ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠦᠨ᠎ᠡ ᠬᠠᠩᠰᠢ᠎ᠳᠤ ᠲᠤᠬᠢᠷᠠᠭᠤᠯᠤᠯᠲᠠ ᠬᠢᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2022-12-12

   ᠡᠯ᠎ᠡ ᠠᠢ᠌ᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ  ᠵᠢᠴᠢ  ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠳᠤ᠄

   ᠰᠢᠨ᠎ᠡ  ᠬᠡᠯᠪᠡᠷᠢ ᠵᠢᠨ  ᠲᠢᠲᠢᠮᠯᠢᠭ ᠸᠢᠷᠦ᠋ᠰ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠤᠯᠠᠮ ᠨᠢᠭᠡ ᠠᠯᠬᠤᠮ ᠬᠦᠴᠦ ᠨᠡᠮᠡᠷᠢᠯᠡᠵᠦ᠂ ᠣᠯᠠᠨ ᠲᠦᠮᠡᠨ᠎ᠤ ᠳᠠᠷᠤᠭ᠋ᠠᠰᠤ ᠵᠢ ᠬᠥᠩᠭᠡᠷᠡᠭᠦᠯᠬᠦ ᠵᠢᠨ ᠲᠥᠯᠥᠭᠡ᠂ ᠰᠢᠨ᠎ᠡ  ᠬᠡᠯᠪᠡᠷᠢ ᠵᠢᠨ  ᠲᠢᠲᠢᠮᠯᠢᠭ ᠸᠢᠷᠦ᠋ᠰ᠎ᠤᠨ ᠪᠦᠭᠡᠮ ᠬᠦᠴᠢᠯ᠎ᠤᠨ ᠪᠠᠢ᠌ᠴᠠᠭ᠋ᠠᠯᠲᠠ ᠵᠢᠨ  ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ᠎ᠪᠠᠷ ᠲᠣᠭᠲᠠᠪᠠ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠄

   ᠨᠢᠭᠡ᠂ ᠪᠥᠬᠥ ᠣᠷᠣᠨ᠎ᠤ  ᠰᠢᠨ᠎ᠡ  ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠦᠨ᠎ᠡ ᠵᠢ ᠲᠠᠬᠢᠨᠲᠠ ᠪᠠᠭᠤᠷᠠᠭᠤᠯᠵᠤ᠂ ᠲᠠᠩ ᠵᠢᠡᠷ ᠪᠠᠢ᠌ᠴᠠᠭ᠋ᠠᠬᠤ᠎ᠳᠤ ᠣᠳᠠᠭ᠎ᠠ ᠪᠦᠷᠢ 13 ᠲᠥᠭᠥᠷᠢᠭ ᠂ ᠬᠤᠯᠢᠯᠳᠤᠭᠤᠯᠤᠨ ᠪᠠᠢ᠌ᠴᠠᠭ᠋ᠠᠬᠤ᠎ᠳᠤ ᠤᠳᠠᠭ᠎ᠠ ᠪᠦᠷᠢ 2.5 ᠲᠥᠭᠦᠷᠢᠭ ᠪᠤᠯᠭ᠋ᠠᠨ ᠲᠤᠬᠢᠷᠠᠭᠤᠯᠵᠤ᠂ ᠰᠦᠢ᠍ᠳᠭᠡᠯ ᠬᠤᠷᠢᠶᠠᠬᠤ ᠪᠠᠷᠢᠮᠵᠢᠶᠠᠨ᠎ᠳᠤ ᠬᠤᠷᠤᠭᠳᠠᠯ ᠮᠠᠲᠸᠷᠢᠶᠠᠯ᠂ ᠤᠷᠪᠠᠯᠵᠢ ᠡᠳ᠋᠂ ᠥᠯᠢᠭᠡᠷ  ᠡᠳ᠋ ᠠᠪᠬᠤ ᠭᠤᠤᠷᠰᠤ᠂ ᠵᠦᠯᠭᠦᠭᠦᠷ ᠵᠡᠷᠭᠡ  ᠵᠢᠨ ᠰᠦᠢ᠍ᠳᠬᠡᠯ ᠪᠠᠭᠲᠠᠨ᠎ᠠ᠃ ᠰᠢᠨ᠎ᠡ ᠬᠡᠯᠪᠡᠷᠢ ᠵᠢᠨ  ᠲᠢᠲᠢᠮᠯᠢᠭ  ᠸᠢᠷᠦ᠋ᠰ᠎ᠤᠨ ᠥᠳᠥᠭᠡᠭᠴᠢ ᠵᠢ ᠪᠠᠢ᠌ᠴᠠᠭ᠋ᠠᠨ ᠰᠢᠯᠭ᠋ᠠᠬᠤ ᠲᠥᠷᠥᠯ ᠵᠦᠢ᠍ᠯ᠎ᠤᠨ ᠦᠨ᠎ᠡ ᠬᠠᠩᠰᠢ᠂ ᠡᠰᠡᠷᠭᠦᠴᠡᠭᠴᠢ ᠵᠢ ᠪᠠᠢ᠌ᠴᠠᠭ᠋ᠠᠨ ᠰᠢᠯᠭ᠋ᠠᠬᠤ ᠲᠥᠷᠥᠯ ᠵᠦᠢ᠍ᠯ᠎ᠤᠨ ᠦᠨ᠎ᠡ ᠬᠠᠩᠰᠢ ᠪᠠ ᠠᠭᠤᠯᠭ᠎ᠠ ᠵᠢ ᠬᠤᠪᠢᠷᠠᠭᠤᠯᠬᠤ ᠦᠭᠡᠢ᠃ ᠳᠡᠭᠡᠷᠡᠬᠢ ᠲᠥᠷᠥᠯ ᠵᠦᠢ᠍ᠯ᠎ᠤᠨ ᠦᠨ᠎ᠡ ᠬᠠᠩᠰᠢ ᠪᠣᠯ ᠬᠠᠮᠤᠭ᠎ᠤᠨ ᠥᠨᠳᠥᠷ ᠬᠢᠵᠠᠭ᠋ᠠᠷ ᠪᠣᠯᠣᠨ᠎ᠠ᠂ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠥᠰᠬᠡᠵᠦ ᠪᠣᠯᠬᠤ ᠦᠭᠡᠢ᠃

   ᠬᠣᠶᠠᠷ᠂ ᠠᠯᠪᠠᠨ᠎ᠠᠴᠠ ᠪᠠᠢ᠌ᠭᠤᠯᠤᠭᠰᠠᠨ  ᠪᠤᠰᠤ ᠡᠮᠴᠢᠯᠡᠭᠡᠨ᠎ᠤ ᠪᠠᠢ᠌ᠭᠤᠯᠤᠮᠵᠢ ᠵᠢᠴᠢ ᠠᠨᠠᠭ᠋ᠠᠬᠤ ᠤᠬᠠᠭ᠋ᠠᠨ᠎ᠤ  ᠰᠢᠯᠭ᠋ᠠᠨ ᠪᠠᠢ᠌ᠴᠠᠭ᠋ᠠᠬᠤ  ᠲᠤᠷᠰᠢᠯᠲᠠ ᠵᠢᠨ ᠲᠠᠰᠤᠭ ᠵᠡᠷᠭᠡ ᠨᠡᠢ᠌ᠭᠡᠮ᠎ᠤᠨ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ ᠎ᠨᠢ  ᠪᠥᠭᠡᠮ ᠬᠦᠴᠢᠯ᠎ᠤᠨ ᠪᠠᠢ᠌ᠴᠠᠭ᠋ᠠᠨ ᠰᠢᠯᠭ᠋ᠠᠬᠤ ᠦᠢ᠍ᠯᠡᠴᠢᠯᠡᠭᠡ  ᠬᠠᠩᠭ᠋ᠠᠬᠤ᠎ᠳᠤ᠂ ᠦᠨ᠎ᠡ ᠲᠣᠭᠲᠠᠭ᠋ᠠᠬᠤ᠎ᠳᠠᠭᠠᠨ 《ᠲᠥᠪ ᠭᠣᠥᠯᠴᠢ᠂ ᠬᠠᠤᠯᠢ᠎ᠳᠤ ᠨᠡᠶ᠋ᠢᠴᠡᠬᠦ ᠪᠠ ᠦᠨᠡᠨᠴᠢ ᠢᠲᠡᠭᠡᠮᠵᠢᠲᠡᠢ ᠪᠠᠢ᠌ᠬᠤ》 ᠵᠠᠷᠴᠢᠮ᠎ᠢ ᠵᠢᠷᠤᠮᠯᠠᠵᠤ᠂ ᠪᠡᠯᠡ᠎ᠪᠠᠨ ᠪᠠᠲᠤᠯᠠᠨ  ᠪᠠᠭ᠎ᠠ  ᠠᠰᠢᠭ ᠣᠯᠬᠤ ᠂ ᠶᠠᠰᠤ ᠴᠢᠨᠠᠷ ᠦᠨ᠎ᠡ ᠬᠠᠩᠰᠢ᠎ᠨᠢ ᠬᠠᠷᠠᠯᠴᠠᠨ ᠨᠡᠢ᠌ᠴᠡᠬᠦ ᠵᠢ ᠢᠯᠡᠷᠡᠬᠦᠯᠬᠦ᠂  ᠲᠤᠬᠠᠢ ᠵᠢᠨ ᠭᠠᠵᠠᠷ᠎ᠤᠨ ᠠᠯᠪᠠᠨ᠎ᠠᠴᠠ ᠪᠠᠢ᠌ᠭᠤᠯᠤᠭᠰᠠᠨ  ᠡᠮᠴᠢᠯᠡᠭᠡᠨ᠎ᠤ ᠪᠠᠢ᠌ᠭᠤᠯᠤᠮᠵᠢ ᠵᠢᠨ ᠪᠥᠭᠡᠮ ᠬᠦᠴᠢᠯ᠎ᠤᠨ  ᠪᠠᠢ᠌ᠴᠠᠭ᠋ᠠᠯᠲᠠ ᠵᠢᠨ  ᠦᠨ᠎ᠡ ᠬᠠᠩᠰᠢ᠎ᠪᠠᠷ ᠯᠠᠪᠯᠠᠯᠲᠠ ᠪᠣᠯᠭ᠋ᠠᠬᠤ ᠵᠢ  ᠰᠠᠨᠠᠭ᠋ᠠᠴᠢᠯᠠᠨ᠎ᠠ ᠃

   ᠭᠤᠷᠪᠠ᠂ ᠡᠪᠡᠳᠴᠢᠨ  ᠬᠢᠵᠢᠭ᠎ᠢ  ᠰᠡᠷᠭᠡᠢ᠌ᠯᠡᠨ ᠬᠢᠵᠠᠭ᠋ᠠᠷᠯᠠᠬᠤ ᠪᠠᠢ᠌ᠭᠤᠯᠤᠮᠵᠢ ᠵᠢᠨ ᠬᠤᠷᠢᠶᠠᠭᠰᠠᠨ ᠰᠢᠨ᠎ᠡ  ᠬᠡᠯᠪᠡᠷᠢ ᠵᠢᠨ  ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢ᠌ᠴᠠᠭ᠋ᠠᠨ ᠰᠢᠯᠭ᠋ᠠᠬᠤ ᠵᠠᠷᠤᠳᠠᠯ᠎ᠢ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠴᠢᠨᠠᠷᠲᠠᠢ ᠰᠦᠢ᠍ᠳᠬᠡᠯ ᠬᠤᠷᠢᠶᠠᠬᠤ  ᠲᠤᠭᠲᠠᠭ᠋ᠠᠯ ᠶᠣᠰᠣᠭ᠋ᠠᠷ ᠬᠠᠮᠢᠶᠠᠷᠴᠤ᠂ ᠣᠷᠣᠯᠭ᠎ᠠ ᠵᠠᠷᠤᠯᠭ᠎ᠠ ᠵᠢ ᠠᠰ᠎ᠲᠤᠨᠢ  ᠪᠠᠢ᠌ᠯᠭ᠋ᠠᠵᠤ ᠂ ᠰᠦᠢ᠍ᠳᠬᠡᠯ ᠬᠤᠷᠢᠶᠠᠬᠤ᠎ᠳᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠭᠠᠢ᠌ᠯᠢ ᠵᠢᠨ ᠪᠤᠰᠤ  ᠭᠡᠷᠡᠴᠢ  ᠪᠠᠷᠢᠮᠲᠠ ᠵᠢ ᠬᠡᠷᠡᠭᠯᠡᠵᠦ᠂ ᠣᠷᠣᠯᠭ᠎ᠠ ᠵᠢ ᠪᠥᠬᠥ ᠲᠣᠭ᠎ᠠ᠎ᠪᠠᠷ ᠤᠯᠤᠰ᠎ᠤᠨ ᠬᠥᠮᠥᠷᠭᠡ᠎ᠳᠤ ᠲᠤᠰᠢᠶᠠᠵᠤ᠂ ᠵᠠᠷᠤᠯᠭ᠎ᠠ ᠵᠢ  ᠤᠷᠢᠳᠴᠢᠯᠠᠭᠰᠠᠨ  ᠲᠥᠰᠥᠪ᠎ᠤᠨ ᠲᠣᠬᠢᠷᠠᠭᠤᠯᠤᠯᠲᠠ   ᠶᠤᠰᠤᠭ᠋ᠠᠷ  ᠬᠡᠷᠡᠭᠯᠡᠨ᠎ᠡ᠃

   ᠳᠥᠷᠪᠡ᠂ ᠠᠯᠪᠠᠨ᠎ᠠᠴᠠ  ᠪᠠᠢ᠌ᠭᠤᠯᠤᠭᠰᠠᠨ  ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ  ᠦᠢ᠍ᠯᠡᠴᠢᠯᠡᠭᠡ  ᠥᠷᠨᠢᠬᠦᠯᠬᠦ ᠎ᠳᠡᠭᠡᠨ  ᠲᠠᠩ ᠵᠶ᠋ᠠᠷ ᠪᠠᠢ᠌ᠴᠠᠭ᠋ᠠᠬᠤ ᠪᠠ ᠬᠣᠯᠢᠯᠳᠤᠭᠤᠯᠤᠨ ᠪᠠᠢ᠌ᠴᠠᠭ᠋ᠠᠬᠤ ᠬᠣᠶᠠᠷ ᠵᠦᠢ᠍ᠯ᠎ᠤᠨ ᠦᠢ᠍ᠯᠡᠴᠢᠯᠡᠭᠡ ᠵᠢ ᠬᠠᠮᠲᠤ᠎ᠳᠤᠨᠢ ᠬᠠᠩᠭ᠋ᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠣᠭᠲᠠᠭ᠋ᠠᠯ᠎ᠳᠤ ᠨᠡᠢ᠌ᠴᠡᠭᠰᠡᠨ ᠤᠷᠢᠲᠠᠯ ᠳᠣᠣᠷ᠎ᠠ᠂ ᠣᠯᠠᠨ ᠲᠦᠮᠡᠨ᠎ᠤ ᠰᠠᠢ᠌ᠨ ᠳᠤᠷ᠎ᠠ᠎ᠠᠴᠠ᠎ᠪᠠᠨ ᠰᠣᠩᠭᠣᠬᠤ ᠵᠢ ᠵᠥᠪᠰᠢᠶᠡᠷᠡᠬᠦ ᠬᠡᠷᠡᠭᠲᠡᠢ᠃  ᠳᠠᠩ ᠭᠠᠭᠴᠠ ᠬᠦᠮᠦᠨ᠎ᠤ ᠪᠦᠭᠡᠮ ᠬᠦᠴᠢᠯ᠎ᠤᠨ ᠪᠠᠢ᠌ᠴᠠᠭ᠋ᠠᠯᠲᠠ ᠬᠢᠭᠰᠡᠨ ᠪᠣᠯ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠌ᠭᠤᠯᠤᠮᠵᠢ᠎ᠨᠢ ᠲᠠᠬᠢᠭ᠋ᠠᠳ ᠡᠭᠦᠳᠡᠨ ᠡᠮᠨᠡᠯᠭᠡ ᠵᠢᠨ ᠤᠨᠤᠰᠢᠯᠠᠨ  ᠪᠠᠢ᠌ᠴᠠᠭ᠋ᠠᠯᠲᠠ ᠵᠢᠨ ᠰᠦᠢ᠍ᠳᠭᠡᠯ ᠬᠤᠷᠢᠶᠠᠵᠤ ᠪᠣᠯᠬᠤ ᠦᠭᠡᠢ᠃ ᠡᠪᠡᠳᠴᠢᠲᠡᠨ ᠦᠪᠡᠷ ᠵᠶ᠋ᠡᠨ ᠦᠲᠦᠭᠡᠭᠴᠢ ᠵᠢᠨ ᠪᠠᠢ᠌ᠴᠠᠭ᠋ᠠᠯᠲᠠ ᠬᠢᠭᠰᠡᠨ ᠪᠠᠢ᠌ᠪᠠᠯ᠂  ᠡᠮᠴᠢᠯᠡᠭᠡᠨ᠎ᠤ ᠪᠠᠢ᠌ᠭᠤᠯᠤᠮᠵᠢ᠎ᠠᠴᠠ 《ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠦᠳᠦᠭᠡᠭᠴᠢ ᠵᠢ ᠪᠠᠢ᠌ᠴᠠᠭ᠋ᠠᠨ ᠰᠢᠯᠭ᠋ᠠᠬᠤ ᠵᠠᠷᠤᠳᠠᠯ》  ᠬᠤᠷᠢᠶᠠᠵᠤ ᠪᠣᠯᠬᠤ ᠦᠭᠡᠢ᠃

   ᠲᠠᠪᠤ᠂ ᠠᠯᠪᠠᠨ᠎ᠠᠴᠠ ᠡᠷᠬᠢᠯᠡᠭᠰᠡᠨ ᠡᠮᠴᠢᠯᠡᠭᠡᠨ᠎ᠤ ᠪᠠᠢ᠌ᠭᠤᠯᠤᠮᠵᠢ᠎ᠨᠢ ᠪᠦᠭᠡᠮ ᠬᠦᠴᠢᠯ᠎ᠤᠨ ᠪᠠᠢ᠌ᠴᠠᠭ᠋ᠠᠯᠲᠠ ᠵᠢᠨ ᠦᠢ᠍ᠯᠡᠴᠢᠯᠡᠭᠡ ᠬᠠᠩᠭ᠋ᠠᠵᠤ᠂ ᠲᠤᠰᠬᠠᠢ ᠴᠤᠩᠬᠤ ᠲᠤᠬᠢᠷᠠᠭᠤᠯᠤᠨ᠂  ᠲᠤᠰᠠᠭ᠋ᠠᠷ ᠤᠷᠤᠨ ᠪᠦᠰᠡ ᠵᠢ ᠨᠡᠭᠡᠭᠡᠨ᠎ᠡ᠃  ᠲᠤᠲᠤᠭ᠋ᠠᠲᠤ ᠬᠠᠮᠢᠶᠠᠷᠤᠯᠲᠠ ᠵᠢᠨ ᠶᠠᠪᠤᠴᠠ ᠵᠢ ᠰᠢᠯᠢᠳᠡᠭᠵᠢᠬᠦᠯᠵᠦ᠂ ᠡᠯᠸᠺᠲ᠋ᠤᠨᠴᠢᠯᠡᠭᠰᠡᠨ᠂ ᠰᠤᠷᠠᠭ ᠵᠠᠩᠭᠢᠴᠢᠯᠠᠯᠲᠠ ᠵᠢᠨ ᠠᠷᠭ᠎ᠠ ᠮᠠᠶᠢᠭ᠎ᠢ ᠠᠪᠴᠤ᠂ ᠤᠯᠠᠨ ᠲᠥᠮᠡᠨ᠎ᠳᠤ ᠪᠦᠭᠡᠮ ᠬᠦᠴᠢᠯ᠎ᠤᠨ ᠪᠠᠢ᠌ᠴᠠᠭ᠋ᠠᠯᠲᠠ ᠵᠢᠨ ᠦᠷ᠎ᠡ ᠳ᠋ᠦᠩ᠎ᠢ ᠬᠦᠷᠭᠡᠬᠦ ᠦᠢ᠍ᠯᠡᠴᠢᠯᠡᠭᠡ ᠬᠠᠩᠭ᠋ᠠᠬᠤ ᠬᠡᠷᠡᠭᠲᠡᠢ᠃

   ᠵᠢᠷᠭᠤᠭ᠎ᠠ᠂ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠲᠤᠭᠲᠠᠭ᠋ᠠᠯ ᠶᠤᠰᠤᠭ᠋ᠠᠷ ᠦᠢ᠍ᠯᠡᠴᠢᠯᠡᠭᠡ ᠬᠠᠩᠭ᠋ᠠᠬᠤ ᠵᠢᠨ ᠬᠠᠮᠲᠤ ᠰᠦᠢ᠍ᠳᠭᠡᠯ ᠬᠤᠷᠢᠶᠠᠵᠤ᠂  ᠲᠣᠰ ᠪᠡᠶ᠎ᠡ ᠵᠢᠨ ᠦᠨ᠎ᠡ ᠬᠠᠩᠰᠢ᠎ᠪᠠᠨ ᠲᠥᠷᠢᠮᠵᠢᠬᠦᠯᠦᠨ᠂ ᠰᠤᠷᠠᠭ ᠵᠠᠩᠭᠢ ᠵᠢᠨ ᠰᠢᠰᠲᠸᠮ ᠵᠢᠡᠨ ᠰᠢᠨᠡᠴᠢᠯᠡᠨ ᠬᠠᠮᠠᠭ᠋ᠠᠯᠠᠬᠤ ᠪᠠ ᠦᠨ᠎ᠡ ᠬᠠᠩᠰᠢ ᠵᠢ ᠢᠯᠡ ᠨᠡᠢ᠌ᠲᠡᠯᠡᠬᠦ ᠵᠡᠷᠭᠡ ᠬᠠᠮᠢᠶ᠎ᠠ ᠪᠦᠬᠦᠢ ᠠᠵᠢᠯ᠎ᠢ ᠴᠠᠭ ᠲᠤᠬᠠᠢ᠎ᠳᠤ᠎ᠨᠢ ᠰᠠᠢ᠌ᠲᠤᠷ ᠬᠢᠵᠦ᠂  ᠨᠡᠢ᠌ᠭᠡᠮ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃

   ᠲᠣᠰ ᠮᠡᠳᠡᠭᠳᠡᠯ᠎ᠢ 2022 ᠣᠨ᠎ᠤ 12 ᠳ᠋ᠤᠭ᠋ᠠᠷ ᠰᠠᠷ᠎ᠠ ᠵᠢᠨ 16᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ ᠤᠤᠯ᠎ᠤᠨ ᠲᠦᠷᠦ ᠵᠢᠨ ᠪᠣᠳᠣᠯᠭ᠎ᠠ ᠵᠢᠨ ᠲᠣᠭᠲᠠᠭ᠋ᠠᠯ᠎ᠨᠢ ᠲᠤᠰ ᠮᠡᠳᠡᠭᠳᠡᠯ᠎ᠲᠠᠢ ᠨᠢᠭᠡᠳᠦᠯ ᠦᠭᠡᠢ ᠪᠠᠢ᠌ᠪᠠᠯ᠂ ᠲᠤᠰ ᠮᠡᠳᠡᠭᠳᠡᠯ ᠵᠶ᠋ᠡᠷ ᠪᠠᠷᠢᠮᠵᠢᠶ᠎ᠠ ᠪᠣᠯᠭ᠋ᠠᠨ᠎ᠠ᠃

   ᠳᠠᠭ᠋ᠠᠯᠳᠤᠭᠤᠯᠤᠯ᠄ ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠪᠦᠭᠡᠮ ᠬᠦᠴᠢᠯ᠎ᠤᠨ ᠪᠠᠢ᠌ᠴᠠᠭ᠋ᠠᠯᠲᠠ ᠵᠢᠨ ᠦᠨ᠎ᠡ ᠬᠠᠩᠰᠢ ᠵᠢᠨ ᠬᠦᠰᠦᠨᠦᠭᠲᠦ

 

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠤᠪᠴᠢᠶ᠎ᠠ

   ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ  ᠥᠭᠡᠷᠡᠴᠢᠯᠡᠯᠲᠡ ᠵᠢᠨ ᠵᠥᠪᠯᠡᠯ

   ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ

   ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ

  2022 ᠣᠨ᠎ᠤ 12 ᠳ᠋ᠤᠭ᠋ᠠᠷ ᠰᠠᠷ᠎ᠠ ᠵᠢᠨ 6 ᠎ᠤ ᠡᠳᠦᠷ

 

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠯᠵᠢᠶᠡᠨ ᠭᠠᠳᠠᠨᠠᠬᠢ ᠦᠢ᠍ᠯᠡᠴᠢᠯᠡᠭᠡ ᠵᠢ ᠲᠦᠷ ᠵᠣᠭᠰᠤᠭ᠋ᠠᠬᠤ ᠲᠤᠬᠠᠢ ᠮᠡᠳᠡᠭᠳᠡᠯ
ᠠᠵᠢᠯᠯᠠᠭ᠎ᠠ ᠲᠦᠷ ᠵᠣᠭᠰᠣᠬᠤ ᠠᠯᠪᠠᠨ ᠵᠠᠷ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢᠴᠡᠳᠬᠡᠬᠦ ᠵᠦᠢᠯᠡᠰ᠎ᠢ ᠠᠢ᠌ᠮᠠᠭ ᠬᠣᠲᠠ᠎ᠳᠤ ᠨᠠᠢ᠌ᠳᠠᠵᠤ ᠰᠢᠢᠳᠪᠦᠷᠢᠯᠡᠭᠦᠯᠬᠦ ᠲᠤᠬᠠᠶ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠤᠨ ᠠᠵᠢᠯᠯᠠᠭ᠎ᠠ ᠲᠦᠷ ᠵᠣᠭᠰᠣᠬᠤ ᠠᠯᠪᠠᠨ ᠵᠠᠷ
 
            