲᠦᠷ ᠵᠣᠭᠰᠣᠭ᠋ᠠᠬᠤ ᠵᠡᠷᠭᠡ ᠠᠷᠭ᠎ᠠ ᠬᠡᠮᠵᠢᠶ᠎ᠡ ᠠᠪᠴᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠬᠤ ᠬᠡᠷᠡᠭᠲᠡᠶ᠃

   ᠳᠠᠭ᠋ᠠᠯᠳᠤᠭᠤᠯᠤᠯ 1᠄ ᠲᠢᠲᠢᠮ ᠰᠤᠳᠠᠯ᠎ᠤᠨ ᠬᠥᠲᠥᠯᠥᠭᠴᠢ ᠲᠣᠷᠭ᠋ᠠᠨ ᠪᠦᠰᠡ ᠵᠢ ᠬᠤᠳᠠᠯᠳᠤᠨ ᠠᠪᠬᠤ᠎ᠳᠤ ᠰᠣᠩᠭᠣᠭᠰᠠᠨ ᠭᠠᠷᠴᠠᠭ

  2᠄ ᠲᠢᠲᠢᠮ ᠰᠤᠳᠠᠯ ᠲᠡᠯᠡᠬᠦ ᠪᠥᠮᠪᠥᠭᠡᠨ ᠤᠭᠤᠲᠠ ᠵᠢ ᠬᠤᠳᠠᠯᠳᠤᠨ ᠠᠪᠬᠤ᠎ᠳᠤ ᠰᠣᠩᠭᠣᠭᠰᠠᠨ ᠭᠠᠷᠴᠠᠭ

  3 . ᠲᠢᠲᠢᠮ ᠰᠤᠳᠠᠯ ᠡᠮ᠎ᠤᠨ ᠪᠥᠮᠪᠥᠭᠡᠨ ᠤᠭᠤᠲᠠ ᠵᠢ ᠬᠤᠳᠠᠯᠳᠤᠨ ᠠᠪᠬᠤ᠎ᠳᠤ ᠰᠣᠩᠭᠣᠭᠰᠠᠨ ᠭᠠᠷᠴᠠᠭ

  4 . ᠲᠠᠷᠢᠬᠢᠨ (ᠨᠤᠭᠤᠰᠤᠨ᠎ᠤ) ᠬᠠᠲᠠᠭᠤ ᠪᠦᠷᠬᠦᠪᠴᠢ ᠪᠠ ᠢᠪᠡᠷᠬᠡᠢ ᠵᠢᠨ ᠨᠥᠬᠥᠪᠥᠷᠢ ᠢᠯᠲᠠᠰᠤ ᠵᠢ ᠬᠡᠮᠵᠢᠶ᠎ᠡ᠎ᠲᠠᠢ ᠬᠤᠳᠠᠯᠳᠤᠨ ᠠᠪᠬᠤ᠎ᠳᠤ ᠰᠣᠩᠭᠣᠭᠰᠠᠨ ᠭᠠᠷᠴᠠᠭ

  5 . ᠨᠢᠭᠡ ᠯᠡ ᠤᠳᠠᠭ᠎ᠠ᠎ᠳᠤ ᠨᠠᠮᠵᠢᠭᠤᠨ ᠰᠤᠳᠠᠯ ᠵᠶ᠋ᠠᠷ ᠦᠯᠡᠳᠡᠭᠡᠵᠦ ᠲᠠᠯᠪᠢᠬᠤ ᠵᠡᠭᠦᠦ ᠵᠡᠷᠭᠡ 5 ᠲᠥᠷᠥᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ ᠲᠣᠭᠲᠠᠭ᠋ᠠᠨ ᠬᠤᠳᠠᠯᠳᠤᠨ ᠠᠪᠬᠤ᠎ᠳᠤ ᠰᠣᠩᠭᠣᠭᠰᠠᠨ ᠭᠠᠷᠴᠠᠭ

  

         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ

      2023 ᠣᠨ᠎ᠤ 12 ᠳ᠋ᠤᠭ᠋ᠠᠷ ᠰᠠᠷ᠎ᠠ ᠵᠢᠨ 18᠎ᠤ ᠡᠳᠦᠷ


ᠳᠠᠭ᠋ᠠᠯᠳᠤᠭᠤᠯᠤᠯ 1,2,3,4,5

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2023 ᠣᠨ᠎ᠤ ᠪᠥᠬᠥ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠵᠢᠯ᠎ᠤᠨ ᠡᠴᠦᠰ ᠎ᠤᠨ ᠳ᠋ᠦᠩᠨᠡᠨ ᠰᠢᠯᠵᠢᠭᠦᠯᠬᠦ ᠠᠵᠢᠯ᠎ᠤᠨ ᠮᠠᠰᠢᠨ᠎ᠢ ᠵᠤᠭᠰᠤᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠵᠠᠷ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ 2022 ᠣᠨ᠎ᠤ ᠰᠢᠯᠭ᠋ᠠᠨ ᠬᠢᠨᠠᠭᠰᠠᠨ ᠪᠠᠶ᠋ᠢᠳᠠᠯ᠎ᠤᠨ ᠲᠤᠬᠠᠶ ᠵᠠᠷᠯᠠᠯ
ᠬᠤᠪᠢ ᠬᠥᠮᠦᠨ᠎ᠤ ᠲᠠᠩᠰᠠᠨ ᠡᠷᠦᠬᠡ ᠵᠢᠨ ᠪᠡᠯᠡ ᠮᠥᠩᠬᠦ ᠵᠢᠴᠢ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠵᠢ ᠬᠤᠳᠠᠯ ᠬᠠᠭᠤᠷᠮᠠᠭ ᠵᠶ᠋ᠠᠷ ᠤᠬᠠᠭᠤᠯᠤᠨ ᠲᠤᠭᠳᠠᠭ᠋ᠠᠯ᠎ᠠᠴᠠ ᠵᠦᠷᠢᠴᠠᠨ ᠬᠡᠷᠡᠭᠯᠡᠬᠦ ᠵᠢ ᠴᠢᠩᠭ᠎ᠠ ᠬᠣᠷᠢᠭᠯᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠵᠠᠷᠯᠠᠯ
ᠨᠡᠶ᠋ᠢᠭᠡᠮ᠎ᠤᠨ ᠳᠠᠭ᠋ᠠᠳᠬᠠᠯ᠎ᠤᠨ ᠵᠠᠷᠤᠳᠠᠯ᠎ᠤᠨ ᠭᠠᠶ᠋ᠢᠯᠢ ᠵᠢᠨ ᠶᠠᠪᠤᠳᠠᠯ᠎ᠤᠨ ᠲᠠᠲᠠᠪᠤᠷᠢᠯᠠᠨ ᠲᠤᠰᠢᠶᠠᠬᠤ ᠰᠢᠰᠲ᠋ᠧᠮ᠎ᠢ ᠲᠠᠰ ᠳᠡᠪᠰᠢᠭᠦᠯᠦᠨ ᠬᠠᠮᠠᠭ᠋ᠠᠯᠠᠬᠤ ᠲᠤᠬᠠᠶ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠵᠠᠷᠯᠠᠯ
ᠬᠡᠰᠡᠭ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠬᠤ ᠲᠤᠬᠠᠢ ᠵᠠᠷᠯᠠᠯ
 
            