ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠯᠵᠢᠶᠡᠨ ᠭᠠᠳᠠᠨᠠᠬᠢ ᠦᠢ᠍ᠯᠡᠴᠢᠯᠡᠭᠡ ᠵᠢ ᠲᠦᠷ ᠵᠣᠭᠰᠤᠭ᠋ᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2022-12-23

   ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠠᠭ᠋ᠠᠳᠬᠠᠯ᠎ᠳᠤ ᠪᠦᠷᠢᠳᠭᠡᠬᠦᠯᠦᠭᠰᠡᠨ ᠪᠠᠢ᠌ᠭᠤᠯᠭ᠎ᠠ ᠨᠢᠭᠡᠴᠡ  ᠵᠢᠴᠢ ᠳᠠᠭ᠋ᠠᠳᠬᠠᠯ᠎ᠳᠤ ᠪᠦᠷᠢᠳᠭᠡᠬᠦᠯᠦᠭᠰᠡᠨ  ᠬᠤᠪᠢ ᠬᠦᠮᠦᠨ᠎ᠳᠤ᠄

   ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠬᠡ ᠲᠢᠩᠬᠢᠮ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ  ᠴᠤᠩᠬᠤᠪᠴᠢ᠎ᠨᠢ 12 ᠳ᠋ᠤᠭ᠋ᠠᠷ ᠰᠠᠷ᠎ᠠ ᠵᠢᠨ 9᠎ᠤ ᠡᠳᠦᠷ᠎ᠠᠴᠠ ᠡᠬᠢᠯᠡᠨ ᠰᠦᠯᠵᠢᠶᠡᠨ ᠭᠠᠳᠠᠨᠠᠬᠢ ᠦᠢ᠍ᠯᠡᠴᠢᠯᠡᠭᠡ ᠵᠢ ᠰᠡᠷᠭᠦᠭᠡᠭᠰᠡᠨ᠎ᠠᠴᠠ ᠨᠠᠰᠢ᠂ ᠠᠵᠢᠯ ᠶᠠᠪᠤᠳᠠᠯ ᠬᠦᠢ᠍ᠴᠡᠳᠭᠡᠬᠦ᠎ᠪᠠᠷ ᠢᠷᠡᠬᠦ ᠬᠦᠮᠦᠨ᠎ᠤ ᠲᠣᠭ᠎ᠠ ᠤᠯᠠᠰᠢᠷᠠᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠴᠤᠬᠤᠪᠴᠢ ᠵᠢᠨ ᠠᠵᠢᠯᠲᠠᠳ ᠵᠠᠯᠭ᠋ᠠᠭ᠎ᠠ᠎ᠪᠠᠷ ᠬᠠᠯᠠᠭᠤᠷᠠᠬᠤ ᠪᠠᠢ᠌ᠳᠠᠯ ᠢᠯᠡᠷᠡᠨ᠂ ᠭᠡᠷ ᠎ᠲᠤ᠎ᠪᠠᠨ ᠲᠤᠰᠠᠭ᠋ᠠᠷᠯᠠᠭᠰᠠᠨ᠎ᠠᠴᠠ ᠠᠵᠢᠯ᠎ᠤᠨ  ᠪᠠᠢ᠌ᠷᠢᠨ᠎ᠳᠤ᠎ᠪᠠᠨ ᠬᠦᠷᠴᠦ ᠲᠤᠬᠠᠢ᠌ᠯᠠᠭᠰᠠᠨ ᠠᠵᠢᠯ ᠵᠶ᠋ᠠᠨ ᠭᠦᠢ᠍ᠴᠡᠳᠬᠡᠬᠦ ᠵᠢᠨ ᠠᠷᠭ᠎ᠠ ᠦᠭᠡᠢ  ᠪᠣᠯᠪᠠ᠃

   ᠥᠷᠭᠡᠨ ᠣᠯᠠᠨ ᠳᠠᠭ᠋ᠠᠳᠬᠠᠯ᠎ᠳᠤ ᠪᠦᠷᠢᠳᠭᠡᠬᠦᠯᠦᠭᠰᠡᠨ ᠣᠯᠠᠨ ᠲᠦᠮᠡᠨ᠎ᠤ ᠡᠷᠡᠭᠦᠯ ᠮᠡᠨᠳᠦ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠬᠠᠮᠲᠤ᠂ ᠣᠯᠠᠨ ᠲᠦᠮᠡᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢᠨ ᠲᠥᠯᠦᠭᠡ᠂ ᠲᠣᠰ ᠱᠠᠲᠤᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠰᠦᠯᠵᠢᠶᠡᠨ ᠭᠠᠳᠠᠨᠠᠬᠢ ᠦᠢ᠍ᠯᠡᠴᠢᠯᠡᠭᠡ ᠵᠢ ᠲᠦᠷ ᠵᠣᠭᠰᠤᠭ᠋ᠠᠬᠤ ᠬᠣᠯᠪᠣᠭᠳᠠᠯ ᠪᠦᠬᠦᠢ ᠵᠦᠢ᠍ᠯᠡᠰ᠎ᠢ ᠡᠳᠦᠭᠡ ᠳᠣᠣᠷᠠᠬᠢ ᠮᠡᠲᠦ ᠮᠡᠳᠡᠭᠳᠡᠶ᠎ᠡ᠄

   ᠨᠢᠭᠡ᠂ ᠲᠦᠷ ᠵᠤᠭᠰᠤᠭ᠋ᠠᠬᠤ ᠴᠠᠭ

  2022 ᠣᠨ᠎ᠤ 12 ᠳ᠋ᠤᠭ᠋ᠠᠷ ᠰᠠᠷ᠎ᠠ ᠵᠢᠨ 23᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 30᠎ᠤ ᠡᠳᠦᠷ ᠪᠤᠯᠲᠠᠯ᠎ᠠ ᠰᠦᠯᠵᠢᠶᠡᠨ ᠭᠠᠳᠠᠨᠠᠬᠢ ᠦᠢ᠍ᠯᠡᠴᠢᠯᠡᠭᠡ ᠵᠢ ᠲᠦᠷ ᠵᠤᠭᠰᠤᠭ᠋ᠠᠵᠤ᠂ 2022 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ 2023 ᠣᠨ᠎ᠤ 1 ᠳ᠋ᠦ᠍ᠭᠡᠷ ᠰᠠᠷ᠎ᠠ ᠵᠢᠨ 2᠎ᠤᠨ ᠡᠳᠦᠷ ᠪᠤᠯᠲᠠᠯ᠎ᠠ ᠰᠢᠨ᠎ᠡ ᠣᠨ᠎ᠤ ᠠᠮᠠᠷᠠᠯᠲᠠ ᠪᠠᠢ᠌ᠵᠤ᠂ 2023 ᠣᠨ᠎ᠤ 1 ᠳ᠋ᠦ᠍ᠭᠡᠷ  ᠰᠠᠷ᠎ᠠ ᠵᠢᠨ 3᠎ᠤ ᠡᠳᠦᠷ᠎ᠠᠴᠠ ᠬᠡᠪ᠎ᠤᠨ ᠪᠠᠢ᠌ᠳᠠᠯ ᠵᠶ᠋ᠠᠨ ᠰᠡᠷᠬᠦᠭᠡᠨ᠎ᠡ᠃

   ᠬᠤᠶᠠᠷ᠂  ᠰᠦᠯᠵᠢᠶ᠎ᠡ᠎ᠪᠠᠷ ᠠᠵᠢᠯᠯᠠᠬᠤ ᠠᠷᠭ᠎ᠠ ᠪᠠᠷᠢᠯ

  (ᠨᠢᠭᠡ) ᠰᠦᠯᠵᠢᠶᠡᠨ ᠭᠠᠳᠠᠨᠠᠬᠢ ᠦᠢ᠍ᠯᠡᠴᠢᠯᠡᠭᠡ ᠵᠢ ᠲᠦᠷ ᠵᠤᠭᠰᠤᠭ᠋ᠠᠭᠰᠠᠨ᠎ᠤ ᠳᠠᠷᠠᠭ᠎ᠠ᠂ ᠳᠠᠭ᠋ᠠᠳᠬᠠᠯ᠎ᠳᠤ ᠪᠦᠷᠢᠳᠭᠡᠬᠦᠯᠦᠭᠰᠡᠨ ᠪᠠᠢ᠌ᠭᠤᠯᠭ᠎ᠠ ᠨᠢᠭᠡᠴᠡ ᠪᠣᠯᠤᠨ ᠬᠤᠪᠢ ᠬᠦᠮᠦᠨ 《ᠦᠪᠦᠷ ᠮᠤᠩᠭᠤᠯ᠎ᠤᠨ ᠡᠮ ᠡᠮᠨᠡᠯᠭᠡ ᠵᠢᠨ ᠪᠠᠲᠤᠯᠠᠭ᠎ᠠ ᠵᠢᠨ ᠤᠯᠠᠨ ᠨᠡᠢ᠌ᠲᠡ ᠵᠢᠨ  ᠦᠢ᠍ᠯᠡᠴᠢᠯᠡᠭᠡ》  ᠵᠢᠨ ᠰᠦᠯᠵᠢᠶ᠎ᠡ᠎ᠪᠠᠷ ᠬᠦᠢ᠍ᠴᠡᠳᠭᠡᠬᠦ ᠲᠢᠩᠬᠢᠮ ᠪᠣᠯᠣᠨ 《ᠦᠪᠦᠷ ᠮᠣᠩᠭᠤᠯ᠎ᠤᠨ ᠡᠮ ᠡᠮᠨᠡᠯᠭᠡ ᠵᠢᠨ ᠪᠠᠲᠤᠯᠠᠭ᠎ᠠ》 APP᠂ 《  ᠮᠥᠩᠬᠡ ᠰᠤᠪᠠᠭ》 APP᠂ 《  ᠤᠯᠤᠰ᠎ᠤᠨ ᠡᠮ ᠡᠮᠨᠡᠯᠭᠡ ᠵᠢᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠲᠠᠪᠴᠠᠩ》 APP᠎ᠤᠨ ᠭᠠᠵᠠᠷ ᠣᠷᠤᠨ᠎ᠤ ᠲᠤᠰᠬᠠᠢ ᠪᠤᠯᠤᠩ᠂ 《  ᠦᠪᠦᠷ ᠮᠣᠩᠭᠤᠯ᠎ᠤᠨ ᠡᠮ ᠡᠮᠨᠡᠯᠭᠡ ᠵᠢᠨ ᠪᠠᠲᠤᠯᠠᠭ᠎ᠠ》 ᠸᠢᠴᠠᠲ ᠵᠢᠵᠢᠭ ᠫᠷᠦᠭᠷᠡᠮ᠂  ᡁᠢ  ᠹᠦ᠋ ᠪᠤᠣ ᠵᠢᠨ ᠵᠢᠵᠢᠭ  ᠫᠷᠦᠭᠷᠡᠮ ᠵᠡᠷᠭᠡ᠎ᠪᠠᠷ ᠳᠠᠮᠵᠢᠨ ᠠᠰᠠᠭᠤᠨ ᠯᠠᠪᠯᠠᠵᠤ᠂ ᠭᠤᠶᠤᠴᠢᠯᠠᠨ ᠮᠡᠳᠡᠬᠦᠯᠵᠦ ᠪᠤᠯᠤᠨ᠎ᠠ (  ᠲᠠᠭ᠋ᠠᠯᠳᠤᠭᠤᠯᠤᠯ᠎ᠢ ᠨᠠᠷᠢᠨ ᠦᠵᠡ)᠃ ᠪᠣᠶ ᠪᠦᠬᠦᠢ ᠰᠦᠯᠵᠢᠶᠡᠨ ᠳᠡᠭᠡᠷᠡᠬᠢ ᠠᠷᠭ᠎ᠠ ᠵᠠᠮ᠎ᠨᠢ ᠴᠥᠮ 7×24 ᠴᠠᠭ ᠵᠢᠡᠷ 《ᠠᠮᠠᠷᠠᠯᠲᠠ ᠦᠭᠡᠢ》 ᠲᠤᠬᠠᠢ᠌ᠯᠠᠭᠰᠠᠨ ᠠᠵᠢᠯ᠎ᠤᠨ ᠦᠢ᠍ᠯᠡᠴᠢᠯᠡᠭᠡ ᠬᠠᠩᠭ᠋ᠠᠨ᠎ᠠ᠃

  (ᠬᠣᠶᠠᠷ) ᠰᠦᠯᠵᠢᠶᠡᠨ ᠭᠠᠳᠠᠨᠠᠬᠢ ᠦᠢ᠍ᠯᠡᠴᠢᠯᠡᠭᠡ ᠵᠢ ᠲᠦᠷ ᠵᠣᠭᠰᠤᠭ᠋ᠠᠬᠤ ᠬᠤᠭᠤᠴᠠᠭ᠋ᠠᠨ᠎ᠳᠤ᠂ ᠡᠮ ᠡᠮᠨᠡᠯᠭᠡ ᠵᠢᠨ ᠳᠠᠭ᠋ᠠᠳᠬᠠᠯ᠎ᠤᠨ ᠴᠤᠩᠬᠤᠪᠴᠢ ᠵᠢᠨ ᠠᠵᠢᠯᠲᠠᠨ᠎ᠨᠢ ᠰᠦᠯᠵᠢᠶ᠎ᠡ᠎ᠪᠠᠷ ᠳᠠᠮᠵᠢᠭᠤᠯᠤᠨ ᠡᠯ᠎ᠡ ᠳᠠᠭ᠋ᠠᠳᠬᠠᠯ᠎ᠳᠤ ᠪᠦᠷᠢᠳᠭᠡᠬᠦᠯᠦᠭᠰᠡᠨ ᠪᠠᠢ᠌ᠭᠤᠯᠭ᠎ᠠ ᠨᠢᠭᠡᠴᠡ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠲᠤᠰᠬᠠᠢ ᠬᠠᠮᠢᠶᠠᠷᠤᠭᠴᠢ᠎ᠠᠴᠠ ᠨᠢᠭᠡᠳ ᠨᠢᠭᠡ᠎ᠪᠠᠷ ᠲᠦᠷᠥ ᠵᠢᠨ ᠪᠤᠳᠤᠯᠭ᠎ᠠ ᠵᠢᠨ ᠲᠠᠢ᠌ᠯᠤᠮᠵᠢ ᠬᠢᠬᠦ ᠦᠢ᠍ᠯᠡᠴᠢᠯᠡᠭᠡ ᠬᠠᠩᠭ᠋ᠠᠵᠤ᠂  ᠥᠷᠭᠡᠨ ᠤᠯᠠᠨ ᠲᠠᠭ᠋ᠠᠳᠬᠠᠯ᠎ᠳᠤ ᠪᠦᠷᠢᠳᠭᠡᠬᠦᠯᠦᠭᠰᠡᠳ ᠡᠮ ᠡᠮᠨᠡᠯᠭᠡ ᠵᠢᠨ ᠲᠠᠭ᠋ᠠᠳᠬᠠᠯ᠎ᠤᠨ ᠠᠰᠠᠭᠤᠳᠠᠯ᠎ᠠᠴᠠ ᠪᠤᠯᠵᠣ ᠡᠮᠴᠢᠯᠡᠬᠦᠯᠬᠦ ᠪᠤᠶᠤ ᠡᠮ ᠬᠤᠳᠠᠯᠳᠤᠨ ᠠᠪᠬᠤ ᠵᠢ ᠨᠦᠯᠦᠭᠡᠯᠡᠬᠦ ᠦᠭᠡᠢ ᠪᠠᠢ᠌ᠬᠤ ᠵᠢ ᠪᠠᠲᠤᠯᠠᠵᠤ ᠪᠠᠢ᠌ᠨ᠎ᠠ᠃ ᠡᠭᠦᠨ᠎ᠠᠴᠠ ᠪᠤᠯᠤᠭᠰᠠᠨ ᠶᠠᠷᠰᠢᠭ ᠲᠦᠪᠡᠭ᠎ᠢ ᠠᠭᠤᠴᠢᠯᠠᠬᠤ ᠪᠤᠯᠪᠠᠤ᠃

 

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠤᠪᠴᠢᠶ᠎ᠠ

  2022  ᠣᠨ᠎ᠤ 12 ᠳ᠋ᠤᠭ᠋ᠠᠷ ᠰᠠᠷ᠎ᠠ ᠵᠢᠨ 22 ᠎ᠤᠨ ᠡᠳᠦᠷ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠠᠵᠢᠯᠯᠠᠭ᠎ᠠ ᠲᠦᠷ ᠵᠣᠭᠰᠣᠬᠤ ᠠᠯᠪᠠᠨ ᠵᠠᠷ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢᠴᠡᠳᠬᠡᠬᠦ ᠵᠦᠢᠯᠡᠰ᠎ᠢ ᠠᠢ᠌ᠮᠠᠭ ᠬᠣᠲᠠ᠎ᠳᠤ ᠨᠠᠢ᠌ᠳᠠᠵᠤ ᠰᠢᠢᠳᠪᠦᠷᠢᠯᠡᠭᠦᠯᠬᠦ ᠲᠤᠬᠠᠶ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠤᠨ ᠠᠵᠢᠯᠯᠠᠭ᠎ᠠ ᠲᠦᠷ ᠵᠣᠭᠰᠣᠬᠤ ᠠᠯᠪᠠᠨ ᠵᠠᠷ
ᠵᠠᠷᠯᠠᠯ
ᠥᠪᠥᠷ ᠮᠣᠩᠭᠣᠯ᠎ᠤᠨ ᠮᠤᠵᠢ ᠠᠯᠤᠰᠯᠠᠭᠰᠠᠨ ᠵᠢᠴᠢ ᠣᠷᠣᠨ᠎ᠤ ᠳᠣᠲᠣᠷᠠᠬᠢ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ ᠵᠢᠨ ᠬᠤᠪᠢᠶᠠᠷᠢ ᠰᠢᠰᠲ᠋ᠧᠮ᠎ᠤᠨ ᠠᠵᠢᠯᠯᠠᠭ᠎ᠠ ᠲᠦᠷ ᠵᠣᠭᠰᠣᠬᠤ ᠲᠤᠬᠠᠶ ᠠᠯᠪᠠᠨ ᠵᠠᠷ
 
            