ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢᠴᠡᠳᠬᠡᠬᠦ ᠵᠦᠢᠯᠡᠰ᠎ᠢ ᠠᠢ᠌ᠮᠠᠭ ᠬᠣᠲᠠ᠎ᠳᠤ ᠨᠠᠢ᠌ᠳᠠᠵᠤ ᠰᠢᠢᠳᠪᠦᠷᠢᠯᠡᠭᠦᠯᠬᠦ ᠲᠤᠬᠠᠶ ᠠᠯᠪᠠᠨ ᠵᠠᠷ
ᠨᠡᠶ᠋ᠢᠲᠡᠯᠡᠭᠰᠡᠨ ᠴᠠᠭ᠄ 2023-01-10

   ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠯ᠎ᠡ ᠳᠠᠭ᠋ᠠᠳᠬᠠᠯ᠎ᠳᠤ ᠣᠷᠣᠯᠴᠠᠭᠰᠠᠨ ᠨᠢᠭᠡᠴᠡ᠂ ᠳᠠᠭ᠋ᠠᠳᠬᠠᠯ᠎ᠳᠤ ᠣᠷᠣᠯᠴᠠᠭᠰᠠᠳ᠄

   ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠰᠢᠯᠢᠳᠡᠭᠵᠢᠭᠦᠯᠬᠦ ᠠᠵᠢᠯ᠎ᠤᠨ ᠶᠠᠪᠤᠴᠠ ᠵᠢ ᠰᠢᠯᠢᠳᠡᠭᠵᠢᠭᠦᠯᠬᠦ》᠎ᠤᠨ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠲᠥᠪ᠎ᠠᠴᠠ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 22 ᠵᠦᠢᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢᠴᠡᠳᠬᠡᠬᠦ ᠵᠦᠢᠯᠡᠰ᠎ᠢ ᠠᠢ᠌ᠮᠠᠭ ᠬᠣᠲᠠ᠎ᠳᠤ ᠨᠠᠢ᠌ᠳᠠᠨ ᠭᠦᠢᠴᠡᠳᠬᠡᠯᠭᠡᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠯ᠎ᠡ ᠳᠠᠭ᠋ᠠᠳᠬᠠᠯ᠎ᠳᠤ ᠣᠷᠣᠯᠴᠠᠭᠰᠠᠨ ᠨᠢᠭᠡᠴᠡ᠂ ᠳᠠᠭ᠋ᠠᠳᠬᠠᠯ᠎ᠳᠤ ᠣᠷᠣᠯᠴᠠᠭᠰᠠᠳ ᠣᠢ᠌ᠷ᠎ᠠ ᠬᠠᠪᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢᠴᠡᠳᠬᠡᠬᠦ ᠪᠠᠢ᠌ᠭᠤᠯᠤᠮᠵᠢ ᠵᠢ ᠰᠣᠩᠭᠣᠨ ᠬᠠᠮᠢᠶ᠎ᠠ ᠪᠥᠬᠥᠶ ᠲᠤᠬᠠᠢ᠌ᠯᠠᠭᠰᠠᠨ ᠠᠵᠢᠯ ᠵᠶ᠋ᠠᠨ ᠭᠦᠢᠴᠡᠳᠬᠡᠵᠦ ᠪᠣᠯᠤᠨ᠎ᠠ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢᠴᠡᠳᠬᠡᠬᠦ ᠡᠷᠬᠡ ᠣᠯᠭᠣᠵᠤ ᠨᠠᠢ᠌ᠳᠠᠭᠰᠠᠨ ᠵᠦᠢᠯᠡᠰ᠎ᠢ ᠳᠣᠤᠷᠠᠬᠢ ᠮᠡᠲᠦ ᠵᠠᠷᠯᠠᠶ᠎ᠠ᠄  

   ᠨᠢᠭᠡ᠂ ᠪᠥᠬᠥ ᠣᠷᠣᠨ᠎ᠤ ᠡᠯ᠎ᠡ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢᠴᠡᠳᠬᠡᠬᠦ ᠪᠠᠢ᠌ᠭᠤᠯᠤᠮᠵᠢ ᠵᠢᠨ ᠨᠡᠢ᠌ᠳᠡᠮ ᠭᠦᠢᠴᠡᠳᠬᠡᠬᠦ ᠵᠦᠢᠯᠡᠰ (ᠨᠡᠢ᠌ᠲᠡ 19 ᠵᠦᠢᠯ)

   ᠨᠢᠭᠡᠴᠡ  ᠵᠢᠨ ᠳᠠᠭ᠋ᠠᠳᠬᠠᠯ᠎ᠳᠤ ᠣᠷᠣᠯᠴᠠᠬᠤ ᠳᠠᠩᠰᠠᠯᠠᠯᠲᠠ᠂ ᠨᠢᠭᠡᠴᠡ ᠵᠢᠨ ᠳᠠᠭ᠋ᠠᠳᠬᠠᠯ᠎ᠳᠤ ᠣᠷᠣᠯᠴᠠᠭᠰᠠᠨ ᠮᠡᠳᠡᠭᠡ ᠵᠠᠩᠭᠢ ᠵᠢ ᠬᠤᠪᠢᠷᠠᠭᠤᠯᠤᠨ ᠳᠠᠩᠰᠠᠯᠠᠬᠤ᠂ ᠠᠵᠢᠯᠲᠠᠨ ᠠᠵᠢᠯᠴᠢᠨ᠎ᠤ ᠳᠠᠭ᠋ᠠᠳᠬᠠᠯ᠎ᠳᠤ ᠣᠷᠣᠯᠴᠠᠬᠤ ᠳᠠᠩᠰᠠᠯᠠᠯ᠂ ᠠᠵᠢᠯᠲᠠᠨ ᠠᠵᠢᠯᠴᠢᠨ᠎ᠤ ᠳᠠᠭ᠋ᠠᠳᠬᠠᠯ᠎ᠳᠤ ᠣᠷᠣᠯᠴᠠᠭᠰᠠᠨ ᠮᠡᠳᠡᠭᠡ ᠵᠠᠩᠭᠢ ᠵᠢ ᠬᠤᠪᠢᠷᠠᠭᠤᠯᠤᠨ ᠳᠠᠩᠰᠠᠯᠠᠬᠤ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠡ ᠵᠢᠨ ᠳᠠᠭ᠋ᠠᠳᠬᠠᠯ᠎ᠳᠤ ᠣᠷᠣᠯᠴᠠᠭᠰᠠᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠂ ᠳᠠᠭ᠋ᠠᠳᠬᠠᠯ᠎ᠳᠤ ᠣᠷᠣᠯᠴᠠᠭᠰᠠᠳ᠎ᠤᠨ ᠳᠠᠭ᠋ᠠᠳᠬᠠᠯ᠎ᠳᠤ ᠣᠷᠣᠯᠴᠠᠬᠤ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠂ ᠰᠢᠯᠵᠢᠭᠦᠯᠦᠨ   ᠲᠣᠰᠴᠤ ᠠᠪᠬᠤ ᠭᠠᠷᠳᠠᠮ᠎ᠢ ᠭᠦᠢᠴᠡᠳᠬᠡᠬᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠬᠤᠪᠢ ᠬᠥᠮᠦᠨ᠎ᠤ ᠳᠠᠩᠰᠠᠨ ᠡᠷᠦᠬᠡ᠎ᠠᠴᠠ ᠨᠢᠭᠡ ᠯᠡ ᠤᠳᠠᠭ᠎ᠠ᠎ᠳᠤ ᠭᠠᠷᠭ᠋ᠠᠨ ᠠᠪᠬᠤ᠂ ᠥᠭᠡᠷ᠎ᠡ ᠬᠣᠲᠠ᠎ᠳᠤ ᠤᠷᠲᠤ ᠬᠤᠭᠤᠴᠠᠭ᠎ᠠ᠎ᠪᠠᠷ ᠰᠠᠭᠤᠵᠤ ᠪᠠᠢᠭ᠎ᠠ ᠬᠥᠮᠦᠰ᠎ᠤᠨ ᠡᠮᠨᠡᠯᠭᠡ᠎ᠳᠤ ᠰᠠᠭᠤᠭᠰᠠᠨ ᠵᠠᠷᠤᠳᠠᠯ᠎ᠢ ᠳᠠᠩᠰᠠ᠎ᠠᠴᠠ ᠲᠠᠢ᠌ᠯᠬᠤ᠂ ᠬᠥᠩᠭᠡᠵᠢᠬᠦ᠎ᠠᠴᠠ ᠡᠮᠦᠨᠡᠬᠢ ᠪᠠᠢ᠌ᠴᠠᠭ᠋ᠠᠯᠲᠠ ᠵᠢᠨ ᠵᠠᠷᠤᠳᠠᠯ ᠥᠭᠬᠦ᠂ 《ᠳᠠᠭ᠋ᠠᠳᠬᠠᠯ᠎ᠳᠤ ᠣᠷᠣᠯᠴᠠᠭᠰᠠᠨ ᠭᠡᠷᠡᠴᠢ ᠪᠠᠷᠢᠮᠲᠠ》 ᠭᠠᠷᠭ᠋ᠠᠵᠤ ᠥᠭᠬᠦ᠂ ᠲᠥᠯᠥᠪᠯᠡᠭᠡᠲᠦ ᠦᠷᠡᠵᠢᠯ᠎ᠤᠨ ᠡᠮ ᠡᠮᠨᠡᠯᠭᠡ ᠵᠢᠨ ᠵᠠᠷᠤᠳᠠᠯ᠎ᠢ   ᠲᠤᠰᠢᠶᠠᠬᠤ᠂ ᠡᠭᠦᠳᠡᠨ ᠡᠮᠨᠡᠯᠭᠡ ᠵᠢᠨ ᠵᠠᠷᠤᠳᠠᠯ᠎ᠤᠨ ᠲᠠᠩᠰᠠ ᠲᠠᠢ᠌ᠯᠬᠤ᠂ ᠦᠷᠡᠵᠢᠯ᠎ᠤᠨ ᠡᠮ ᠡᠮᠨᠡᠯᠭᠡ ᠵᠢᠨ ᠵᠠᠷᠤᠳᠠᠯ᠎ᠢ ᠲᠤᠰᠢᠶᠠᠬᠤ᠂ ᠦᠷᠡᠵᠢᠯ᠎ᠤᠨ ᠨᠡᠮᠡᠭᠦᠷᠢ ᠮᠥᠩᠭᠥ ᠥᠭᠬᠦ᠂ ᠮᠤᠵᠢ ᠠᠯᠤᠰᠯᠠᠨ ᠣᠨᠳᠣᠤ ᠭᠠᠵᠠᠷ᠎ᠲᠤ ᠲᠥᠪᠬᠢᠨᠡᠭᠦᠯᠦᠭᠰᠡᠨ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠦᠰ᠎ᠤᠨ ᠳᠠᠩᠰᠠᠯᠠᠯ᠂ ᠮᠤᠵᠢ ᠠᠯᠤᠰᠯᠠᠨ ᠣᠨᠳᠣᠤ ᠭᠠᠵᠠᠷ᠎ᠲᠤ ᠣᠷᠳᠣ ᠬᠤᠭᠤᠴᠠᠭ᠎ᠠ᠎ᠪᠠᠷ ᠰᠠᠭᠤᠭᠰᠠᠨ ᠬᠥᠮᠦᠰ᠎ᠤᠨ ᠳᠠᠩᠰᠠᠯᠠᠯ᠂ ᠮᠤᠵᠢ ᠠᠯᠤᠰᠯᠠᠨ ᠣᠨᠳᠣᠤ ᠭᠠᠵᠠᠷ᠎ᠲᠤ ᠪᠠᠢ᠌ᠩᠭᠤ ᠰᠠᠭᠤᠭ᠎ᠠ ᠠᠵᠢᠯᠲᠠᠨ᠎ᠤ ᠳᠠᠩᠰᠠᠯᠠᠯ᠂ ᠮᠤᠵᠢ ᠠᠯᠤᠰᠯᠠᠨ ᠣᠨᠳᠣᠤ ᠭᠠᠵᠠᠷ᠎ᠲᠤ ᠰᠢᠯᠵᠢᠭᠦᠯᠦᠨ ᠡᠮᠨᠡᠭᠦᠯᠦᠭᠴᠢ ᠵᠢᠨ ᠳᠠᠩᠰᠠᠯᠠᠯ᠃ 

   ᠬᠣᠶᠠᠷ᠂ ᠬᠥᠬᠡᠬᠣᠲᠠ ᠵᠢᠨ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢᠴᠡᠳᠬᠡᠬᠦ ᠪᠠᠢ᠌ᠭᠤᠯᠤᠮᠵᠢ ᠵᠢᠨ ᠭᠦᠢᠴᠡᠳᠬᠡᠵᠦ ᠪᠣᠯᠬᠤ ᠵᠦᠢᠯᠡᠰ (ᠨᠡᠢ᠌ᠲᠡ 22 ᠵᠦᠢᠯ)

   ᠳᠡᠭᠡᠷ᠎ᠡ ᠳᠤᠷᠠᠳᠤᠭᠰᠠᠨ 19 ᠵᠦᠢᠯ᠎ᠤᠨ ᠨᠡᠢ᠌ᠳᠡᠮ ᠭᠦᠢᠴᠡᠳᠬᠡᠬᠦ ᠵᠦᠢᠯᠡᠰ᠎ᠤᠨ ᠰᠠᠭᠤᠷᠢᠨ ᠳᠡᠭᠡᠷ᠎ᠡ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠵᠠᠷᠤᠳᠠᠯ᠎ᠢ ᠲᠡᠰᠦᠯᠦᠨ ᠪᠤᠳᠤᠬᠤ᠂ ᠡᠮᠴᠢᠯᠡᠭᠡᠨ᠎ᠤ ᠪᠠᠢ᠌ᠭᠤᠯᠤᠮᠵᠢ᠎ᠠᠴᠠ ᠲᠣᠭᠲᠠᠭᠰᠠᠨ ᠴᠡᠭ᠎ᠤᠨ ᠬᠡᠯᠡᠯᠴᠡᠭᠡᠷ᠎ᠤᠨ ᠬᠠᠮᠢᠶᠠᠷᠤᠯᠲᠠ ᠵᠢ ᠭᠤᠶᠤᠴᠢᠯᠠᠬᠤ᠂ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠲᠣᠭᠲᠠᠭᠰᠠᠨ ᠴᠡᠭ᠎ᠤᠨ ᠬᠡᠯᠡᠯᠴᠡᠭᠡᠷ᠎ᠤᠨ ᠬᠠᠮᠢᠶᠠᠷᠤᠯᠲᠠ ᠵᠢ ᠭᠤᠶᠤᠴᠢᠯᠠᠬᠤ 3 ᠵᠦᠢᠯ᠎ᠢ ᠨᠡᠮᠡᠵᠡᠢ᠃

   ᠡᠭᠦᠨ᠎ᠤ ᠲᠤᠯᠠ ᠣᠨᠴᠠᠭ᠋ᠠᠢ᠌ᠯᠠᠨ ᠵᠠᠷᠯᠠᠪᠠ᠃

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ

      2023 ᠣᠨ᠎ᠤ1 ᠳ᠋ᠦ᠍ᠭᠡᠷ ᠰᠠᠷ᠎ᠠ ᠵᠢᠨ10᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠤᠨ ᠠᠵᠢᠯᠯᠠᠭ᠎ᠠ ᠲᠦᠷ ᠵᠣᠭᠰᠣᠬᠤ ᠠᠯᠪᠠᠨ ᠵᠠᠷ
ᠵᠠᠷᠯᠠᠯ
ᠥᠪᠥᠷ ᠮᠣᠩᠭᠣᠯ᠎ᠤᠨ ᠮᠤᠵᠢ ᠠᠯᠤᠰᠯᠠᠭᠰᠠᠨ ᠵᠢᠴᠢ ᠣᠷᠣᠨ᠎ᠤ ᠳᠣᠲᠣᠷᠠᠬᠢ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ ᠵᠢᠨ ᠬᠤᠪᠢᠶᠠᠷᠢ ᠰᠢᠰᠲ᠋ᠧᠮ᠎ᠤᠨ ᠠᠵᠢᠯᠯᠠᠭ᠎ᠠ ᠲᠦᠷ ᠵᠣᠭᠰᠣᠬᠤ ᠲᠤᠬᠠᠶ ᠠᠯᠪᠠᠨ ᠵᠠᠷ
ᠤᠯᠤᠰ᠎ᠠᠴᠠ ᠵᠣᠬᠢᠶᠠᠨ ᠪᠠᠢ᠌ᠭᠤᠯᠤᠭᠰᠠᠨ ᠲᠢᠲᠢᠮᠯᠢᠭ ᠰᠤᠳᠠᠯ᠎ᠤᠨ ᠲᠤᠯᠤᠭ᠋ᠠᠰᠤ ᠵᠢ ᠲᠣᠭᠲᠠᠭᠰᠠᠨ ᠬᠡᠮᠵᠢᠶ᠎ᠡ᠎ᠪᠠᠷ ᠲᠥᠪᠯᠡᠷᠡᠭᠦᠯᠦᠨ ᠬᠤᠳᠠᠯᠳᠤᠨ ᠠᠪᠬᠤ ᠬᠤᠭᠤᠴᠠᠭ᠎ᠠ ᠳᠠᠭᠤᠰᠤᠭ᠋ᠠᠳ ᠦᠷᠭᠦᠯᠵᠢᠯᠡᠨ ᠰᠣᠩᠭᠣᠭᠳᠠᠭᠰᠠᠨ ᠦᠷ᠎ᠡ ᠳ᠋ᠦᠩ᠎ᠢ ᠬᠡᠷᠡᠭᠵᠢᠭᠦᠯᠬᠦ ᠲᠤᠬᠠᠶ ᠮᠡᠳᠡᠭᠳᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠠᠯᠪᠠᠨ ᠵᠠᠷ
 
            