ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠵᠠᠷᠯᠢᠭ ᠪᠣᠯᠬᠣ 2 ᠳ᠋ᠤᠭ᠋ᠠᠷ ᠲᠣᠭ᠋ᠠᠲᠤ 《ᠡᠮᠴᠢᠯᠡᠭᠡᠨ᠎ᠤ ᠪᠠᠢ᠌ᠭᠤᠯᠤᠮᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》᠂ 3 ᠳ᠋ᠤᠭ᠋ᠠᠷ ᠲᠣᠭ᠋ᠠᠲᠤ 《ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢᠨ ᠲᠣᠭᠲᠠᠭ᠋ᠠᠯ ᠶᠣᠰᠣᠭ᠋ᠠᠷ᠂ ᠲᠣᠭᠲᠠᠭᠰᠠᠨ ᠡᠮᠴᠢᠯᠡᠭᠡᠨ᠎ᠤ ᠪᠠᠢ᠌ᠭᠤᠯᠤᠮᠵᠢ (ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ)᠎ᠨᠢ 《ᠡᠮ ᠡᠮᠨᠡᠯᠭᠡ ᠵᠢᠨ ᠳᠠᠭ᠋ᠠᠳᠬᠠᠯ᠎ᠤᠨ ᠭᠡᠷ᠎ᠡ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠰᠤᠷᠠᠭ ᠵᠠᠩᠭᠢ ᠵᠢᠨ ᠰᠢᠰᠲ᠋ᠧᠮ᠎ᠤᠨ ᠮᠡᠷᠭᠡᠵᠢᠯ ᠪᠠ ᠬᠤᠯᠪᠤᠭ᠋ᠠᠰᠤ ᠵᠢᠨ ᠪᠠᠷᠢᠮᠵᠢᠶ᠎ᠠ ᠵᠢ ᠪᠦᠷᠢᠳᠦᠭᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠰᠤᠷᠠᠭ ᠵᠠᠩᠭᠢ ᠵᠢᠨ ᠰᠢᠰᠲ᠋ᠧᠮ᠎ᠯᠦᠭᠡ ᠪᠦᠲᠦᠮᠵᠢᠲᠡᠶ ᠵᠣᠯᠭ᠋ᠠᠭᠤᠯᠬᠤ ᠵᠢ ᠪᠡᠶᠡᠯᠡᠭᠦᠯᠦᠨ᠂ ᠳᠠᠭ᠋ᠠᠳᠬᠠᠯ᠎ᠳᠤ ᠪᠦᠷᠢᠳᠭᠡᠬᠦᠯᠦᠭᠰᠡᠳᠲᠤ ᠰᠢᠭᠤᠳ ᠰᠦᠯᠵᠢᠶ᠎ᠡ᠎ᠪᠠᠷ ᠳ᠋ᠦᠩᠨᠡᠨ ᠪᠤᠳᠤᠬᠤ ᠵᠢ ᠪᠡᠶᠡᠯᠡᠬᠦᠯᠬᠦ ᠬᠡᠷᠡᠭᠲᠡᠢ》 《ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠨᠢ ᠨᠡᠢ᠌ᠭᠡᠮ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠰᠤᠷᠠᠭ ᠵᠠᠩᠭᠢ ᠵᠢᠨ ᠰᠢᠰᠲ᠋ᠧᠮ᠎ᠤᠨ ᠲᠣᠭ᠎ᠠ ᠪᠠᠷᠢᠮᠲᠠ ᠵᠢᠨ ᠴᠤᠭᠯᠠᠷᠠᠯ ᠪᠠ ᠬᠤᠯᠪᠤᠭ᠋ᠠᠰᠤ ᠵᠢᠨ ᠪᠠᠷᠢᠮᠵᠢᠶ᠎ᠠ ᠵᠢ ᠢᠯᠡ ᠪᠣᠯᠭ᠋ᠠᠨ᠎ᠠ᠃ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ (ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ)᠎ᠨᠢ ᠡᠮ ᠡᠮᠨᠡᠯᠭᠡ ᠵᠢᠨ ᠳᠠᠭ᠋ᠠᠳᠬᠠᠯᠯᠤᠭᠠ ᠵᠣᠯᠭ᠋ᠠᠭᠤᠯᠤᠭᠰᠠᠨ ᠬᠣᠯᠪᠣᠭᠳᠠᠯ ᠪᠦᠬᠦᠢ ᠰᠤᠷᠠᠭ ᠵᠠᠩᠭᠢ ᠵᠢᠨ ᠰᠢᠰᠲ᠋ᠧᠮ᠎ᠤᠨ ᠠᠵᠢᠯᠯᠠᠭ᠎ᠠ ᠪᠠ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠬᠠᠮᠠᠭ᠋ᠠᠯᠠᠬᠤ᠎ᠪᠠᠨ ᠦᠪᠡᠷᠲᠡᠭᠡᠨ ᠰᠣᠩᠭᠣᠨ᠎ᠠ᠃ ᠭᠠᠷᠳᠠᠨ ᠬᠢᠬᠦ ᠪᠠᠢ᠌ᠭᠤᠯᠤᠮᠵᠢ ᠶᠠᠮᠠᠷ ᠴᠤ᠌ ᠨᠡᠷ᠎ᠡ᠎ᠪᠠᠷ ᠶᠠᠮᠠᠷ ᠨᠢᠭᠡᠨ ᠰᠦᠢ᠍ᠳᠬᠡᠯ ᠬᠤᠷᠢᠶᠠᠬᠤ ᠪᠠ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠵᠢᠭ᠋ᠠᠨ ᠲᠣᠭᠲᠠᠭ᠋ᠠᠵᠤ ᠪᠣᠯᠬᠤ ᠦᠭᠡᠢ》 ᠭᠡᠵᠦ ᠲᠣᠭᠲᠠᠭ᠋ᠠᠵᠠᠢ᠃
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ 2021 ᠣᠨ᠎ᠤ 11 ᠳ᠋ᠦ᠍ᠭᠡᠷ ᠰᠠᠷ᠎ᠠ᠎ᠳᠤ ᠪᠥᠬᠥ ᠣᠷᠣᠨ᠎ᠤ ᠬᠡᠪᠴᠢᠶᠡᠨ᠎ᠳᠤ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠰᠣᠷᠠᠭ ᠵᠠᠩᠭᠢ ᠵᠢᠨ ᠲᠠᠪᠴᠠᠩ᠎ᠢ ᠰᠦᠯᠵᠢᠶᠡᠨ᠎ᠳᠤ ᠤᠷᠤᠭᠤᠯᠵᠤ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ (ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ)᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠰᠤᠷᠠᠭ ᠵᠠᠩᠭᠢ ᠵᠢᠨ ᠰᠢᠰᠲ᠋ᠧᠮ᠎ᠤᠨ ᠲᠣᠭ᠎ᠠ ᠪᠠᠷᠢᠮᠲᠠ ᠵᠢᠨ ᠴᠤᠭᠯᠠᠷᠠᠯ ᠪᠠ ᠬᠤᠯᠪᠤᠭ᠋ᠠᠰᠤ ᠵᠢᠨ ᠪᠠᠷᠢᠮᠵᠢᠶ᠎ᠠ ᠵᠢ ᠰᠦᠢ᠍ᠳᠬᠡᠯ ᠬᠤᠷᠢᠶᠠᠬᠤ ᠦᠭᠡᠢ᠎ᠪᠠᠷ ᠨᠡᠭᠡᠭᠡᠵᠦ᠂ ᠶᠠᠮᠠᠷᠪᠠ ᠠᠵᠤ ᠠᠬᠤᠢ᠌ᠯᠠᠯ᠎ᠤᠨ ᠬᠤᠯᠪᠤᠭ᠋ᠠᠰᠤ ᠵᠢ ᠵᠣᠯᠭ᠋ᠠᠭᠤᠯᠬᠤ ᠨᠡᠷ᠎ᠡ᠎ᠪᠠᠷ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ (ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ)᠎ᠠᠴᠠ ᠰᠦᠢ᠍ᠳᠬᠡᠯ ᠬᠤᠷᠢᠶᠠᠬᠤ ᠵᠢ ᠵᠥᠪᠰᠢᠶᠡᠷᠡᠬᠦ ᠦᠭᠡᠢ᠃
ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ (ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ)᠎ᠨᠢ ᠡᠮ ᠡᠮᠨᠡᠯᠭᠡ ᠵᠢᠨ ᠳᠠᠭ᠋ᠠᠳᠬᠠᠯᠯᠤᠭᠠ ᠵᠣᠯᠭ᠋ᠠᠭᠤᠯᠤᠭᠰᠠᠨ ᠬᠣᠯᠪᠣᠭᠳᠠᠯ ᠪᠦᠬᠦᠢ ᠰᠤᠷᠠᠭ ᠵᠠᠩᠭᠢ ᠵᠢᠨ ᠰᠢᠰᠲ᠋ᠧᠮ᠎ᠤᠨ ᠠᠵᠢᠯᠯᠠᠭ᠋ᠠᠨ᠎ᠢ ᠡᠵᠡᠨ ᠮᠡᠳᠡᠵᠦ ᠰᠣᠩᠭᠣᠬᠤ ᠪᠠ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠬᠠᠮᠠᠭ᠋ᠠᠯᠠᠬᠤ ᠪᠣᠯ ᠵᠠᠬ᠎ᠠ ᠳᠡᠯᠭᠡᠭᠦᠷ᠎ᠤᠨ ᠠᠵᠢᠯᠯᠠᠭ᠎ᠠ᠎ᠳᠤ ᠬᠠᠷᠢᠶᠠᠯᠠᠭᠳᠠᠬᠤ ᠲᠤᠯᠠ᠂ ᠵᠠᠬ᠎ᠠ ᠳᠡᠯᠭᠡᠭᠦᠷ᠎ᠤᠨ ᠳᠦᠷᠢᠮ᠎ᠢ ᠵᠢᠷᠤᠮᠯᠠᠵᠤ᠂ ᠬᠣᠶᠠᠷ ᠲᠠᠯ᠎ᠠ᠎ᠪᠠᠷ ᠵᠶ᠋ᠠᠨ ᠡᠷᠬᠡ ᠪᠠ ᠡᠭᠦᠷᠭᠡ᠎ᠪᠠᠨ ᠵᠥᠪᠳᠡᠯᠴᠡᠨ ᠲᠣᠭᠲᠠᠭ᠋ᠠᠬᠤ ᠬᠡᠷᠡᠭᠲᠡᠢ᠃
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠤᠪᠴᠢᠶ᠎ᠠ
2022 ᠣᠨ᠎ᠤ 12 ᠳ᠋ᠤᠭ᠋ᠠᠷ ᠰᠠᠷ᠎ᠠ ᠵᠢᠨ 21᠎ᠤ ᠡᠳᠦᠷ